ᠬᠢᠩᠭᠠᠨ ᠠᠶᠢᠮᠠᠭ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2024/6/5
     ᠣᠶᠢᠷ᠎ᠠ ᠶᠢᠨ ᠵᠢᠯ᠂ ᠬᠢᠩᠭᠠᠨ ᠠᠶᠢᠮᠠᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ︽ᠶᠡᠭᠡ ᠦᠵᠡᠯ ᠰᠠᠨᠠᠭ᠎ᠠ ᠤᠯᠤᠰ ᠲᠥᠷᠥ︾ ᠶᠢᠨ ᠬᠥᠮᠦᠨ ᠬᠥᠮᠦᠵᠢᠭᠦᠯᠬᠦ ᠪᠠᠶᠢᠷᠢᠰᠢᠯᠠᠭᠤᠯᠤᠯᠲᠠ ᠶᠢᠨ ᠰᠢᠨ᠎ᠡ ᠶᠢ ᠡᠭᠦᠳᠬᠦ ᠪᠠᠷ ᠭᠤᠣᠯ ᠭᠠᠷᠳᠠᠴᠠ ᠪᠣᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠦᠭ ᠢ ᠱᠤᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃   

1.webp.jpg

      ᠭᠤᠣᠯ ᠰᠢᠵᠢᠮ ᠢ ᠲᠤᠭᠤᠰᠢᠯᠠᠭᠤᠯᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠶᠢ ᠴᠢᠩᠭᠠᠳᠬᠠᠵᠤ᠂

ᠠᠵᠢᠯ ᠤᠨ ᠲᠣᠭᠲᠠᠴᠠ ᠶᠢ ᠨᠢᠭᠡ ᠴᠣᠭᠴᠠᠵᠢᠭᠤᠯᠤᠨ  ᠪᠠᠶᠢᠭᠤᠯᠪᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠳᠡᠭᠡᠷ᠎ᠡ ᠵᠢᠯ ᠪᠦᠷᠢ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠤᠳᠤᠯᠵᠤ᠂ ᠶᠡᠭᠡ ᠳᠡᠭᠡᠳᠦ ᠰᠤᠷᠭᠠᠭᠤᠯᠢ᠂

ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ

ᠠᠶᠢᠮᠠᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠵᠢᠯ ᠤᠨ

ᠠᠵᠢᠯ ᠤᠨ ᠭᠤᠣᠯᠳᠠᠯᠭ᠎ᠠ ᠳᠤ ᠣᠷᠣᠭᠤᠯᠤᠨ ᠭᠤᠣᠯᠳᠠᠯᠭ᠎ᠠ ᠲᠠᠢ ᠠᠬᠢᠭᠤᠯᠪᠠ᠃ ᠪᠦᠬᠦ ᠠᠶᠢᠮᠠᠭ ᠤᠨ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠵᠢᠯᠣᠭᠤᠳᠬᠤ

ᠵᠥᠪᠯᠡᠯ ᠪᠠ ᠣᠷᠣᠨ ᠪᠦᠰᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ

ᠬᠢᠴᠢᠶᠡᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠢ ᠪᠠᠶᠢᠭᠤᠯᠵᠤ᠂ ︽ᠰᠢᠨ᠎ᠡ ᠴᠠᠭ ᠦᠶ᠎ᠡ ᠶᠢᠨ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠥᠭᠡᠷᠡᠴᠢᠯᠡᠯᠲᠡ ᠬᠢᠵᠦ

ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠲᠥᠰᠦᠯ︾᠂ ︽ᠪᠦᠬᠦ ᠠᠶᠢᠮᠠᠭ ᠤᠨ ᠶᠡᠭᠡ

ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠳᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠢ ᠪᠥᠭᠡᠳ

