ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠭᠢᠴᠡᠭᠦᠯᠬᠦ ᠨᠢ - ᠪᠤᠭᠤᠲᠤ ᠬᠤᠲᠠ
ᠨᠡᠶᠢᠲᠡᠯᠡᠭᠰᠡᠨ ᠴᠠᠭ᠄
2024/6/5
      ᠣᠶᠢᠷ᠎ᠠ ᠳᠤ᠂ ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠬᠤᠲᠠ ᠶᠢᠨ ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠶᠢ ᠠᠬᠢᠭᠤᠯᠬᠤ ᠶᠡᠭᠡ ᠬᠤᠷᠠᠯ ᠢ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠭᠤᠯᠪᠠ᠃

1.webp.png

      ᠠᠵᠢᠯᠯᠠᠭᠠᠨ ᠤ ᠬᠤᠭᠤᠴᠠᠭᠠᠨ ᠳᠤ᠂ ᠪᠤᠭᠤᠲᠤ ᠬᠤᠲᠠ ᠶᠢᠨ ᠬᠢᠨ ︽ᠭᠠᠷ ᠤᠨ ᠡᠷᠳᠡᠮ ᠨᠠᠰᠤᠨ ᠤ          

ᠲᠦᠰᠢᠭ︾ ᠭᠡᠬᠦ ᠠᠵᠢᠯᠯᠠᠭᠠᠨ ᠤ ᠭᠠᠷᠠᠭ ᠤᠨ ᠭᠤᠣᠯ ᠰᠡᠳᠦᠪ ᠤᠨ ᠲᠣᠭᠤᠷᠢᠨ ᠳᠤ᠂ ᠪᠦᠬᠦ ᠬᠤᠲᠠ ᠶᠢᠨ ᠡᠯ᠎ᠡ ᠠᠵᠢᠯ

ᠮᠡᠷᠭᠡᠵᠢᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ᠂ ᠥᠪᠡᠷ ᠤᠨ ᠬᠥᠭᠵᠢᠯᠲᠡ ᠶᠢᠨ ᠣᠨᠴᠠᠯᠢᠭ ᠲᠠᠢ ᠪᠠᠨ

ᠤᠶᠠᠯᠳᠤᠭᠤᠯᠤᠨ᠂ ᠡᠯᠪᠡᠭ ᠪᠠᠶᠠᠯᠢᠭ ᠦᠷ᠎ᠡ ᠠᠰᠢᠭ ᠪᠥᠬᠦᠢ ᠰᠢᠷᠢᠰ ᠠᠵᠢᠯᠯᠠᠭ᠎ᠠ ᠶᠢ ᠥᠷᠨᠢᠭᠦᠯᠪᠡ᠃ ᠪᠤᠭᠤᠲᠤ

ᠬᠤᠲᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠬᠤᠲᠠ ᠶᠢᠨ ᠬᠡᠪᠴᠢᠶᠡᠨ ᠤ

ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠶᠢ ᠠᠬᠢᠭᠤᠯᠬᠤ ᠶᠡᠭᠡ ᠬᠤᠷᠠᠯ ᠢ

ᠡᠷᠬᠢᠯᠡᠵᠦ᠂ ᠬᠤᠲᠠ ᠶᠢᠨ ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ

ᠴᠣᠭᠴᠠ ᠶᠢᠨ 9 ᠲᠦᠷᠦᠭᠦᠯᠡᠨ ᠬᠠᠷᠢᠭᠤᠴᠠᠬᠤ ᠨᠢᠭᠡᠴᠢ ᠲᠤᠰ ᠲᠤᠰ ᠬᠠᠮᠲᠤᠷᠠᠯᠴᠠᠭᠠᠨ ᠤ ᠬᠡᠯᠡᠯᠴᠡᠭᠡᠷ          

ᠲᠣᠭᠲᠠᠪᠠ᠃ ᠪᠦᠬᠦ ᠬᠤᠲᠠ ᠶᠢᠨ 12 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 4 ᠳᠡᠭᠡᠳᠦ

