2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠲᠣᠣᠷ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2024/6/4
      6 ᠳ᠋ᠤᠭᠠᠷ ᠰᠠᠷ᠎ᠠ ᠶᠢᠨ 2᠎ ᠤᠨ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠲᠣᠣᠷ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠥᠨᠳᠦᠷᠯᠡᠪᠡ᠃

1.webp.jpg

      ᠡᠨᠡ ᠤᠳᠠᠭᠠᠨ ᠤ ᠤᠷᠤᠯᠳᠤᠭᠠᠨ 5 ᠰᠠᠷ᠎ᠠ ᠶᠢᠨ 29᠎ ᠤ ᠡᠳᠦᠷ ᠡᠬᠢᠯᠡᠵᠦ᠂ ᠪᠦᠬᠦ ᠣᠷᠣᠨ ᠤ 11 ᠶᠡᠭᠡ

ᠳᠡᠭᠡᠳᠦ ᠰᠤᠷᠭᠠᠭᠤᠯᠢ ᠶᠢᠨ 123 ᠰᠤᠷᠤᠭᠴᠢ ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠰᠤᠷᠤᠭᠴᠢᠳ

ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠵᠠᠯᠠᠭᠤ ᠨᠠᠰᠤᠨ ᠤ ᠴᠤᠭ ᠪᠠᠳᠠᠷᠠᠩᠭᠤᠢ ᠳᠦᠷᠰᠦ

ᠪᠠᠶᠢᠳᠠᠯ ᠢᠶᠠᠷ ᠡᠨᠡ ᠤᠳᠠᠭᠠᠨ ᠤ ᠤᠷᠤᠯᠳᠤᠭᠠᠨ ᠢ ᠲᠡᠭᠦᠰ ᠠᠮᠵᠢᠯᠲᠠ ᠲᠠᠢ ᠳᠠᠭᠤᠰᠬᠠᠪᠠ᠃

   

2.png

      2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠲᠣᠣᠷ

ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ

ᠡᠷᠡᠭᠲᠡᠢ ᠶᠢᠨ ᠳᠤᠭᠤᠶᠢᠯᠠᠩ᠂ ᠡᠮᠡᠭᠲᠡᠢ ᠶᠢᠨ ᠳᠤᠭᠤᠶᠢᠯᠠᠩ᠂ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ

ᠳᠤᠭᠤᠶᠢᠯᠠᠩ ᠤᠨ ᠡᠷᠡᠭᠲᠡᠢ ᠶᠢᠨ ᠳᠤᠭᠤᠶᠢᠯᠠᠩ᠂ ᠡᠮᠡᠭᠲᠡᠢ ᠶᠢᠨ ᠳᠤᠭᠤᠶᠢᠯᠠᠩ ᠵᠡᠷᠭᠡ ᠳᠥᠷᠪᠡᠨ ᠳᠤᠭᠤᠶᠢᠯᠠᠩ

ᠬᠤᠪᠢᠶᠠᠵᠤ᠂ 5 ᠡᠳᠦᠷ ᠤᠨ ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠥᠪᠥᠷ ᠮᠣᠩᠭᠤᠯ ᠤᠨ

ᠪᠠᠭᠰᠢ ᠶᠢᠨ ᠶᠡᠭᠡ ᠰᠤᠷᠭᠠᠭᠤᠯᠢ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ ᠤᠨ ᠡᠷᠡᠭᠲᠡᠢ ᠶᠢᠨ

ᠳᠤᠭᠤᠶᠢᠯᠠᠩ᠂ ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠳᠤ ᠮᠠᠩᠯᠠᠶᠢᠯᠠᠵᠤ᠂ ᠥᠪᠥᠷ ᠮᠣᠩᠭᠤᠯ ᠤᠨ ᠠᠵᠤ

ᠦᠢᠯᠡᠳᠪᠦᠷᠢ ᠶᠢᠨ ᠶᠡᠭᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ ᠤᠨ

ᠤᠷᠤᠯᠳᠤᠭᠠᠨ ᠳᠤ ᠮᠠᠩᠯᠠᠶᠢᠯᠠᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ

ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠳᠤ ᠮᠠᠩᠯᠠᠶᠢᠯᠠᠪᠠ᠃

   

3.png

4.png

5.png

6.png

      ᠣᠶᠢᠷ᠎ᠠ ᠶᠢᠨ ᠵᠢᠯ᠂ ᠲᠣᠣᠷ ᠪᠥᠮᠪᠦᠭᠡᠨ ᠤ ᠬᠥᠳᠡᠯᠭᠡᠭᠡᠨ ᠮᠠᠨ ᠤ ᠣᠷᠣᠨ ᠤ ᠤᠶᠤᠲᠠᠳ ᠎ ᠤᠨ ᠳᠤᠷ᠎ᠠ ᠪᠠᠬ᠎ᠠ ᠶᠢ

ᠤᠯᠠᠮ ᠠᠴᠠ ᠤᠯᠠᠮ ᠲᠠᠲᠠᠵᠤ᠂ ᠣᠷᠣᠯᠴᠠᠭᠰᠠᠨ ᠬᠥᠮᠦᠨ ᠤ ᠲᠤᠭ᠎ᠠ ᠵᠢᠯ ᠳᠠᠷᠠᠭᠠᠯᠠᠨ ᠨᠡᠮᠡᠭᠳᠡᠪᠡ᠃ ᠡᠨᠡ ᠤᠳᠠᠭᠠᠨ ᠤ

ᠤᠷᠤᠯᠳᠤᠭᠠᠨ ᠳᠤ᠂ ᠣᠶᠤᠲᠠᠨ ᠲᠠᠮᠢᠷᠴᠢᠳ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠬᠦ ᠶᠢᠨ ᠬᠠᠮᠲᠤ ᠪᠠᠰᠠ

ᠪᠣᠯᠪᠠᠰᠤᠨ ᠨᠥᠬᠦᠷᠯᠡᠯ᠂ ᠪᠥᠯᠬᠦᠮᠳᠡᠯ ᠬᠠᠮᠵᠢᠯᠴᠠᠭ᠎ᠠ᠂ ᠨᠤᠭᠤᠷᠠᠰᠢ ᠦᠭᠡᠢ ᠪᠠᠲᠤ ᠴᠢᠩᠭ᠎ᠠ ᠰᠤᠷᠭᠠᠭᠤᠯᠢ ᠶᠢᠨ

ᠬᠦᠷᠢᠶᠡᠨ ᠤ ᠪᠡᠶ᠎ᠡ ᠎ ᠶᠢᠨ ᠲᠠᠮᠢᠷ ᠤᠨ ᠵᠣᠷᠢᠭ ᠰᠠᠨᠠᠭ᠎ᠠ ᠶᠢ ᠤᠷᠤᠯᠳᠤᠭᠠᠨ ᠤ ᠲᠠᠯᠠᠪᠤᠷ ᠲᠤ ᠪᠠᠳᠠᠷᠠᠭᠤᠯᠪᠠ᠃

      ᠡᠨᠡ ᠤᠳᠠᠭᠠᠨ ᠤ ᠤᠶᠤᠲᠠᠳ ᠤᠨ ᠲᠣᠣᠷ  ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ

ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠶᠠᠪᠤᠭᠳᠠᠭᠤᠯᠵᠤ᠂ ᠰᠢᠯᠢ ᠶᠢᠨ ᠭᠤᠣᠯ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号