ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠣᠨᠴᠠᠯᠢᠭᠲᠤ ᠰᠤᠷᠭᠠᠭᠤᠯᠢ ᠶᠢ ᠳᠠᠬᠢᠨ ᠬᠢᠨᠠᠬᠤ ᠠᠵᠢᠯ ᠤᠨ ᠪᠣᠯᠪᠠᠰᠤᠷᠠᠯ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/6/4
      5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠣᠨᠴᠠᠯᠢᠭᠲᠤ ᠰᠤᠷᠭᠠᠭᠤᠯᠢ ᠶᠢ ᠳᠠᠬᠢᠨ ᠬᠢᠨᠠᠬᠤ ᠠᠵᠢᠯ ᠤᠨ ᠪᠣᠯᠪᠠᠰᠤᠷᠠᠯ ᠤᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠪᠣᠯᠪᠠᠰᠤᠷᠠᠯ ᠤᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃   

1.webp.jpg

      ᠡᠨᠡ ᠤᠳᠠᠭᠠᠨ ᠤ ᠪᠣᠯᠪᠠᠰᠤᠷᠠᠯ ᠳᠤ ᠰᠦᠵᠧᠦ ᠶᠡᠭᠡ ᠰᠤᠷᠭᠠᠭᠤᠯᠢ ᠶᠢᠨ ᠴᠢᠦ ᠯᠢᠨ ᠫᠷᠤᠹᠧᠰᠰᠤᠷ ᠢ ᠤᠷᠢᠵᠤ

ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠣᠨᠴᠠᠯᠢᠭᠲᠤ

ᠰᠤᠷᠭᠠᠭᠤᠯᠢ ᠶᠢ ᠳᠠᠬᠢᠨ ᠬᠢᠨᠠᠬᠤ ᠠᠵᠢᠯ ᠪᠠ ︽ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡᠨ ᠤ ᠣᠨᠴᠠᠯᠢᠭᠲᠤ ᠰᠤᠷᠭᠠᠭᠤᠯᠢ ᠶᠢ ᠦᠨᠡᠯᠡᠨ ᠲᠣᠭᠲᠠᠭᠠᠬᠤ ᠭᠦᠢᠴᠡᠳᠬᠡᠯ ᠲᠤᠭ᠎ᠠ

ᠪᠣᠯᠤᠨ ᠨᠠᠷᠢᠨ ᠳᠦᠷᠢᠮ︾ ᠳᠤ ᠪᠦᠬᠦ ᠲᠠᠯ᠎ᠠ ᠶᠢᠨ ᠲᠠᠶᠢᠯᠤᠮᠵᠢ ᠬᠢᠵᠦ ᠲᠠᠶᠢᠯᠪᠤᠷᠢᠯᠠᠪᠠ᠃

   

2.webp.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ  ᠤᠨ ᠡᠯ᠎ᠡ

ᠰᠤᠷᠭᠠᠭᠤᠯᠢ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ

ᠡᠭᠦᠷᠭᠡᠯᠡᠬᠦ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂

ᠠᠵᠢᠯ ᠤᠨ ᠨᠠᠶᠢᠳᠠᠪᠤᠷᠢᠵᠢᠭᠤᠯᠤᠯᠲᠠ ᠶᠢ ᠡᠮᠬᠢ ᠵᠢᠷᠤᠮ  ᠲᠠᠢ ᠠᠬᠢᠭᠤᠯᠤᠨ᠂ ᠳᠠᠬᠢᠨ ᠬᠢᠨᠠᠬᠤ ᠠᠵᠢᠯ ᠢ

ᠳᠥᠭᠦᠮᠴᠢᠯᠡᠵᠦ ᠨᠢᠭᠡ ᠯᠡ ᠠᠳᠠᠯᠢ ᠪᠠᠷ ᠱᠠᠭᠠᠷᠳᠠᠬᠤ ᠶᠢ ᠡᠷᠡᠰ ᠰᠡᠷᠭᠡᠶᠢᠯᠡᠵᠦ᠂ ᠳᠠᠬᠢᠨ ᠬᠢᠨᠠᠬᠤ ᠠᠵᠢᠯ ᠲᠣᠭᠲᠠᠭᠰᠠᠨ