ᠵᠡᠷᠭᠡ ᠶᠢᠨ ᠠᠵᠢᠯ ᠮᠡᠷᠭᠡᠵᠢᠯ  ᠤᠨ ᠰᠤᠷᠭᠠᠭᠤᠯᠢ ᠳᠡᠭᠡᠳᠦ ᠰᠤᠷᠭᠠᠭᠤᠯᠢ ᠶᠢᠨ ᠢᠶᠠᠨ ᠲᠤᠰᠬᠠᠢ ᠮᠡᠷᠭᠡᠵᠢᠯ ᠤᠨ

ᠣᠨᠴᠠᠯᠢᠭ ᠲᠤ ᠲᠦᠰᠢᠭᠯᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢᠶᠠᠨ ᠳᠡᠯᠭᠡᠨ

ᠦᠵᠡᠭᠦᠯᠪᠡ᠃ 2024 ᠣᠨ ᠤ ᠪᠤᠭᠤᠲᠤ ᠬᠤᠲᠠ᠂ ᠪᠠᠶᠠᠨᠨᠠᠭᠤᠷ ᠬᠤᠲᠠ ᠶᠢᠨ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ︶ ᠶᠢᠨ ᠤᠷ᠎ᠠ ᠴᠢᠳᠠᠪᠤᠷᠢ  ᠶᠢᠨ

ᠤᠷᠤᠯᠳᠤᠭᠠᠨ ᠢ ᠲᠦᠷᠦᠭᠦᠯᠡᠨ ᠡᠷᠬᠢᠯᠡᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠶᠣᠰᠣ

ᠰᠤᠷᠲᠠᠬᠤᠨ ᠤ ᠬᠥᠮᠦᠵᠢᠯ ᠤᠨ ᠰᠤᠷᠭᠠᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ

ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠨᠡᠭᠡᠭᠡᠯᠲᠡᠲᠦ ᠡᠳᠦᠷ᠂ ᠤᠷ᠎ᠠ ᠴᠢᠳᠠᠪᠤᠷᠢᠲᠤ ᠶᠡᠭᠡ ᠪᠠᠭᠰᠢ ᠪᠠ

ᠤᠯᠤᠰ ᠤᠨ ᠲᠣᠮᠣ ᠤᠷᠠᠨ ᠳᠠᠷᠬᠠᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢ ᠨᠡᠶᠢᠭᠡᠮ ᠳᠤ ᠦᠢᠯᠡᠴᠢᠯᠡᠭᠦᠯᠬᠦ ᠵᠡᠷᠭᠡ ᠣᠨᠴᠠᠯᠢᠭᠲᠤ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠬᠦ ᠪᠠᠷ

ᠳᠠᠮᠵᠢᠭᠤᠯᠤᠨ᠂ ᠣᠶᠢᠷ᠎ᠠ ᠶᠢᠨ ᠵᠢᠯ ᠤᠨ ᠲᠤᠷᠰᠢᠬᠢ ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠲᠣᠭᠲᠠᠭᠤᠨ ᠢᠶᠠᠷ ᠬᠥᠭᠵᠢᠵᠦ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠣᠯᠠᠨ ᠳᠡᠰ

ᠳᠠᠪᠬᠤᠷᠭ᠎ᠠ ᠣᠯᠠᠨ ᠬᠠᠷᠠᠭᠠᠰᠤ ᠠᠴᠠ ᠳᠡᠯᠭᠡᠨ ᠦᠵᠡᠭᠦᠯᠵᠦ᠂ ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠂

ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭ᠎ᠠ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠭᠦᠨᠵᠡᠭᠡᠢ

ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ  ᠤ ᠣᠷᠣᠨ ᠪᠦᠰᠡ ᠶᠢᠨ ᠠᠵᠤ ᠠᠬᠤᠢ

ᠨᠡᠶᠢᠭᠡᠮ ᠤᠨ ᠬᠥᠭᠵᠢᠯᠲᠡ ᠳᠤ ᠦᠵᠡᠭᠦᠯᠬᠦ ᠦᠢᠯᠡᠳᠦᠯ ᠡᠳᠦᠷ ᠢᠷᠡᠬᠦᠶ᠎ᠡ ᠲᠣᠪᠤᠶᠢᠪᠠ᠃

   