ᠤᠳᠠᠭᠠᠨ ᠳᠠᠭᠠᠭᠠᠮᠠᠭᠠᠢ ᠥᠷᠨᠢᠭᠦᠯᠬᠦ ᠠᠵᠢᠯ ᠤᠨ ᠲᠥᠰᠦᠯ︾ ᠵᠡᠷᠭᠡ ᠰᠢᠷᠢᠰ ᠪᠢᠴᠢᠭ ᠮᠠᠲ᠋ᠧᠷᠢᠶᠠᠯ ᠢ ᠳᠠᠷᠤᠮᠠᠯᠯᠠᠨ

ᠲᠠᠷᠬᠠᠭᠠᠵᠤ᠂ ᠭᠤᠣᠯ ᠰᠡᠳᠦᠪᠲᠦ ᠠᠵᠢᠯᠯᠠᠭ᠎ᠠ ᠶᠢ ᠲᠥᠰᠦᠪᠯᠡᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ

ᠪᠠᠶᠢᠭᠤᠯᠤᠯᠲᠠ᠂ ᠬᠥᠮᠦᠨ ᠬᠥᠮᠦᠵᠢᠭᠦᠯᠬᠦ ᠡᠬᠢ ᠪᠠᠶᠠᠯᠢᠭ ᠢ ᠨᠡᠭᠡᠭᠡᠬᠦ᠂ ᠪᠠᠭᠰᠢ ᠶᠢᠨ ᠡᠩᠨᠡᠭᠡᠨ ᠤ ᠪᠣᠯᠪᠠᠰᠤᠷᠠᠯ ᠵᠡᠷᠭᠡ

 ᠶᠢ ᠪᠦᠬᠦ ᠰᠤᠷᠤᠯᠭ᠎ᠠ ᠶᠢᠨ ᠱᠠᠲᠤᠨ ᠳᠤ ᠪᠠᠶᠢᠷᠢᠯᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ ᠰᠠᠶᠢᠨ ᠰᠠᠶᠢᠬᠠᠨ

ᠪᠠᠶᠢᠳᠠᠯ ᠢ ᠪᠣᠢ ᠪᠣᠯᠭᠠᠪᠠ᠃

   

2.webp.jpg

      ᠬᠢᠴᠢᠶᠡᠯ ᠤᠨ ᠵᠢᠭᠠᠬᠤ ᠮᠠᠲ᠋ᠧᠷᠢᠶᠠᠯ ᠳᠤ ᠠᠩᠬᠠᠷᠤᠯ ᠢᠶᠠᠨ ᠬᠠᠨᠳᠤᠭᠤᠯᠵᠤ᠂ ᠳᠡᠰ ᠬᠤᠪᠢᠶᠠᠬᠤ ᠬᠠᠷᠠᠯᠲᠠ ᠶᠢ

ᠨᠠᠷᠢᠯᠢᠬᠵᠢᠭᠤᠯᠵᠤ᠂ ᠭᠤᠣᠯ ᠬᠢᠴᠢᠶᠡᠯ ᠢ ᠨᠢᠭᠡ ᠴᠣᠭᠴᠠᠵᠢᠭᠤᠯᠬᠤ ᠶᠢ ᠠᠬᠢᠭᠤᠯᠪᠠ᠃ ᠲᠥᠷᠥᠯ ᠬᠤᠪᠢᠶᠠᠨ

ᠵᠢᠯᠣᠭᠤᠳᠬᠤ ᠵᠠᠷᠴᠢᠮ ᠢ ᠪᠠᠷᠢᠮᠲᠠᠯᠠᠵᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ︾᠂ ︽ᠲᠠᠪᠤᠨ

ᠲᠡᠦᠬᠡ︾᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠵᠡᠷᠭᠡ ᠠᠭᠤᠯᠭ᠎ᠠ ᠶᠢ ᠳᠤᠮᠳᠠᠳᠤ

ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠣᠷᠭᠠᠨᠢᠭ ᠢᠶᠠᠷ ᠠᠭᠤᠰᠬᠠᠵᠤ᠂

ᠬᠡᠦᠬᠡᠳ ᠤᠨ ᠴᠡᠴᠡᠷᠯᠢᠭ ᠲᠤ ᠠᠨᠠᠷ ᠤᠨ ᠦᠷ᠎ᠡ ᠶᠢᠨ ᠵᠢᠷᠤᠭᠲᠤ ᠤᠩᠰᠢᠬᠤ ᠪᠢᠴᠢᠭ ᠢ ᠲᠠᠷᠬᠠᠭᠠᠵᠤ᠂ ᠳᠤᠮᠳᠠᠳᠤ ᠪᠠᠭ᠎ᠠ

ᠰᠤᠷᠭᠠᠭᠤᠯᠢ ᠳᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ︾ ᠭᠡᠬᠦ ᠰᠤᠷᠤᠭᠴᠢ  ᠶᠢᠨ ᠤᠩᠰᠢᠬᠤ ᠪᠢᠴᠢᠭ ᠪᠣᠯᠤᠨ ︽ᠳᠤᠮᠳᠠᠳᠤ ᠶᠢᠨ

ᠦᠨᠳᠦᠰᠦᠲᠡᠨ ᠤ ᠶᠡᠭᠡ ᠪᠦᠯᠬᠦᠮᠳᠡᠯ︾ ᠵᠡᠷᠭᠡ ᠵᠢᠭᠠᠬᠤ ᠮᠠᠲ᠋ᠧᠷᠢᠶᠠᠯ ᠢ ᠨᠢᠭᠡᠳᠦᠯᠲᠡᠢ ᠬᠡᠷᠡᠭᠯᠡᠵᠦ᠂ ᠪᠦᠬᠦ ᠰᠤᠷᠤᠯᠭ᠎ᠠ ᠶᠢᠨ

ᠱᠠᠲᠤ ᠶᠢ ᠬᠠᠮᠤᠷᠤᠭᠰᠠᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ ᠶᠢ ᠪᠠᠶᠢᠭᠤᠯᠪᠠ᠃ ᠬᠢᠩᠭᠠᠨ

ᠠᠶᠢᠮᠠᠭ ᠤᠨ ᠣᠨᠴᠠᠯᠢᠭ ᠲᠠᠢ ᠤᠶᠠᠯᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠬᠥᠮᠦᠵᠢᠯ ᠤᠨ ᠦᠵᠡᠯ ᠰᠠᠨᠠᠭ᠎ᠠ ᠤᠯᠤᠰ ᠲᠥᠷᠥ ᠶᠢᠨ ᠲᠠᠶᠢᠯᠤᠨ ᠢ ᠨᠠᠶᠢᠷᠠᠭᠤᠯᠤᠨ ᠳᠠᠷᠤᠮᠠᠯᠯᠠᠵᠤ᠂

︽ᠳᠠᠪᠠᠭᠠᠨ ᠳᠡᠭᠡᠷᠡᠬᠢ ᠤᠯᠠᠭᠠᠨ︾ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠠᠶᠢᠭᠤᠯᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠠᠷᠪᠠᠨ ᠨᠢᠭᠡᠨ︾ ᠬᠤᠪᠢᠰᠬᠠᠯ ᠤᠨ

ᠭᠤᠣᠯ ᠰᠡᠳᠦᠪᠲᠦ ᠰᠢᠷᠢᠰ ᠠᠵᠢᠯᠯᠠᠭᠠᠨ ᠤ ᠲᠣᠭᠤᠷᠢᠨ ᠳᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ

ᠰᠣᠨᠣᠰᠴᠤ᠂ ᠨᠠᠮ ᠢᠶᠠᠨ ᠳᠠᠭᠠᠬᠤ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ 4000 ᠭᠠᠷᠤᠢ ᠤᠳᠠᠭ᠎ᠠ

