ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/6/5
      6 ᠳ᠋ᠤᠭᠠᠷ ᠰᠠᠷ᠎ᠠ ᠶᠢᠨ 3᠎ ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠬᠢᠯᠡᠪᠡ᠃      ᠡᠨᠡ ᠤᠳᠠᠭᠠᠨ ᠤ ᠪᠣᠯᠪᠠᠰᠤᠷᠠᠯ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠶᠡᠭᠡ ᠪᠠᠷ ᠢᠯᠡᠷᠡᠭᠦᠯᠬᠦ ᠠᠵᠢᠯᠯᠠᠭ᠎ᠠ ᠶᠢ ᠥᠳᠲᠡᠷ ᠲᠦᠷᠭᠡᠨ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠥᠳᠲᠡᠷ ᠲᠦᠷᠭᠡᠨ ᠪᠤᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠣᠯᠪᠠᠰᠤᠷᠠᠯ ᠢᠶᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠠᠵᠢᠯᠲᠠᠳ ᠤᠨ ᠵᠣᠬᠢᠶᠠᠨ ᠪᠠᠶᠢᠭᠤᠯᠤᠯᠲᠠ ᠲᠠᠢ ᠡᠷᠳᠡᠮ ᠰᠢᠨᠵᠢᠯᠡᠭᠡᠨ ᠢ ᠥᠨᠳᠥᠷ ᠪᠦᠲᠦᠮᠵᠢᠲᠡᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠢ ᠠᠭᠤᠰᠬᠠᠬᠤ ᠶᠢ ᠠᠬᠢᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠪᠣᠯᠤᠨ ᠡᠵᠡᠩᠨᠡᠯᠲᠡ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠠᠬᠢᠭᠤᠯᠪᠠ᠃      ᠬᠤᠷᠠᠯ ᠳᠡᠭᠡᠷ᠎ᠡ ᠳᠤᠮᠳᠠᠳᠤ ᠤᠯᠤᠰ ᠤᠨ ᠲᠤᠰᠬᠠᠢ ᠠᠰᠢᠭ ᠢ ᠬᠠᠮᠠᠭᠠᠯᠠᠬᠤ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠣᠪᠴᠢᠶᠠᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠵᠤᠷᠭᠠᠨ ᠤ ᠤᠤᠯ ᠤᠨ ᠳᠠᠷᠤᠭ᠎ᠠ ᠯᠧᠢ ᠰᠢᠶᠣᠤ ᠶᠦᠨ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠦᠬᠠᠨ︶᠎ ᠶᠢᠨ ᠳᠡᠳ᠋ ᠰᠤᠳᠤᠯᠤᠭᠴᠢ ᠯᠦᠸᠧ ᠯᠢᠨ ᠪᠦᠸᠧ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠡᠭᠡᠳᠦ ᠵᠡᠷᠭᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠷᠭᠡᠵᠢᠯᠲᠡᠨ ᠰᠦᠨ ᠿᠦᠢ ᠶᠠᠩ ᠢ ᠤᠷᠢᠨ ᠲᠤᠰ ᠲᠤᠰ ︽ᠲᠤᠰᠬᠠᠢ ᠠᠰᠢᠭ ᠤᠨ ᠠᠵᠤ ᠦᠢᠯᠡᠰᠵᠢᠭᠦᠯᠦᠯᠲᠡ ᠳᠤ ᠡᠨᠧᠷᠭᠢ ᠣᠯᠭᠤᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠶᠡᠭᠡ ᠪᠠᠷ ᠠᠬᠢᠭᠤᠯᠬᠤ︾᠂ ︽ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠭᠰᠡᠨ ᠪᠣᠳᠠᠲᠠᠢ ᠠᠵᠢᠯᠯᠠᠭ᠎ᠠ︾᠂ ︽ᠶᠡᠭᠡ ᠳᠡᠭᠡᠳᠦ ᠰᠤᠷᠭᠠᠭᠤᠯᠢ ᠶᠢᠨ ᠦᠷ᠎ᠡ ᠪᠦᠲᠦᠭᠡᠯ ᠢ ᠤᠯᠠᠷᠢᠭᠤᠯᠤᠭᠰᠠᠨ ᠬᠡᠷᠡᠭ ᠤᠨ ᠵᠢᠱᠢᠶ᠎ᠡ ᠶᠢᠨ ᠵᠠᠳᠠᠯᠤᠯᠲᠠ︾ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠵᠡᠢ᠃   

1.png

      ᠡᠨᠡ ᠤᠳᠠᠭᠠᠨ ᠤ ᠪᠣᠯᠪᠠᠰᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂

ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠎ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠷᠬᠢᠯᠡᠪᠡ᠃ ᠪᠦᠬᠦ

ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ

ᠤᠯᠠᠷᠢᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠠᠵᠢᠯᠲᠠᠨ 200 ᠭᠠᠷᠤᠢ

ᠬᠥᠮᠦᠨ ᠪᠣᠯᠪᠠᠰᠤᠷᠠᠯ ᠳᠤ ᠣᠷᠣᠯᠴᠠᠵᠠᠢ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号