2.png

      ᠣᠶᠢᠷ᠎ᠠ ᠶᠢᠨ ᠵᠢᠯ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ

ᠬᠡᠮᠵᠢᠶ᠎ᠡ ᠪᠠᠷ ᠴᠢᠬᠤᠯᠠᠴᠢᠯᠠᠭᠰᠠᠨ ᠢᠶᠠᠷ ᠪᠦᠬᠦ ᠬᠤᠲᠠ  ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ

ᠲᠣᠭᠲᠠᠭᠤᠨ ᠢᠶᠠᠷ ᠬᠥᠭᠵᠢᠪᠡ᠃ ᠲᠥᠷᠥᠯ ᠵᠦᠢᠯ ᠤᠨ ᠪᠠᠶᠢᠷᠢ ᠲᠣᠭᠲᠠᠭᠠᠯᠲᠠ ᠶᠢ ᠪᠠᠬᠢᠵᠢᠭᠦᠯᠵᠦ᠂ ᠠᠵᠢᠯ ᠮᠡᠷᠭᠡᠵᠢᠯ

 ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠰᠢᠨ᠎ᠡ ᠪᠦᠲᠦᠴᠡ ᠶᠢ ᠪᠠᠶᠢᠭᠤᠯᠪᠠ᠃ ︽ᠪᠤᠭᠤᠲᠤ ᠬᠤᠲᠠ ᠶᠢᠨ

ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ

ᠠᠵᠢᠯ ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ︽ᠣᠳᠣ ᠦᠶ᠎ᠡ ᠶᠢᠨ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ︾ ᠢ

ᠨᠠᠶᠢᠳᠠᠪᠤᠷᠢᠵᠢᠭᠤᠯᠵᠤ᠂ ᠤᠯᠤᠰ ᠤᠨ ᠳᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ

ᠳᠠᠭᠤᠷᠢᠶᠠᠯ ᠦᠵᠡᠭᠦᠯᠬᠦ ᠰᠤᠷᠭᠠᠭᠤᠯᠢ 2᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠤᠷᠢᠶᠠᠯ ᠦᠵᠡᠭᠦᠯᠬᠦ

ᠰᠤᠷᠭᠠᠭᠤᠯᠢ 3 ᠶᠢ ᠪᠠᠶᠢᠭᠤᠯᠪᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠨ᠎ᠡ ᠶᠢ

ᠡᠭᠦᠳᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠳᠡᠰ ᠤᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠳᠠᠭᠤᠷᠢᠶᠠᠯ ᠦᠵᠡᠭᠦᠯᠬᠦ ᠰᠤᠷᠭᠠᠭᠤᠯᠢ 2 ᠢ

ᠪᠠᠶᠢᠭᠤᠯᠪᠠ᠃ ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠤᠨ ᠬᠤᠶᠠᠳᠤᠭᠠᠷ

ᠳᠡᠰ ᠤᠨ ᠱᠠᠩᠨᠠᠯ 1 ᠶᠢ ᠬᠦᠷᠲᠡᠵᠦ᠂ ᠤᠯᠤᠰ ᠤᠨ ᠳᠡᠰ ᠤᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ ᠢ

ᠪᠣᠯᠪᠠᠰᠤᠷᠠᠭᠤᠯᠬᠤ ᠰᠠᠭᠤᠷᠢᠨ ᠭᠠᠵᠠᠷ 1᠂ ᠤᠯᠤᠰ ᠤᠨ ᠳᠡᠰ ᠤᠨ ᠤᠷ᠎ᠠ ᠴᠢᠳᠠᠪᠤᠷᠢᠲᠤ ᠶᠡᠭᠡ ᠪᠠᠭᠰᠢ ᠶᠢᠨ

ᠠᠵᠢᠯᠯᠠᠬᠤ ᠲᠠᠰᠤᠭ 2 ᠢ ᠪᠠᠶᠢᠭᠤᠯᠤᠨ᠂ 1 ᠶᠡᠭᠡ ᠳᠡᠭᠡᠳᠦ ᠰᠤᠷᠭᠠᠭᠤᠯᠢ ᠤᠯᠤᠰ ᠤᠨ ᠵᠢᠱᠢᠮᠡᠭ ᠦᠨᠡᠨ ᠳᠠᠭᠤᠷᠢᠶᠠᠯ

