ᠥᠪᠥᠷ ᠮᠣᠩᠭᠤᠯ ᠤᠨ 2024 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠡᠨᠡ ᠡᠳᠦᠷ ᠠᠮᠵᠢᠯᠲᠠᠲᠠᠢ ᠡᠬᠢᠯᠡᠪᠡ︕ ᠰᠢᠯᠭᠠᠯᠲᠠ ᠶᠢᠨ ᠠᠬᠤᠢ ᠲᠠᠯᠠᠪᠠᠢ
ᠨᠡᠶᠢᠲᠡᠯᠡᠭᠰᠡᠨ ᠴᠠᠭ᠄
2024/6/7
      ᠮᠠᠨ ᠤ ᠣᠷᠣᠨ ᠤ 2024 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠡᠨᠡ ᠡᠳᠦᠷ  ᠠᠮᠵᠢᠯᠲᠠᠲᠠᠢ ᠡᠬᠢᠯᠡᠪᠡ᠃ 2024 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠭᠰᠠᠨ ᠬᠥᠮᠦᠨ ᠤ ᠲᠤᠭ᠎ᠠ 16.3 ᠲᠦᠮᠡ ᠪᠣᠢ᠃ ᠪᠦᠬᠦ ᠣᠷᠣᠨ ᠤ 12 ᠠᠶᠢᠮᠠᠭ ᠬᠤᠲᠠ ᠳᠤ 104 ᠰᠢᠯᠭᠠᠯᠲᠠ ᠶᠢᠨ ᠣᠷᠣᠨ᠂ 194 ᠰᠢᠯᠭᠠᠯᠲᠠ ᠶᠢᠨ ᠴᠡᠭ᠂ 5693 ᠰᠢᠯᠭᠠᠯᠲᠠ ᠶᠢᠨ ᠲᠠᠯᠠᠪᠤᠷ ᠪᠠ 565 ᠪᠡᠯᠡᠳᠬᠡᠯ ᠰᠢᠯᠭᠠᠯᠲᠠ ᠶᠢᠨ ᠲᠠᠯᠠᠪᠤᠷ ᠭᠠᠷᠭᠠᠵᠤ᠂ ᠰᠢᠯᠭᠠᠯᠲᠠ ᠶᠢ ᠴᠥᠮ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠤᠷ ᠲᠤ ᠶᠠᠪᠤᠭᠳᠠᠭᠤᠯᠪᠠ᠃ ᠡᠨᠡ ᠤᠳᠠᠭᠠᠨ ᠤ ᠰᠢᠯᠭᠠᠯᠲᠠ 67 ᠵᠡᠮᠳᠡᠭ ᠰᠢᠯᠭᠠᠭᠤᠯᠤᠭᠴᠢ ᠳᠤ ᠵᠣᠬᠢᠰᠲᠠᠢ ᠳᠥᠭᠦᠮ ᠦᠵᠡᠭᠦᠯᠵᠦ᠂ ᠵᠡᠮᠳᠡᠭ ᠰᠢᠯᠭᠠᠭᠤᠯᠤᠭᠴᠢ ᠰᠢᠯᠭᠠᠯᠲᠠ ᠳᠤ ᠠᠮᠵᠢᠯᠲᠠᠲᠠᠢ ᠣᠷᠣᠯᠴᠠᠬᠤ ᠶᠢ ᠦᠨᠡᠨ ᠬᠦ ᠪᠠᠲᠤᠯᠠᠪᠠ᠃      ᠰᠢᠯᠭᠠᠯᠲᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠰᠤᠷᠤᠭᠴᠢ ᠡᠯᠰᠡᠬᠦ ᠵᠥᠪᠯᠡᠯ ᠴᠥᠮ ᠬᠠᠮᠲᠤᠷᠠᠨ ᠠᠵᠢᠯᠯᠠᠬᠤ ᠳᠦᠷᠢᠮ ᠢ ᠪᠠᠶᠢᠭᠤᠯᠵᠤ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠠᠵᠤ ᠦᠢᠯᠡᠳᠪᠦᠷᠢ ᠶᠢᠨ ᠮᠡᠳᠡᠭᠡ ᠵᠠᠩᠭᠢ ︵ᠵᠥᠪᠯᠡᠯ ᠠᠯᠪᠠᠨ ᠭᠡᠷ ᠦᠭᠡᠢ︶᠂ ᠴᠢᠮᠡᠭᠡ ᠬᠤᠯᠪᠣᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠠᠬᠢᠯᠭᠠᠨ ᠬᠦᠴᠦᠨ ᠵᠡᠷᠭᠡ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠪᠠ ᠡᠯ᠎ᠡ ᠠᠶᠢᠮᠠᠭ ᠬᠤᠲᠠ ᠶᠢᠨ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠠᠪᠤᠳᠠᠯ ᠢ ᠵᠢᠯᠣᠭᠤᠳᠬᠤ           ᠲᠥᠪ︾᠎ ᠲᠤ ᠲᠥᠪᠯᠡᠷᠡᠭᠦᠯᠦᠨ ᠠᠵᠢᠯᠯᠠᠭᠤᠯᠵᠤ᠂ ᠰᠢᠯᠭᠠᠯᠲᠠ ᠶᠢᠨ ᠬᠤᠭᠤᠴᠠᠭᠠᠨ ᠳᠠᠬᠢ ᠴᠢᠬᠤᠯᠠ ᠶᠡᠭᠡ ᠪᠠ ᠭᠡᠨᠡᠳᠲᠡ ᠶᠢᠨ ᠬᠡᠷᠡᠭ ᠢ ᠵᠣᠬᠢᠰᠲᠠᠢ ᠰᠢᠢᠳᠪᠦᠷᠢᠯᠡᠪᠡ᠃ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠢᠩᠬᠢᠮ ᠤᠨ ᠤᠳᠤᠷᠢᠳᠤᠯᠭ᠎ᠠ ᠶᠢ ᠰᠣᠩᠭᠤᠨ ᠲᠣᠮᠢᠯᠠᠵᠤ᠂ 56 ᠲᠣᠭᠤᠷᠢᠨ ᠪᠠᠶᠢᠴᠠᠭᠠᠭᠴᠢ ᠣᠯᠠᠨ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠤᠨ  ᠪᠦᠬᠦ ᠣᠷᠣᠨ ᠤ ᠡᠯ᠎ᠡ ᠰᠢᠯᠭᠠᠯᠲᠠ ᠎ ᠶᠢᠨ ᠴᠡᠭ ᠲᠤ ᠬᠦᠷᠴᠦ ᠰᠢᠯᠭᠠᠯᠲᠠ ᠶᠢᠨ ᠲᠠᠯᠠᠪᠤᠷ ᠢ ᠪᠦᠬᠦ ᠶᠠᠪᠤᠴᠠ ᠳᠤ ᠲᠣᠭᠤᠷᠢᠨ ᠪᠠᠶᠢᠴᠠᠭᠠᠵᠤ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠠᠮᠵᠢᠯᠲᠠᠲᠠᠢ ᠶᠠᠪᠤᠭᠳᠠᠬᠤ ᠶᠢ ᠪᠦᠬᠦ ᠬᠦᠴᠦᠨ ᠢᠶᠠᠷ ᠪᠠᠲᠤᠯᠠᠪᠠ᠃

1.png

2.png

3.png

4.png

5.png

6.png

7.png

8.png

9.png

10.png

11.png

12.png

      ᠪᠦᠬᠦ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠢᠯᠭᠠᠯᠲᠠ ᠲᠠᠯᠠᠪᠤᠷ ᠤᠨ ᠭᠠᠳᠠᠨ᠎ᠠ

︽ᠰᠢᠯᠭᠠᠯᠲᠠ ᠳᠤ ᠲᠤᠰᠠᠯᠠᠬᠤ ᠭᠤᠣᠯ ᠬᠦᠴᠦᠨ︾ ᠪᠣᠯᠵᠤ᠂ ᠤᠯᠤᠰ ᠤᠨ ᠰᠢᠯᠭᠠᠯᠲᠠ ᠶᠢᠨ ᠠᠮᠤᠷ ᠲᠦᠪᠰᠢᠨ ᠤ

ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ᠂ ᠰᠢᠯᠭᠠᠯᠲᠠ ᠶᠢᠨ ᠦᠢᠯᠡᠴᠢᠯᠡᠭᠡ ᠶᠢ  ᠰᠢᠯᠢᠳᠡᠭᠵᠢᠭᠦᠯᠵᠦ᠂ ᠡᠩ ᠤᠨ

ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠵᠢᠯᠲᠠᠲᠠᠢ

ᠶᠠᠪᠤᠭᠳᠠᠬᠤ ᠶᠢ ᠪᠠᠲᠤᠯᠠᠪᠠ᠃

   

13.png

14.png

15.png

16.png

17.png

18.png

19.webp.jpg

           ᠴᠢᠷᠮᠠᠢ︕ ᠴᠢᠷᠮᠠᠢ︕ ᠴᠢᠷᠮᠠᠢ︕

           ᠰᠢᠯᠭᠠᠯᠲᠠ ᠶᠢᠨ ᠥᠨᠳᠦᠷ ᠠᠮᠵᠢᠯᠲᠠ ᠬᠦᠰᠡᠶ᠎ᠡ︕

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号