ᠪᠦᠦ ᠰᠢᠶᠠᠨ ᠬᠤᠸᠠ᠂ ᠶᠠᠩ ᠵᠢᠶᠧ 2024 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/7
      6 ᠳ᠋ᠤᠭᠠᠷ ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠤᠷᠢᠳ ᠬᠤᠵᠢᠳ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠬᠦᠷᠴᠦ ᠡᠩ ᠎ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃

1.jpg

      ᠪᠦᠦ ᠰᠢᠶᠠᠨ ᠬᠤᠸᠠ᠂ ᠶᠠᠩ ᠵᠢᠶᠧ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠰᠢᠯᠭᠠᠯᠲᠠ

ᠬᠦᠯᠢᠶᠡᠬᠦ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ᠂ ᠣᠶᠤᠨᠴᠢ ᠠᠮᠤᠷ ᠲᠦᠪᠰᠢᠨ ᠤ ᠪᠠᠶᠢᠴᠠᠭᠠᠯᠲᠠ ᠵᠡᠷᠭᠡ

ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠬᠥᠬᠡᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ

ᠰᠢᠯᠭᠠᠯᠲᠠ ᠶᠢᠨ ᠲᠥᠪ ᠤᠨ ᠨᠢᠭᠤᠴᠠ ᠶᠢ ᠬᠠᠮᠠᠭᠠᠯᠠᠬᠤ ᠲᠠᠰᠤᠭ᠂ ᠸᠢᠳᠢᠤ᠋ ᠵᠢᠯᠣᠭᠤᠳᠬᠤ ᠲᠥᠪ ᠵᠡᠷᠭᠡ ᠶᠢᠨ

ᠪᠡᠯᠡᠳᠬᠡᠯ ᠤᠨ ᠪᠠᠶᠢᠳᠠᠯ ᠢ ᠪᠠᠶᠢᠴᠠᠭᠠᠵᠤ᠂ ᠰᠢᠯᠭᠠᠯᠲᠠ ᠶᠢᠨ ᠬᠠᠭᠤᠳᠠᠰᠤ ᠶᠢ ᠵᠦᠭᠡᠭᠡᠪᠦᠷᠢᠯᠡᠬᠦ᠂ ᠰᠢᠯᠭᠠᠯᠲᠠ ᠶᠢᠨ

ᠶᠠᠪᠤᠳᠠᠯ ᠢ ᠵᠣᠬᠢᠶᠠᠨ ᠪᠠᠶᠢᠭᠤᠯᠬᠤ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠨᠠᠷᠢᠨ ᠣᠶᠢᠯᠠᠭᠠᠪᠠ᠃ ᠡᠯ᠎ᠡ

ᠭᠠᠵᠠᠷ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠯᠭᠠᠯᠲᠠ ᠶᠢᠨ

ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠣᠯᠠᠨ ᠰᠠᠯᠠᠭ᠎ᠠ ᠮᠥᠴᠢᠷ ᠵᠣᠬᠢᠴᠠᠭᠤᠯᠤᠨ ᠬᠤᠯᠪᠣᠭᠠᠯᠠᠨ

ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠎ ᠶᠢᠨ ᠬᠡᠷᠡᠭ ᠢ ᠰᠢᠢᠳᠪᠦᠷᠢᠯᠡᠬᠦ

ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠰᠢᠯᠭᠠᠯᠲᠠ ᠳᠡᠭᠡᠷ᠎ᠡ ᠭᠡᠮ ᠬᠢᠬᠦ ᠳᠤ ᠴᠢᠩᠭ᠎ᠠ ᠴᠣᠬᠢᠯᠲᠠ ᠥᠭᠴᠦ᠂ ᠭᠠᠷ

ᠤᠲᠠᠰᠤ ᠵᠡᠷᠭᠡ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠰᠢᠭᠯᠠᠨ ᠭᠡᠮ ᠬᠢᠬᠦ ᠠᠵᠢᠯᠯᠠᠭ᠎ᠠ ᠶᠢ

ᠰᠡᠷᠭᠡᠶᠢᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ︔ ᠰᠢᠯᠭᠠᠭᠤᠯᠤᠭᠴᠢ ᠳᠤ  ᠦᠢᠯᠡᠴᠢᠯᠡᠬᠦ ᠶᠢ ᠦᠷᠭᠦᠯᠵᠢᠯᠡᠨ

ᠰᠢᠯᠢᠳᠡᠭᠵᠢᠭᠦᠯᠵᠦ᠂ ᠰᠢᠯᠭᠠᠭᠤᠯᠤᠭᠴᠢ ᠶᠢᠨ ᠰᠢᠯᠭᠠᠯᠲᠠ ᠶᠢᠨ ᠬᠤᠭᠤᠴᠠᠭᠠᠨ ᠳᠠᠬᠢ ᠶᠠᠪᠤᠵᠤ ᠰᠠᠭᠤᠬᠤ᠂ ᠢᠳᠡᠬᠦ

ᠬᠤᠨᠣᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠳᠠᠭᠤ ᠱᠤᠤᠭᠢᠶᠠᠨ ᠢ ᠵᠠᠰᠠᠬᠤ ᠵᠡᠷᠭᠡ ᠣᠯᠠᠨ ᠲᠠᠯ᠎ᠠ ᠶᠢᠨ

ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠬᠤ ᠬᠡᠷᠡᠭᠲᠡᠢ︔ ᠬᠢᠨᠠᠨ ᠵᠢᠯᠣᠭᠤᠳᠴᠤ ᠪᠠᠶᠢᠴᠠᠭᠠᠬᠤ ᠪᠠᠨ ᠲᠠᠰᠤᠷᠠᠯᠲᠠ

ᠥᠬᠡᠶ ᠴᠢᠩᠭᠠᠳᠬᠠᠵᠤ᠂ ᠡᠨᠡ ᠤᠳᠠᠭᠠᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ

᠎ ᠤᠨ ᠨᠢᠭᠡᠳᠦᠯᠲᠡᠢ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ᠂ ᠠᠮᠤᠷ ᠲᠣᠭᠲᠠᠭᠤᠨ ᠡᠮᠬᠢ ᠵᠢᠷᠤᠮ ᠲᠠᠢ

ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠬᠡᠰᠢᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠪᠦᠦ ᠵᠢᠶᠠᠨ ᠵᠦᠩ ᠪᠠᠶᠢᠴᠠᠭᠠᠨ

ᠰᠣᠳᠤᠯᠬᠤ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号