ᠦᠵᠡᠭᠦᠯᠬᠦ ᠰᠠᠭᠤᠷᠢᠨ ᠭᠠᠵᠠᠷ ᠪᠣᠯᠪᠠ᠃ ᠵᠢᠭᠠᠬᠤ ᠶᠠᠪᠤᠴᠠ ᠪᠣᠯᠤᠨ ᠦᠢᠯᠡᠳᠪᠦᠷᠢᠯᠡᠬᠦ ᠶᠠᠪᠤᠴᠠ ᠶᠢᠨ ᠭᠦᠨᠵᠡᠭᠡᠢ

ᠠᠭᠤᠰᠤᠯᠴᠠᠭ᠎ᠠ ᠶᠢ ᠠᠬᠢᠭᠤᠯᠤᠨ᠂ ᠰᠤᠷᠭᠠᠨ ᠬᠥᠮᠦᠵᠢᠯ ᠤᠨ ᠶᠠᠮᠤᠨ ᠤ ᠣᠳᠣ ᠦᠶ᠎ᠡ ᠶᠢᠨ ᠱᠠᠪᠢᠯᠠᠬᠤ ᠳᠦᠷᠢᠮᠲᠦ

ᠲᠤᠷᠰᠢᠯᠲᠠ ᠶᠢᠨ ᠲᠤᠰᠬᠠᠢ ᠮᠡᠷᠭᠡᠵᠢᠯ ᠢ 3 ᠶᠢ ᠵᠦᠪᠰᠢᠶᠡᠷᠡᠪᠡ᠃ ᠬᠤᠪᠣᠷ ᠰᠢᠷᠣᠢ᠂ ᠴᠠᠬᠢᠭᠤᠷ ᠤᠨ ᠲᠠᠯᠠᠰᠲᠤ᠂

ᠣᠳᠣ ᠦᠶ᠎ᠡ ᠶᠢᠨ ᠲᠣᠨᠤᠭᠯᠠᠯ᠂ ᠰᠦᠨ ᠤ ᠦᠢᠯᠡᠰ ᠵᠡᠷᠭᠡ ᠶᠢᠨ ᠲᠣᠭᠤᠷᠢᠨ ᠳᠤ ᠠᠵᠤ ᠦᠢᠯᠡᠰ ᠤᠨ ᠳᠡᠭᠡᠳᠦ

ᠰᠤᠷᠭᠠᠭᠤᠯᠢ 20 ᠭᠠᠷᠤᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠷᠠᠨ ᠳᠠᠷᠬᠠᠨ ᠤ ᠳᠡᠭᠡᠳᠦ

ᠰᠤᠷᠭᠠᠭᠤᠯᠢ 2 ᠢ ᠪᠠᠶᠢᠭᠤᠯᠪᠠ᠃

      ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠰᠢᠨ᠎ᠡ

ᠳᠡᠭᠡᠭᠰᠢᠯᠡᠯᠲᠡ ᠲᠠᠢ ᠪᠣᠯᠪᠠ᠃ ︽ᠪᠤᠭᠤᠲᠤ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠵᠢᠭᠦᠯᠬᠦ ᠲᠥᠰᠦᠯ

︵2021-2025︶︾᠂ ︽ᠪᠤᠭᠤᠲᠤ ᠬᠤᠲᠠ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠵᠢᠭᠦᠯᠬᠦ ᠲᠥᠰᠦᠯ

︵2021-2025︶︾ ᠢ ᠨᠡᠶᠢᠲᠡᠯᠡᠵᠦ᠂ ᠰᠢᠯᠢᠳᠡᠭᠵᠢᠭᠦᠯᠦᠨ ᠲᠣᠬᠢᠷᠠᠭᠤᠯᠬᠤ ᠪᠠᠷ ᠳᠠᠮᠵᠢᠨ᠂ ᠪᠦᠬᠦ ᠬᠤᠲᠠ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ᠂ ᠲᠠᠷᠢᠶᠠᠯᠠᠩ᠂

