ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠢᠷᠡᠬᠦ 5 ᠵᠢᠯ ᠳᠤ ᠠᠮᠧᠷᠢᠺᠠ ᠶᠢᠨ 5 | ᠲᠦᠮᠡᠨ ᠵᠠᠯᠠᠭᠤᠴᠤᠳ ᠪᠠᠭᠠᠴᠤᠳ ᠢ ᠳᠤᠮᠳᠠᠳᠤ ᠤᠯᠤᠰ ᠲᠤ ᠤᠷᠢᠨ ᠰᠣᠯᠢᠯᠴᠠᠵᠤ ᠰᠤᠷᠤᠯᠴᠠᠭᠤᠯᠬᠤ︾ ᠴᠢᠬᠤᠯᠠ | ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳᠤᠮᠳᠠᠳᠤ ᠠᠮᠧᠷᠢᠺᠠ ᠶᠢᠨ ᠵᠠᠯᠠᠭᠤᠴᠤᠳ | ᠪᠠᠭᠠᠴᠤᠳ ᠤᠨ ᠰᠣᠯᠢᠯᠴᠠᠭ᠎ᠠ ᠶᠢ ᠥᠷᠭᠡᠳᠬᠡᠨ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ | ᠭᠦᠨᠵᠡᠭᠡᠶᠢᠷᠡᠭᠦᠯᠬᠦ ᠶᠢᠨ ᠲᠥᠯᠥᠭᠡ᠂ 7 ᠰᠠᠷ᠎ᠠ ᠶᠢᠨ 11 - 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠳᠤ ᠨᠠᠶᠢᠳᠠᠵᠤ᠂ ᠠᠮᠧᠷᠢᠺᠠ ᠶᠢᠨ ᠬᠠᠸᠠᠶ᠋ᠢ ᠵᠧᠦ᠂ ᠤᠮᠠᠷᠠᠲᠤ ᠺᠠᠷᠣᠯᠠᠶᠢᠨᠠ ᠵᠧᠦ᠂ ᠨᠢᠦ᠋ ᠶᠣᠷᠺ ᠵᠧᠦ | ᠵᠡᠷᠭᠡ ᠭᠠᠵᠠᠷ ᠤᠨ ᠵᠠᠯᠠᠭᠤ ᠰᠤᠷᠤᠭᠴᠢᠳ ᠤᠨ ᠲᠥᠯᠥᠭᠡᠯᠡᠭᠴᠢ ᠶᠢ ᠤᠷᠢᠵᠤ᠂ ᠳᠤᠮᠳᠠᠳᠤ ᠤᠯᠤᠰ ᠲᠤ ᠢᠷᠡᠭᠦᠯᠦᠨ | ︽ᠤᠮᠠᠷᠠᠲᠤ ᠬᠢᠯᠢ ᠳᠠᠬᠢ ᠬᠠᠯᠠᠭᠤᠨ ᠲᠣᠲᠤᠨᠤ ᠨᠥᠬᠦᠷᠯᠡᠯ︾ - ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠥᠪᠥᠷ | ᠮᠣᠩᠭᠤᠯ ᠳᠠᠬᠢ ᠰᠣᠯᠢᠯᠴᠠᠭᠠᠨ ᠤ ᠪᠠᠭᠤᠴᠠ ᠶᠢᠨ ᠠᠵᠢᠯᠯᠠᠭ᠎ᠠ ᠳᠤ ᠣᠷᠣᠯᠴᠠᠭᠤᠯᠪᠠ᠃ | 7 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠰᠣᠯᠢᠯᠴᠠᠭᠠᠨ ᠤ ᠪᠠᠭᠤᠴᠠ ᠶᠢᠨ | ᠡᠬᠢᠯᠡᠯᠲᠡ ᠶᠢᠨ ᠶᠣᠰᠣᠯᠠᠯ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠭᠤᠯᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ | ᠸᠠᠩ ᠮᠢᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠬᠢᠷᠤᠯ ᠭᠤᠤ ᠵᠢᠦᠢ ᠯᠢᠨ᠂ | ᠠᠮᠧᠷᠢᠺᠠ ᠶᠢᠨ ᠬᠠᠸᠠᠶ᠋ᠢ ᠶᠢᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠠᠷᠤᠭ᠎ᠠ ᠿᠧᠨ ᠶᠢᠦ | ᠮᠧᠢ ᠠᠪᠠᠭ᠋ᠠᠢ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠣᠷᠣᠯᠴᠠᠪᠠ᠃ ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ᠂ | ᠳᠤᠮᠳᠠᠳᠤ ᠠᠮᠧᠷᠢᠺᠠ ᠶᠢᠨ ᠰᠤᠷᠤᠭᠴᠢᠳ ᠬᠠᠮᠲᠤ ᠳᠤ ᠪᠠᠨ ᠠᠷᠰᠯᠠᠨ ᠪᠥᠵᠢᠭ ᠤᠨ ᠲᠣᠭᠯᠠᠯᠲᠠ᠂ ᠵᠡᠪᠰᠡᠭ ᠤᠨ | ᠡᠷᠳᠡᠮ ᠤᠨ ᠲᠣᠭᠯᠠᠯᠲᠠ᠂ ᠠᠷᠠᠳ ᠤᠨ ᠬᠥᠭᠵᠢᠮ ︵ᠡᠷᠲᠡᠨ ᠤ ᠶᠠᠲᠤᠭ᠎ᠠ᠂ ᠬᠤ᠋ ᠯᠦ ᠰᠧ᠂ ᠬᠤᠯᠤᠰᠤᠨ ᠯᠢᠮᠪᠦ︶ ᠤᠨ | ᠦᠵᠡᠭᠦᠯᠭᠡ ᠶᠢᠨ ᠲᠣᠭᠯᠠᠯᠲᠠ᠂ ᠮᠣᠩᠭᠤᠯ ᠪᠥᠵᠢᠭ ᠤᠨ ᠦᠵᠡᠭᠦᠯᠭᠡ ᠶᠢᠨ ᠲᠣᠭᠯᠠᠯᠲᠠ ᠶᠢ ᠰᠣᠨᠢᠷᠬᠠᠭᠰᠠᠨ ᠪᠥᠭᠡᠳ | ᠬᠢᠲᠠᠳ ᠬᠤᠪᠴᠠᠰᠤ ᠪᠠ ᠮᠣᠩᠭᠤᠯ ᠲᠡᠷᠯᠢᠭ ᠢ ᠡᠮᠦᠰᠴᠦ ᠦᠵᠡᠨ᠂ ᠳᠤᠮᠳᠠᠳᠤ ᠤᠯᠤᠰ ᠤᠨ ᠴᠠᠢ ᠶᠢ ᠠᠮᠲᠠᠯᠠᠵᠤ᠂ | ᠰᠢᠲᠠᠷ᠎ᠠ ᠮᠥᠷᠦᠶᠢᠴᠡᠨ᠂ ᠵᠡᠪᠰᠡᠭ ᠤᠨ ᠡᠷᠳᠡᠮ ᠪᠣᠯᠪᠠᠰᠤᠷᠠᠵᠤ᠂ ᠦᠢᠯᠡᠳᠦᠯᠴᠡᠬᠦ ᠮᠠᠶ᠋ᠢᠭ ᠤᠨ ᠪᠡᠶᠡᠴᠢᠯᠡᠨ ᠣᠶᠢᠯᠠᠭᠠᠬᠤ | ᠶᠠᠪᠤᠴᠠ ᠳᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠪᠠ᠃ | | | | | | | | | | | | | | 7 ᠰᠠᠷ᠎ᠠ ᠶᠢᠨ 11 - 17 ᠤ ᠡᠳᠦᠷ᠂ ᠠᠮᠧᠷᠢᠺᠠ ᠶᠢᠨ ᠵᠠᠯᠠᠭᠤ ᠰᠤᠷᠤᠭᠴᠢᠳ ᠤᠷᠢᠳ ᠬᠤᠵᠢᠳ | ᠬᠥᠬᠡᠬᠤᠲᠠ ᠪᠣᠯᠤᠨ ᠪᠠᠶᠠᠨᠨᠠᠭᠤᠷ ᠲᠤ ᠬᠦᠷᠴᠦ ᠲᠣᠭᠤᠷᠢᠨ ᠦᠵᠡᠪᠡ᠃ ᠬᠥᠬᠡᠬᠤᠲᠠ ᠳᠤ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠯᠠᠭᠤ ᠰᠤᠷᠤᠭᠴᠢᠳ ᠲᠠᠢ ᠬᠠᠮᠲᠤ ᠥᠪᠥᠷ ᠮᠣᠩᠭᠤᠯ ᠤᠨ ᠮᠦᠽᠧᠢ᠂ ᠮᠤᠨᠢ | ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠰᠠᠢ ᠱᠠᠩ ᠬᠠᠭᠤᠴᠢᠨ ᠵᠡᠭᠡᠯᠢ᠂ ᠢᠯᠢ | ᠣᠳᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠵᠢᠯᠠᠭ᠎ᠠ ᠵᠡᠷᠭᠡ ᠭᠠᠵᠠᠷ ᠲᠤ ᠬᠦᠷᠴᠦ᠂ ᠥᠪᠥᠷ ᠮᠣᠩᠭᠤᠯ ᠤᠨ | ᠲᠡᠦᠬᠡ ᠰᠣᠶᠣᠯ ᠪᠠ ᠣᠳᠣᠬᠢᠴᠢᠯᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠶᠢᠯᠠᠭᠠᠪᠠ᠃ ᠪᠠᠶᠠᠨᠨᠠᠭᠤᠷ ᠲᠤ᠂ | ᠪᠣᠷᠣᠲᠣᠬᠤᠢ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠨᠢᠭᠡ ᠤᠳᠠᠭᠠᠨ ᠤ ︽ᠵᠢᠩ ᠶᠧ ᠰᠧ︾ ᠭᠡᠬᠦ | ᠬᠡᠯᠡ ᠪᠢᠴᠢᠭ ᠤᠨ ᠬᠢᠴᠢᠶᠡᠯ ᠢ ᠬᠠᠮᠲᠤ ᠳᠤ ᠪᠠᠨ ᠣᠷᠣᠨ᠂ ᠭᠤᠯᠢᠷ ᠤᠨ ᠱᠤᠭᠤᠮᠠᠯ ᠪᠠ ᠵᠢᠩ ᠲᠠᠢ ᠯᠠᠨ ᠴᠢᠶᠠ ᠰᠧ | ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠢ ᠪᠡᠶᠡᠴᠢᠯᠡᠨ ᠣᠶᠢᠯᠠᠭᠠᠵᠤ᠂ ᠬᠠᠮᠲᠤ ᠳᠤ ᠪᠠᠨ | ᠪᠠᠩᠰᠢ ᠪᠠᠷᠢᠵᠤ᠂ ᠪᠠᠩᠰᠢ ᠢᠳᠡᠵᠦ᠂ ᠳᠤᠮᠳᠠᠳᠤ ᠶᠢᠨ ᠰᠣᠶᠣᠯ ᠤᠨ ᠠᠭᠤᠷ ᠠᠮᠢᠰᠬᠤᠯ ᠢ ᠭᠦᠨ ᠭᠦᠨᠵᠡᠭᠡᠢ ᠮᠡᠳᠡᠷᠡᠨ᠂ | ᠤᠯᠠᠭᠠᠨᠰᠤᠬᠠᠢ ᠳᠤ ᠬᠦᠷᠴᠦ ᠠᠮᠢ ᠠᠬᠤᠢ ᠶᠢᠨ ᠳᠠᠪᠠᠭᠤᠯᠢᠭ᠂ ᠪᠣᠬᠢᠷᠲᠤᠯ ᠦᠭᠡᠢ ᠬᠥᠭᠵᠢᠯᠲᠡ ᠶᠢᠨ ︽ᠴᠣ ᠰᠢᠨ᠎ᠡ | ᠬᠤᠪᠢᠷᠠᠯᠲᠠ︾ ᠶᠢ ᠣᠶᠢᠯᠠᠭᠠᠪᠠ᠃ | | | | | | | | | | | | | | | | | | | | 7 ᠰᠠᠷ᠎ᠠ ᠶᠢᠨ 18 - 20 ᠤ ᠡᠳᠦᠷ᠂ ᠠᠮᠧᠷᠢᠺᠠ ᠶᠢᠨ ᠵᠠᠯᠠᠭᠤ ᠰᠤᠷᠤᠭᠴᠢᠳ ᠪᠣᠯᠤᠨ ᠪᠡᠭᠡᠵᠢᠩ ᠶᠡᠭᠡ | ᠰᠤᠷᠭᠠᠭᠤᠯᠢ ᠳᠤ ᠪᠠᠶᠢᠭ᠎ᠠ ᠳᠤᠮᠳᠠᠳᠤ ᠭᠠᠳᠠᠭᠠᠳᠤ ᠶᠢᠨ ᠰᠤᠷᠤᠭᠴᠢᠳ ᠬᠠᠮᠲᠤ ᠳᠤ ᠪᠠᠨ ︽ᠳᠤᠮᠳᠠᠳᠤ ᠤᠯᠤᠰ ᠢ | ᠮᠡᠳᠡᠵᠦ ᠣᠶᠢᠯᠠᠭᠠᠶ᠎ᠠ - ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠳᠠᠭᠠᠭᠤᠯᠤᠭᠴᠢ ᠶᠠᠷᠢᠯᠴᠠᠯᠭ᠎ᠠ ᠬᠢᠬᠦ | ᠠᠵᠢᠯᠯᠠᠭ᠎ᠠ︾ ᠪᠠ ᠣᠯᠠᠨ ᠤᠯᠤᠰ ᠤᠨ ᠰᠣᠶᠣᠯ ᠤᠨ ᠨᠠᠶᠢᠷ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠳᠤ | ᠣᠷᠣᠯᠴᠠᠵᠤ᠂ ᠲᠢᠶᠠᠨ ᠠᠨ ᠮᠧᠨ ᠲᠠᠯᠠᠪᠠᠢ᠂ ᠮᠦ ᠲᠢᠶᠠᠨ ᠢᠦᠢ ᠶᠢᠨ ᠤᠷᠲᠤ ᠴᠠᠭᠠᠨ ᠬᠡᠷᠡᠮ ᠵᠡᠷᠭᠡ ᠭᠠᠵᠠᠷ ᠢᠶᠠᠷ | ᠵᠤᠭᠠᠴᠠᠵᠤ᠂ ᠳᠤᠮᠳᠠᠳᠤ ᠤᠯᠤᠰ ᠤᠨ ᠡᠷᠲᠡᠨ ᠤ ᠪᠠᠷᠢᠯᠭ᠎ᠠ ᠶᠢᠨ ᠠᠤᠭ᠎ᠠ ᠰᠦᠷᠯᠢᠭ ᠦᠵᠡᠮᠵᠢ ᠪᠠ ᠲᠡᠦᠬᠡ ᠶᠢᠨ | ᠬᠤᠷᠠᠮᠳᠤᠯ ᠢ ᠣᠶᠢᠯᠠᠭᠠᠪᠠ᠃ | | | | | | | | ᠠᠷᠪᠠᠭᠠᠳ ᠡᠳᠦᠷ ᠤᠨ ᠠᠶᠠᠯᠠᠯ ᠢᠶᠠᠷ ᠳᠠᠮᠵᠢᠨ᠂ ᠠᠮᠧᠷᠢᠺᠠ ᠶᠢᠨ ᠵᠠᠯᠠᠭᠤ ᠰᠤᠷᠤᠭᠴᠢᠳ ᠳᠤᠮᠳᠠᠳᠤ ᠤᠯᠤᠰ ᠢ | ᠮᠡᠳᠡᠷᠡᠵᠦ᠂ ᠳᠤᠮᠳᠠᠳᠤ ᠤᠯᠤᠰ ᠢ ᠣᠶᠢᠯᠠᠭᠠᠵᠤ᠂ ᠦᠨᠡᠨ ᠪᠣᠳᠠᠲᠠᠢ᠂ ᠠᠮᠢᠳᠤᠯᠢᠭ ᠪᠥᠭᠡᠳ ᠪᠣᠰᠤᠭ᠎ᠠ ᠴᠣᠭᠴᠠᠲᠤ | ᠳᠤᠮᠳᠠᠳᠤ ᠤᠯᠤᠰ ᠢ ᠣᠯᠵᠤ ᠬᠠᠷᠠᠨ᠂ ᠥᠪᠥᠷ ᠮᠣᠩᠭᠤᠯ ᠤᠨ ᠵᠠᠯᠠᠭᠤᠴᠤᠳ ᠲᠠᠢ ᠰᠠᠨᠠᠯ ᠢᠶᠠᠨ ᠰᠣᠯᠢᠯᠴᠠᠵᠤ᠂ ᠰᠠᠶᠢᠨ | ᠨᠠᠶᠢᠵᠠ᠂ ᠰᠠᠶᠢᠨ ᠬᠠᠨᠢᠲᠠᠨ ᠪᠣᠯᠵᠣ᠂ ᠭᠦᠨ ᠵᠤᠵᠠᠭᠠᠨ ᠨᠥᠬᠦᠷᠯᠡᠯ ᠪᠠᠶᠢᠭᠤᠯᠪᠠ᠃ ᠰᠣᠯᠢᠯᠴᠠᠭᠠᠨ ᠤ ᠪᠠᠭᠤᠴᠠ ᠶᠢᠨ | ᠠᠵᠢᠯᠯᠠᠭ᠎ᠠ ᠨᠢ ᠳᠤᠮᠳᠠᠳᠤ ᠠᠮᠧᠷᠢᠺᠠ ᠶᠢᠨ ᠵᠠᠯᠠᠭᠤᠴᠤᠳ ᠲᠤ ᠰᠠᠶᠢᠨ ᠰᠠᠶᠢᠬᠠᠨ ᠮᠠᠷᠲᠠᠭᠳᠠᠰᠢ ᠦᠭᠡᠢ ᠳᠤᠷᠠᠳᠬᠠᠯ | ᠦᠯᠡᠳᠡᠭᠡᠵᠦ᠂ ᠲᠡᠳᠡᠨ ᠤ ᠣᠶᠢᠯᠠᠭᠠᠯᠴᠠᠭ᠎ᠠ ᠪᠠᠨ ᠴᠢᠩᠭᠠᠳᠬᠠᠨ᠂ ᠭᠠᠷ ᠬᠤᠯᠪᠣᠯᠴᠠᠨ ᠬᠠᠮᠲᠤ ᠳᠤ ᠪᠠᠨ | ᠤᠷᠤᠭᠰᠢᠯᠠᠬᠤ ᠶᠢ ᠠᠬᠢᠭᠤᠯᠵᠤ᠂ ᠳᠤᠮᠳᠠᠳᠤ ᠠᠮᠧᠷᠢᠺᠠ ᠶᠢᠨ ᠨᠥᠬᠦᠷᠰᠡᠭ ᠬᠠᠷᠢᠴᠠᠭᠠᠨ ᠤ ᠰᠢᠨ᠎ᠡ ᠨᠢᠭᠡ ᠦᠶ᠎ᠡ ᠶᠢᠨ | ᠡᠯᠴᠢ ᠪᠣᠯᠭᠠᠵᠤ᠂ ᠰᠠᠶᠢᠨ ᠰᠠᠶᠢᠬᠠᠨ ᠬᠦᠰᠡᠯ ᠡᠷᠡᠮᠡᠯᠵᠡᠯ ᠪᠢᠯᠬᠠᠭᠰᠠᠨ ᠬᠠᠯᠠᠭᠤᠨ ᠲᠣᠲᠣᠨᠤ ᠨᠥᠬᠦᠷᠯᠡᠯ ᠤᠨ | ᠬᠥᠭᠦᠷᠭᠡ ᠶᠢ ᠳᠡᠪᠢᠰᠦᠭᠰᠡᠨ ᠪᠠᠶᠢᠨ᠎ᠠ᠃ | ᠰᠤᠷᠤᠭᠴᠢ Jahn Dorin᠄ ︽ᠪᠢ ᠳᠤᠮᠳᠠᠳᠤ ᠤᠯᠤᠰ ᠲᠤ ᠠᠩᠬ᠎ᠠ ᠤᠳᠠᠭ᠎ᠠ ᠢᠷᠡᠵᠦ ᠪᠠᠶᠢᠭ᠎ᠠ ᠶᠤᠮ᠂ | ᠡᠬᠢᠯᠡᠭᠡᠳ ᠲᠤᠩ ᠰᠡᠳᠬᠢᠯ ᠠᠮᠤᠷ ᠦᠭᠡᠢ ᠪᠠᠶᠢᠭᠰᠠᠨ᠂ ᠤᠴᠢᠷ ᠨᠢ ᠡᠨᠡ ᠪᠣᠯ ᠨᠢᠭᠡᠨ ᠲᠠᠨᠢᠯ ᠪᠤᠰᠤ ᠭᠠᠵᠠᠷ | ᠪᠣᠯᠤᠨ᠎ᠠ᠃ ᠭᠡᠲᠡᠯ᠎ᠡ ᠢᠷᠡᠭᠰᠡᠨ ᠤ ᠳᠠᠷᠠᠭ᠎ᠠ ᠮᠢᠨᠦ ᠪᠣᠳᠤᠯ ᠭᠱᠠᠨ ᠵᠠᠭᠤᠷ᠎ᠠ ᠬᠤᠪᠢᠷᠠᠭᠰᠠᠨ᠂ ᠳᠤᠮᠳᠠᠳᠤ ᠤᠯᠤᠰ | ᠭᠠᠶᠢᠬᠠᠯᠲᠠᠢ ᠰᠠᠶᠢᠠᠬᠨ᠂ ᠬᠥᠮᠦᠨ ᠪᠥᠬᠦᠨ ᠨᠠᠳᠠ ᠲᠣᠩ ᠰᠠᠶᠢᠨ᠂ ᠪᠢ ᠠᠳᠡᠬᠢ ᠪᠠᠶᠢᠭᠠᠯᠢ ᠶᠢᠨ ᠰᠠᠶᠢᠬᠠᠨ ᠦᠵᠡᠮᠵᠢ ᠶᠢ | ᠬᠠᠷᠠᠭᠠᠳ ᠶᠡᠬᠡᠲᠡ ᠭᠠᠶᠢᠬᠠᠭᠰᠠᠨ᠂ ᠠᠳᠡᠬᠢ ᠰᠣᠶᠣᠯ ᠪᠠ ᠤᠷᠠᠯᠢᠭ ᠮᠢᠨᠤ ᠰᠡᠳᠬᠢᠯ ᠢ ᠲᠠᠲᠠᠪᠠ᠃ ᠪᠢ ᠲᠤᠩ ᠠᠵᠠ | ᠲᠠᠢ ᠬᠥᠮᠦᠨ᠂ ᠲᠠ ᠨᠠᠷ ᠲᠤ ᠪᠠᠨ ᠲᠤᠩ ᠪᠠᠶᠠᠷᠯᠠᠵᠤ ᠪᠠᠶᠢᠨ᠎ᠠ︾ ᠭᠡᠪᠡ᠃ | ᠠᠮᠧᠷᠢᠺᠠ ᠶᠢᠨ ᠠᠩᠭᠢ ᠳᠠᠭᠠᠭᠤᠯᠵᠤ ᠢᠷᠡᠭᠰᠡᠨ ᠪᠠᠭᠰᠢ Cynthia Ning᠄ ︽ᠥᠪᠥᠷ ᠮᠣᠩᠭᠤᠯ ᠳᠠᠬᠢ | ᠰᠣᠯᠢᠯᠴᠠᠭᠠᠨ ᠤ ᠪᠠᠭᠤᠴᠠ ᠶᠢᠨ ᠠᠵᠢᠯᠯᠠᠭ᠎ᠠ ᠣᠬᠤᠷᠬᠠᠨ ᠬᠤᠭᠤᠴᠠᠭᠠᠨ ᠳᠤ ᠠᠮᠵᠢᠯᠲᠠᠲᠠᠢ ᠶᠠᠪᠤᠭᠳᠠᠪᠠ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠷᠢᠨ ᠨᠢᠮᠪᠠᠢ ᠲᠣᠬᠢᠷᠠᠭᠤᠯᠤᠯᠲᠠ᠂ ᠳᠤᠮᠳᠠᠳᠤ ᠤᠯᠤᠰ ᠤᠨ | ᠰᠤᠷᠭᠠᠨ ᠬᠥᠮᠦᠵᠢᠯ ᠤᠨ ᠣᠯᠠᠨ ᠤᠯᠤᠰ ᠤᠨ ᠰᠣᠯᠢᠯᠴᠠᠭᠠᠨ ᠤ ᠨᠡᠶᠢᠭᠡᠮᠯᠢᠭ ᠪᠣᠯᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠦᠴᠦᠲᠡᠢ ᠳᠡᠮᠵᠢᠯᠭᠡ ᠳᠤ ᠣᠨᠴᠠᠭᠠᠶᠢᠯᠠᠨ | ᠲᠠᠯᠠᠷᠬᠠᠵᠤ ᠪᠣᠢ᠂ ᠶᠡᠭᠡ ᠳᠠᠯᠠᠢ ᠶᠢᠨ ᠲᠡᠷᠲᠡᠭᠡ ᠡᠷᠭᠢ ᠠᠴᠠ ᠢᠷᠡᠭᠰᠡᠨ ᠵᠠᠯᠠᠭᠤᠴᠤᠳ ᠥᠨᠥᠳᠦᠷ ᠤᠨ ᠳᠤᠮᠳᠠᠳᠤ | ᠤᠯᠤᠰ ᠵᠢᠴᠢ ᠳᠤᠮᠳᠠᠳᠤ ᠤᠯᠤᠰ ᠤᠨ ᠥᠩᠭᠡᠷᠡᠭᠰᠡᠨ ᠬᠡᠳᠦᠨ ᠠᠷᠪᠠᠨ ᠵᠢᠯ ᠤᠨ ᠳᠣᠲᠣᠷ᠎ᠠ ᠣᠯᠤᠭᠰᠠᠨ ᠠᠮᠵᠢᠯᠲᠠ | ᠪᠦᠲᠦᠮᠵᠢ ᠶᠢ ᠦᠵᠡᠵᠦ᠂ ᠣᠶᠢᠯᠭᠠᠵᠤ᠂ ᠮᠡᠳᠡᠷᠡᠪᠡ︾᠂ ︽ᠰᠣᠯᠢᠯᠴᠠᠭᠠᠨ ᠤ ᠪᠠᠭᠤᠴᠠ ᠤᠨ ᠠᠵᠢᠯᠯᠠᠭ᠎ᠠ ᠳᠤ | ᠣᠷᠣᠯᠴᠠᠭᠰᠠᠨ ᠳᠤᠮᠳᠠᠳᠤ ᠠᠮᠧᠷᠢᠺᠠ ᠶᠢᠨ ᠵᠠᠯᠠᠭᠤᠴᠤᠳ ᠪᠣᠳᠠᠲᠠᠢ ᠠᠵᠢᠯᠯᠠᠨ ᠬᠤᠶᠠᠷ ᠤᠯᠤᠰ ᠤᠨ ᠨᠥᠬᠦᠷᠰᠡᠭ | ᠬᠠᠷᠢᠴᠠᠭᠠᠨ ᠤ ᠰᠢᠨ᠎ᠡ ᠨᠢᠭᠡ ᠦᠶ᠎ᠡ ᠶᠢᠨ ᠡᠯᠴᠢ ᠪᠣᠯᠵᠤ᠂ ᠳᠤᠮᠳᠠᠳᠤ ᠠᠮᠧᠷᠢᠺᠠ ᠶᠢᠨ ᠨᠥᠬᠦᠷᠰᠡᠭ ᠬᠠᠷᠢᠴᠠᠭᠠᠨ ᠤ | ᠬᠥᠭᠵᠢᠯᠲᠡ ᠶᠢᠨ ᠲᠥᠯᠥᠭᠡ ᠴᠢᠷᠮᠠᠶᠢᠬᠤ ᠬᠡᠷᠡᠭᠲᠡᠢ︾ ᠭᠡᠪᠡ᠃ ᠲᠡᠷᠡ ᠪᠠᠰᠠ ᠣᠯᠠᠨ ᠢ ᠠᠮᠧᠷᠢᠺᠠ ᠳᠤ ᠤᠷᠢᠨ᠂ | ᠬᠠᠸᠠᠶ᠋ᠢ ᠶᠢᠨ ᠰᠣᠶᠣᠯ ᠤᠨ ᠬᠠᠯᠠᠭᠤᠨ ᠳᠤᠯᠠᠭᠠᠨ ᠶᠢ ᠮᠡᠳᠡᠷᠡᠭᠦᠯᠦᠨ᠎ᠡ ᠭᠡᠪᠡ᠃ | ᠳᠠᠷᠠᠭ᠎ᠠ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠨᠡᠩ ᠣᠯᠠᠨ ᠰᠣᠯᠢᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠮᠧᠷᠢᠺᠠ ᠶᠢᠨ ᠨᠡᠩ ᠣᠯᠠᠨ | ᠵᠠᠯᠠᠭᠤᠴᠤᠳ ᠪᠠᠭᠠᠴᠤᠳ ᠥᠪᠥᠷ ᠮᠣᠩᠭᠤᠯ ᠳᠤ ᠢᠷᠡᠭᠦᠯᠦᠨ ᠰᠣᠯᠢᠯᠴᠠᠵᠤ ᠰᠤᠷᠤᠯᠴᠠᠭᠤᠯᠵᠤ᠂ ᠳᠤᠮᠳᠠᠳᠤ ᠶᠢᠨ | ᠰᠣᠶᠣᠯ ᠢ ᠣᠶᠢᠯᠠᠭᠠᠭᠤᠯᠵᠤ᠂ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠵᠠᠯᠠᠭᠤᠴᠤᠳ | ᠪᠠᠭᠠᠴᠤᠳ ᠲᠠᠢ ᠰᠣᠯᠢᠯᠴᠠᠭᠤᠯᠵᠤ ᠦᠢᠯᠡᠳᠦᠯᠴᠡᠭᠦᠯᠦᠨ᠂ ᠨᠥᠬᠦᠷᠯᠡᠯ ᠢᠶᠠᠨ ᠵᠤᠵᠠᠭᠠᠳᠬᠠᠵᠤ᠂ ᠬᠠᠯᠠᠭᠤᠨ | ᠲᠣᠲᠣᠨᠤᠰᠤᠭ ᠶᠠᠪᠤᠯᠴᠠᠭ᠎ᠠ ᠪᠠᠶᠢᠭᠤᠯᠤᠨ᠂ ᠭᠠᠷ ᠬᠤᠯᠪᠣᠨ ᠬᠠᠮᠲᠤ ᠳᠤ ᠪᠠᠨ ᠤᠷᠤᠭᠰᠢᠯᠠᠵᠤ᠂ ᠳᠤᠮᠳᠠᠳᠤ ᠠᠮᠧᠷᠢᠺᠠ | ᠶᠢᠨ ᠬᠠᠷᠢᠴᠠᠭᠠᠨ ᠳᠤ ᠨᠡᠩ ᠣᠯᠠᠨ ᠵᠠᠯᠠᠭᠤ ᠨᠠᠰᠤᠨ ᠤ ᠢᠳᠡᠪᠬᠢ ᠬᠦᠴᠦᠨ ᠨᠡᠮᠡᠷᠢᠯᠡᠨ᠎ᠡ᠃ | | | |