ᠶᠠᠪᠤᠵᠤ ᠰᠤᠷᠤᠯᠴᠠᠬᠤ ᠤᠯᠤᠰ ᠲᠥᠷᠦ ᠦᠵᠡᠯ ᠰᠠᠨᠠᠭᠠᠨ ᠤ ᠬᠢᠴᠢᠶᠡᠯ — ᠰᠢᠯᠢ ᠭᠤᠣᠯ ᠠᠶᠢᠮᠠᠭ ᠪᠦᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/7/10
      ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ ᠤᠨ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢ ᠥᠷᠨᠢᠭᠦᠯᠪᠡ᠃   

1.webp.png

      ᠠᠬᠢᠭᠤᠯᠬᠤ ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ︽ᠬᠥᠳᠡᠯᠮᠦᠷᠢ ᠶᠢᠨ ᠵᠢᠱᠢᠶᠡᠴᠢ ᠤᠷᠠᠨ

ᠳᠠᠷᠬᠠᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠡᠬᠢᠯᠡᠭᠦᠯᠦᠭᠰᠡᠨ ᠪᠥᠭᠡᠳ ︽ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ︾᠎ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ

ᠲᠤᠬᠠᠶᠢᠯᠠᠪᠠᠯ᠂ ᠵᠠᠯᠠᠭᠤᠴᠤᠳ ᠪᠠᠭᠠᠴᠤᠳ ᠎ ᠤᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠰᠤᠷᠭᠠᠨ

ᠬᠥᠮᠦᠵᠢᠯ ᠤᠨ ᠰᠠᠭᠤᠷᠢᠨ ᠭᠠᠵᠠᠷ ᠢ ᠨᠡᠶᠢᠲᠡᠯᠡᠪᠡ᠃ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ

ᠲᠣᠪᠴᠢᠶ᠎ᠠ᠂ ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠥᠪᠥᠷ

ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠎ ᠤᠨ ᠳᠡᠭᠡᠳᠦ

ᠰᠤᠷᠭᠠᠭᠤᠯᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ

ᠨᠢᠭᠡ ᠴᠣᠭᠴᠠᠵᠢᠭᠤᠯᠬᠤ ᠬᠠᠮᠲᠤ ᠶᠢᠨ ᠴᠣᠭᠴᠠ ᠶᠢᠨ ᠲᠥᠷᠥᠯ ᠵᠦᠢᠯ ᠢ ᠡᠬᠢᠯᠡᠭᠦᠯᠪᠡ᠃ ᠬᠤᠷᠠᠯ ᠳᠡᠭᠡᠷ᠎ᠡ ᠰᠢᠯᠢ ᠶᠢᠨ

ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠨᠠᠷ ︽ᠳᠤᠮᠳᠠᠳᠤ ᠶᠢᠨ ᠦᠨᠳᠦᠰᠦᠲᠡᠨ ᠤ ᠬᠠᠮᠲᠤ

᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ︿ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ

ᠤᠴᠢᠷ﹀᠎ ᠢ ᠭᠦᠨᠵᠡᠭᠡᠢ ᠡᠵᠡᠮᠳᠡᠬᠦ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃

      ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢᠨ

ᠰᠣᠯᠢᠯᠴᠠᠭᠠᠨ ᠤ ᠦᠵᠡᠭᠦᠯᠭᠡ ᠶᠢᠨ ᠭᠤᠭᠴᠤᠭ᠎ᠠ ᠳᠤ᠂ ᠦᠵᠡᠯ ᠰᠠᠨᠠᠭ᠎ᠠ ᠤᠯᠤᠰ ᠲᠥᠷᠥ ᠶᠢᠨ ᠰᠢᠨᠵᠢᠯᠡᠭᠡᠨ ᠤ

ᠰᠠᠯᠠᠭᠠᠨ ᠤ 4 ᠪᠠᠭᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠭᠤᠣᠯ ᠰᠡᠳᠦᠪ ᠤᠨ ᠲᠣᠭᠤᠷᠢᠨ ᠳᠤ᠂ ᠵᠢᠭᠠᠬᠤ ᠮᠠᠲ᠋ᠧᠷᠢᠶᠠᠯ ᠪᠣᠯᠤᠨ ᠰᠤᠷᠤᠯᠭ᠎ᠠ ᠶᠢᠨ ᠪᠠᠶᠢᠳᠠᠯ ᠠᠴᠠ

ᠡᠭᠦᠰᠴᠦ᠂ ᠡᠯ᠎ᠡ ᠰᠤᠷᠤᠯᠭ᠎ᠠ ᠶᠢᠨ ᠱᠠᠲᠤᠨ ᠤ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢᠨ ᠦᠵᠡᠭᠦᠯᠭᠡ ᠬᠢᠵᠡᠢ᠃

2.webp.png

      ᠳᠠᠷᠠᠭ᠎ᠠ ᠠᠯᠬᠤᠮ ᠳᠤ᠂ ᠰᠢᠯᠢ ᠶᠢᠨ ᠭᠤᠣᠯ ᠠᠶᠢᠮᠠᠭ ᠥᠪᠥᠷ ᠮᠣᠩᠭᠤᠯ ᠤᠨ ᠡᠳ᠋ ᠤᠨ ᠵᠠᠰᠠᠭ ᠠᠵᠤ

ᠠᠬᠤᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠢᠯᠣᠭᠤᠳᠣᠯᠭ᠎ᠠ ᠪᠠᠷ᠂

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠩᠭᠢᠯᠠᠭ᠎ᠠ ᠶᠢᠨ ᠬᠢᠴᠢᠶᠡᠯ ᠤᠨ ᠦᠢᠯᠡᠳᠦᠯ ᠢ

ᠪᠠᠳᠠᠷᠠᠭᠤᠯᠬᠤ ᠳᠤ ᠠᠩᠬᠠᠷᠤᠯ ᠢᠶᠠᠨ ᠬᠠᠨᠳᠤᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠲᠣᠭᠲᠠᠴᠠ ᠶᠢ ᠪᠠᠶᠢᠭᠤᠯᠤᠨ

ᠲᠡᠭᠦᠯᠳᠡᠷᠵᠢᠭᠦᠯᠬᠦ᠂ ᠪᠠᠭᠰᠢ ᠶᠢᠨ ᠪᠣᠯᠪᠠᠰᠤᠷᠠᠯ ᠢ ᠥᠷᠨᠢᠭᠦᠯᠬᠦ᠂ ᠳᠠᠭᠤᠷᠢᠶᠠᠯ ᠦᠵᠡᠭᠦᠯᠬᠦ ︽ᠠᠯᠲᠠᠨ ᠬᠢᠴᠢᠶᠡᠯ︾᠎ ᠢ

ᠪᠠᠶᠢᠭᠤᠯᠬᠤ᠂ ᠵᠢᠭᠠᠬᠤ ᠶᠢ ᠰᠤᠳᠤᠯᠬᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠨᠡᠶᠢᠭᠡᠮ ᠤᠨ

ᠦᠢᠯᠡᠳᠦᠯᠭᠡ ᠶᠢ ᠠᠬᠢᠭᠤᠯᠬᠤ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ

ᠬᠤᠪᠢᠶᠠᠯᠴᠠᠨ ᠡᠳ᠋ᠯᠡᠬᠦ ᠵᠡᠷᠭᠡ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂

ᠳᠡᠭᠡᠳᠦ ᠳᠣᠣᠷᠠᠳᠤ ᠱᠠᠲᠤ ᠪᠠᠷ ᠢᠶᠠᠨ ᠵᠣᠯᠭᠠᠯᠳᠤᠵᠤ᠂ ᠨᠡᠪᠲᠡᠷᠡᠭᠰᠡᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯᠠᠭᠤᠯᠤᠯᠲᠠ ᠶᠢ ᠪᠠᠶᠢᠭᠤᠯᠵᠤ᠂ ᠦᠵᠡᠯ ᠰᠠᠨᠠᠭ᠎ᠠ ᠤᠯᠤᠰ

ᠲᠥᠷᠥ ᠶᠢᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号