ᠠᠨᠠᠭᠠᠬᠤ ᠤᠬᠠᠭᠠᠨ ᠤ ᠴᠢᠭᠯᠡᠯ ᠤᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠳᠤ 184 ︵ᠨᠡᠶᠢᠭᠡᠮ ᠤᠨ ᠰᠢᠨᠵᠢᠯᠡᠬᠦ ᠤᠬᠠᠭᠠᠨ 24︶᠂ ᠳᠤᠮᠳᠠ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠳᠤ 125 ︵ᠨᠡᠶᠢᠭᠡᠮ ᠤᠨ ᠰᠢᠨᠵᠢᠯᠡᠬᠦ ᠤᠬᠠᠭᠠᠨ ᠤ 28︶ ᠳᠤ ᠬᠦᠷᠭᠡᠵᠦ᠂ ᠲᠤᠰᠬᠠᠢ

ᠮᠡᠷᠭᠡᠵᠢᠯ ᠤᠨ ᠲᠣᠬᠢᠷᠠᠭᠤᠯᠤᠯᠲᠠ ᠶᠢᠨ ᠨᠣᠷᠮ᠎ᠠ ᠶᠢ 70% ᠣᠷᠴᠢᠮ ᠳᠤ ᠬᠦᠷᠭᠡᠨ᠂ ᠪᠦᠬᠦ ᠬᠤᠲᠠ ᠶᠢᠨ ︽ᠬᠤᠶᠠᠷ

ᠬᠤᠲᠠ︾ ᠶᠢᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ

ᠬᠡᠷᠡᠭᠴᠡᠭᠡ ᠶᠢ ᠬᠠᠩᠭᠠᠪᠠ᠃

     ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ︽ᠱᠤᠸᠠᠩ

ᠶᠤᠸᠠᠨ︾ ᠬᠥᠮᠦᠨ ᠬᠥᠮᠦᠵᠢᠭᠦᠯᠬᠦ ᠰᠢᠨ᠎ᠡ ᠵᠠᠭᠪᠤᠷ ᠢ ᠪᠦᠷᠢᠯᠳᠦᠭᠦᠯᠪᠡ᠃ ᠬᠤᠶᠠᠷ ᠠᠵᠤ ᠦᠢᠯᠡᠰ ᠤᠨ ᠬᠦᠷᠢᠶᠡᠯᠡᠩ

ᠲᠣᠭᠤᠷᠢᠭ᠂ ᠭᠤᠷᠪᠠᠨ ᠰᠤᠷᠭᠠᠭᠤᠯᠢ᠂ ᠭᠤᠷᠪᠠᠨ ᠠᠵᠤ ᠠᠬᠤᠶᠢᠯᠠᠯ ᠲᠦᠷᠦᠭᠦᠯᠡᠨ ᠪᠤᠭᠤᠲᠤ ᠬᠤᠲᠠ ᠶᠢᠨ ᠪᠣᠬᠢᠷᠲᠤᠯ

ᠦᠭᠡᠢ ᠬᠤᠪᠣᠷ ᠰᠢᠷᠣᠢ  ᠶᠢᠨ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ ᠪᠤᠭᠤᠲᠤ

