ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/7/17
      ᠡᠷᠴᠢ ᠵᠣᠷᠢᠭ ᠢᠶᠠᠨ ᠬᠥᠪᠴᠢᠯᠡᠨ ᠡᠷᠡᠮᠡᠬᠡᠶᠢᠯᠡᠨ ᠤᠷᠤᠭᠰᠢᠯᠠᠵᠤ᠂ ᠵᠠᠯᠠᠭᠤ ᠨᠠᠰᠤᠨ ᠤ ᠴᠤᠭ ᠵᠢᠪᠬᠤᠭ᠎ᠠ ᠤᠮᠠᠷᠠᠲᠤ ᠬᠢᠯᠢ ᠶᠢ ᠭᠡᠶᠢᠭᠦᠯᠦᠨᠡᠮ᠃ 7 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠳᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠡᠬᠢᠯᠡᠯᠲᠡ ᠶᠢᠨ ᠦᠭᠡ ᠬᠡᠯᠡᠪᠡ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠤᠭᠲᠤᠬᠤ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠢ ᠡᠷᠬᠢᠯᠡᠪᠡ᠃   

1.png

2.png

      ᠦᠳᠡ ᠶᠢᠨ ᠡᠮᠦᠨᠡᠬᠢ 9 ᠴᠠᠭ ᠲᠤ᠂ ︽ᠤᠯᠠᠭᠠᠨ ᠲᠤᠭ ᠤᠨ ᠮᠠᠭᠲᠠᠭᠠᠯ︾ ᠭᠡᠬᠦ ᠠᠶᠠᠰ ᠎ ᠤᠨ ᠳᠤᠮᠳᠠ᠂ ᠲᠤᠭ

ᠬᠠᠮᠠᠭᠠᠯᠠᠬᠤ ᠠᠩᠭᠢ ᠢᠳᠡᠷᠡᠭᠦᠨ ᠠᠯᠬᠤᠭ᠎ᠠ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ ᠢ

ᠬᠠᠮᠠᠭᠠᠯᠠᠨ ᠲᠠᠯᠠᠪᠠᠢ ᠳᠤ ᠣᠷᠣᠵᠤ ᠢᠷᠡᠪᠡ᠃ ᠳᠠᠷᠠᠭ᠎ᠠ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ

ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠪᠣᠯᠤᠨ ᠲᠥᠯᠥᠭᠡᠯᠡᠭᠴᠢᠳ ᠤᠨ ᠪᠦᠯᠬᠦᠮ ᠳᠡᠰ

ᠳᠠᠷᠠᠭᠠᠯᠠᠨ ᠲᠠᠯᠠᠪᠠᠢ ᠳᠤ ᠣᠷᠣᠪᠠ᠃ 12 ᠠᠶᠢᠮᠠᠭ ᠬᠤᠲᠠ ᠶᠢᠨ ᠲᠥᠯᠥᠭᠡᠯᠡᠭᠴᠢᠳ ᠤᠨ ᠪᠦᠯᠬᠦᠮ ᠲᠤᠰ ᠲᠤᠰ ᠤᠨ

ᠣᠨᠴᠠᠯᠢᠭᠲᠤ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠳᠡᠯᠭᠡᠨ ᠦᠵᠡᠭᠦᠯᠵᠦ᠂

ᠬᠥᠮᠦᠰ ᠤᠨ ᠠᠩᠬᠠᠷᠤᠯ ᠢ ᠶᠡᠬᠡᠳᠡ ᠲᠠᠲᠠᠪᠠ᠃ ᠲᠣᠮᠣ ᠬᠡᠯᠪᠡᠷᠢᠲᠦ ᠰᠣᠶᠣᠯ ᠪᠡᠶ᠎ᠡ ᠶᠢᠨ ᠲᠠᠮᠢᠷ ᠤᠨ ᠲᠣᠭᠯᠠᠯᠲᠠ

︽ᠠᠮᠢᠵᠢᠷᠠᠯ ᠤᠨ ᠬᠦᠴᠦᠨ ᠪᠢᠯᠬᠠᠭᠰᠠᠨ ᠤᠯᠠᠭᠠᠨᠴᠠᠪ · ᠴᠤᠭ ᠵᠢᠪᠬᠤᠭ᠎ᠠ ᠪᠠᠳᠠᠷᠠᠭᠤᠯᠤᠭᠰᠠᠨ ᠵᠠᠯᠠᠭᠤᠴᠤᠳ ᠤᠨ

ᠦᠪᠡᠳᠡᠭᠰᠢ ᠴᠤᠭᠯᠠᠭᠠᠨ︾᠎ ᠨᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠤᠣᠯ ᠬᠥᠭ ᠠᠶᠠᠰ ᠢ ᠢᠮᠠᠭᠲᠠ

ᠲᠤᠭᠤᠰᠢᠯᠠᠭᠤᠯᠤᠭᠰᠠᠨ ᠪᠥᠭᠡᠳ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂

ᠬᠥᠳᠡᠯᠮᠦᠷᠢ ᠶᠢᠨ ᠬᠦᠴᠦᠨ ᠵᠦᠢᠯ ᠢ ᠣᠷᠭᠠᠨᠢᠭ ᠢᠶᠠᠷ ᠠᠭᠤᠰᠬᠠᠨ᠂ ᠰᠢᠨ᠎ᠡ ᠴᠠᠭ ᠦᠶ᠎ᠡ ᠶᠢᠨ ᠮᠠᠨ ᠤ ᠣᠷᠣᠨ ᠤ

ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠢᠳᠡᠪᠬᠢᠲᠡᠢ ᠥᠭᠡᠳᠡᠷᠬᠡᠭ᠂ ᠴᠤᠭ ᠪᠠᠳᠠᠷᠠᠩᠭᠤᠢ ᠣᠶᠤᠨ ᠰᠠᠨᠠᠭᠠᠨ ᠤ

ᠳᠦᠷᠰᠦ ᠪᠠᠶᠢᠳᠠᠯ ᠢ ᠢᠯᠡᠷᠡᠭᠦᠯᠪᠡ᠃

 

3.webp.png

4.png

5.png

6.png

7.png

8.png

9.png

 

10.png

 

11.png

      ᠲᠤᠰ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠰᠤᠷᠭᠠᠨ

ᠬᠥᠮᠦᠵᠢᠯ ᠪᠠ ᠪᠡᠶ᠎ᠡ ᠶᠢᠨ ᠲᠠᠮᠢᠷ ᠢ ᠠᠭᠤᠰᠬᠠᠭᠰᠠᠨ᠂ ᠤᠷᠤᠯᠳᠤᠭᠠᠨ ᠪᠠ ᠰᠣᠯᠢᠯᠴᠠᠭ᠎ᠠ ᠶᠢ ᠵᠡᠷᠭᠡᠴᠡᠭᠦᠯᠦᠭᠰᠡᠨ

ᠵᠠᠯᠠᠭᠤᠴᠤᠳ ᠤᠨ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠦᠭᠡᠢ᠂ ᠪᠠᠰᠠ ᠡᠯ᠎ᠡ ᠠᠶᠢᠮᠠᠭ ᠬᠤᠲᠠ ᠶᠢᠨ

ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ᠂ ᠠᠵᠢᠯ ᠤᠨ ᠴᠢᠯᠥᠭᠡᠨ ᠤ ᠪᠡᠶ᠎ᠡ ᠶᠢᠨ

ᠲᠠᠮᠢᠷ ᠤᠨ ᠪᠣᠯᠪᠠᠰᠤᠷᠠᠯ ᠤᠨ ᠦᠷ᠎ᠡ ᠪᠦᠲᠦᠭᠡᠯ ᠢ ᠰᠢᠯᠭᠠᠨ ᠦᠵᠡᠵᠦ᠂ ᠨᠡᠩ ᠴᠤ ᠰᠢᠨ᠎ᠡ ᠴᠠᠭ ᠦᠶ᠎ᠡ ᠶᠢᠨ

ᠵᠠᠯᠠᠭᠤᠴᠤᠳ ᠪᠠᠭᠠᠴᠤᠳ ᠤᠨ ᠡᠬᠡ ᠣᠷᠣᠨᠴᠢ ᠰᠡᠳᠬᠢᠯᠭᠡ ᠶᠢ ᠵᠤᠵᠠᠭᠠᠳᠬᠠᠵᠤ᠂ ᠴᠤᠭ ᠪᠠᠳᠠᠷᠠᠩᠭᠤᠢ ᠳᠦᠷᠰᠦ

ᠪᠠᠶᠢᠳᠠᠯ ᠢ ᠢᠯᠡᠷᠡᠭᠦᠯᠬᠦ ᠲᠠᠪᠴᠠᠩ ᠪᠣᠯᠤᠨ᠎ᠠ᠃ ᠣᠶᠢᠷ᠎ᠠ ᠶᠢᠨ ᠵᠢᠯ᠂ ᠪᠦᠬᠦ ᠣᠷᠣᠨ ᠤ ᠰᠤᠷᠭᠠᠨ ᠬᠥᠮᠦᠵᠢᠯ ᠤᠨ

ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ᠂

ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠥᠳᠲᠡᠷ ᠲᠦᠷᠭᠡᠨ ᠪᠦᠲᠦᠭᠡᠨ ᠪᠠᠶᠢᠭᠤᠯᠬᠤ ᠲᠤᠬᠠᠢ ᠴᠢᠬᠤᠯᠠ

ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢ ᠪᠣᠢ

ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠲᠠᠪᠤᠨ ᠬᠥᠮᠦᠵᠢᠯ ᠢ ᠵᠡᠷᠭᠡ ᠪᠠᠷ

ᠴᠢᠬᠤᠯᠠᠴᠢᠯᠠᠬᠤ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠪᠡᠶ᠎ᠡ ᠶᠢᠨ ᠲᠠᠮᠢᠷ ᠤᠨ ᠬᠥᠮᠦᠨ︾

ᠪᠣᠯᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠪᠦᠬᠦ ᠣᠷᠣᠨ ᠤ ᠡᠯ᠎ᠡ

ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂

ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ ᠪᠠᠷ

ᠳᠠᠮᠵᠢᠭᠤᠯᠤᠨ᠂ ᠵᠠᠯᠠᠭᠤᠴᠤᠳ ᠪᠠᠭᠠᠴᠤᠳ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ

ᠠᠬᠢᠭᠤᠯᠵᠤ᠂ ᠥᠷᠭᠡᠨ ᠣᠯᠠᠨ ᠰᠤᠷᠤᠭᠴᠢ ᠳᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠶᠠᠪᠤᠴᠠ ᠳᠤ ᠪᠠᠶᠠᠷ

ᠪᠠᠭ᠋ᠠᠳᠤᠯ ᠢ ᠡᠳ᠋ᠯᠡᠭᠦᠯᠵᠦ᠂ ᠪᠡᠶ᠎ᠡ ᠮᠠᠬᠠᠪᠣᠳ ᠢ ᠨᠢ ᠪᠣᠯᠪᠠᠰᠤᠷᠠᠭᠤᠯᠤᠨ᠂ ᠵᠠᠩ ᠴᠢᠨᠠᠷ ᠢ ᠨᠢ ᠪᠦᠷᠢᠨᠰᠢᠭᠦᠯᠵᠦ᠂ ᠵᠣᠷᠢᠭ

ᠰᠠᠨᠠᠭ᠎ᠠ ᠢ ᠨᠢ ᠳᠠᠪᠲᠠᠨ ᠪᠣᠯᠪᠠᠰᠤᠷᠠᠭᠤᠯᠪᠠ᠃

      ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠨᠳᠦ ᠬᠥᠩᠭᠡᠨ ᠪᠡᠶ᠎ᠡ ᠶᠢᠨ ᠲᠠᠮᠢᠷ᠂ ᠰᠠᠭᠰᠤᠨ ᠪᠥᠮᠪᠦᠭᠡ᠂ ᠬᠥᠯ

ᠪᠥᠮᠪᠦᠭᠡ᠂ ᠠᠯᠠᠭᠠᠳᠠᠬᠤ ᠪᠥᠮᠪᠦᠭᠡ᠂ ᠫᠢᠡᠭᠫᠠᠨᠭ᠌ ᠪᠥᠮᠪᠦᠭᠡ᠂ ᠲᠣᠣᠷ ᠪᠥᠮᠪᠦᠭᠡ᠂ ᠵᠡᠪᠰᠡᠭ ᠤᠨ ᠡᠷᠳᠡᠮ᠂ ᠭᠤᠸᠠᠵᠢᠯ

ᠬᠢᠮᠨᠠᠰᠲ᠋ᠢᠺ ︵ᠬᠥᠭᠵᠢᠶᠡᠨᠲᠦ ᠪᠡᠶ᠎ᠡ ᠶᠢᠨ ᠲᠠᠮᠢᠷ︶᠂ ᠳᠡᠭᠡᠳᠦ ᠦᠰᠦᠷᠬᠦ᠂ ᠪᠥᠬᠡ ᠪᠠᠷᠢᠯᠳᠤᠬᠤ ᠵᠡᠷᠭᠡ 10 ᠶᠡᠭᠡ

ᠲᠥᠷᠥᠯ᠂ 170 ᠪᠠᠭ᠎ᠠ ᠲᠥᠷᠥᠯ ᠤᠨ ᠪᠡᠶ᠎ᠡ ᠶᠢᠨ ᠲᠠᠮᠢᠷ ᠢ ᠪᠠᠭᠲᠠᠭᠠᠵᠤ᠂ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠳᠤᠭᠤᠶᠢᠯᠠᠩ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠬᠤᠪᠢᠶᠠᠨ

ᠲᠣᠬᠢᠷᠠᠭᠤᠯᠬᠤ ᠶᠢᠨ ᠬᠠᠮᠲᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠮᠡᠷᠭᠡᠵᠢᠯ ᠴᠢᠳᠠᠪᠤᠷᠢ ᠶᠢ ᠳᠡᠯᠭᠡᠨ

ᠦᠵᠡᠭᠦᠯᠬᠦ ᠠᠵᠢᠯᠯᠠᠭ᠎ᠠ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠯᠢᠳᠡᠭ ᠬᠡᠷᠡᠭ ᠎ ᠤᠨ ᠵᠢᠱᠢᠶ᠎ᠡ ᠶᠢ ᠪᠡᠶ᠎ᠡ ᠶᠢᠨ

ᠲᠠᠮᠢᠷ ᠤᠨ ᠶᠡᠷᠦᠩᠬᠡᠢ ᠬᠤᠪᠢ ᠳᠤ ᠣᠷᠣᠭᠤᠯᠤᠨ᠎ᠠ᠃ ᠪᠦᠬᠦ ᠣᠷᠣᠨ ᠤ 12 ᠠᠶᠢᠮᠠᠭ ᠬᠤᠲᠠ ᠶᠢᠨ ᠲᠦᠮᠡ ᠰᠢᠬᠠᠮ

ᠪᠠᠭᠰᠢ ᠰᠤᠷᠤᠭᠴᠢᠳ ᠪᠡᠶ᠎ᠡ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠤᠷᠤᠯᠳᠤᠭᠠᠨ ᠪᠠ ᠠᠵᠢᠯᠯᠠᠭ᠎ᠠ ᠳᠤ

ᠣᠷᠣᠯᠴᠠᠵᠤ᠂ ᠥᠩᠭᠡᠷᠡᠭᠰᠡᠨ ᠵᠢᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠰᠤᠷᠭᠠᠭᠤᠯᠢ ᠶᠢᠨ

ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠡᠪᠴᠢᠶ᠎ᠡ ᠪᠠᠷ ᠬᠠᠮᠤᠭ ᠤᠨ ᠶᠡᠭᠡ ᠨᠢᠭᠡ ᠬᠤᠭᠤᠴᠠᠭ᠎ᠠ

ᠪᠣᠯᠤᠨ᠎ᠠ᠃

   

12.png

13.png

14.png

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号