ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠰᠢᠨ᠎ᠡ ᠦᠵᠡᠯ ᠰᠠᠨᠠᠭ᠎ᠠ ᠶᠢ ᠰᠤᠷᠤᠯᠴᠠᠵᠤ ᠰᠠᠶᠢᠨ ᠵᠠᠯᠭᠠᠮᠵᠢᠯᠠᠭᠴᠢ ᠪᠣᠯᠤᠨ᠎ᠠ︾ ᠭᠡᠬᠦ ︽6.1︾᠎ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/6/4
      5 ᠳ᠋ᠤᠭᠠᠷ ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ ︽ᠰᠢᠨ᠎ᠡ ᠦᠵᠡᠯ ᠰᠠᠨᠠᠭ᠎ᠠ ᠶᠢ ᠰᠤᠷᠤᠯᠴᠠᠵᠤ ᠰᠠᠶᠢᠨ ᠵᠠᠯᠭᠠᠮᠵᠢᠯᠠᠭᠴᠢ ᠪᠣᠯᠤᠨ᠎ᠠ︾ ᠭᠡᠬᠦ ︽6.1︾᠎ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠧᠢ ᠶᠤᠸᠠᠨ ᠪᠠᠭ᠎ᠠ ᠰᠤᠷᠭᠠᠭᠤᠯᠢ ᠎ ᠶᠢᠨ ᠰᠢᠨ ᠶᠠ ᠰᠤᠷᠭᠠᠭᠤᠯᠢ ᠶᠢᠨ ᠲᠣᠭᠤᠷᠢᠭ ᠲᠤ           ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠎ ᠤ ᠳᠡᠳ᠋ ᠱᠦᠵᠢ ᠶᠠᠩ ᠱᠠᠩ ᠯᠢᠨ ᠲᠤᠰ ᠠᠵᠢᠯᠯᠠᠭ᠎ᠠ ᠳᠤ ᠣᠷᠣᠯᠴᠠᠪᠠ᠃

1.webp.jpg

      ᠠᠵᠢᠯᠯᠠᠭᠠᠨ ᠤ ᠶᠠᠪᠤᠴᠠ ᠳᠤ᠂ ᠪᠢᠴᠢᠬᠠᠨ ᠤᠯᠠᠭᠠᠨ ᠪᠥᠴᠡᠲᠡᠨ ᠲᠠᠶᠢᠯᠪᠤᠷᠢᠯᠠᠭᠴᠢ ᠦᠵᠡᠭᠦᠯᠭᠡ ᠶᠢᠨ

ᠰᠠᠮᠪᠠᠷ᠎ᠠ ᠶᠢᠨ ᠦᠵᠡᠭᠦᠯᠭᠡ ᠪᠠᠷ ᠳᠠᠮᠵᠢᠭᠤᠯᠤᠨ᠂ ︽ᠠᠨᠠᠷ ᠤᠨ ᠦᠷ᠎ᠡ ᠭᠠᠷ ᠬᠤᠯᠪᠤᠨ ᠤᠯᠠᠭᠠᠨ ᠪᠦᠴᠡᠳᠡᠳ

ᠨᠠᠮ ᠢᠶᠠᠨ ᠳᠠᠭᠠᠨᠠᠮ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠨᠠᠷᠢᠨ ᠲᠠᠨᠢᠯᠴᠠᠭᠤᠯᠵᠤ᠂

ᠭᠤᠣᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ᠂ ᠠᠩᠭᠢ ᠶᠢᠨ ᠬᠤᠷᠠᠯ᠂ ᠤᠬᠠᠭᠤᠯᠤᠨ

ᠲᠠᠶᠢᠯᠪᠤᠷᠢᠯᠠᠬᠤ᠂ ᠨᠡᠶᠢᠭᠡᠮ ᠲᠣᠭᠤᠷᠢᠭ ᠲᠤ ᠣᠷᠣᠬᠤ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂

ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠬᠥᠲᠥᠯᠥᠨ ᠵᠢᠯᠣᠭᠤᠳᠴᠤ ᠡᠷᠡᠰ ᠭᠤᠶᠢᠪᠢᠰᠢ ᠦᠭᠡᠢ ᠪᠠᠷ

ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠎ ᠶᠢ ᠬᠦᠲᠦᠯᠦᠨ

ᠵᠢᠯᠣᠭᠤᠳᠪᠠ᠃

      ᠠᠵᠢᠯᠯᠠᠭᠠᠨ ᠤ ᠠᠬᠤᠢ ᠲᠠᠯᠠᠪᠠᠢ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠣᠨᠴᠠᠯᠢᠭᠲᠤ

ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠳᠡᠯᠭᠡᠨ ᠦᠵᠡᠭᠦᠯᠪᠡ᠃ ᠪᠠᠭᠠᠴᠤᠳ ᠎ ᠤᠨ ᠬᠤᠰᠢᠭᠤᠴᠢ ᠠᠩᠭᠢ ᠶᠢᠨ

ᠭᠡᠰᠢᠭᠦᠳ ᠤᠷᠠᠨ ᠪᠢᠴᠢᠯᠭᠡ᠂ ᠤᠷᠠᠨ ᠵᠢᠷᠤᠭ᠂ ᠭᠠᠷ ᠤᠷᠠᠯᠠᠯ ᠵᠡᠷᠭᠡ ᠪᠦᠲᠦᠭᠡᠯ ᠢᠶᠠᠷ ᠳᠠᠮᠵᠢᠭᠤᠯᠤᠨ ᠡᠬᠡ ᠤᠯᠤᠰ᠂

ᠨᠤᠲᠤᠭ ᠤᠰᠤᠨ ᠳᠤ ᠪᠠᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠬᠡᠵᠡᠢ᠃

   

2.webp.jpg

 

3.webp.jpg

      ᠦᠵᠡᠭᠳᠡᠯᠲᠦ ᠵᠦᠴᠦᠭᠡ ︽ᠬᠥᠭᠡᠭᠡᠴᠡᠯᠳᠦᠯ︾᠎ ᠨᠢ ︽ᠰᠢᠨ᠎ᠡ ᠦᠵᠡᠯ ᠰᠠᠨᠠᠭ᠎ᠠ ᠶᠢ ᠰᠤᠷᠤᠯᠴᠠᠵᠤ ᠰᠠᠶᠢᠨ

ᠵᠠᠯᠭᠠᠮᠵᠢᠯᠠᠭᠴᠢ ᠪᠣᠯᠣᠨ᠎ᠠ︾ ᠭᠡᠬᠦ ︽6.1︾᠎ ᠢ ᠪᠡᠯᠭᠡᠯᠡᠬᠦ ᠭᠤᠣᠯ ᠰᠡᠳᠦᠪᠲᠦ ᠠᠵᠢᠯᠯᠠᠭᠠᠨ ᠤ ᠬᠠᠷᠢᠭᠤ

ᠮᠡᠳᠡᠭᠦᠯᠦᠯᠲᠡ ᠶᠢᠨ ᠲᠣᠭᠯᠠᠯᠲᠠ ᠶᠢᠨ ᠬᠥᠰᠢᠭᠡ ᠶᠢ ᠰᠡᠬᠦᠵᠦ᠂ ᠪᠥᠵᠢᠭ ︽ᠨᠠᠷᠠᠨ ᠵᠦᠭ︾᠂ ᠨᠠᠶᠢᠷᠠᠯ ᠳᠠᠭᠤᠤ

︽ᠦᠰᠦᠨ ᠪᠤᠶᠢᠵᠢᠯᠲᠠ︾ ᠵᠡᠷᠭᠡ ᠡᠯᠪᠡᠭ ᠪᠠᠶᠠᠯᠢᠭ ᠤᠷᠠᠯᠢᠭ ᠤᠨ ᠲᠣᠭᠯᠠᠯᠲᠠ ᠪᠠᠷ ᠳᠠᠮᠵᠢᠭᠤᠯᠤᠨ᠂ ᠪᠠᠭᠠᠴᠤᠳ

ᠬᠡᠦᠬᠡᠳ ᠬᠠᠮᠲᠤ ᠳᠤ ᠪᠠᠨ ᠥᠪᠡᠷ ᠤᠨ ᠪᠠᠶᠠᠷ ᠤᠨ ᠡᠳᠦᠷ ᠢᠶᠠᠨ ᠤᠭᠲᠤᠪᠠ᠃ ᠠᠵᠢᠯᠯᠠᠭ᠎ᠠ ᠳᠡᠭᠡᠷ᠎ᠡ ᠬᠤᠷᠠᠯ ᠳᠤ

ᠣᠷᠣᠯᠴᠠᠭᠰᠠᠳ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢᠳ ᠲᠤ ᠪᠡᠯᠡᠭ

ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃

   

4.webp.jpg

5.webp.jpg

      ᠪᠠᠭᠠᠴᠤᠳ ᠬᠡᠦᠬᠡᠳ ᠪᠣᠯ ᠡᠬᠡ ᠤᠯᠤᠰ ᠤᠨ ᠢᠷᠡᠭᠡᠳᠦᠢ ᠮᠥᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢᠨ

ᠲᠣᠭᠤᠷᠢᠨ ᠳᠤ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠬᠥᠮᠦᠵᠢᠭᠦᠯᠦᠨ

ᠵᠢᠯᠣᠭᠤᠳᠴᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂

ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠥᠭᠡᠳᠡᠯᠡᠨ

ᠳᠠᠪᠰᠢᠬᠤ ᠎ ᠪᠠᠷ ᠬᠦᠴᠦᠯᠡᠨ ᠴᠢᠷᠮᠠᠶᠢᠬᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂

ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ

ᠡᠭᠦᠷᠭᠡ ᠶᠢ ᠡᠭᠦᠷᠭᠡᠯᠡᠵᠦ  ᠲᠡᠶᠢᠯᠭᠦᠶᠢᠴᠡ ᠲᠤᠯᠭᠠᠭᠤᠷᠢ ᠬᠦᠴᠦᠨ ᠪᠣᠯᠬᠤ ᠪᠠᠷ ᠴᠢᠷᠮᠠᠢ ᠭᠡᠪᠡ᠃

      ᠡᠨᠡ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ

ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ  ᠬᠤᠷᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ

ᠬᠥᠬᠡᠬᠤᠲᠠ ᠶᠢᠨ ᠠᠵᠢᠯ ᠤᠨ ᠵᠥᠪᠯᠡᠯ ᠠᠴᠠ ᠳᠠᠭᠠᠭᠠᠴᠢᠯᠠᠨ ᠡᠷᠬᠢᠯᠡᠵᠦ᠂ ᠰᠢᠨ᠎ᠡ ᠬᠤᠲᠠ ᠲᠣᠭᠤᠷᠢᠭ ᠤᠨ ᠰᠤᠷᠭᠠᠨ

ᠬᠥᠮᠦᠵᠢᠯ ᠤᠨ ᠲᠣᠪᠴᠢᠶ᠎ᠠ ᠠᠴᠠ ᠬᠠᠮᠵᠢᠨ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠤᠨ ᠬᠤᠯᠪᠣᠭᠳᠠᠬᠤ ᠭᠠᠵᠠᠷ ᠲᠠᠰᠤᠭ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂

ᠬᠥᠬᠡᠬᠤᠲᠠ ᠶᠢᠨ ᠡᠪᠯᠡᠯ ᠤᠨ ᠬᠤᠷᠢᠶ᠎ᠠ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠰᠤᠷᠭᠠᠨ

ᠬᠥᠮᠦᠵᠢᠯ ᠤᠨ  ᠳᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号