ᠬᠤᠲᠠ ᠶᠢᠨ ᠭᠡᠷᠡᠯ ᠴᠡᠨᠡᠭ ᠤᠨ ᠲᠠᠯᠠᠰᠲᠤ ᠴᠠᠬᠢᠭᠤᠷ ᠤᠨ ᠮᠠᠲ᠋ᠧᠷᠢᠶᠠᠯ ᠤᠨ ᠦᠢᠯᠡᠳᠪᠦᠷᠢᠯᠡᠯ ᠪᠠ ᠰᠤᠷᠭᠠᠨ

ᠬᠥᠮᠦᠵᠢᠯ ᠤᠨ ᠬᠤᠯᠪᠣᠭᠠᠲᠤ ᠴᠣᠭᠴᠠ ᠶᠢ ᠪᠠᠶᠢᠭᠤᠯᠵᠤ᠂ ᠬᠤᠯᠪᠣᠭᠠᠲᠤ ᠴᠣᠭᠴᠠ ᠶᠢᠨ ᠠᠵᠢᠯᠯᠠᠭᠠᠨ  ᠤ

ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠰᠤᠷᠭᠠᠭᠤᠯᠢ ᠪᠠ ᠠᠵᠤ

ᠠᠬᠤᠶᠢᠯᠠᠯ ᠬᠠᠮᠵᠢᠯᠴᠠᠨ ᠬᠥᠮᠦᠨ ᠬᠥᠮᠦᠵᠢᠭᠦᠯᠬᠦ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ

ᠬᠥᠭᠵᠢᠭᠦᠯᠬᠦ ᠳᠤ ᠦᠢᠯᠡᠴᠢᠯᠡᠵᠦ᠂ ᠠᠵᠤ ᠦᠢᠯᠡᠰ᠂ ᠠᠵᠤ ᠠᠬᠤᠶᠢᠯᠠᠯ᠂ ᠠᠵᠢᠯ ᠮᠡᠷᠭᠡᠵᠢᠯ ᠵᠡᠷᠭᠡ ︽ᠭᠤᠷᠪᠠᠨ

ᠵᠦᠢᠯ ᠤᠨ︾ ᠬᠤᠭᠤᠷᠣᠨᠳᠣᠬᠢ ᠴᠢᠳᠠᠪᠤᠷᠢᠲᠠᠨ ᠢ ᠬᠥᠮᠦᠵᠢᠭᠦᠯᠬᠦ ᠪᠠ ᠬᠠᠩᠭᠠᠬᠤ ᠠᠰᠠᠭᠤᠳᠠᠯ ᠢ ᠰᠢᠢᠳᠪᠦᠷᠢᠯᠡᠬᠦ ᠳᠤ

ᠠᠩᠬᠠᠷᠤᠯ ᠢᠶᠠᠨ ᠲᠥᠪᠯᠡᠷᠡᠭᠦᠯᠦᠨ᠂ ᠠᠵᠤ ᠦᠢᠯᠡᠰ ᠤᠨ ᠬᠥᠭᠵᠢᠯᠲᠡ ᠳᠤ ᠨᠡᠶᠢᠴᠡᠬᠦ᠂ ᠠᠵᠤ ᠠᠬᠤᠶᠢᠯᠠᠯ  ᠤᠨ

ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ

ᠠᠬᠢᠭᠤᠯᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ ᠵᠠᠮ ᠢ ᠰᠦᠪᠡᠭᠴᠢᠯᠡᠪᠡ᠃

ᠪᠤᠭᠤᠲᠤ ᠬᠤᠲᠠ ᠶᠢᠨ 4 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 30 ᠭᠠᠷᠤᠢ ᠠᠵᠤ

ᠠᠬᠤᠶᠢᠯᠠᠯ ᠲᠠᠢ ᠬᠠᠮᠲᠤᠷᠠᠨ ︽ᠵᠠᠬᠢᠶᠠᠯᠠᠭ᠎ᠠ ᠶᠢᠨ ᠠᠩᠭᠢ︾᠂ ︽ᠤᠷᠠᠨ ᠳᠠᠷᠬᠠᠨ ᠤ ᠠᠩᠭᠢ︾᠂ ︽ᠢᠷᠠᠭᠤ

ᠠᠯᠳᠠᠷ ᠤᠨ ᠠᠩᠭᠢ︾ 50 ᠭᠠᠷᠤᠢ ᠡᠷᠬᠢᠯᠡᠵᠦ᠂ 20 ᠭᠠᠷᠤᠢ ᠳᠤᠰᠬᠠᠢ ᠮᠡᠷᠭᠡᠵᠢᠯ ᠲᠠᠢ ᠬᠤᠯᠪᠣᠭᠳᠠᠵᠤ᠂

ᠬᠠᠮᠲᠤᠷᠠᠨ 4000 ᠭᠠᠷᠤᠢ ᠰᠤᠷᠤᠭᠴᠢ ᠶᠢ ᠬᠥᠮᠦᠵᠢᠭᠦᠯᠪᠡ᠃

      ᠤᠷᠤᠯᠳᠤᠭᠠᠨ ᠪᠠ ᠰᠤᠷᠭᠠᠨ ᠬᠥᠮᠦᠵᠢᠯ ᠢ ᠨᠡᠪᠲᠡᠷᠡᠭᠦᠯᠬᠦ ᠶᠢ ᠪᠠᠷᠢᠮᠲᠠᠯᠠᠵᠤ᠂ ᠤᠷ᠎ᠠ ᠴᠢᠳᠠᠪᠤᠷᠢ ᠶᠢᠨ          

ᠰᠤᠷᠭᠠᠨ ᠬᠥᠮᠦᠵᠢᠯ ᠢ ᠰᠢᠨ᠎ᠡ ᠰᠢᠪᠲᠤᠯᠤᠯᠲᠠ ᠲᠠᠢ ᠪᠣᠯᠭᠠᠪᠠ ᠃ ᠤᠷᠤᠯᠳᠤᠭᠠᠨ ᠢᠶᠠᠷ ᠰᠤᠷᠭᠠᠨ ᠬᠥᠮᠦᠵᠢᠯ ᠢ

ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠠᠶᠢᠭᠤᠯᠤᠯᠲᠠ ᠶᠢ

ᠠᠬᠢᠭᠤᠯᠬᠤ ᠶᠢ ᠪᠠᠷᠢᠮᠲᠠᠯᠠᠵᠤ᠂ ᠣᠯᠠᠨ ᠵᠢᠯ ᠤᠨ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠪᠤᠭᠤᠲᠤ ᠬᠤᠲᠠ ᠶᠢᠨ

ᠰᠤᠷᠭᠠᠭᠤᠯᠢ ᠶᠢᠨ ᠬᠤᠶᠠᠷ ᠱᠠᠲᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷ᠎ᠠ

ᠴᠢᠳᠠᠪᠤᠷᠢ ᠶᠢᠨ ᠤᠷᠤᠯᠳᠤᠭᠠᠨ ᠤ ᠪᠣᠯᠪᠠᠰᠤᠷᠠᠯ ᠪᠠ ᠤᠷᠤᠯᠳᠤᠭᠠᠨ ᠤ ᠳᠣᠭᠲᠠᠯᠴᠠᠭ᠎ᠠ ᠶᠢ ᠲᠠᠰᠤᠷᠠᠯᠲᠠ ᠥᠬᠡᠶ

ᠲᠡᠭᠦᠯᠳᠡᠷᠵᠢᠭᠦᠯᠪᠡ᠃ ᠣᠶᠢᠷ᠎ᠠ ᠶᠢᠨ ᠲᠠᠪᠤᠨ ᠵᠢᠯ ᠳᠤ᠂ ᠪᠦᠬᠦ ᠬᠤᠲᠠ ᠶᠢᠨ ᠳᠤᠮᠳᠠ ᠳᠡᠭᠡᠳᠦ ᠵᠡᠷᠭᠡ  ᠶᠢᠨ ᠠᠵᠢᠯ

ᠮᠡᠷᠭᠡᠵᠢᠯ ᠤᠨ ᠲᠠᠮᠢᠷᠴᠢᠳ ᠪᠦᠬᠦ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ

ᠣᠷᠣᠯᠴᠠᠵᠤ᠂ ᠨᠢᠭᠡᠳᠦᠭᠡᠷ ᠳᠡᠰ ᠤᠨ ᠱᠠᠩᠨᠠᠯ 5᠂ ᠬᠤᠶᠠᠳᠤᠭᠠᠷ ᠳᠡᠰ ᠤᠨ ᠱᠠᠩᠨᠠᠯ 28᠂ ᠭᠤᠷᠪᠠᠳᠤᠭᠠᠷ ᠳᠡᠰ ᠤᠨ

