ᠵᠤᠨ ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠬᠡᠦᠬᠡᠳ ᠤᠳ ᠠᠮᠠᠷᠠᠯᠲᠠ ᠶᠢᠨ | ᠬᠤᠭᠤᠴᠠᠭ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠶᠢᠨ ᠬᠠᠮᠲᠤ ᠠᠮᠠᠷᠠᠯᠲᠠ ᠶᠢᠨ ᠬᠤᠭᠤᠴᠠᠭᠠᠨ ᠤ ᠠᠮᠤᠷ | ᠲᠦᠪᠰᠢᠨ ᠢ ᠴᠠᠭ ᠢᠮᠠᠭᠲᠠ ᠠᠩᠬᠠᠷᠬᠤ ᠬᠡᠷᠡᠭᠲᠡᠢ᠃ ᠬᠠᠮᠲᠤ ᠳᠤ ᠪᠠᠨ ︽2024 ᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ︾ ᠪᠠ ︽2024 ᠣᠨ ᠤ | ᠬᠡᠦᠬᠡᠳ ᠤᠨ ᠴᠡᠴᠡᠷᠯᠢᠭ ᠤᠨ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ︾ ᠶᠢ ᠦᠵᠡᠵᠡᠭᠡᠶ᠎ᠡ︕ | | | | | | 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ | ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ | | ᠨᠢᠭᠡ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ | 1. ︽ᠬᠥᠮᠦᠨ ᠪᠦᠬᠦᠨ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ | ᠮᠥᠨ︾ ᠭᠡᠬᠦ ᠣᠶᠢᠯᠠᠭᠠᠭᠳᠠᠬᠤᠨ ᠢ ᠰᠠᠨᠠᠭᠠᠴᠢᠯᠠᠵᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ | ᠪᠠᠷᠢᠮᠲᠠᠯᠠᠨ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠬᠡᠷᠡᠭᠲᠡᠢ᠃ ᠬᠡᠦᠬᠡᠳ ᠤᠨ ᠡᠷᠡᠭᠦᠯ ᠮᠡᠨᠳᠦ ᠶᠢᠨ | ᠪᠠᠶᠢᠴᠠᠭᠠᠯᠲᠠ ᠶᠢ ᠰᠠᠶᠢᠲᠤᠷ ᠬᠢᠵᠦ᠂ ᠡᠪ ᠦᠭᠡᠢ ᠪᠠᠶᠢᠳᠠᠯ ᠢᠯᠡᠷᠡᠪᠡᠯ᠂ ᠳᠠᠷᠤᠢ ᠳᠤ ᠨᠢ ᠡᠮᠨᠡᠯᠭᠡ ᠳᠤ ᠣᠴᠢᠨ | ᠦᠵᠡᠭᠦᠯᠬᠦ ᠬᠡᠷᠡᠭᠲᠡᠢ᠃ | 2. ︽ᠭᠤᠷᠪᠠ ᠦᠭᠡᠢ︾ ᠢᠳᠡᠭᠡᠨ ᠢ ᠢᠳᠡᠬᠦ ᠦᠭᠡᠢ᠂ ᠤᠬᠢᠶᠠᠵᠤ ᠴᠡᠪᠡᠷᠯᠡᠭᠰᠡᠨ ᠦᠭᠡᠢ ᠢᠳᠡᠭᠡᠨ ᠢ ᠢᠳᠡᠬᠦ | ᠦᠭᠡᠢ᠂ ᠲᠦᠭᠦᠬᠡᠢ ᠤᠰᠤ ᠤᠤᠭᠤᠬᠤ ᠦᠭᠡᠢ᠃ ᠳᠠᠪᠤᠰᠤ ᠶᠡᠬᠡᠲᠡᠢ᠂ ᠰᠢᠬᠢᠷ ᠲᠠᠢ᠂ ᠲᠣᠰᠤᠨ ᠳᠤ ᠬᠠᠭᠠᠷᠢᠭᠰᠠᠨ᠂ | ᠤᠲᠤᠭᠰᠠᠨ ᠢᠳᠡᠭᠡᠨ ᠢ ᠳᠤᠲᠠᠭᠤ ᠢᠳᠡᠨ᠎ᠡ᠃ ᠲᠠᠨᠢᠬᠤ ᠦᠭᠡᠢ ᠪᠤᠶᠤ ᠢᠷᠡᠯᠲᠡ ᠨᠢ ᠲᠣᠳᠣᠷᠬᠠᠢ ᠦᠭᠡᠢ ᠬᠡᠭᠡᠷ᠎ᠡ ᠶᠢᠨ | ᠪᠠᠺᠲ᠋ᠧᠷᠢ ᠶᠢᠨ ᠲᠥᠷᠥᠯ ᠢ ᠲᠡᠭᠦᠬᠦ ᠦᠭᠡᠢ᠂ ᠬᠤᠳᠠᠯᠳᠤᠨ ᠠᠪᠬᠤ ᠦᠭᠡᠢ ᠪᠤᠶᠤ ᠢᠳᠡᠬᠦ ᠦᠭᠡᠢ᠃ | 3. ᠬᠡᠦᠬᠡᠳ ᠤᠨ ᠭᠦᠢᠴᠡᠳ ᠤᠨᠲᠠᠬᠤ ᠴᠠᠭ ᠢ ᠦᠨᠡᠨ ᠬᠦ ᠪᠠᠲᠤᠯᠠᠵᠤ᠂ ᠪᠠᠭ᠎ᠠ ᠰᠤᠷᠭᠠᠭᠤᠯᠢ ᠶᠢᠨ | ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠬᠠᠮᠤᠭ ᠤᠨ ᠪᠠᠭ᠎ᠠ ᠳᠤ ᠪᠠᠨ 10 ᠴᠠᠭ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ 9 ᠴᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ | 8 ᠴᠠᠭ ᠪᠠᠶᠢᠬᠤ ᠬᠡᠷᠡᠭᠲᠡᠢ᠃ | 4. ᠠᠮᠤᠷ ᠲᠦᠪᠰᠢᠨ ᠬᠥᠳᠡᠯᠭᠡᠭᠡᠨ ᠤ ᠲᠥᠷᠥᠯ ᠵᠦᠢᠯ ᠢ ᠰᠣᠩᠭᠤᠨ᠂ ᠵᠣᠬᠢᠰᠲᠠᠢ ᠪᠡᠶ᠎ᠡ ᠶᠢᠨ ᠲᠠᠮᠢᠷ ᠤᠨ | ᠪᠣᠯᠪᠠᠰᠤᠷᠠᠯ ᠬᠢᠬᠦ ᠶᠢ ᠪᠠᠷᠢᠮᠲᠠᠯᠠᠵᠤ᠂ ᠴᠤᠭ ᠵᠢᠪᠬᠤᠭ᠎ᠠ ᠰᠠᠶᠢᠨ ᠰᠠᠶᠢᠬᠠᠨ᠂ ᠪᠥᠷᠢᠨ ᠲᠡᠭᠦᠯᠳᠡᠷ ᠪᠠᠶᠢᠬᠤ ᠶᠢ | ᠪᠠᠲᠤᠯᠠᠬᠤ ᠬᠡᠷᠡᠭᠲᠡᠢ᠃ | ᠬᠤᠶᠠᠷ᠂ ᠤᠰᠤᠨ ᠳᠤ ᠠᠳᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ | 5. ᠭᠤᠣᠯ ᠮᠥᠷᠡᠨ ᠨᠠᠭᠤᠷ ᠴᠥᠭᠦᠷᠥᠮ ᠵᠡᠷᠭᠡ ᠤᠰᠤᠨ ᠤ ᠬᠥᠪᠡᠭᠡ᠂ ᠤᠰᠤᠨ ᠳᠡᠭᠡᠷᠡᠬᠢ ᠲᠠᠪᠴᠠᠩ᠂ | ᠪᠠᠷᠢᠯᠭ᠎ᠠ ᠶᠢᠨ ᠭᠠᠵᠠᠷ ᠤᠨ ᠤᠰᠤᠨ ᠨᠦᠬᠡ ᠵᠡᠷᠭᠡ ᠤᠰᠤᠨᠣᠷᠣᠨ ᠳᠤ ᠨᠠᠭᠠᠳᠴᠤ᠂ ᠠᠯᠢᠶᠠᠷᠬᠠᠬᠤ | ᠦᠭᠡᠢ᠃ ᠭᠤᠣᠯ ᠤᠨ ᠤᠷᠤᠰᠬᠠᠯ ᠵᠡᠷᠭᠡ ᠤᠰᠤᠨ ᠣᠷᠣᠨ ᠳᠤ ᠤᠨᠠᠭᠰᠠᠨ ᠡᠳ᠋ ᠪᠣᠳᠠᠰ ᠢ ᠲᠡᠭᠦᠬᠦ ᠦᠭᠡᠢ᠂ ᠭᠤᠣᠯ | ᠮᠥᠷᠡᠨ ᠨᠠᠭᠤᠷ ᠴᠥᠬᠦᠷᠦᠮ ᠤᠨ ᠬᠥᠪᠡᠭᠡᠨ ᠳᠤ ᠭᠠᠷ ᠢᠶᠠᠨ ᠤᠬᠢᠶᠠᠬᠤ ᠦᠭᠡᠢ᠂ ᠶᠠᠭᠤᠮ᠎ᠠ ᠪᠠᠨ ᠤᠬᠢᠶᠠᠬᠤ ᠦᠭᠡᠢ᠂ | ᠵᠢᠭᠠᠰᠤ ᠵᠢᠷᠠᠭᠠᠬᠠᠢ᠂ ᠮᠡᠯᠡᠬᠡᠢ ᠶᠢ ᠪᠠᠷᠢᠬᠤ ᠦᠭᠡᠢ᠃ | 6. ᠳᠤᠷ᠎ᠠ ᠪᠠᠷ ᠢᠶᠠᠨ ᠤᠰᠤᠨ ᠳᠤ ᠤᠮᠪᠠᠭ᠋ᠤ ᠦᠭᠡᠢ᠂ ᠳᠤᠷ᠎ᠠ ᠪᠠᠷ ᠢᠶᠠᠨ ᠪᠤᠰᠤᠳ ᠬᠥᠮᠦᠨ ᠲᠠᠢ ᠬᠠᠮᠲᠤ | ᠤᠰᠤᠨ ᠳᠤ ᠤᠮᠪᠠᠭ᠋ᠤ ᠦᠭᠡᠢ᠂ ᠭᠡᠷ ᠤᠨ ᠠᠬᠠᠮᠠᠳ ᠪᠤᠶᠤ ᠪᠠᠭᠰᠢ ᠶᠢᠨ ᠳᠠᠭᠠᠭᠤᠯᠭ᠎ᠠ ᠦᠭᠡᠢ ᠪᠠᠶᠢᠳᠠᠯ ᠳᠣᠣᠷ᠎ᠠ | ᠤᠰᠤᠨ ᠳᠤ ᠤᠮᠪᠠᠭ᠋ᠤ ᠦᠭᠡᠢ᠂ ᠠᠮᠤᠷ ᠲᠦᠪᠰᠢᠨ ᠤ ᠲᠥᠬᠦᠭᠡᠷᠦᠮᠵᠢ ᠦᠭᠡᠢ᠂ ᠠᠪᠤᠷᠠᠨ ᠲᠤᠰᠠᠯᠠᠬᠤ ᠬᠥᠮᠦᠨ ᠦᠭᠡᠢ | ᠤᠰᠤᠨ ᠳᠤ ᠤᠮᠪᠠᠭ᠋ᠤ ᠦᠭᠡᠢ᠂ ᠲᠠᠨᠢᠯ ᠪᠣᠰᠤ ᠤᠰᠤᠨ ᠣᠷᠣᠨ ᠳᠤ ᠣᠴᠢᠵᠤ ᠤᠮᠪᠠᠭ᠋ᠤ ᠦᠭᠡᠢ᠃ | 7. ᠨᠠᠶᠢᠵᠠ ᠴᠢᠨᠢ ᠤᠰᠤᠨ ᠳᠤ ᠤᠨᠠᠭᠰᠠᠨ ᠢ ᠣᠯᠵᠤ ᠮᠡᠳᠡᠪᠡᠯ᠂ ᠳᠠᠷᠤᠢ ᠳᠤ ᠨᠢ ᠨᠠᠰᠤᠨ ᠳᠤ | ᠬᠦᠷᠦᠭᠰᠡᠳ ᠠᠴᠠ ᠬᠠᠪᠰᠤᠷᠤᠯᠭ᠎ᠠ ᠡᠷᠢᠵᠦ᠂ ᠰᠣᠬᠤᠷ ᠪᠠᠯᠠᠢ ᠪᠠᠷ ᠭᠠᠷ ᠬᠤᠯᠪᠤᠯᠴᠠᠨ ᠠᠪᠤᠷᠠᠯᠲᠠ ᠬᠢᠬᠦ ᠪᠤᠶᠤ | ᠤᠰᠤᠨ ᠳᠤ ᠣᠷᠣᠵᠤ ᠠᠪᠤᠷᠠᠯᠲᠠ ᠬᠢᠬᠦ ᠦᠭᠡᠢ᠃ | ᠭᠤᠷᠪᠠ᠂ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ | 8. ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠢᠴᠢ ᠠᠮᠤᠷ ᠲᠦᠪᠰᠢᠨ ᠤ ᠰᠡᠷᠡᠮᠵᠢᠯᠡᠭᠦᠯᠬᠦ ᠮᠡᠳᠡᠭᠡ | ᠵᠠᠩᠭᠢ ᠶᠢ ᠠᠩᠬᠠᠷᠴᠤ᠂ ᠠᠮᠤᠷ ᠲᠦᠪᠰᠢᠨ ᠤ ᠮᠡᠳᠡᠯᠭᠡ ᠶᠢ ᠰᠤᠷᠤᠯᠴᠠᠵᠤ᠂ ᠶᠠᠪᠤᠵᠤ ᠰᠠᠭᠤᠬᠤ ᠠᠴᠠ ᠡᠮᠦᠨ᠎ᠡ | ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠰᠢᠷᠦᠭᠦᠨ ᠪᠣᠷᠣᠭᠠᠨ᠂ ᠠᠶᠤᠩᠭ᠎ᠠ ᠴᠠᠬᠢᠯᠭᠠᠨ | ᠵᠡᠷᠭᠡ ᠴᠠᠭ ᠠᠭᠤᠷ ᠪᠣᠯᠤᠨ ᠰᠢᠪᠠᠷ ᠴᠢᠯᠠᠭᠤᠨ ᠤ ᠤᠷᠤᠰᠬᠠᠯ ᠬᠢᠯᠪᠠᠷᠬᠠᠨ ᠡᠭᠦᠰᠳᠡᠭ᠂ ᠶᠡᠭᠦᠷᠡᠳᠡᠭ᠂ ᠨᠤᠷᠠᠳᠠᠭ | ᠵᠡᠷᠭᠡ ᠭᠠᠮᠰᠢᠭ ᠤᠨ ᠭᠠᠵᠠᠷ ᠦᠯᠡᠳᠡᠨ ᠨᠠᠭᠠᠳᠴᠤ ᠲᠣᠭᠯᠠᠬᠤ ᠦᠭᠡᠢ᠃ ᠬᠡᠦᠬᠡᠳ ᠭᠠᠳᠠᠭᠰᠢ ᠭᠠᠷᠬᠤ ᠳᠤ ᠭᠡᠷ ᠤᠨ | ᠠᠬᠠᠮᠠᠳ ᠣᠴᠢᠬᠤ ᠭᠠᠵᠠᠷ᠂ ᠠᠭᠤᠯᠭ᠎ᠠ᠂ ᠬᠠᠮᠲᠤ ᠶᠠᠪᠤᠭᠴᠢ ᠪᠠ ᠪᠤᠴᠠᠬᠤ ᠴᠠᠭ ᠢ ᠮᠡᠳᠡᠵᠦ᠂ ᠠᠮᠤᠷ ᠲᠦᠪᠰᠢᠨ ᠤ | ᠰᠠᠨᠠᠭᠤᠯᠤᠮᠵᠢ ᠶᠢ ᠴᠢᠩᠭ᠎ᠠ ᠬᠢᠬᠦ ᠬᠡᠷᠡᠭᠲᠡᠢ᠃ | 9. ᠬᠡᠦᠬᠡᠳ ᠢ ᠵᠠᠮ ᠬᠠᠷᠢᠯᠴᠠᠭᠠᠨ ᠤ ᠳᠦᠷᠢᠮ ᠢ ᠴᠢᠩᠭ᠎ᠠ ᠵᠢᠷᠤᠮᠯᠠᠬᠤ ᠪᠠᠷ ᠬᠥᠮᠥᠵᠢᠭᠦᠯᠬᠦ ᠪᠤᠶᠤ ᠰᠠᠨᠠᠭᠤᠯᠵᠤ᠂ | ᠣᠯᠠᠨ ᠨᠡᠶᠢᠲᠡ ᠶᠢᠨ ᠲᠠᠯᠠᠪᠤᠷ ᠲᠤ᠂ ᠶᠠᠭᠤᠨ ᠤ ᠡᠮᠦᠨ᠎ᠡ ᠠᠮᠤᠷ ᠲᠦᠪᠰᠢᠨ ᠭᠠᠷᠬᠤ ᠡᠭᠦᠳᠡ ᠶᠢ ᠠᠩᠬᠠᠷᠤᠨ᠂ ᠡᠮᠬᠢ | ᠵᠢᠷᠤᠮ ᠲᠠᠢ ᠪᠠᠶᠢᠵᠤ᠂ ᠰᠢᠬᠠᠯᠳᠤᠬᠤ ᠦᠭᠡᠢ᠂ ᠵᠢᠯᠣᠭᠤᠳᠬᠤ ᠶᠢ ᠳᠠᠭᠠᠵᠤ᠂ ᠭᠢᠰᠬᠢᠯᠳᠦᠬᠦ ᠠᠴᠠ ᠵᠠᠶᠢᠯᠠᠰᠬᠢᠨ᠂ ᠲᠡᠷᠭᠡᠨ ᠤ | ᠪᠠᠯᠠᠢ ᠣᠷᠣᠨ ᠢ ᠰᠡᠷᠡᠮᠵᠢᠯᠡᠬᠦ ᠬᠡᠷᠡᠭᠲᠡᠢ᠃ | 10. ᠪᠦᠬᠦᠯᠢ 12 ᠨᠠᠰᠤ ᠬᠦᠷᠦᠭᠡ ᠪᠣᠯ ᠳᠤᠭᠤᠢ ᠲᠡᠷᠭᠡ ᠤᠨᠤᠬᠤ ᠦᠭᠡᠢ᠂ ᠪᠦᠬᠦᠯᠢ 16 ᠨᠠᠰᠤ ᠬᠦᠷᠦᠭᠡ | ᠦᠭᠡᠢ ᠪᠣᠯ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠣᠨᠣᠬᠤ ᠦᠭᠡᠢ᠃ ᠬᠤᠷᠳᠤᠴᠠ ᠬᠡᠲᠦᠷᠡᠭᠰᠡᠨ᠂ | ᠬᠡᠲᠦᠷᠡᠲᠡᠯ᠎ᠡ ᠠᠴᠢᠶᠠᠯᠠᠭᠰᠠᠨ᠂ ᠠᠷᠢᠬᠢ ᠤᠤᠭᠤᠭᠠᠳ ᠵᠢᠯᠣᠭᠤᠳᠤᠭᠰᠠᠨ᠂ ᠬᠤᠣᠷ ᠲᠠᠲᠠᠭᠠᠳ ᠵᠢᠯᠣᠭᠤᠳᠤᠭᠰᠠᠨ᠂ | ᠶᠠᠳᠠᠷᠠᠭᠠᠳ ᠵᠢᠯᠣᠭᠤᠳᠣᠭᠰᠠᠨ ᠲᠡᠷᠭᠡᠨ ᠳᠤ ᠰᠠᠭᠤᠬᠤ ᠦᠭᠡᠢ᠂ ᠭᠤᠷᠪᠠᠨ ᠬᠦᠷᠳᠦᠲᠦ ᠲᠡᠷᠭᠡᠨ ᠳᠤ ᠰᠠᠭᠤᠬᠤ ᠦᠭᠡᠢ᠂ | ᠲᠠᠷᠢᠶᠠᠯᠠᠩ ᠳᠤ ᠬᠡᠷᠡᠭᠯᠡᠬᠦ ᠲᠡᠷᠭᠡ ᠵᠡᠷᠭᠡ ᠠᠶᠠᠨᠴᠢᠳ ᠤᠨ ᠲᠡᠭᠡᠭᠡᠪᠦᠷᠢ ᠶᠢᠨ ᠬᠢᠷᠢ ᠭᠡᠮ ᠦᠭᠡᠢ ᠲᠡᠷᠭᠡᠨ ᠳᠤ ᠰᠠᠭᠤᠬᠤ | ᠦᠭᠡᠢ᠂ ᠲᠠᠨᠢᠯ ᠪᠤᠰᠤ ᠬᠥᠮᠦᠨ ᠤ ᠲᠡᠷᠭᠡᠨ ᠳᠤ ᠰᠠᠭᠤᠬᠤ ᠦᠭᠡᠢ᠃ | ᠳᠥᠷᠪᠡ᠂ ᠠᠮᠤᠷ ᠲᠠᠶᠢᠪᠤᠭᠤᠨ ᠪᠠᠶᠠᠷ ᠬᠦᠷ ᠲᠠᠢ ᠪᠠᠷ ᠠᠮᠠᠷᠠᠯᠲᠠ ᠢᠶᠠᠨ ᠥᠩᠭᠡᠷᠡᠭᠡᠨ᠎ᠡ | 11. ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ᠂ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠭᠰᠠᠨ ᠬᠡᠦᠬᠡᠳ ᠲᠤ | ᠴᠢᠭᠯᠡᠭᠦᠯᠦᠨ᠂ ᠬᠡᠦᠬᠡᠳ ᠤᠨ ᠬᠢᠵᠠᠭᠠᠷᠯᠠᠯ ᠦᠭᠡᠢ ᠨᠠᠭᠠᠳᠤᠨ ᠴᠡᠩᠭᠡᠬᠦ᠂ ᠪᠠᠴᠢᠮᠳᠠᠬᠤ ᠵᠣᠪᠠᠨᠢᠬᠤ᠂ ᠭᠤᠲᠤᠷᠠᠬᠤ | ᠥᠪᠡᠷ ᠢ ᠢᠶᠠᠨ ᠵᠢᠮᠡᠯᠡᠬᠦ ᠵᠡᠷᠭᠡ ᠰᠢᠯᠭᠠᠯᠲᠠ ᠶᠢᠨ ᠳᠠᠷᠠᠭᠠᠬᠢ ᠤᠷᠮ᠎ᠠ ᠮᠠᠭᠤ ᠪᠠᠶᠢᠳᠠᠯ ᠢ ᠠᠩᠬᠠᠷᠴᠤ᠂ ᠬᠡᠦᠬᠡᠳ ᠢ | ᠰᠢᠯᠭᠠᠯᠲᠠ ᠳᠤ ᠵᠥᠪ ᠢᠶᠠᠷ ᠬᠠᠨᠳᠤᠭᠤᠯᠬᠤ ᠪᠠᠷ ᠬᠠᠨᠳᠤᠯᠭᠠᠲᠠᠢ ᠰᠤᠷᠭᠠᠨ ᠬᠥᠮᠦᠵᠢᠭᠦᠯᠵᠦ᠂ ᠰᠠᠨᠠᠭᠤᠯᠵᠤ᠂ | ᠬᠥᠲᠥᠯᠥᠨ ᠵᠢᠯᠣᠭᠤᠳᠴᠤ᠂ ᠲᠤᠰᠢᠶᠠᠯ ᠬᠠᠪᠰᠤᠷᠭᠠᠬᠤ ᠠᠮᠤᠷ ᠲᠦᠪᠰᠢᠨ᠂ ᠵᠤᠭᠠᠴᠠᠬᠤ ᠠᠮᠤᠷ ᠲᠦᠪᠰᠢᠨ ᠢ | ᠠᠩᠬᠠᠷᠤᠨ᠂ ᠳᠤᠷ᠎ᠠ ᠪᠠᠷ ᠢᠶᠠᠨ ᠪᠣᠰᠤᠳ ᠬᠥᠮᠦᠨ ᠲᠠᠢ ᠶᠠᠪᠤᠵᠤ ᠰᠠᠭᠤᠬᠤ ᠦᠭᠡᠢ᠂ ᠰᠢᠨᠵᠢᠯᠡᠬᠦ ᠤᠬᠠᠭᠠᠨᠴᠢ ᠪᠠᠷ | ᠠᠵᠢᠯᠯᠠᠵᠤ ᠠᠮᠠᠷᠠᠬᠤ ᠶᠢ ᠪᠠᠲᠤᠯᠠᠨ᠎ᠠ᠃ | 12. ᠭᠡᠷ ᠪᠦᠯᠢ ᠶᠢᠨ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠵᠡᠯᠲᠡ ᠶᠢ ᠪᠣᠢ ᠪᠣᠯᠭᠠᠵᠤ᠂ ᠬᠡᠪ | ᠴᠢᠨᠠᠷ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠨᠠᠰᠤᠨ ᠳᠤ ᠦᠯᠦ ᠬᠦᠷᠦᠭᠰᠡᠳ ᠤᠨ ᠪᠡᠶ᠎ᠡ | ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ | ᠶᠣᠰᠣ ᠮᠣᠷᠠᠯ᠂ ᠦᠢᠯᠡ ᠠᠵᠢᠯᠯᠠᠭ᠎ᠠ ᠶᠢᠨ ᠳᠠᠳᠬᠠᠯ ᠪᠠ ᠡᠷᠡᠭᠦᠯ ᠴᠢᠭᠢᠷᠠᠭ ᠪᠡᠶ᠎ᠡ ᠰᠡᠳᠬᠢᠯ ᠢ ᠬᠥᠮᠦᠵᠢᠭᠦᠯᠬᠦ ᠶᠢ | ᠴᠢᠬᠤᠯᠠᠴᠢᠯᠠᠵᠤ᠂ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠪᠣᠳᠠᠭᠠᠯᠢ ᠪᠡᠶ᠎ᠡ ᠶᠢᠨ ᠵᠥᠷᠢᠶ᠎ᠡ ᠶᠢ | ᠬᠦᠨᠳᠦᠳᠬᠡᠵᠦ᠂ ᠬᠡᠦᠬᠡᠳ ᠤᠨ ᠥᠰᠦᠨ ᠪᠤᠶᠢᠵᠢᠬᠤ ᠬᠠᠷᠠᠯᠲᠠ ᠶᠢ ᠣᠶᠤᠨᠴᠢ ᠪᠠᠷ ᠲᠣᠭᠲᠠᠭᠠᠨ᠎ᠠ︔ ᠢᠯᠡᠭᠦᠦ | ᠬᠦᠨᠳᠦᠳᠬᠡᠵᠦ ᠢᠯᠡᠭᠦᠦ ᠣᠶᠢᠯᠠᠭᠠᠨ᠂ ᠡᠷᠬᠡ ᠲᠡᠭᠰᠢ ᠪᠠᠷ ᠨᠡᠪᠲᠡᠷᠡᠯᠴᠡᠬᠦ ᠶᠢ ᠴᠢᠩᠭᠠᠳᠬᠠᠵᠤ᠂ ᠰᠤᠷᠭᠠᠨ | ᠬᠥᠮᠥᠵᠢᠭᠦᠯᠬᠦ ᠠᠷᠭ᠎ᠠ ᠮᠠᠶ᠋ᠢᠭ ᠢ ᠡᠷᠬᠢᠮᠯᠡᠨ᠎ᠡ᠃ ᠭᠡᠷ ᠲᠤ ᠪᠠᠨ ᠬᠤᠴᠣᠷᠤᠭᠰᠠᠨ ᠬᠡᠦᠬᠡᠳ ᠤᠨ ᠭᠡᠷ ᠤᠨ ᠠᠬᠠᠮᠠᠳ | ᠲᠣᠭᠲᠠᠭᠰᠠᠨ ᠬᠤᠭᠤᠴᠠᠭ᠎ᠠ ᠲᠠᠢ ᠬᠡᠦᠬᠡᠳ ᠲᠠᠢ ᠪᠠᠨ ᠬᠠᠷᠢᠯᠴᠠᠵᠤ᠂ ᠬᠠᠯᠠᠮᠵᠢᠯᠠᠨ ᠬᠠᠶᠢᠷᠠᠯᠠᠬᠤ ᠬᠡᠷᠡᠭᠲᠡᠢ᠃ | 13. ᠴᠠᠬᠢᠯᠭᠠᠨ᠂ ᠬᠡᠢ ᠶᠢ ᠵᠥᠪ ᠬᠡᠷᠡᠭᠯᠡᠵᠦ᠂ ᠭᠡᠷ ᠪᠦᠯᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ | ᠲᠦᠪᠰᠢᠨ ᠢ ᠰᠠᠶᠢᠲᠤᠷ ᠬᠢᠬᠦ ᠬᠡᠷᠡᠭᠲᠡᠢ᠃ ᠬᠡᠦᠬᠡᠳ ᠢᠶᠠᠨ ︽ᠯᠥᠸᠧ ᠪᠥᠸᠧ ᠳ᠋ᠣᠤ︾᠂ ᠯᠠᠶᠢᠰᠧᠷ ᠪᠢᠷ᠂ | ᠪᠦᠳᠦᠭᠦᠯᠢᠭ ᠱᠧᠦ ᠪᠠᠨ ᠵᠡᠷᠭᠡ ᠠᠮᠤᠷ ᠲᠦᠪᠰᠢᠨ ᠤ ᠠᠶᠤᠯ ᠲᠦᠭᠰᠢᠭᠦᠷᠢ ᠪᠤᠶᠤ ᠬᠦᠴᠦᠷᠬᠡᠭᠯᠡᠯ ᠢ ᠠᠮᠠᠷᠬᠠᠨ | ᠡᠭᠦᠰᠭᠡᠳᠡᠭ ᠮᠠᠭᠤ ᠦᠢᠯᠡ ᠠᠵᠢᠯᠯᠠᠭ᠎ᠠ ᠶᠢᠨ ᠬᠡᠯᠪᠡᠷᠢᠯ ᠲᠠᠢ ᠲᠣᠭᠯᠠᠭᠠᠮ ᠪᠠ ᠰᠤᠷᠤᠭᠴᠢ ᠶᠢᠨ ᠬᠡᠷᠡᠭᠰᠡᠯ ᠢ | ᠬᠤᠳᠠᠯᠳᠤᠨ ᠠᠪᠬᠤ ᠦᠭᠡᠢ᠂ ᠠᠪᠴᠤ ᠶᠠᠪᠤᠬᠤ ᠦᠭᠡᠢ ᠨᠠᠭᠠᠳᠬᠤ ᠦᠭᠡᠢ ᠪᠠᠷ ᠬᠥᠮᠦᠵᠢᠭᠦᠯᠦᠨ ᠵᠢᠯᠣᠭᠤᠳᠤᠨ᠎ᠠ᠃ | 14. ᠪᠤᠰᠤᠳ ᠢ ᠳᠣᠷᠣᠮᠵᠢᠯᠠᠬᠤ ᠦᠭᠡᠢ᠂ ᠲᠠᠮᠠᠬᠢ ᠲᠠᠲᠠᠬᠤ ᠦᠭᠡᠢ᠂ ᠠᠷᠢᠬᠢ ᠤᠤᠭᠤᠬᠤ ᠦᠭᠡᠢ᠂ ᠫᠠᠢ | ᠨᠠᠭᠠᠳᠬᠤ ᠦᠭᠡᠢ᠂ ᠬᠤᠣᠷ ᠲᠠᠲᠠᠬᠤ ᠦᠭᠡᠢ᠂ ᠮᠤᠬᠤᠷ ᠪᠢᠰᠢᠷᠡᠯ᠂ ᠭᠠᠵᠢᠭᠤ ᠨᠣᠮᠯᠠᠯ᠂ ᠳᠠᠮᠵᠢᠭᠤᠯᠤᠨ | ᠪᠣᠷᠣᠯᠠᠭᠤᠯᠬᠤ ᠵᠡᠷᠭᠡ ᠠᠵᠢᠯᠯᠠᠭ᠎ᠠ ᠳᠤ ᠣᠷᠣᠯᠴᠠᠬᠤ ᠦᠭᠡᠢ᠂ ᠭᠠᠷ ᠤᠲᠠᠰᠤ᠂ ᠰᠦᠯᠵᠢᠶᠡᠨ ᠳᠤ ᠰᠢᠨᠤᠬᠠᠶᠢᠷᠠᠬᠤ | ᠦᠭᠡᠢ᠂ ᠰᠦᠯᠵᠢᠶᠡᠨ ᠤ ᠪᠠᠭᠠᠷ᠂ ᠠᠷᠢᠬᠢᠨ ᠮᠤᠬᠤᠯᠠᠭ ᠵᠢᠴᠢ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠲᠤ | ᠣᠴᠢᠬᠤ ᠦᠭᠡᠢ᠂ ᠱᠠᠯᠢᠭ ᠵᠠᠪᠬᠠᠢ᠂ ᠬᠦᠴᠦᠷᠬᠡᠭᠯᠡᠯ ᠤᠨ ᠲᠣᠭᠯᠠᠭᠠᠮ ᠢ ᠤᠬᠠᠮᠰᠠᠷ ᠠᠴᠠ ᠪᠠᠨ ᠬᠤᠷᠢᠭᠯᠠᠨ᠎ᠠ᠃ ᠢ | ᠲᠦᠸᠧ ᠮᠢ ᡁᠢ ᠠᠭᠤᠯᠤᠭᠳᠠᠭᠰᠠᠨ ︽ᠲᠣᠯᠤᠭᠠᠢ ᠳᠤ ᠭᠠᠷᠬᠤ ᠡᠯᠧᠺᠲᠷᠣᠨ ᠲᠠᠮᠠᠬᠢ︾ ᠵᠡᠷᠭᠡ ᠰᠢᠨ᠎ᠡ ᠬᠡᠯᠪᠡᠷᠢ ᠶᠢᠨ | ᠬᠤᠣᠷᠲᠤ ᠡᠳ᠋ ᠪᠣᠯᠤᠨ ︽ᠰᠢᠶᠣᠤ ᠴᠢ︾ ︵ᠪᠠᠰᠠ ᠬᠤᠶᠠᠷ ᠠᠽᠣᠲ ᠤᠨ ᠲᠠᠩ ᠢᠰᠦᠯ ᠭᠡᠳᠡᠭ︶ ᠵᠡᠷᠭᠡ ᠬᠦᠨᠳᠦ | ᠨᠣᠴᠢᠲᠠᠢ ᠬᠤᠣᠷ ᠬᠥᠨᠥᠭᠡᠯ ᠲᠠᠢ ᠪᠣᠳᠠᠰ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ ᠶᠢ ᠲᠠᠨᠢᠭᠤᠯᠵᠤ᠂ ︽ᠤᠷᠮ᠎ᠠ | ᠰᠡᠷᠭᠦᠭᠡᠬᠦ︾᠂ ︽ᠮᠠᠷᠢᠶ᠎ᠠ ᠪᠠᠭᠤᠷᠠᠭᠤᠯᠬᠤ︾᠂ ︽ᠰᠢᠨᠤᠭᠤᠯᠬᠤ ᠦᠭᠡᠢ︾᠂ ︽ᠬᠤᠣᠷ ᠦᠭᠡᠢ︾ ᠵᠡᠷᠭᠡ ᠥᠳᠦᠭᠡᠨ | ᠬᠤᠣᠷ ᠲᠠᠲᠠᠭᠤᠯᠬᠤ ᠮᠡᠬᠡᠯᠡᠬᠦ ᠠᠷᠭ᠎ᠠ ᠶᠢ ᠠᠩᠬᠠᠷᠤᠨ ᠰᠡᠷᠭᠡᠶᠢᠯᠡᠬᠦ ᠬᠡᠷᠡᠭᠲᠡᠢ᠃ | 15. ᠴᠠᠬᠢᠯᠭᠠᠨ ᠬᠤᠯᠪᠣᠭ᠎ᠠ᠂ ᠰᠦᠯᠵᠢᠶᠡᠨ ᠤ ᠮᠡᠬᠡᠯᠡᠯ ᠢ ᠰᠡᠷᠭᠡᠶᠢᠯᠡᠵᠦ᠂ ᠰᠦᠯᠵᠢᠶᠡᠨ ᠤ ᠮᠡᠳᠡᠭᠡ ᠵᠠᠩᠭᠢ ᠶᠢ | ᠠᠮᠠᠷᠬᠠᠨ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠲᠠᠨᠢᠯ ᠪᠤᠰᠤ ᠰᠦᠯᠵᠢᠶᠡᠨ ᠠᠨᠳᠠ ᠨᠠᠷ ᠲᠠᠢ | ᠠᠭᠤᠯᠵᠠᠬᠤ ᠦᠭᠡᠢ᠃ | 16. ᠤᠯᠤᠰ ᠤᠨ ︽ᠬᠤᠶᠠᠷ ᠢ ᠬᠥᠩᠭᠡᠷᠡᠭᠦᠯᠬᠦ︾ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠤᠨ ᠤ ᠠᠮᠠᠷᠠᠯᠲᠠ ᠶᠢᠨ ᠡᠳᠦᠷ ᠢ ᠡᠵᠡᠯᠡᠨ ᠬᠡᠷᠡᠭᠯᠡᠵᠦ | ᠪᠣᠯᠬᠤ ᠦᠭᠡᠢ᠃ ᠪᠣᠳᠠᠲᠤ ᠠᠵᠢᠯᠯᠠᠭ᠎ᠠ ᠪᠠᠷ ᠢᠶᠠᠨ ᠳᠡᠮᠵᠢᠯᠭᠡ ᠦᠵᠡᠭᠦᠯᠵᠦ᠂ ᠬᠡᠦᠬᠡᠳ ᠤᠨ ᠠᠮᠠᠷᠠᠯᠲᠠ ᠶᠢᠨ | ᠬᠤᠭᠤᠴᠠᠭᠠᠨ ᠤ ᠠᠮᠢᠳᠤᠷᠠᠯ ᠢ ᠵᠦᠢ ᠵᠣᠬᠢᠰᠲᠠᠢ ᠲᠣᠬᠢᠷᠠᠭᠤᠯᠬᠤ ᠪᠠᠷ ᠵᠢᠯᠣᠭᠤᠳᠴᠤ᠂ ᠪᠣᠯᠪᠠᠰᠤᠷᠠᠭᠤᠯᠤᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ | 17᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠳᠤ ᠪᠠᠨ ᠵᠢᠷᠤᠭ ᠰᠢᠪᠡᠬᠦ ᠶᠢ ᠵᠠᠰᠠᠬᠤ ᠲᠤᠬᠠᠢ ᠤᠯᠤᠰ ᠤᠨ | ᠱᠠᠭᠠᠷᠳᠠᠯᠭ᠎ᠠ ᠶᠢ ᠦᠨᠳᠦᠰᠦᠯᠡᠨ᠂ ᠨᠠᠰᠤᠨ ᠳᠤ ᠦᠯᠦ ᠬᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ | ᠬᠠᠮᠠᠭᠠᠯᠠᠭᠴᠢ ᠨᠠᠰᠤᠨ ᠳᠤ ᠦᠯᠦ ᠬᠦᠷᠦᠭᠰᠡᠳ ᠪᠡᠶ᠎ᠡ ᠳᠤ ᠪᠠᠨ ᠵᠢᠷᠤᠭ ᠰᠢᠪᠡᠬᠦ ᠰᠠᠨᠠᠭ᠎ᠠ ᠲᠠᠢ ᠪᠤᠶᠤ ᠦᠢᠯᠡ | ᠠᠵᠢᠯᠯᠠᠭ᠎ᠠ ᠲᠠᠢ ᠪᠣᠯ ᠴᠠᠭ ᠲᠤᠬᠠᠢ ᠳᠤ ᠨᠢ ᠢᠳᠬᠠᠨ ᠬᠤᠷᠢᠭᠯᠠᠵᠤ᠂ ᠨᠠᠰᠤᠨ ᠳᠤ ᠦᠯᠦ ᠬᠦᠷᠦᠭᠰᠡᠳ ᠤᠨ | ᠪᠡᠶ᠎ᠡ ᠳᠤ ᠪᠠᠨ ᠵᠢᠷᠤᠭ ᠰᠢᠪᠡᠬᠦ ᠶᠢ ᠳᠤᠷ᠎ᠠ ᠪᠠᠷ ᠨᠢ ᠲᠠᠯᠪᠢᠵᠤ ᠪᠣᠯᠬᠤ ᠦᠭᠡᠢ᠃ ᠪᠣᠳᠠᠲᠤ ᠠᠵᠢᠯᠯᠠᠭ᠎ᠠ ᠪᠠᠷ ᠢᠶᠠᠨ | ᠳᠡᠮᠵᠢᠯᠭᠡ ᠦᠵᠡᠭᠦᠯᠵᠦ᠂ ᠬᠡᠦᠬᠡᠳ ᠢ ᠬᠥᠮᠦᠵᠢᠭᠦᠯᠦᠨ ᠬᠠᠪᠰᠤᠷᠴᠤ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠵᠦ᠂ ᠪᠡᠶ᠎ᠡ ᠳᠤ ᠪᠠᠨ ᠵᠢᠷᠤᠭ ᠰᠢᠪᠡᠬᠦ ᠶᠢᠨ ᠬᠤᠣᠷ | ᠬᠥᠨᠥᠭᠡᠯ ᠢ ᠭᠦᠢᠴᠡᠳ ᠲᠠᠨᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠴᠢᠩᠭᠠᠳᠬᠠᠵᠤ᠂ | ᠪᠡᠶ᠎ᠡ ᠳᠤ ᠪᠠᠨ ᠵᠢᠷᠤᠭ ᠰᠢᠪᠡᠬᠦ ᠢ ᠣᠶᠤᠨᠴᠢ ᠪᠠᠷ ᠲᠡᠪᠴᠢᠭᠦᠯᠬᠦ ᠬᠡᠷᠡᠭᠲᠡᠢ᠃ | 18. ᠪᠣᠯᠪᠠᠰᠤᠨ ᠬᠡᠪ ᠰᠤᠷᠲᠠᠯ ᠢ ᠰᠠᠨᠠᠭᠠᠴᠢᠯᠠᠵᠤ᠂ ᠡᠴᠢᠭᠡ ᠡᠬᠡ ᠦᠷ᠎ᠡ ᠬᠡᠦᠬᠡᠳ ᠤᠨ ᠨᠡᠪᠲᠡᠷᠡᠯᠴᠡᠭᠡ ᠶᠢ | ᠠᠩᠬᠠᠷᠤᠨ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠢᠯᠡᠭᠦᠬᠡᠨ ᠶᠠᠷᠢᠯᠴᠠᠵᠤ᠂ ᠡᠷᠡᠭᠦᠯ ᠮᠡᠨᠳᠦ ᠶᠢᠨ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ ᠵᠢᠴᠢ ᠪᠤᠰᠤᠳ ᠠᠰᠢᠭᠲᠠᠢ ᠨᠡᠶᠢᠭᠡᠮ ᠤᠨ | ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠡᠦᠬᠡᠳ ᠲᠤ ᠪᠠᠨ ᠵᠤᠰᠠᠯᠠᠩ᠂ | ᠵᠤᠭᠠᠴᠠᠨ ᠰᠤᠷᠤᠯᠴᠠᠬᠤ᠂ ᠰᠤᠳᠤᠯᠤᠨ ᠰᠤᠷᠤᠯᠴᠠᠬᠤ ᠵᠡᠷᠭᠡ ᠵᠤᠨ ᠤ ᠠᠮᠠᠷᠠᠯᠲᠠ ᠶᠢᠨ ᠠᠵᠢᠯᠯᠠᠭ᠎ᠠ ᠶᠢ ᠰᠣᠩᠭᠤᠪᠠᠯ᠂ | ᠭᠤᠣᠯᠯᠠᠨ ᠡᠷᠬᠢᠯᠡᠬᠦ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠷᠢ ᠭᠡᠮ ᠢ ᠨᠠᠷᠢᠨ ᠬᠢᠨᠠᠮᠠᠭᠠᠢ ᠣᠶᠢᠯᠠᠭᠠᠵᠤ᠂ | ᠪᠦᠲᠦᠮᠵᠢᠲᠡᠢ ᠭᠡᠷ᠎ᠡ ᠲᠣᠭᠲᠠᠵᠤ᠂ ᠬᠡᠦᠬᠡᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠬᠡᠷᠡᠭᠲᠡᠢ᠃ | | | |