ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠶᠠᠪᠤᠭᠤᠯᠪᠠ ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠳᠤᠭ ᠣᠯᠭᠤᠵᠠᠢ
ᠨᠡᠶᠢᠲᠡᠯᠡᠭᠰᠡᠨ ᠴᠠᠭ᠄
2024/7/11
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢᠨ ᠲᠠᠰᠢᠷᠠᠮ ᠢᠶᠠᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 9 ᠤ ᠡᠳᠦᠷ ᠪᠡᠭᠡᠵᠢᠩ ᠳᠤ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠲᠤᠭ ᠣᠯᠭᠤᠪᠠ ᠃

6385622046604359766213242.jpg

      7 ᠰᠠᠷ᠎ᠠ ᠶᠢᠨ 9 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ

ᠣᠯᠭᠤᠬᠤ ᠶᠣᠰᠣᠯᠠᠯ ᠢ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠤᠯᠪᠠ ᠃ ᠨᠠᠮ ᠤᠨ ᠲᠥᠪ ᠬᠤᠷᠢᠶ᠎ᠠ ᠶᠢᠨ

ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ

ᠲᠡᠷᠢᠭᠦᠯᠡᠭᠴᠢ ᠰᠢ ᠶᠢᠨ ᠫᠢᠩ ︽ ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ ︾ ᠭᠡᠬᠦ ᠢᠷᠠᠭᠤ

ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠳ᠋ᠯᠢᠶᠤᠨ ᠤ

ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠭᠰᠠᠨ ᠪᠥᠭᠡᠳ ᠲᠤᠰ ᠰᠤᠮᠤᠨ ᠤ ᠳᠠᠷᠤᠭ᠎ᠠ ᠪᠠᠶᠢᠯᠳᠤᠭᠴᠢᠳ ᠤᠨ

ᠲᠥᠯᠥᠭᠡᠯᠡᠭᠴᠢ ᠲᠠᠢ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ 

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ

      ︽ 8 · 1 ︾ ᠲᠣᠮᠣ ᠠᠰᠠᠷ ᠤᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠂ ᠴᠡᠷᠢᠭ ᠠᠩᠭᠢ ᠶᠢᠨ ᠳᠠᠷᠤᠭ᠎ᠠ

ᠪᠠᠶᠢᠯᠳᠤᠭᠴᠢ ᠪᠣᠯᠣᠨ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢ ᠲᠡᠷᠢ ᠲᠡᠭᠰᠢ ᠵᠢᠭᠰᠠᠵᠤ ᠂ ᠠᠭᠤᠷ ᠠᠮᠢᠰᠬᠤᠯ

ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠲᠠᠢ ᠪᠠᠶᠢᠯ᠎ᠠ ᠃ ᠦᠳᠡ ᠶᠢᠨ ᠬᠤᠶᠢᠨᠠᠬᠢ 3 ᠴᠠᠭ 30

ᠮᠢᠨᠦ᠋ᠲ ᠤᠨ ᠦᠶ᠎ᠡ ᠪᠠᠷ ᠂ 18 ᠶᠣᠰᠣᠯᠠᠯ ᠤᠨ ᠴᠡᠷᠢᠭ ᠲᠥᠪ ᠠᠯᠬᠤᠮ ᠢᠶᠠᠷ ᠲᠠᠯᠠᠪᠠᠢ ᠳᠤ ᠠᠯᠬᠤᠨ ᠣᠷᠣᠵᠤ ᠂ 

ᠫᠤᠤ ᠠᠳᠬᠤᠨ ᠬᠤᠶᠠᠷ ᠲᠠᠯ᠎ᠠ ᠪᠠᠷ ᠵᠣᠭᠰᠣᠵᠤ ᠂ ᠴᠣᠯᠠ ᠣᠯᠭᠤᠬᠤ ᠶᠣᠰᠣᠯᠠᠯ ᠡᠬᠢᠯᠡᠬᠦ ᠳᠤ ᠲᠠᠯᠠᠪᠠᠢ ᠳᠠᠶᠠᠭᠠᠷ ᠢᠶᠠᠨ

ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ ᠃ ᠨᠠᠮ ᠤᠨ

ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ

ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠲᠥᠪ ᠤᠨ

ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠭᠤᠬᠤ ᠵᠠᠷᠯᠢᠭ ᠢ ᠤᠩᠰᠢᠨ ᠨᠡᠶᠢᠲᠡᠯᠡᠵᠦ ᠂ 

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠣᠰᠣᠯᠠᠯ ᠢ ᠡᠷᠭᠢᠯᠡᠪᠡ᠃

      ᠢᠳᠡ ᠬᠦᠴᠦᠲᠡᠢ ︽ ᠠᠷᠠᠳ ᠤᠨ ᠴᠡᠷᠢᠭ ᠠᠩᠭᠢ ᠨᠠᠮ ᠳᠠᠭᠠᠨ ᠦᠨᠡᠨᠴᠢ ︾ ᠭᠡᠬᠦ ᠬᠥᠭᠵᠢᠮ ᠤᠨ ᠳᠤᠮᠳᠠ ᠂ 

ᠰᠢ ᠶᠢᠨ ᠫᠢᠩ ︽ ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ ︾ ᠭᠡᠬᠦ ᠢᠷᠠᠭᠤ ᠠᠯᠳᠠᠷ ᠤᠨ ᠴᠣᠯᠠ

ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠳ᠋ᠯᠢᠶᠤᠨ ᠤ ᠬᠤᠶᠠᠳᠤᠭᠠᠷ

ᠰᠤᠮᠤ ᠳᠤ ᠱᠠᠩᠨᠠᠯ ᠤᠨ ᠲᠤᠭ ᠣᠯᠭᠤᠪᠠ ᠃ ᠰᠤᠮᠤᠨ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ

ᠰᠢ ᠶᠢᠨ ᠫᠢᠩ ᠳᠤ ᠶᠣᠰᠣᠯᠠᠵᠤ ᠂ ᠱᠠᠩᠨᠠᠯ ᠤᠨ ᠲᠤᠭ ᠢ ᠲᠥᠪ ᠴᠢᠩᠭ᠎ᠠ ᠪᠠᠷ ᠲᠤᠰᠴᠤ ᠠᠪᠤᠪᠠ ᠃ ᠰᠢ ᠶᠢᠨ ᠫᠢᠩ 

ᠲᠡᠳᠡᠨ ᠳᠤ ᠳᠣᠲᠣᠨᠣ ᠮᠡᠨᠳᠦᠴᠢᠯᠡᠯ ᠬᠦᠷᠭᠡᠵᠦ ᠂ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ 

ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃

      ᠴᠣᠯᠠ ᠣᠯᠭᠤᠬᠤ ᠶᠣᠰᠣᠯᠠᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠩᠭᠢᠨᠠᠮ᠎ᠠ

ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ ᠃

      ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ

ᠮᠢᠨ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ

ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠶᠢᠨ ᠲᠥᠯᠥᠭᠡᠯᠡᠭᠴᠢᠳ ᠶᠣᠰᠣᠯᠠᠯ ᠳᠤ

ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号