ᠥᠷᠨᠢᠭᠦᠯᠪᠡ᠃

      ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ          

ᠲᠣᠮᠤ ᠬᠢᠴᠢᠶᠡᠯ ᠢ ᠰᠠᠶᠢᠲᠤᠷ ᠶᠠᠷᠢᠵᠤ᠂ ᠬᠥᠮᠦᠨ ᠬᠥᠮᠦᠵᠢᠭᠦᠯᠬᠦ ᠣᠷᠣᠨ ᠵᠠᠢ ᠶᠢ ᠨᠢᠭᠡ ᠴᠣᠭᠴᠠᠵᠢᠭᠤᠯᠬᠤ ᠶᠢ

ᠪᠡᠶᠡᠯᠡᠭᠦᠯᠪᠡ᠃ ᠦᠵᠡᠯ ᠰᠠᠨᠠᠭ᠎ᠠ ᠤᠯᠤᠰ ᠲᠥᠷᠥ  ᠶᠢᠨ ᠪᠢᠴᠢᠯ ᠬᠢᠴᠢᠶᠡᠯ ᠪᠠ ᠨᠡᠶᠢᠭᠡᠮ ᠤᠨ ᠶᠡᠭᠡ ᠬᠢᠴᠢᠶᠡᠯ ᠢ

ᠤᠶᠠᠯᠳᠤᠭᠤᠯᠬᠤ ᠶᠢ ᠪᠠᠷᠢᠮᠲᠠᠯᠠᠵᠤ᠂ ︽ᠬᠢᠩᠭᠠᠨ ᠳᠠᠪᠠᠭ᠎ᠠ ᠨᠣᠭᠤᠭᠠᠨ︾ ᠰᠤᠳᠤᠯᠤᠨ ᠰᠤᠷᠤᠯᠴᠠᠬᠤ ᠬᠢᠴᠢᠶᠡᠯ ᠪᠠ

︽ᠠᠨᠠᠷ ᠤᠨ ᠦᠷ᠎ᠡ︾ ᠬᠥᠮᠦᠨ ᠬᠥᠮᠦᠵᠢᠭᠦᠯᠬᠦ ᠬᠢᠴᠢᠶᠡᠯ 11 ᠶᠢ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ

ᠳᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ 24 ᠶᠢ ᠪᠠᠶᠢᠭᠤᠯᠤᠨ᠂

ᠨᠢᠭᠡ ᠣᠷᠳᠣᠨ ᠭᠤᠷᠪᠠᠨ ᠪᠠᠭᠤᠷᠢ ︽ᠤᠭ ᠰᠠᠨᠠᠭᠠᠨ ᠤ ᠵᠠᠮ︾᠂ ᠷᠠᠰᠢᠶᠠᠨ ᠤ ︽ᠬᠥᠬᠡᠮᠳᠦᠭ ᠤᠰᠤ ᠬᠥᠬᠡ

ᠠᠭᠤᠯᠠᠨ ᠵᠠᠮ︾ ᠵᠡᠷᠭᠡ 16 ᠵᠤᠷᠪᠤᠰ ᠭᠤᠣᠯ ᠰᠡᠳᠦᠪᠲᠦ ᠰᠤᠳᠤᠯᠤᠨ ᠰᠤᠷᠤᠯᠴᠠᠬᠤ ᠱᠤᠭᠤᠮ ᠢ ᠭᠠᠷᠭᠠᠵᠤ᠂

︽ᠬᠢᠩᠭᠠᠨ ᠳᠠᠪᠠᠭᠠᠨ ᠤ ᠠᠶᠠᠯᠠᠯ︾᠂ ︽ᠬᠢᠩᠭᠠᠨ ᠮᠧᠩ ᠸᠠ ᠶᠢᠨ ᠬᠢᠩᠭᠠᠨ ᠳᠠᠪᠠᠭᠠᠨ ᠳᠠᠬᠢ ᠠᠶᠠᠯᠠᠯ︾ ᠬᠤᠪᠢᠰᠬᠠᠯ ᠤᠨ