ᠬᠤᠭᠤᠴᠠᠭᠠᠨ ᠳᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠴᠢᠨᠠᠷᠯᠢᠭ ᠪᠡᠶᠡᠯᠡᠭᠦᠯᠬᠦ ᠶᠢ ᠦᠨᠡᠨ ᠬᠦ ᠪᠠᠲᠤᠯᠠᠨ᠂

ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠠᠵᠢᠯ ᠤᠨ ᠬᠠᠷᠠᠯᠲᠠ ᠶᠢ ᠪᠡᠶᠡᠯᠡᠭᠦᠯᠬᠦ

ᠬᠡᠷᠡᠭᠲᠡᠢ᠃ ᠳᠠᠬᠢᠨ ᠬᠢᠨᠠᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ

ᠴᠢᠬᠤᠯᠠᠴᠢᠯᠠᠨ᠂ ︽ᠪᠦᠬᠦ ᠤᠯᠤᠰ ᠤᠨ ᠵᠠᠯᠠᠭᠤᠴᠤᠳ ᠪᠠᠭᠠᠴᠤᠳ  ᠤᠨ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠣᠨᠴᠠᠯᠢᠭᠲᠤ ᠰᠤᠷᠭᠠᠭᠤᠯᠢ ᠶᠢ ᠦᠨᠡᠯᠡᠨ ᠲᠣᠭᠲᠠᠭᠠᠬᠤ ᠭᠦᠢᠴᠡᠳᠬᠡᠯ ᠲᠤᠭ᠎ᠠ ᠪᠣᠯᠤᠨ ᠨᠠᠷᠢᠨ          

ᠳᠦᠷᠢᠮ︾ ᠲᠠᠢ ᠬᠠᠷᠢᠴᠠᠭᠤᠯᠤᠨ᠂ ᠣᠨᠴᠠᠯᠢᠭᠲᠤ ᠰᠤᠷᠭᠠᠭᠤᠯᠢ ᠶᠢᠨ ᠪᠠᠭᠰᠢ᠂ ᠲᠠᠯᠠᠪᠤᠷ᠂ ᠬᠢᠴᠢᠶᠡᠯ ᠤᠨ ᠴᠠᠭ᠂

ᠵᠠᠷᠤᠳᠠᠯ᠂ ᠤᠷᠤᠯᠳᠤᠭᠠᠨ ᠵᠡᠷᠭᠡ ᠭᠤᠣᠯ ᠨᠥᠬᠦᠴᠡᠯ ᠤᠨ ᠪᠠᠲᠤᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂

ᠨᠡᠶᠢᠲᠡᠯᠢᠭ ᠵᠢᠱᠢᠶ᠎ᠡ ᠶᠢ ᠢᠯᠡᠷᠡᠭᠦᠯᠬᠦ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠨ᠂

ᠵᠡᠷᠭᠡ ᠪᠠᠷ ᠠᠬᠢᠭᠤᠯᠬᠤ ᠶᠢ ᠪᠠᠷᠢᠮᠲᠠᠯᠠᠨ᠂ ᠶᠠᠪᠤᠴᠠ ᠶᠢᠨ ᠴᠢᠨᠠᠷᠲᠠᠢ ᠦᠨᠡᠯᠡᠨ ᠵᠢᠱᠢᠵᠦ ᠳᠠᠬᠢᠨ ᠬᠢᠨᠠᠬᠤ ᠶᠢ