ᠱᠠᠩᠨᠠᠯ 65 ᠭᠦᠷᠲᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠤᠷᠤᠯᠳᠤᠭᠠᠨ ᠳᠤ 100 ᠭᠠᠷᠤᠢ ᠵᠦᠢᠯ ᠣᠷᠣᠯᠴᠠᠪᠠ᠃ ᠡᠭᠦᠨ ᠳᠤ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠪᠠᠭᠰᠢ ᠸᠠᠩ ᠸᠧᠨ ᠱᠠᠨ ᠪᠦᠬᠦ ᠤᠯᠤᠰ ᠤᠨ ︽ᠬᠠᠮᠤᠭ ᠤᠨ ᠭᠤᠶᠤ ᠪᠠᠭᠰᠢ︾ ᠶᠢᠨ ᠴᠣᠯᠠ ᠶᠢ

ᠭᠦᠷᠲᠡᠪᠡ᠃

     ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠵᠢᠯ ᠤᠨ ᠰᠢᠨ᠎ᠡ ᠠᠷᠭ᠎ᠠ

ᠵᠠᠮ ᠢ ᠨᠡᠭᠡᠭᠡᠪᠡ ᠃ ᠬᠠᠲᠤᠨ ᠭᠤᠣᠯ ᠤᠨ ᠰᠠᠪᠠ ᠭᠠᠵᠠᠷ ᠲᠤ ᠠᠩᠬᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ ᠲᠦᠷᠦᠭᠦᠴᠦᠳ ᠤᠨ ᠶᠠᠷᠢᠶᠠᠨ ᠤ ᠲᠠᠪᠴᠠᠩ ᠵᠢᠴᠢ 2023 ᠣᠨ ᠤ

ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠲᠣᠨᠤᠭᠯᠠᠯ ᠤᠨ ᠦᠵᠡᠭᠦᠯᠭᠡ ᠶᠢᠨ ᠬᠤᠷᠠᠯ ᠢ ᠠᠮᠵᠢᠯᠲᠠ ᠲᠠᠢ ᠡᠷᠬᠢᠯᠡᠵᠦ᠂ ︽ᠨᠢᠭᠡ ᠴᠣᠭᠴᠠᠵᠢᠭᠰᠠᠨ ᠬᠤᠶᠠᠷ ᠵᠢᠭᠦᠷ

ᠲᠠᠪᠤᠨ ᠭᠤᠣᠯᠳᠠᠯᠭ᠎ᠠ︾ ᠶᠢᠨ ᠲᠣᠭᠤᠷᠢᠨ ᠳᠤ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠳᠣᠭᠲᠠᠯᠴᠠᠭᠠᠨ ᠤ ᠪᠠᠶᠢᠭᠤᠯᠤᠯᠲᠠ ᠶᠢ ᠰᠤᠳᠤᠯᠤᠨ ᠶᠠᠷᠢᠯᠴᠠᠵᠤ᠂ ᠪᠦᠬᠦ ᠤᠯᠤᠰ ᠤᠨ 8 ᠮᠤᠵᠢ 2 ᠬᠤᠲᠠ ᠠᠴᠠ

ᠢᠷᠡᠭᠰᠡᠨ ᠤᠯᠤᠰ ᠤᠨ ᠳᠣᠲᠣᠭᠠᠳᠤ ᠶᠢᠨ 30 ᠨᠡᠷᠡᠲᠦ ᠰᠤᠷᠭᠠᠨ ᠬᠥᠮᠦᠵᠢᠯ ᠤᠨ ᠲᠣᠨᠤᠭᠯᠠᠯ ᠤᠨ ᠠᠵᠤ ᠠᠬᠤᠶᠢᠯᠠᠯ

ᠦᠵᠡᠰᠬᠦᠯᠡᠩ ᠳᠤ ᠣᠷᠣᠯᠴᠠᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ

ᠳᠡᠭᠡᠭᠰᠢᠯᠡᠯᠲᠡ  ᠶᠢ ᠪᠡᠶᠡᠯᠡᠭᠦᠯᠪᠡ᠃

               

3.png

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号