ᠰᠤᠳᠤᠯᠤᠨ ᠰᠤᠷᠤᠯᠴᠠᠬᠤ ᠠᠵᠢᠯᠯᠠᠭ᠎ᠠ ᠶᠢ 488 ᠲᠠᠯᠠᠪᠤᠷ ᠥᠷᠨᠢᠭᠦᠯᠪᠡ᠃ ︽ᠳᠤᠮᠳᠠᠳᠤ ᠪᠠᠭ᠎ᠠ ᠰᠤᠷᠭᠠᠭᠤᠯᠢ ᠶᠢᠨ

ᠰᠤᠷᠤᠭᠴᠢᠳ ᠤᠨ ᠪᠣᠯᠪᠠᠰᠤᠨ ᠵᠠᠮᠴᠢᠯᠠᠬᠤ ᠠᠵᠢᠯᠯᠠᠭ᠎ᠠ︾ ᠶᠢ ᠪᠦᠬᠦ ᠲᠠᠯ᠎ᠠ ᠪᠠᠷ ᠡᠬᠢᠯᠡᠭᠦᠯᠵᠦ᠂ 20 ᠲᠥᠷᠥᠯ ᠤᠨ

ᠭᠤᠣᠯ ᠪᠠᠷᠢᠮᠵᠢᠶ᠎ᠠ ᠶᠢ ᠳᠣᠭᠲᠠᠭᠠᠨ᠂ ᠰᠢᠷᠢᠰ ᠠᠵᠢᠯᠯᠠᠭ᠎ᠠ ᠶᠢ 860 ᠭᠠᠷᠤᠢ ᠲᠠᠯᠠᠪᠤᠷ ᠡᠷᠬᠢᠯᠡᠵᠡᠢ᠃ ᠳᠤᠮᠳᠠᠳᠤ ᠶᠢᠨ

ᠰᠢᠯᠢᠳᠡᠭ ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ ᠶᠢ ᠤᠯᠤᠰ ᠤᠨ ᠳᠡᠰ ᠤᠨ 5᠂ ᠥᠪᠡᠷᠲᠡᠭᠡᠨ

ᠵᠠᠰᠠᠬᠤ ᠣᠷᠣᠨ ᠤ ᠳᠡᠰ ᠤᠨ 5᠂ ᠠᠶᠢᠮᠠᠭ ᠤᠨ ᠳᠡᠰ ᠤᠨ 14  ᠶᠢ ᠡᠭᠦᠳᠦᠨ ᠪᠠᠶᠢᠭᠤᠯᠪᠠ᠃

   

3.webp.jpg

      ᠪᠠᠭᠰᠢ ᠶᠢ ᠨᠥᠬᠦᠪᠥᠷᠢᠯᠡᠨ ᠬᠦᠴᠦᠷᠬᠡᠭᠵᠢᠭᠦᠯᠵᠦ᠂ ᠥᠰᠦᠨ ᠪᠤᠶᠢᠵᠢᠬᠤ ᠲᠠᠪᠴᠠᠩ ᠢ ᠪᠠᠶᠢᠭᠤᠯᠵᠤ᠂

ᠵᠢᠭᠠᠬᠤ ᠰᠤᠳᠤᠯᠬᠤ ᠬᠥᠮᠦᠵᠢᠭᠦᠯᠬᠦ ᠳᠡᠪᠰᠢᠭᠦᠯᠬᠦ ᠠᠵᠢᠯ ᠢ ᠨᠢᠭᠡ ᠴᠣᠭᠴᠠᠵᠢᠭᠤᠯᠪᠠ᠃ ᠶᠡᠭᠡ ᠳᠡᠭᠡᠳᠦ ᠰᠤᠷᠭᠠᠭᠤᠯᠢ᠂

ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠨᠢᠭᠡ

ᠴᠣᠭᠴᠠᠵᠢᠭᠤᠯᠤᠭᠰᠠᠨ ᠲᠤᠰᠬᠠᠢ ᠮᠡᠷᠭᠡᠵᠢᠯ ᠤᠨ ᠪᠣᠶᠢᠵᠢᠭᠤᠯᠵᠤ ᠬᠥᠭᠵᠢᠭᠦᠯᠬᠦ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂

ᠪᠦᠬᠦ ᠠᠶᠢᠮᠠᠭ ᠤᠨ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠲᠤᠰᠬᠠᠢ

ᠲᠤᠰᠢᠶᠠᠯ ᠤᠨ ᠡᠵᠡᠯᠡᠬᠦ ᠬᠠᠷᠢᠴᠠᠯ ᠢ 74.32% ᠪᠣᠯᠭᠠᠨ᠂ ᠤᠯᠤᠰ ᠤᠨ 2025 ᠣᠨ ᠳᠤ 70% ᠳᠤ ᠬᠦᠷᠭᠡᠬᠦ

ᠬᠠᠷᠠᠯᠲᠠ ᠪᠠ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠠᠩᠬ᠎ᠠ ᠵᠡᠷᠭᠡ ᠶᠢᠨ ᠪᠠ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠲᠤᠰᠬᠠᠢ ᠲᠤᠰᠢᠶᠠᠯ ᠤᠨ ᠡᠵᠡᠯᠡᠬᠦ ᠬᠠᠷᠢᠴᠠᠯ ᠢ

100% ᠬᠦᠷᠭᠡᠪᠡ᠃ ︽ᠠᠶᠢᠮᠠᠭ ᠤᠨ ᠱᠠᠲᠤᠨ ᠤ ᠳᠠᠭᠤᠷᠢᠶᠠᠯ ᠦᠵᠡᠭᠦᠯᠬᠦ ᠣᠷᠣᠨ ᠪᠦᠰᠡ ᠶᠢᠨ ᠰᠤᠷᠭᠠᠭᠤᠯᠢ ᠶᠢ

ᠬᠠᠮᠵᠢᠨ ᠠᠬᠢᠭᠤᠯᠬᠤ︾ ᠭᠤᠷᠪᠠᠨ ᠱᠠᠲᠤᠨ ᠤ ᠵᠢᠭᠠᠬᠤ ᠶᠢ ᠰᠤᠳᠤᠯᠬᠤ ᠳᠣᠭᠲᠠᠯᠴᠠᠭ᠎ᠠ ᠶᠢ ᠪᠠᠶᠢᠭᠤᠯᠤᠨ

ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ

 ᠤᠨ ᠪᠠᠭᠰᠢ 9᠂ ᠭᠠᠷᠮᠠᠭᠠᠢ ᠪᠠᠭᠰᠢ 7 ᠶᠢ ᠬᠥᠮᠥᠵᠢᠭᠦᠯᠪᠡ᠃ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠵᠢᠱᠢᠶᠡᠴᠢ ᠶᠢ

ᠲᠣᠭᠤᠷᠢᠨ ᠦᠵᠡᠬᠦ ᠶᠢ 20 ᠤᠳᠠᠭ᠎ᠠ ᠵᠣᠬᠢᠶᠠᠨ ᠪᠠᠶᠢᠭᠤᠯᠵᠤ᠂ ᠰᠤᠷᠤᠯᠭ᠎ᠠ ᠶᠢᠨ ᠱᠠᠲᠤ ᠠᠯᠤᠰᠯᠠᠨ ᠵᠢᠭᠠᠬᠤ ᠶᠢ 60

ᠭᠠᠷᠤᠢ ᠤᠳᠠᠭ᠎ᠠ ᠰᠤᠳᠤᠯᠵᠤ᠂ ᠭᠠᠷ ᠬᠤᠯᠪᠣᠯᠴᠠᠨ ᠬᠠᠮᠲᠤ ᠳᠤ ᠪᠠᠨ ᠬᠢᠴᠢᠶᠡᠯ ᠪᠡᠯᠡᠳᠭᠡᠵᠦ᠂ ᠪᠠᠭᠰᠢ ᠶᠢᠨ ᠵᠢᠭᠠᠬᠤ ᠶᠢ

ᠰᠤᠳᠤᠯᠬᠤ ᠴᠢᠳᠠᠪᠤᠷᠢ ᠪᠠ ᠬᠥᠮᠦᠨ ᠬᠥᠮᠦᠵᠢᠭᠦᠯᠬᠦ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠢᠴᠢᠶᠡᠯ ᠤᠨ ᠵᠢᠭᠠᠨ

ᠰᠤᠷᠭᠠᠯᠲᠠ ᠶᠢᠨ ᠤᠷᠤᠯᠳᠤᠭᠠᠨ ᠢ ᠡᠷᠬᠢᠯᠡᠵᠦ᠂ ᠵᠠᠯᠠᠭᠤᠴᠤᠳ ᠤᠨ ᠯᠧᠺᠲ᠋ᠣᠷ ᠤᠨ ᠪᠦᠯᠬᠦᠮ ᠢ ᠵᠣᠬᠢᠶᠠᠨ          

ᠪᠠᠶᠢᠭᠤᠯᠵᠤ᠂ ︽ᠬᠢᠩᠭᠠᠨ ᠳᠠᠪᠠᠭᠠᠨ ᠳᠤ ᠬᠢᠩᠭᠠᠨ ᠠᠶᠢᠮᠠᠭ ᠤᠨ ᠪᠠᠭᠰᠢ ᠰᠤᠷᠤᠭᠴᠢᠳ ᠤᠨ ᠴᠤᠭ ᠵᠢᠪᠬᠤᠭ᠎ᠠ ᠶᠢ

ᠭᠠᠶᠢᠬᠠᠭᠤᠯᠬᠤ︾ ᠭᠡᠬᠦ ᠰᠤᠷᠭᠠᠭᠤᠯᠢ ᠶᠢᠨ ᠬᠦᠷᠢᠶᠡᠨ ᠤ ᠲᠣᠭᠤᠷᠢᠨ ᠲᠠᠶᠢᠯᠤᠮᠵᠢ ᠬᠢᠵᠦ᠂ ᠵᠢᠭᠠᠨ ᠰᠤᠷᠭᠠᠯᠲᠠ ᠶᠢᠨ

ᠦᠨᠳᠦᠰᠦᠨ ᠪᠣᠯᠪᠠᠰᠤᠷᠠᠯ ᠤᠨ ᠤᠷᠤᠯᠳᠤᠭᠠᠨ᠂ ᠠᠳᠠᠯᠢ ᠬᠢᠴᠢᠶᠡᠯ ᠣᠨᠳᠣᠣ ᠪᠥᠲᠦᠴᠡ᠂ ᠬᠢᠴᠢᠶᠡᠯ ᠰᠣᠨᠣᠰᠴᠤ

ᠵᠢᠭᠠᠨ ᠰᠤᠷᠭᠠᠯᠲᠠ ᠶᠢ ᠦᠨᠡᠯᠡᠬᠦ ᠶᠡᠭᠡ ᠪᠣᠯᠪᠠᠰᠤᠷᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠠᠭᠤᠷᠢᠶᠠᠯ

ᠦᠵᠡᠭᠦᠯᠵᠦ ᠬᠥᠲᠥᠯᠥᠨ ᠳᠠᠭᠠᠭᠤᠯᠬᠤ ᠶᠠᠪᠤᠴᠠ ᠳᠤ ᠨᠢᠭᠡ ᠪᠦᠯᠦᠭ ᠨᠡᠷᠡᠲᠦ ᠪᠠᠭᠰᠢ ᠶᠢᠨ ᠠᠯᠲᠠᠨ ᠬᠢᠴᠢᠶᠡᠯ ᠢ

ᠢᠳᠡᠪᠬᠢᠲᠡᠢ ᠪᠤᠶᠢᠵᠢᠭᠤᠯᠤᠨ ᠪᠠᠶᠢᠭᠤᠯᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号