ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠤ | ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠵᠣᠬᠢᠴᠠᠭᠰᠠᠨ ᠴᠢᠨᠠᠷᠯᠢᠭ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ | ᠲᠥᠯᠥᠪᠯᠡᠭᠡ ︵2024 - 2027 ᠣᠨ︶︾ ︵ᠳᠣᠷᠣᠭᠰᠢ ︽ᠠᠵᠢᠯᠯᠠᠭᠠᠨ ᠤ ᠲᠥᠯᠥᠪᠯᠡᠭᠡ︾ ᠭᠡᠵᠦ | ᠳᠦᠭᠦᠮᠴᠢᠯᠡᠨ᠎ᠡ︶ ᠶᠢ ᠳᠠᠷᠤᠮᠠᠯᠯᠠᠨ ᠲᠠᠷᠬᠠᠭᠠᠪᠠ᠃ ᠡᠳᠦᠭᠡ ︽ᠠᠵᠢᠯᠯᠠᠭᠠᠨ ᠤ ᠲᠥᠯᠥᠪᠯᠡᠭᠡ︾ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠭᠰᠠᠨ ᠠᠬᠤᠢ ᠪᠠᠶᠢᠳᠠᠯ ᠶᠠᠭᠤ ᠪᠤᠢ︖ | ᠬᠠᠷᠢᠭᠤᠯᠲᠠ᠄ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ ᠰᠢᠨᠵᠢᠯᠡᠭᠡᠨ ᠤ ᠰᠠᠯᠠᠭ᠎ᠠ | ︵ᠳᠣᠷᠣᠭᠰᠢ ︽ᠬᠤᠣᠰ ᠲᠡᠷᠢᠭᠦᠨ︾ ᠤ ᠪᠠᠶᠢᠭᠤᠯᠤᠯᠲᠠ ᠭᠡᠵᠦ ᠳᠦᠭᠦᠮᠴᠢᠯᠡᠨ᠎ᠡ︶ ᠶᠢ ᠪᠠᠶᠢᠭᠤᠯᠬᠤ ᠪᠣᠯ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ 2022 ᠣᠨ ᠤ 1 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ | ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠳᠡᠯᠡᠬᠡᠢ | ᠶᠢᠨ ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠭᠦᠨᠵᠡᠭᠡᠢ | ᠠᠬᠢᠭᠤᠯᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ︽ᠬᠤᠣᠰ ᠲᠡᠷᠢᠭᠦᠨ︾ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ | ᠲᠤᠬᠠᠢ 25 ᠵᠦᠢᠯ ᠤᠨ ᠪᠣᠳᠠᠲᠠᠢ ᠵᠢᠯᠣᠭᠤᠳᠬᠤ ᠰᠠᠨᠠᠯ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ︽ᠬᠤᠣᠰ ᠲᠡᠷᠢᠭᠦᠨ︾ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ 2022 ᠣᠨ ᠤ 12 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ | ᠪᠣᠯᠤᠨ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠶᠡᠷᠦᠩᠬᠡᠢ ᠲᠥᠰᠦᠯ ︵2022 - 2025︶︾ ᠢ | ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠣᠯᠤᠨ | ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠠᠵᠢᠯ ᠢ ᠰᠢᠰᠲ᠋ᠧᠮ ᠲᠠᠢ ᠲᠥᠯᠦᠪᠵᠢᠭᠦᠯᠵᠦ᠂ ᠨᠠᠷᠢᠯᠢᠭ | ᠪᠠᠶᠢᠷᠢᠯᠠᠭᠤᠯᠪᠠ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠵᠠᠳᠠᠯᠤᠭᠰᠠᠨ ᠰᠠᠭᠤᠷᠢᠨ ᠳᠡᠭᠡᠷ᠎ᠡ᠂ ᠠᠬ᠎ᠠ ᠳᠡᠭᠦᠦ | ᠮᠤᠵᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠪᠠᠷᠢᠯ ᠢ | ᠰᠤᠷᠤᠯᠴᠠᠨ ᠲᠣᠯᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2024-2027︶︾ ︵ᠰᠠᠨᠠᠯ | ᠬᠤᠷᠢᠶᠠᠬᠤ ᠨᠣᠣᠷᠠᠭ︶ ᠶᠢ ᠲᠤᠭᠤᠷᠪᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠠᠮᠢᠶ᠎ᠠ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠤᠷᠢᠳ ᠬᠤᠵᠢᠳ 5 ᠤᠳᠠᠭ᠎ᠠ ᠲᠤᠰᠬᠠᠢ ᠰᠡᠳᠦᠪᠲᠦ ᠬᠤᠷᠠᠯ | ᠬᠤᠷᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠪᠡ᠃ ︽ᠠᠵᠢᠯᠯᠠᠭᠠᠨ ᠤ | ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢᠶᠠᠷ ᠬᠢᠨᠠᠨ ᠳᠣᠭᠲᠠᠭᠠᠵᠤ ᠪᠠᠲᠤᠯᠠᠭᠰᠠᠨ ᠤ ᠳᠠᠷᠠᠭ᠎ᠠ᠂ 2024 ᠣᠨ ᠤ 5 ᠳ᠋ᠤᠭᠠᠷ ᠰᠠᠷ᠎ᠠ ᠶᠢᠨ 7 ᠤ | ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ | ᠬᠤᠶᠠᠷ᠂ ︽ᠠᠵᠢᠯᠯᠠᠭᠠᠨ ᠤ ᠲᠥᠯᠥᠪᠯᠡᠭᠡ︾ ᠶᠢᠨ ᠶᠡᠷᠦᠩᠬᠡᠢ ᠬᠠᠷᠠᠯᠲᠠ ᠶᠠᠭᠤ ᠪᠤᠢ︖ | ᠬᠠᠷᠢᠭᠤᠯᠲᠠ᠄ ︽ᠠᠵᠢᠯᠯᠠᠭᠠᠨ ᠤ ᠲᠥᠯᠥᠪᠯᠡᠭᠡ︾ ᠶᠢᠨ ᠶᠡᠷᠦᠩᠬᠡᠢ ᠬᠠᠷᠠᠯᠲᠠ ᠪᠣᠯ᠄ 2027 ᠣᠨ ᠪᠣᠯᠲᠠᠯ᠎ᠠ᠂ | ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠵᠤ᠂ | ᠡᠪᠡᠰᠦᠨ ᠰᠤᠳᠤᠯᠤᠯ᠂ ᠠᠮᠢ ᠠᠬᠤᠢ ᠶᠢᠨ ᠤᠬᠠᠭᠠᠨ᠂ ᠢᠳᠡᠭᠡᠨ ᠤ ᠵᠦᠢᠯ ᠤᠨ ᠰᠢᠨᠵᠢᠯᠡᠬᠦ ᠤᠬᠠᠭᠠᠨ ᠪᠣᠯᠤᠨ | ᠢᠨᠵᠧᠨᠧᠷᠢᠩ᠂ ᠦᠨᠳᠦᠰᠦᠲᠡᠨ ᠤ ᠤᠬᠠᠭᠠᠨ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢ | ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠡᠩᠨᠡᠭᠡᠨ ᠳᠤ | ᠣᠷᠣᠭᠤᠯᠬᠤ ᠪᠠᠷ ᠴᠢᠷᠮᠠᠶᠢᠵᠤ᠂ ᠮᠠᠯ ᠠᠵᠤ ᠠᠬᠤᠢ ᠶᠢᠨ ᠤᠬᠠᠭᠠᠨ᠂ ᠲᠠᠷᠢᠶᠠᠯᠠᠩ᠂ ᠬᠥᠳᠡᠯᠭᠡᠬᠦ ᠬᠦᠴᠦᠨ ᠤ | ᠢᠨᠵᠧᠨᠧᠷᠢᠩ ᠵᠢᠴᠢ ᠢᠨᠵᠧᠨᠧᠷᠢᠩ ᠤᠨ ᠢᠯᠴᠢ ᠶᠢᠨ ᠹᠢᠽᠢᠺ᠂ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ ᠵᠡᠷᠭᠡ | ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠲᠠᠢ ᠵᠣᠬᠢᠴᠠᠬᠤ ᠬᠡᠮᠵᠢᠶ᠎ᠡ ᠪᠠᠷ ᠨᠡᠯᠢᠶᠡᠳ ᠥᠨᠳᠥᠷ ᠰᠢᠨᠵᠢᠯᠡᠭᠡᠨ ᠤ | ᠰᠠᠯᠠᠭ᠎ᠠ ᠶᠢ ᠴᠢᠬᠤᠯᠠ ᠶᠡᠭᠡ ᠰᠢᠪᠲᠤᠯᠤᠯᠲᠠ ᠲᠠᠢ ᠪᠣᠯᠭᠠᠨ᠂ 1-2 ᠳᠡᠭᠡᠳᠦ ᠰᠤᠷᠭᠠᠭᠤᠯᠢ ᠶᠢ ᠤᠯᠤᠰ ᠤᠨ | ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠶᠢᠨ ᠡᠩᠨᠡᠭᠡᠨ ᠳᠤ | ᠣᠷᠣᠭᠤᠯᠤᠨ᠂ ᠥᠪᠡᠷᠲᠡᠭᠡᠨ ᠵᠠᠰᠠᠬᠤ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ | ᠴᠡᠭ ᠤᠨ ᠶᠡᠷᠦᠩᠬᠡᠢ ᠲᠤᠭ᠎ᠠ ᠶᠢ 70 ᠣᠷᠴᠢᠮ ᠪᠣᠯᠭᠠᠵᠤ᠂ ᠣᠨᠴᠠᠯᠢᠭ ᠢᠯᠡ ᠲᠣᠳᠣ᠂ ᠪᠠᠶᠢᠷᠢᠰᠢᠯᠠᠭᠤᠯᠤᠯᠲᠠ ᠵᠦᠢ | ᠵᠣᠬᠢᠰᠲᠠᠢ᠂ ᠵᠣᠬᠢᠰᠲᠠᠢ ᠬᠥᠭᠵᠢᠭᠰᠡᠨ ᠰᠢᠨᠵᠢᠯᠡᠭᠡᠨ ᠤ ᠰᠠᠯᠠᠭᠠᠨ ᠤ ᠳᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠤᠨ᠂ | ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠰᠠᠯᠠᠭᠠᠨ ᠤ ᠪᠠᠶᠢᠭᠤᠯᠤᠯᠲᠠ ᠶᠢᠨ ᠳᠡᠭᠡᠳᠦ | ᠰᠤᠷᠭᠠᠭᠤᠯᠢ ᠶᠢᠨ ᠪᠠᠶᠢᠷᠢ ᠳᠡᠪᠰᠢᠵᠦ ᠳᠡᠰ ᠳᠡᠪᠰᠢᠭᠦᠯᠬᠦ᠂ ᠳᠠᠪᠠᠯᠲᠠᠲᠤ ᠬᠥᠭᠵᠢᠯᠲᠡ ᠶᠢ ᠪᠡᠶᠡᠯᠡᠭᠦᠯᠵᠦ᠂ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ᠂ ᠣᠷᠣᠨ ᠪᠦᠰᠡ ᠶᠢᠨ ᠥᠷᠢᠰᠥᠯᠳᠦᠬᠦ | ᠬᠦᠴᠦᠨ ᠪᠠ ᠳᠡᠯᠡᠬᠡᠢ ᠳ᠋ᠠᠬᠢᠨ ᠢ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠬᠢᠷᠢ ᠲᠦᠪᠰᠢᠨ ᠪᠦᠬᠦ ᠤᠯᠤᠰ ᠤᠨ | ᠬᠤᠶᠠᠳᠤᠭᠠᠷ ᠱᠠᠲᠤᠯᠵᠢᠨ ᠡᠩᠨᠡᠭᠡᠨ ᠳᠤ ᠣᠷᠣᠬᠤ ᠶᠢ ᠬᠦᠴᠦᠲᠡᠢ ᠲᠤᠯᠭᠠᠭᠤᠷᠢᠯᠠᠪᠠ᠃ | ᠭᠤᠷᠪᠠ᠂ ︽ᠠᠵᠢᠯᠯᠠᠭᠠᠨ ᠤ ᠲᠥᠯᠥᠪᠯᠡᠭᠡ︾ ᠶᠢᠨ ᠭᠤᠣᠯᠳᠠᠯᠭ᠎ᠠ ᠲᠠᠢ ᠡᠭᠦᠷᠭᠡ ᠶᠠᠭᠤ ᠪᠤᠢ︖ | ᠬᠠᠷᠢᠭᠤᠯᠲᠠ᠄ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠤ | ᠲᠥᠯᠥᠪᠯᠡᠭᠡ ᠶᠢᠨ ᠭᠤᠣᠯᠳᠠᠯᠭ᠎ᠠ ᠲᠠᠢ ᠡᠭᠦᠷᠭᠡ ᠳᠤ 6 ᠲᠠᠯ᠎ᠠ ᠶᠢ ᠪᠠᠭᠲᠠᠭᠠᠨ᠎ᠠ᠄ | ᠨᠢᠭᠡ ᠳᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ᠂ ᠲᠡᠷᠢᠭᠦᠨ ᠤ ᠣᠷᠦ᠋ᠢᠯᠠᠭᠰᠠᠨ ᠪᠣᠶᠢᠵᠢᠭᠤᠯᠬᠤ ᠰᠢᠨᠵᠢᠯᠡᠭᠡᠨ ᠤ | ᠰᠠᠯᠠᠭ᠎ᠠ᠂ ᠲᠡᠷᠢᠭᠦᠨ ᠤ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢ ᠳᠡᠰ ᠬᠤᠪᠢᠶᠠᠬᠤ ᠶᠣᠰᠤᠭᠠᠷ ᠪᠠᠶᠢᠭᠤᠯᠬᠤ | ᠬᠠᠷᠠᠯᠲᠠ ᠶᠢ ᠲᠣᠭᠲᠠᠭᠠᠨ᠎ᠠ︔ ︽ᠰᠢᠨᠵᠢᠯᠡᠭᠡᠨ ᠤ ᠰᠠᠯᠠᠭ᠎ᠠ - ᠪᠦᠯᠬᠦᠮ ᠨᠡᠶᠢᠲᠡ - ᠡᠷᠳᠡᠮ ᠰᠢᠨᠵᠢᠯᠡᠭᠡᠨ - ᠡᠬᠢ | ᠪᠠᠶᠠᠯᠢᠭ︾ ᠵᠡᠷᠭᠡ ᠶᠢᠨ ᠬᠤᠯᠪᠣᠯᠳᠤᠨ ᠬᠥᠳᠡᠯᠦᠯᠴᠡᠬᠦ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠵᠦ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠳᠣᠭᠲᠠᠯᠴᠠᠭ᠎ᠠ ᠶᠢ ᠪᠠᠶᠢᠭᠤᠯᠤᠨ ᠪᠦᠷᠢᠯᠳᠦᠭᠦᠯᠦᠨ᠎ᠡ︔ ᠥᠪᠥᠷ ᠮᠣᠩᠭᠤᠯ ᠤᠨ | ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠳᠤ ᠲᠦᠰᠢᠭᠯᠡᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠴᠢᠳᠠᠪᠤᠷᠢ ᠪᠠ ᠦᠷ᠎ᠡ ᠪᠦᠲᠦᠮᠵᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃ | ᠬᠤᠶᠠᠷ ᠲᠤ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ | ᠣᠯᠭᠤᠬᠤ ᠴᠡᠭ ᠢ 10 ᠣᠷᠴᠢᠮ ᠪᠠᠶᠢᠷᠢᠰᠢᠭᠤᠯᠤᠨ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠪᠠ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠤᠬᠠᠭᠠᠨ᠂ ᠰᠤᠷᠭᠠᠨ ᠬᠥᠮᠦᠵᠢᠯ ᠤᠨ ᠤᠬᠠᠭᠠᠨ ᠵᠡᠷᠭᠡ ᠳ᠋ᠣᠺᠲ᠋ᠣᠷ ᠤᠨ | ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠲᠡᠷᠢᠭᠦᠨ ᠵᠡᠷᠭᠡ ᠶᠢᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ | ᠭᠦᠨᠵᠡᠭᠡᠢ ᠠᠬᠢᠭᠤᠯᠵᠤ᠂ ᠰᠢᠨ᠎ᠡ ᠲᠧᠭᠨᠢᠭ ᠤᠨ ᠤᠬᠠᠭᠠᠨ ᠤ ᠰᠠᠯᠠᠭ᠎ᠠ᠂ ᠰᠢᠨ᠎ᠡ ᠠᠨᠠᠭᠠᠬᠤ ᠤᠬᠠᠭᠠᠨ ᠤ ᠰᠠᠯᠠᠭ᠎ᠠ᠂ | ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ | ᠭᠤᠷᠪᠠ ᠳᠤ᠂ ᠰᠢᠨᠵᠢᠯᠡᠭᠡᠨ ᠤ ᠰᠠᠯᠠᠭᠠᠨ ᠤ ᠡᠬᠢ ᠪᠠᠶᠠᠯᠢᠭ ᠢ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ ᠭᠤᠣᠯᠳᠠᠯᠭ᠎ᠠ ᠲᠠᠢ ᠪᠦᠲᠦᠭᠡᠨ | ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠡᠷᠳᠡᠮ ᠰᠢᠨᠵᠢᠯᠡᠭᠡᠨ ᠤ ᠣᠨᠴᠠᠭᠠᠢ | ᠣᠷᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠯᠭᠠᠭᠤᠷᠢ ᠠᠵᠤ | ᠦᠢᠯᠡᠰ ᠲᠤ ᠦᠢᠯᠡᠴᠢᠯᠡᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠬᠡᠮᠵᠢᠶ᠎ᠡ ᠪᠠᠷ ᠨᠡᠯᠢᠶᠡᠳ ᠥᠨᠳᠥᠷ | ᠰᠢᠨᠵᠢᠯᠡᠭᠡᠨ ᠤ ᠰᠠᠯᠠᠭ᠎ᠠ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠪᠤᠶᠢᠵᠢᠭᠤᠯᠤᠨ ᠰᠢᠪᠲᠤᠯᠤᠯᠲᠠ | ᠬᠢᠨ᠎ᠡ᠃ ᠰᠢᠨᠵᠢᠯᠡᠬᠦ ᠤᠬᠠᠭᠠᠨ ᠤ ᠪᠥᠯᠦᠭᠵᠢᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨᠵᠢᠯᠡᠭᠡᠨ ᠤ | ᠰᠠᠯᠠᠭ᠎ᠠ ᠰᠣᠯᠪᠢᠴᠠᠨ ᠠᠭᠤᠰᠬᠤ ᠶᠢ ᠠᠬᠢᠭᠤᠯᠤᠨ᠎ᠠ᠃ | ᠳᠥᠷᠪᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ ᠴᠢᠭᠯᠡᠯ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠰᠢᠪᠲᠤᠯᠤᠯᠲᠠ ᠶᠢᠨ ᠴᠢᠭᠯᠡᠯ ᠢ ᠪᠣᠯᠪᠠᠰᠤᠷᠠᠭᠤᠯᠵᠤ᠂ ᠴᠢᠬᠤᠯᠠ | ᠶᠡᠭᠡ ᠨᠡᠭᠡᠭᠡᠯᠲᠡᠲᠦ ᠰᠡᠳᠦᠪ ᠢ ᠪᠠᠶᠢᠭᠤᠯᠤᠨ᠂ ᠨᠢᠭᠡ ᠪᠦᠯᠦᠭ ᠥᠨᠳᠥᠷ ᠬᠢᠷᠢ ᠲᠦᠪᠰᠢᠨᠲᠦ ᠡᠷᠳᠡᠮ ᠰᠢᠨᠵᠢᠯᠡᠭᠡᠨ ᠤ | ᠦᠷ᠎ᠡ ᠪᠦᠲᠦᠭᠡᠯ ᠢ ᠪᠣᠢ ᠪᠣᠯᠭᠠᠨ᠎ᠠ᠃ ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ | ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ | ᠡᠨᠧᠷᠭᠢ ᠶᠢᠨ ᠡᠬᠢ ᠪᠠᠶᠠᠯᠢᠭ ᠢ ᠠᠰᠢᠭᠯᠠᠬᠤ᠂ ᠴᠠᠭᠠᠨ ᠢᠳᠡᠭᠡ ᠪᠣᠯᠤᠨ ᠬᠥᠪᠦᠷᠡᠯ ᠤᠨ ᠡᠬᠢ ᠪᠠᠶᠠᠯᠢᠭ ᠵᠡᠷᠭᠡ ᠬᠠᠮᠢᠶ᠎ᠠ | ᠪᠦᠬᠦᠢ ᠬᠦᠷᠢᠶᠡᠨ ᠤ ᠲᠠᠪᠴᠠᠩ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ᠃ | ᠲᠠᠪᠤ ᠳᠤ᠂ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠠᠰ ᠲᠤ ᠨᠢ ᠬᠠᠮᠢᠶᠠᠷᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠢᠨ᠎ᠡ ᠵᠠᠭᠪᠤᠷ ᠢ ᠰᠦᠪᠡᠭᠴᠢᠯᠡᠨ᠎ᠡ᠃ ︽ᠥᠪᠥᠷ | ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠤᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠲᠠᠪᠴᠠᠩ ᠢᠶᠠᠷ ᠳᠠᠮᠵᠢᠭᠤᠯᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠨᠡᠶᠢᠲᠡᠯᠡᠵᠦ᠂ | ᠠᠬᠤᠢ ᠲᠠᠯᠠᠪᠠᠢ ᠶᠢᠨ ᠦᠵᠡᠭᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠲᠤᠰᠬᠠᠢ ᠪᠠᠶᠢᠭᠤᠯᠤᠮᠵᠢ ᠪᠠ | ᠮᠡᠷᠭᠡᠵᠢᠯ ᠤᠨ ᠳᠠᠭᠠᠭᠠᠮᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠵᠣᠯᠭᠠᠭᠤᠯᠤᠨ᠎ᠠ᠃ | ᠵᠢᠷᠭᠤᠭ᠎ᠠ ᠳᠤ᠂ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠰᠢᠨᠵᠢᠯᠡᠭᠡᠨ ᠤ ᠰᠠᠯᠠᠭ᠎ᠠ ᠬᠤᠪᠢᠶᠠᠭᠰᠠᠨ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠬᠤ | ᠲᠥᠯᠥᠪᠯᠡᠭᠡ ᠶᠢ ᠲᠣᠭᠲᠠᠭᠠᠵᠤ᠂ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ᠂ ᠡᠷᠳᠡᠮ ᠰᠢᠨᠵᠢᠯᠡᠭᠡᠨ ᠤ | ᠭᠤᠣᠯᠯᠠᠭᠴᠢ᠂ ᠵᠠᠯᠠᠭᠤ ᠪᠠᠭᠰᠢ ᠶᠢᠨ ᠪᠦᠲᠦᠴᠡ ᠵᠦᠢ ᠵᠣᠬᠢᠰᠲᠠᠢ ᠰᠢᠨᠵᠢᠯᠡᠭᠡᠨ ᠤ ᠰᠠᠯᠭᠠᠨ ᠤ ᠪᠠᠭᠰᠢ ᠶᠢᠨ | ᠱᠠᠲᠤᠯᠵᠢᠨ ᠡᠩᠨᠡᠭᠡ ᠶᠢ ᠪᠤᠢ ᠪᠣᠯᠭᠠᠨ᠎ᠠ᠃ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠪᠠ ᠪᠦᠯᠬᠦᠮ ᠨᠡᠶᠢᠲᠡ ᠶᠢ | ᠨᠠᠷᠢᠯᠢᠭ ᠣᠨᠣᠴᠠᠲᠠᠢ ᠣᠷᠣᠭᠤᠯᠤᠨ ᠠᠪᠴᠢᠷᠠᠵᠤ᠂ ᠳᠠᠯᠳᠠ ᠬᠦᠴᠦᠨ ᠪᠥᠬᠦᠢ ᠵᠠᠯᠠᠭᠤ ᠪᠠᠭᠰᠢ ᠨᠠᠷ ᠲᠤ | ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ᠂ ᠨᠢᠭᠡ ᠪᠦᠯᠦᠭ ᠡᠷᠳᠡᠮ ᠰᠢᠨᠵᠢᠯᠡᠭᠡᠨ ᠤ ᠭᠤᠣᠯᠯᠠᠭᠴᠢ ᠬᠦᠴᠦᠨ ᠢ | ᠶᠡᠭᠡ ᠪᠠᠷ ᠪᠤᠶᠢᠵᠢᠭᠤᠯᠤᠨ᠎ᠠ᠃ ᠵᠠᠷᠤᠳᠠᠯ᠂ ᠲᠥᠷᠥᠯ ᠵᠦᠢᠯ᠂ ᠲᠠᠪᠴᠠᠩ ᠵᠡᠷᠭᠡ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠵᠢᠴᠢ ᠪᠦᠯᠬᠦᠮ ᠨᠡᠶᠢᠲᠡ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ | ᠳᠥᠷᠪᠡ᠂ ︽ᠠᠵᠢᠯᠯᠠᠭᠠᠨ ᠤ ᠲᠥᠯᠥᠪᠯᠡᠭᠡ︾ ᠳᠤ ᠶᠠᠮᠠᠷ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠶᠢ | ᠨᠡᠶᠢᠲᠡᠯᠡᠭᠰᠡᠨ ᠪᠤᠢ︖ | ᠬᠠᠷᠢᠭᠤᠯᠲᠠ᠄ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠤ | ᠲᠥᠯᠥᠪᠯᠡᠭᠡ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠠᠴᠠ 3 ᠲᠠᠯ᠎ᠠ ᠶᠢᠨ 12 | ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ᠃ | ︵ᠨᠢᠭᠡ︶ ᠵᠠᠷᠤᠳᠠᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠲᠠᠯ᠎ᠠ ᠪᠠᠷ᠃ ᠥᠪᠡᠷᠲᠡᠭᠡᠨ ᠵᠠᠰᠠᠬᠤ | ᠣᠷᠣᠨ ᠤ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠭᠦᠯᠬᠦ | ᠲᠣᠭᠲᠠᠴᠠ ᠶᠢ ᠪᠠᠶᠢᠭᠤᠯᠵᠤ᠂ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠠᠷᠢᠴᠠᠯ ᠢ 20% ᠠᠴᠠ ᠳᠣᠣᠷ᠎ᠠ | ᠪᠠᠶᠢᠯᠭᠠᠬᠤ ᠦᠭᠡᠢ᠃ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠨ᠂ ᠪᠠᠶᠢᠷᠢ ᠳᠠᠪᠰᠢᠭᠤᠯᠤᠨ ᠳᠡᠰ ᠳᠡᠪᠰᠢᠭᠦᠯᠬᠦ ᠬᠠᠷᠠᠯᠲᠠ ᠪᠠᠨ ᠪᠡᠶᠡᠯᠡᠭᠦᠯᠦᠭᠰᠡᠨ᠂ | ᠰᠢᠪᠲᠤᠯᠤᠯᠲᠠ ᠶᠢ ᠪᠡᠶᠡᠯᠡᠭᠦᠯᠦᠭᠰᠡᠨ ᠶᠡᠭᠡ ᠳᠡᠭᠡᠳᠦ ᠰᠤᠷᠭᠠᠭᠤᠯᠢ ᠳᠤ 500 ᠲᠦᠮᠡᠨ ᠲᠥᠭᠦᠷᠢᠭ ᠠᠴᠠ ᠳᠣᠣᠷ᠎ᠠ | ᠦᠭᠡᠢ ᠱᠠᠩᠨᠠᠯ ᠨᠥᠬᠦᠪᠥᠷᠢ ᠶᠢᠨ ᠳᠡᠮᠵᠢᠯᠭᠡ ᠶᠢ ᠨᠢᠭᠡ ᠯᠠ ᠤᠳᠠᠭ᠎ᠠ ᠳᠤ ᠣᠯᠭᠤᠵᠤ᠂ ᠰᠢᠨ᠎ᠡ ᠪᠠᠷ ᠨᠡᠮᠡᠭᠳᠡᠭᠰᠡᠨ | ᠤᠯᠤᠰ ᠤᠨ ᠲᠡᠷᠢᠭᠦᠨ ᠤ ᠬᠢᠴᠢᠶᠡᠯ ᠲᠥᠷᠥᠯ ᠤᠨ ᠶᠡᠭᠡ ᠳᠡᠭᠡᠳᠦ ᠰᠤᠷᠭᠠᠭᠤᠯᠢ ᠳᠤ 1000 ᠲᠦᠮᠡᠨ | ᠲᠥᠭᠦᠷᠢᠭ ᠠᠴᠠ ᠳᠣᠣᠷ᠎ᠠ ᠦᠭᠡᠢ ᠱᠠᠩᠨᠠᠯ ᠨᠥᠬᠦᠪᠥᠷᠢ ᠶᠢᠨ ᠳᠡᠮᠵᠢᠯᠭᠡ ᠶᠢ ᠨᠢᠭᠡ ᠯᠡ ᠤᠳᠠᠭ᠎ᠠ ᠳᠤ | ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ | ᠡᠷᠳᠡᠮ ᠰᠢᠨᠵᠢᠯᠡᠭᠡᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ | ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ | ᠵᠦᠢᠯ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠡᠷᠳᠡᠮ ᠰᠢᠨᠵᠢᠯᠡᠭᠡᠨ ᠢ | ᠡᠬᠢᠯᠡᠭᠦᠯᠬᠦ ᠵᠠᠷᠤᠳᠠᠯ ᠳᠤ ᠬᠡᠷᠡᠭᠯᠡᠨ᠎ᠡ᠃ | ︵ᠬᠤᠶᠠᠷ︶ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠳᠡᠮᠵᠢᠬᠦ | ᠲᠠᠯ᠎ᠠ ᠪᠠᠷ᠃ ᠶᠡᠭᠡ ᠳᠡᠭᠡᠳᠦ ᠰᠤᠷᠭᠠᠭᠤᠯᠢ ᠬᠥᠮᠦᠵᠢᠭᠦᠯᠬᠦ ᠪᠤᠶᠤ ᠭᠡᠷ᠎ᠡ ᠳᠣᠭᠲᠠᠨ ᠣᠷᠣᠭᠤᠯᠤᠨ ᠠᠪᠴᠢᠷᠠᠭᠰᠠᠨ | ︽ᠬᠤᠶᠠᠷ ᠬᠦᠷᠢᠶᠡᠯᠡᠩ︾ ᠤᠨ ᠠᠺᠠᠳᠧᠮᠢᠴᠢ᠂ ︽ᠬᠤᠶᠠᠷ ᠬᠦᠷᠢᠶᠡᠯᠡᠩ︾ ᠤᠨ ᠠᠺᠠᠳᠧᠮᠢᠴᠢ ᠶᠢᠨ ᠵᠢᠱᠢᠭᠳᠡᠭᠴᠢ᠂ ︽ᠬᠥᠬᠡ | ᠮᠥᠷᠡᠨ︾᠂ ︽ᠴᠢᠩ ᠵᠢᠶᠧ︾ ᠵᠡᠷᠭᠡ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠳᠤ ︽ᠨᠢᠭᠡ | ᠬᠥᠮᠦᠨ ᠳᠤ ᠨᠢᠭᠡ ᠠᠷᠭ᠎ᠠ ᠪᠣᠳᠣᠯᠭ᠎ᠠ᠂ ᠨᠢᠭᠡ ᠶᠠᠪᠤᠳᠠᠯ ᠢ ᠨᠢᠭᠡ ᠯᠡ ᠤᠳᠠᠭ᠎ᠠ ᠵᠥᠪᠯᠡᠬᠦ︾ ᠵᠠᠷᠴᠢᠮ ᠶᠣᠰᠣᠭᠠᠷ᠂ | ᠵᠠᠷᠤᠳᠠᠯ ᠤᠨ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ᠂ ᠡᠷᠳᠡᠮ | ᠰᠢᠨᠵᠢᠯᠡᠭᠡᠨ ᠤ ᠰᠣᠯᠢᠯᠴᠠᠭᠠᠨ ᠤ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠣᠳᠣ ᠶᠢᠨ ᠪᠠᠶᠢᠭ᠎ᠠ ᠳᠡᠮᠵᠢᠬᠦ ᠲᠥᠷᠥ ᠶᠢᠨ | ᠪᠣᠳᠣᠯᠭ᠎ᠠ ᠶᠢᠨ ᠰᠠᠭᠤᠷᠢᠨ ᠳᠡᠭᠡᠷ᠎ᠡ᠂ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠵᠦ᠂ ᠲᠡᠷᠢᠭᠦᠨ ᠤ ᠰᠢᠨᠵᠢᠯᠡᠭᠡᠨ ᠤ ᠰᠠᠯᠠᠭ᠎ᠠ ᠳᠤ ᠲᠦᠰᠢᠭᠯᠡᠨ ᠰᠢᠨ᠎ᠡ ᠪᠠᠷ ᠪᠠᠶᠢᠭᠤᠯᠤᠭᠰᠠᠨ | ᠠᠬᠠᠯᠠᠭᠴᠢ ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡ ᠪᠠᠶᠢᠭᠤᠯᠬᠤ ᠳᠡᠳᠭᠦᠮᠵᠢ ᠶᠢ 30 | ᠲᠦᠮᠡᠨ ᠲᠥᠭᠦᠷᠢᠭ ᠠᠴᠠ 50 ᠲᠦᠮᠡᠨ ᠲᠥᠭᠦᠷᠢᠭ ᠪᠣᠯᠭᠠᠨ᠎ᠠ︔ ᠰᠢᠨ᠎ᠡ ᠪᠠᠷ ᠪᠠᠶᠢᠭᠤᠯᠤᠭᠰᠠᠨ ᠠᠬᠠᠯᠠᠭᠴᠢ | ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡᠨ ᠳᠤ ᠣᠷᠣᠭᠰᠠᠨ ᠪᠦᠷᠢᠨ ᠲᠤᠰᠢᠶᠠᠯᠲᠤ | ᠳ᠋ᠣᠺᠲ᠋ᠣᠷᠠᠨᠲ ᠤᠨ ᠠᠮᠢᠳᠤᠷᠠᠯ ᠤᠨ ᠨᠥᠬᠦᠪᠥᠷᠢ ᠶᠢ ᠬᠥᠮᠦᠨ ᠪᠦᠷᠢ ᠳᠤ ᠵᠢᠯ ᠪᠦᠷᠢ 10 ᠲᠦᠮᠡᠨ ᠲᠥᠭᠦᠷᠢᠭ | ᠪᠠᠶᠢᠭᠰᠠᠨ ᠠᠴᠠ 15 ᠲᠦᠮᠡᠨ ᠲᠥᠭᠦᠷᠢᠭ ᠪᠣᠯᠭᠠᠨ ᠨᠡᠮᠡᠵᠦ᠂ 2 ᠵᠢᠯ ᠲᠤᠰᠠᠯᠠᠨ᠎ᠠ︔ ᠰᠢᠨ᠎ᠡ ᠪᠠᠷ ᠪᠠᠶᠢᠭᠤᠯᠤᠭᠰᠠᠨ | ᠠᠬᠠᠯᠠᠭᠴᠢ ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡᠨ ᠠᠴᠠ ᠰᠠᠯᠵᠤ ᠰᠤᠷᠭᠠᠭᠤᠯᠢ ᠳᠤ | ᠦᠯᠡᠳᠡᠭᠰᠡᠨ ᠠᠬᠠᠯᠠᠭᠴᠢ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠵᠠᠷᠤᠳᠠᠯ ᠢ 30 ᠲᠦᠮᠡᠨ ᠲᠥᠭᠦᠷᠢᠭ ᠪᠠᠶᠢᠭᠰᠠᠨ | ᠠᠴᠠ 50 ᠲᠦᠮᠡᠨ ᠲᠥᠭᠦᠷᠢᠭ ᠪᠣᠯᠭᠠᠨ ᠨᠡᠮᠡᠨ᠎ᠡ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ | ᠶᠡᠭᠡ ᠳᠡᠭᠡᠳᠦ ᠰᠤᠷᠭᠠᠭᠤᠯᠢ ᠪᠠ ᠪᠤᠰᠤᠳ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ | ᠭᠠᠵᠠᠷ᠂ ᠠᠵᠢᠯ ᠲᠥᠷᠥᠯ ᠤᠨ ᠠᠵᠤ ᠠᠬᠤᠶᠢᠯᠠᠯ ᠯᠤᠭ᠎ᠠ ᠳ᠋ᠣᠺᠲ᠋ᠣᠷ ᠰᠤᠳᠤᠯᠬᠤ ᠰᠤᠷᠤᠭᠴᠢ ᠶᠢ ᠬᠠᠮᠲᠤᠷᠠᠨ | ᠬᠥᠮᠦᠵᠢᠭᠦᠯᠬᠦ ᠶᠢ ᠳᠡᠮᠵᠢᠵᠦ᠂ ᠳ᠋ᠣᠺᠲ᠋ᠣᠷ ᠮᠠᠰᠲ᠋ᠧᠷ ᠰᠤᠳᠤᠯᠬᠤ ᠰᠤᠷᠤᠭᠴᠢ ᠶᠢ ᠬᠠᠮᠲᠤᠷᠠᠨ ᠬᠥᠮᠦᠵᠢᠭᠦᠯᠬᠦ ᠲᠤᠰᠬᠠᠢ | ᠲᠥᠯᠥᠪᠯᠡᠭᠡ ᠲᠣᠭᠲᠠᠭᠠᠨ᠂ ᠬᠠᠮᠢᠶ᠎ᠠ ᠪᠦᠬᠦᠢ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠰᠣᠳᠤᠯᠬᠤ ᠰᠤᠷᠤᠭᠴᠢ | ᠡᠯᠰᠡᠬᠦ ᠲᠥᠯᠥᠪᠯᠡᠭᠡ ᠲᠡᠶᠢᠰᠢ ᠵᠣᠬᠢᠰᠲᠠᠢ ᠬᠡᠯᠪᠠᠶᠢᠯᠭᠡᠨ᠎ᠡ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢ ᠠᠵᠢᠯᠲᠠᠨ ᠤ ᠶᠡᠷᠦᠩᠬᠡᠢ ᠲᠤᠭ᠎ᠠ ᠶᠢ ᠬᠠᠮᠢᠶᠠᠷᠬᠤ ᠲᠤᠷᠰᠢᠯᠲᠠ | ᠶᠢᠨ ᠴᠡᠭ ᠤᠨ ᠬᠡᠪᠴᠢᠶᠡᠨ ᠳᠤ ᠣᠷᠣᠭᠤᠯᠵᠤ᠂ ᠲᠡᠷᠢᠭᠦᠨ ᠤ ᠰᠢᠨᠵᠢᠯᠡᠭᠡᠨ ᠤ ᠰᠠᠯᠠᠭ᠎ᠠ ᠳᠤ ᠬᠤᠯᠪᠣᠭᠳᠠᠬᠤ ᠳᠡᠭᠡᠳᠦ | ᠰᠤᠷᠭᠠᠭᠤᠯᠢ ᠰᠠᠯᠪᠤᠷᠢ ᠪᠤᠶᠤ ᠲᠤᠰᠬᠠᠢ ᠮᠡᠷᠭᠡᠵᠢᠯ ᠤᠨ ᠪᠠᠭᠰᠢ ᠶᠢᠨ ᠶᠡᠷᠦᠩᠬᠡᠢ ᠬᠡᠮᠵᠢᠶ᠎ᠡ ᠲᠠᠢ ᠤᠶᠠᠯᠳᠤᠭᠤᠯᠤᠨ᠂ | ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠣᠨᠴᠠᠯᠢᠭ ᠪᠠ ᠠᠳᠠᠯᠢ ᠪᠤᠰᠤ ᠲᠥᠷᠥᠯ ᠵᠦᠢᠯ ᠲᠠᠢ | ᠤᠶᠠᠯᠳᠤᠭᠤᠯᠤᠨ ᠦᠨᠡᠯᠡᠵᠦ ᠨᠤᠲᠠᠯᠠᠭᠰᠠᠨ ᠤ ᠳᠠᠷᠠᠭ᠎ᠠ᠂ ᠰᠤᠷᠤᠭᠴᠢ ᠪᠠᠭᠰᠢ ᠶᠢᠨ ᠬᠠᠷᠢᠴᠠᠯ ᠤᠨ ᠬᠠᠮᠤᠭ ᠤᠨ | ᠳᠡᠭᠡᠳᠦ ᠬᠢᠵᠠᠭᠠᠷ ᠤᠨ ᠪᠠᠷᠢᠮᠵᠢᠶ᠎ᠠ ᠶᠣᠰᠣᠭᠠᠷ ᠬᠢᠨᠠᠨ ᠲᠣᠭᠲᠠᠭᠠᠨ᠎ᠠ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠨᠢ ᠤᠤᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠰᠠᠭᠤᠷᠢᠨ ᠳᠡᠭᠡᠷ᠎ᠡ 10% ᠶᠢᠨ ᠣᠨᠴᠠᠭᠠᠢ ᠠᠵᠢᠯ ᠤᠨ | ᠪᠠᠶᠢᠷᠢ ᠶᠢ ᠨᠡᠮᠡᠨ ᠪᠠᠶᠢᠭᠤᠯᠵᠤ᠂ ᠪᠠᠴᠢᠮ ᠱᠠᠭᠠᠷᠳᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠪᠣᠯᠤᠨ | ᠰᠢᠯᠢᠳᠡᠭ ᠵᠠᠯᠠᠭᠤ ᠴᠢᠳᠠᠪᠤᠷᠢᠲᠠᠨ ᠢ ᠤᠷᠢᠬᠤ ᠳᠤ ᠬᠡᠷᠡᠭᠯᠡᠨ᠎ᠡ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯᠤᠨ ᠦᠷ᠎ᠡ ᠪᠦᠲᠦᠭᠡᠯ ᠢ | ᠤᠯᠠᠷᠢᠭᠤᠯᠬᠤ ᠶᠢ ᠴᠢᠩᠭᠠᠳᠬᠠᠬᠤ ᠲᠠᠯ᠎ᠠ ᠪᠠᠷ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠪᠰᠢᠯᠲᠠ ᠶᠢᠨ ᠱᠠᠩᠨᠠᠯ ᠤᠨ ᠨᠡᠷ᠎ᠡ ᠳᠤᠷᠠᠳᠤᠭᠰᠠᠨ ᠪᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠱᠠᠩᠨᠠᠯ ᠢ ᠦᠨᠡᠯᠡᠨ ᠲᠣᠭᠲᠠᠭᠠᠬᠤ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ | ᠰᠠᠯᠠᠭ᠎ᠠ ᠲᠡᠶᠢᠰᠢ ᠵᠣᠬᠢᠰᠲᠠᠢ ᠬᠡᠯᠪᠠᠶᠢᠯᠭᠡᠨ᠎ᠡ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ | ᠳᠡᠭᠡᠳᠦ ᠰᠤᠷᠭᠠᠭᠤᠯᠢ ᠶᠢᠨ ᠰᠢᠯᠵᠢᠭᠦᠯᠦᠨ ᠥᠭᠬᠦ᠂ ᠵᠥᠪᠰᠢᠶᠡᠷᠡᠬᠦ᠂ ᠬᠠᠩᠰᠢᠯᠠᠵᠤ ᠬᠤᠪᠢ ᠣᠷᠣᠭᠤᠯᠬᠤ ᠵᠡᠷᠭᠡ | ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠳᠤ ᠨᠠᠶᠢᠳᠠᠪᠤᠷᠢᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠳᠡᠮᠵᠢᠵᠦ᠂ ᠮᠡᠷᠭᠡᠵᠢᠯ ᠤᠨ ᠭᠡᠷ᠎ᠡ ᠶᠣᠰᠤᠭᠠᠷ | ᠳᠠᠩᠰᠠᠨ ᠳᠤ ᠤᠷᠤᠭᠰᠠᠨ ᠵᠣᠭᠤᠰ ᠤᠨ ᠲᠤᠭ᠎ᠠ ᠪᠤᠶᠤ ᠰᠲ᠋ᠣᠺ ᠤᠨ ᠡᠷᠬᠡ ᠶᠢ ᠨᠤᠭᠤᠯᠤᠨ ᠪᠣᠳᠣᠭᠰᠠᠨ ᠵᠣᠭᠤᠰ ᠤᠨ | ᠲᠤᠭ᠎ᠠ ᠨᠢ 200 ᠲᠦᠮᠡᠨ ᠲᠥᠭᠦᠷᠢᠭ ᠠᠴᠠ ᠳᠡᠭᠡᠭᠰᠢ ᠪᠣᠯ᠂ ᠠᠰᠢᠭ ᠣᠷᠣᠯᠭ᠎ᠠ ᠶᠢᠨ ᠵᠣᠭᠤᠰ ᠤᠨ ᠲᠤᠭ᠎ᠠ ᠨᠢ | 20% ᠶᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠱᠠᠩᠨᠠᠯ ᠣᠯᠭᠤᠨ᠎ᠠ᠃ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠪᠠᠶᠢᠭᠤᠯᠤᠮᠵᠢ ᠪᠠ ᠵᠠᠬ᠎ᠠ ᠳᠡᠯᠭᠡᠭᠦᠷᠴᠢᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠺᠣᠮᠫᠠᠨᠢ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠠᠵᠢᠯ ᠢ ᠡᠷᠬᠢᠯᠡᠵᠦ ᠪᠠᠶᠢᠭ᠎ᠠ ᠠᠵᠢᠯᠲᠠᠳ ᠤᠨ ᠮᠡᠷᠭᠡᠵᠢᠯ ᠤᠨ ᠴᠣᠯᠠ ᠶᠢ ᠦᠨᠡᠯᠡᠨ | ᠲᠣᠭᠲᠠᠭᠠᠬᠤ᠂ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠵᠡᠷᠭᠡ ᠲᠠᠯ᠎ᠠ ᠪᠠᠷ ᠵᠢᠭᠠᠨ ᠰᠤᠷᠭᠠᠯᠲᠠ ᠡᠷᠳᠡᠮ | ᠰᠢᠨᠵᠢᠯᠡᠭᠡᠨ ᠤ ᠠᠵᠢᠯᠲᠠᠨ ᠲᠠᠢ ᠠᠳᠠᠯᠢᠬᠠᠨ ᠬᠠᠷᠠᠭᠠᠯᠵᠠᠯ ᠬᠦᠷᠲᠡᠭᠡᠨ᠎ᠡ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠳᠤ ᠡᠷᠳᠡᠮ ᠰᠢᠨᠵᠢᠯᠡᠭᠡᠨ ᠤ ᠠᠵᠢᠯᠲᠠᠨ ᠳᠤ ᠣᠯᠭᠤᠭᠰᠠᠨ | ᠲᠤᠰᠢᠶᠠᠯ ᠤᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠥᠮᠴᠢᠯᠡᠯ ᠤᠨ ᠡᠷᠬᠡ ᠪᠤᠶᠤ ᠤᠷᠲᠤ ᠬᠤᠭᠤᠴᠠᠭ᠎ᠠ ᠪᠠᠷ | ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠳᠡᠮ ᠰᠢᠨᠵᠢᠯᠡᠭᠡᠨ ᠤ | ᠠᠵᠢᠯᠲᠠᠳ ᠤᠨ ᠰᠢᠨ᠎ᠡ ᠶᠢ ᠡᠭᠦᠳᠬᠦ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠵᠦ᠂ ᠡᠷᠳᠡᠮ ᠰᠢᠨᠵᠢᠯᠡᠭᠡᠨ ᠤ | ᠦᠷ᠎ᠡ ᠪᠦᠲᠦᠭᠡᠯ ᠢ ᠰᠢᠯᠵᠢᠭᠦᠯᠵᠦ ᠤᠯᠠᠷᠢᠭᠤᠯᠬᠤ ᠶᠢ ᠠᠬᠢᠭᠤᠯᠤᠨ᠎ᠠ᠃ | ᠲᠠᠪᠤ᠂ ︽ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠶᠠᠭᠠᠬᠢᠵᠤ ᠪᠠᠲᠤᠯᠠᠬᠤ ᠪᠤᠢ︖ | ᠬᠠᠷᠢᠭᠤᠯᠲᠠ᠄ ︽ᠠᠵᠢᠯᠯᠠᠭᠠᠨ ᠤ ᠲᠥᠯᠥᠪᠯᠡᠭᠡ︾ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠶᠡᠭᠡ ᠳᠡᠭᠡᠳᠦ ᠰᠤᠷᠭᠠᠭᠤᠯᠢ ᠪᠣᠯ ᠪᠦᠲᠦᠭᠡᠨ ᠪᠠᠶᠢᠭᠤᠯᠤᠯᠲᠠ | ᠶᠢᠨ ᠡᠭᠦᠷᠭᠡ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ ᠭᠡᠵᠦ | ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠦᠭᠦᠯᠡᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠢᠩᠬᠢᠮ ᠤᠨ ᠬᠤᠭᠤᠷᠣᠨᠳᠣᠬᠢ ᠲᠡᠷᠢᠭᠦᠨ ᠤ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ᠂ ᠲᠥᠯᠥᠪᠵᠢᠭᠦᠯᠭᠡ ᠪᠠᠶᠢᠷᠢᠯᠠᠭᠤᠯᠬᠤ᠂ ᠡᠭᠦᠷᠭᠡ ᠬᠡᠷᠡᠭᠵᠢᠭᠦᠯᠬᠦ᠂ ᠪᠠᠲᠤᠯᠠᠨ | ᠳᠡᠮᠵᠢᠬᠦ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ ᠢ ᠥᠷᠨᠢᠭᠦᠯᠵᠦ᠂ ᠪᠦᠲᠦᠭᠡᠨ ᠪᠠᠶᠢᠭᠤᠯᠤᠯᠲᠠ ᠶᠢᠨ | ᠠᠵᠢᠯ ᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠠᠵᠢᠯᠯᠠᠭᠠᠨ ᠤ ᠲᠥᠯᠥᠪᠯᠡᠭᠡ ᠶᠢ | ᠦᠨᠳᠦᠰᠦᠯᠡᠨ ᠵᠢᠯ ᠤᠨ ᠠᠵᠢᠯ ᠤᠨ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠵᠤ᠂ ᠡᠯ᠎ᠡ ᠬᠠᠷᠢᠭᠤᠴᠠᠯᠭᠠᠲᠤ | ᠨᠢᠭᠡᠴᠢ ᠶᠢᠨ ᠬᠠᠷᠠᠯᠲᠠᠲᠤ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠵᠢᠯ ᠤᠨ | ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠵᠦ ᠦᠨᠡᠯᠡᠨ᠎ᠡ᠃ ᠡᠭᠦᠨ ᠤ ᠬᠠᠮᠲᠤ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠬᠠᠷᠠᠯᠲᠠ ᠪᠠᠨ ᠪᠡᠶᠡᠯᠡᠭᠦᠯᠦᠭᠰᠡᠨ᠂ ᠦᠷ᠎ᠡ ᠪᠦᠲᠦᠭᠡᠯ ᠭᠠᠷᠭᠠᠭᠰᠠᠨ᠂ | ᠠᠵᠢᠯ ᠤᠨ ᠬᠢᠷᠢ ᠪᠦᠲᠦᠮᠵᠢ ᠬᠢᠷᠢ ᠲᠦᠪᠰᠢᠨ ᠪᠠᠷ ᠭᠤᠣᠯ ᠪᠣᠯᠭᠠᠭᠰᠠᠨ ᠦᠨᠡᠯᠡᠬᠦ ᠲᠣᠭᠲᠠᠴᠠ ᠶᠢ ᠪᠠᠶᠢᠭᠤᠯᠵᠤ᠂ | ᠲᠡᠷᠢᠭᠦᠨ ᠤ ᠰᠢᠨᠵᠢᠯᠡᠭᠡᠨ ᠤ ᠰᠠᠯᠠᠭ᠎ᠠ ᠵᠢᠴᠢ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠳᠤ ᠰᠢᠨᠵᠢᠯᠡᠬᠦ | ᠤᠬᠠᠭᠠᠨᠴᠢ ᠦᠨᠡᠯᠡᠯᠲᠡ ᠪᠠ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ | | |