ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠭᠤᠷᠢ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/2
      ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠡᠮᠬᠢᠯᠡᠨ ᠳ᠋ᠦᠩᠨᠡᠵᠦ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠰᠢᠰᠲ᠋ᠧᠮ ᠲᠠᠢ ᠲᠣᠬᠢᠷᠠᠭᠤᠯᠤᠨ ᠪᠠᠶᠢᠷᠢᠯᠠᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠭᠤᠷᠢ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ  ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠦᠨᠡᠯᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠢ ᠡᠷᠬᠢᠯᠡᠪᠡ᠃   

1.webp.png

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ

ᠳᠣᠪᠴᠢᠶᠠᠨ ᠤ ᠭᠤᠣᠯ ᠬᠠᠷᠢᠭᠤᠴᠠᠯᠭᠠᠲᠠᠨ ᠨᠠᠷ ᠡᠯ᠎ᠡ ᠭᠠᠵᠠᠷ ᠤᠨ ᠰᠠᠭᠤᠷᠢ ᠰᠤᠷᠭᠠᠨ ᠬᠥᠮᠦᠵᠢᠯ ᠤᠨ

ᠬᠦᠷᠢᠶᠡᠨ ᠳᠠᠬᠢ ᠣᠯᠤᠭᠰᠠᠨ ᠠᠮᠵᠢᠯᠲᠠ ᠪᠦᠲᠦᠮᠵᠢ᠂ ᠣᠳᠣᠬᠠᠨ ᠤ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ

ᠦᠭᠡᠢ ᠲᠠᠯ᠎ᠠ ᠪᠣᠯᠤᠨ ᠪᠠᠭᠤᠷᠠᠢ ᠲᠠᠯ᠎ᠠ ᠪᠠ ᠳᠠᠷᠠᠭᠠᠴᠢ ᠶᠢᠨ ᠱᠠᠲᠤᠨ ᠤ ᠠᠵᠢᠯ ᠤᠨ ᠭᠤᠣᠯ ᠬᠠᠷᠠᠯᠲᠠ᠂ ᠪᠣᠳᠠᠲᠠᠢ

ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠦ ᠶᠠᠷᠢᠶ᠎ᠠ ᠲᠠᠯᠪᠢᠪᠠ᠃ ᠲᠢᠩᠬᠢᠮ ᠤᠨ ᠤᠳᠤᠷᠢᠳᠬᠤ

ᠪᠠᠭ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠦᠨᠡᠯᠡᠯᠲᠡ ᠬᠢᠪᠡ᠃

      ᠬᠤᠷᠠᠯ ᠠᠴᠠ᠂ ᠡᠯ᠎ᠡ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠴᠠᠭᠠᠰᠢᠲᠠ ᠳᠡᠭᠡᠭᠰᠢᠯᠡᠭᠦᠯᠵᠦ᠂

ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ

ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠤᠯᠤᠰ ᠤᠨ ᠨᠡᠶᠢᠳᠡᠮ

ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ

ᠲᠠᠯ᠎ᠠ ᠪᠠᠷ ᠴᠢᠩᠭᠠᠳᠬᠠᠵᠤ᠂ ᠰᠤᠷᠭᠠᠭᠤᠯᠢ ᠶᠢᠨ ᠣᠨᠴᠠᠯᠢᠭ ᠪᠠ ᠳᠤᠮᠳᠠᠳᠤ ᠪᠠᠭ᠎ᠠ ᠰᠤᠷᠭᠠᠭᠤᠯᠢ ᠶᠢᠨ

ᠰᠤᠷᠤᠭᠴᠢᠳ ᠤᠨ ᠬᠠᠷᠠᠭᠠᠰᠤ ᠠᠴᠠ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂

ᠣᠨᠴᠠᠯᠢᠭ ᠢᠯᠡ ᠲᠣᠳᠣ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ

ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ︵ᠠᠶᠢᠮᠠᠭ︶ ᠪᠠᠶᠢᠯᠳᠤᠬᠤ

ᠪᠣᠳᠣᠯᠭ᠎ᠠ ᠶᠢᠨ ᠲᠥᠯᠥᠪᠵᠢᠭᠦᠯᠭᠡ ᠶᠢ ᠤᠷᠢᠳᠴᠢᠯᠠᠨ ᠲᠥᠯᠥᠪᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ

ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢ

ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠶᠡᠷᠦᠩᠬᠡᠶᠢᠯᠡᠭᠰᠡᠨ

ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠴᠢᠨᠠᠷᠯᠢᠭ ᠬᠥᠭᠵᠢᠯᠲᠡ ᠶᠢ ᠰᠠᠭᠤᠷᠢ ᠰᠤᠷᠭᠠᠨ

ᠬᠥᠮᠦᠵᠢᠯ ᠤᠨ ᠠᠮᠢᠨ ᠰᠤᠳᠠᠰᠤ ᠪᠣᠯᠭᠠᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠦᠨ ᠰᠢᠯᠢᠳᠡᠭ ᠢ ᠥᠷᠭᠡᠳᠭᠡᠵᠦ ᠵᠢᠷᠤᠮᠵᠢᠭᠤᠯᠤᠨ ᠬᠥᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠬᠤ

ᠬᠡᠷᠡᠭᠲᠡᠢ᠃ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠭᠤᠷᠪᠠᠨ ᠵᠢᠯ ᠤᠨ

ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠦᠭᠰᠡᠨ ᠬᠥᠮᠦᠨ ᠠᠮᠠ ᠶᠢᠨ

ᠬᠤᠪᠢᠷᠠᠯᠲᠠ ᠠᠴᠠ ᠪᠣᠯᠤᠭᠰᠠᠨ ᠰᠢᠨ᠎ᠡ ᠥᠷᠢᠰᠥᠯᠳᠦᠭᠡᠨ ᠢ ᠢᠳᠡᠪᠬᠢᠲᠡᠢ  ᠰᠢᠢᠳᠪᠦᠷᠢᠯᠡᠨ᠂ ᠰᠤᠷᠭᠠᠭᠤᠯᠢ ᠶᠢᠨ

ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠬᠦᠷᠲᠡᠭᠡᠵᠦ ᠡᠭᠦᠳᠦᠨ ᠪᠠᠶᠢᠭᠤᠯᠬᠤ

ᠠᠵᠢᠯ ᠢ ᠰᠠᠶᠢᠲᠤᠷ ᠬᠢᠬᠦ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ

ᠬᠥᠭᠵᠢᠯᠲᠡ ᠶᠢ ᠶᠡᠭᠡ ᠪᠠᠷ ᠠᠬᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂

ᠪᠥᠯᠦᠭᠵᠢᠭᠦᠯᠦᠭᠰᠡᠨ ᠰᠤᠷᠭᠠᠭᠤᠯᠢ ᠡᠷᠬᠢᠯᠡᠬᠦ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠴᠢᠨᠠᠷᠯᠢᠭ ᠳᠠᠶᠢᠴᠢᠯᠠᠨ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠦᠢᠯᠡᠳᠦᠯ ᠢ

ᠦᠨᠡᠨ ᠬᠦ ᠪᠠᠳᠠᠷᠠᠭᠤᠯᠬᠤ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠲᠠᠪᠠᠵᠤ ᠡᠷᠡᠮᠡᠬᠡᠶᠢᠯᠡᠨ ᠤᠷᠤᠭᠰᠢᠯᠠᠬᠤ ᠶᠢ

ᠪᠠᠲᠤᠯᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ

ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠡᠭᠦᠷᠭᠡ ᠶᠢ

ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ

ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ ᠥᠳᠲᠡᠷ ᠲᠦᠷᠭᠡᠨ ᠪᠡᠶᠡᠯᠡᠭᠦᠯᠵᠦ᠂ ᠠᠷᠪᠢᠯᠠᠵᠤ

ᠡᠷᠴᠢᠮᠵᠢᠭᠦᠯᠬᠦ ᠤᠬᠠᠮᠰᠠᠷ ᠢ ᠪᠣᠢ ᠪᠣᠯᠭᠠᠨ᠂ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ

ᠬᠢᠨᠠᠨ ᠪᠠᠶᠢᠴᠠᠭᠠᠵᠤ᠂ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ

ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ

ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂

︽ᠰᠤᠷᠭᠠᠭᠤᠯᠢ ᠶᠢᠨ ᠬᠤᠭᠤᠯᠠ︾ ᠪᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂

ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠨᠡᠶᠢᠭᠡᠮ ᠤᠨ ᠬᠡᠷᠡᠭ

ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ  ᠶᠢᠨ

ᠳᠠᠷᠤᠭᠠᠰᠤ ᠶᠢ  ᠬᠥᠩᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ

ᠵᠢᠷᠤᠮᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ ︽ᠬᠤᠶᠠᠷ ᠢ

ᠬᠥᠩᠭᠡᠷᠡᠭᠦᠯᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠰᠤᠷᠭᠠᠭᠤᠯᠢ ᠶᠢᠨ ᠭᠠᠳᠠᠨᠠᠬᠢ ᠳᠠᠷᠤᠭᠠᠰᠤ ᠶᠢ

ᠬᠥᠩᠭᠡᠷᠡᠭᠦᠯᠬᠦ ᠪᠠ ᠰᠤᠷᠭᠠᠭᠤᠯᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠰᠤᠷᠭᠠᠨ

ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠪᠣᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ

ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ

ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃

   

2.webp.png

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ 

ᠳᠣᠪᠴᠢᠶᠠᠨ ᠤ ᠭᠤᠣᠯ ᠪᠠ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠲᠢᠩᠬᠢᠮ ᠳᠤ ᠰᠠᠭᠤᠭ᠎ᠠ

ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂

ᠰᠤᠷᠭᠠᠨ ᠬᠥᠮᠦᠵᠢᠯ ᠤᠨ ᠲᠢᠩᠬᠢᠮ ᠤᠨ ᠡᠯ᠎ᠡ ᠭᠠᠵᠠᠷ ᠲᠠᠰᠤᠭ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ

ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号