ᠴᠢᠬᠤᠯᠠᠴᠢᠯᠠᠬᠤ ᠬᠡᠷᠡᠭᠲᠡᠢ᠃ ᠳᠠᠬᠢᠨ ᠬᠢᠨᠠᠬᠤ ᠠᠵᠢᠯ ᠳᠤ ᠬᠢᠨᠠᠯᠲᠠ ᠲᠠᠯᠪᠢᠬᠤ  ᠶᠢ ᠴᠢᠩᠭᠠᠳᠬᠠᠵᠤ᠂ ᠠᠵᠢᠯ ᠤᠨ

ᠰᠠᠬᠢᠯᠭ᠎ᠠ ᠪᠠᠲᠤ ᠶᠢ ᠴᠢᠩᠳᠠᠯᠠᠵᠤ᠂ ᠪᠠᠶᠢᠩᠭᠤ ᠬᠢᠨᠠᠵᠤ ᠵᠢᠯᠣᠭᠤᠳᠬᠤ ᠶᠢ ᠰᠠᠶᠢᠲᠤᠷ ᠠᠳᠬᠤᠨ᠂ ᠥᠪᠡᠰᠦᠪᠡᠨ

ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠳᠠᠷᠤᠢ ᠳᠤ ᠨᠢ ᠬᠥᠳᠡᠯᠦᠯᠴᠡᠵᠦ ᠳᠠᠷᠤᠢ ᠳᠤ ᠨᠢ

ᠥᠭᠡᠷᠡᠴᠢᠯᠡᠨ᠂ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠳᠠᠯᠠᠵᠤ᠂ ᠲᠡᠷᠡ ᠬᠡᠪ ᠢᠶᠠᠷ ᠨᠢ ᠴᠡᠭᠴᠡᠯᠡᠨ

ᠰᠠᠶᠢᠵᠢᠷᠠᠭᠤᠯᠵᠤ ᠪᠣᠳᠠᠲᠠᠶᠢᠵᠢᠭᠤᠯᠤᠨ᠂ ᠬᠡᠯᠪᠡᠷᠢ ᠶᠢ ᠬᠥᠭᠡᠭᠡᠴᠡᠯᠳᠦᠬᠦ᠂ ᠵᠠᠷᠴᠢᠮ ᠦᠭᠡᠢ ᠬᠤᠪᠢᠷᠠᠭᠤᠯᠬᠤ᠂ ᠬᠤᠳᠠᠯ

ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠠᠵᠢᠯ ᠬᠢᠬᠦ ᠦᠭᠡᠢ ᠪᠤᠶᠤ

ᠳᠤᠷ᠎ᠠ ᠪᠠᠷ ᠢᠶᠠᠨ ᠠᠵᠢᠯᠯᠠᠬᠤ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃

      ᠪᠣᠯᠪᠠᠰᠤᠷᠠᠯ ᠤᠨ ᠬᠤᠷᠠᠯ ᠢ ᠰᠦᠯᠵᠢᠶᠡᠨ ᠳᠤ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ

ᠠᠷᠭ᠎ᠠ ᠮᠠᠶ᠋ᠢᠭ ᠢᠶᠠᠷ ᠥᠷᠨᠢᠭᠦᠯᠵᠦ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠤᠷᠭᠠᠭᠤᠯᠢ ᠶᠢᠨ ᠪᠡᠶ᠎ᠡ ᠶᠢᠨ ᠲᠠᠮᠢᠷ ᠵᠢᠴᠢ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠠᠷᠢᠭᠤᠴᠠᠯᠭᠠᠲᠠᠨ᠂ ᠮᠠᠨ ᠤ ᠣᠷᠣᠨ ᠤ ᠤᠯᠤᠰ ᠤᠨ ᠳᠡᠰ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠣᠨᠴᠠᠯᠢᠭᠲᠤ ᠰᠤᠷᠭᠠᠭᠤᠯᠢ ᠶᠢᠨ ᠵᠠᠬᠢᠷᠤᠯ ᠪᠣᠯᠪᠠᠰᠤᠷᠠᠯ ᠳᠤ

ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号