ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/26
      7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ᠃

6385751669598841782216372.jpg

      ᠸᠠᠩ ᠯᠢ ᠰᠢᠶᠠ ᠭᠦᠩ ᠴᠢ ᠬᠤᠸᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠡᠭᠡᠵᠢᠩ

ᠶᠡᠭᠡ ᠰᠤᠷᠭᠠᠭᠤᠯᠢ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ

ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ

ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ ᠣᠷᠣᠨ

ᠳᠠᠶᠠᠭᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ

ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ

ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ

ᠶᠡᠭᠡ ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠴᠢᠨᠠᠷ

ᠰᠠᠶᠢᠲᠠᠢ ᠬᠥᠭᠵᠢᠯᠲᠡ ᠶᠢᠨ ᠲᠣᠭᠤᠷᠢᠨ ᠳᠤ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠠᠵᠤ ᠠᠬᠤᠢ ᠶᠢᠨ

ᠬᠥᠭᠵᠢᠯᠲᠡ ᠲᠦᠷᠭᠡᠨ ᠤ ᠵᠠᠮ ᠳᠤ ᠣᠷᠣᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠰᠠᠶᠢᠨ

ᠰᠠᠶᠢᠬᠠᠨ ᠬᠠᠨᠳᠤᠰᠢ ᠢᠯᠡᠷᠡᠪᠡ᠃ ᠨᠢᠳᠤᠨᠤᠨ ᠥᠪᠥᠷ ᠮᠣᠩᠭᠤᠯ ᠪᠣᠯᠣᠨ ᠪᠡᠭᠡᠵᠢᠩ ᠶᠡᠭᠡ ᠰᠤᠷᠭᠠᠭᠤᠯᠢ ᠪᠠᠶᠢᠯᠳᠤᠬᠤ

ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠨᠢᠭᠡᠨᠲᠡ ᠰᠢᠯᠢᠳᠡᠭ ᠰᠠᠶᠢᠨ ᠦᠷ᠎ᠡ ᠪᠦᠲᠦᠮᠵᠢ

ᠣᠯᠵᠠᠢ᠃ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠬᠢᠨ ᠶᠡᠭᠡ ᠳᠡᠭᠡᠳᠦ ᠰᠤᠷᠭᠠᠭᠤᠯᠢ ᠶᠢᠨ

ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠰᠢᠨ᠎ᠡ ᠶᠢ ᠡᠭᠦᠳᠬᠦ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠣᠷᠣᠨ ᠵᠠᠢ ᠪᠠᠨ ᠤᠯᠠᠮ

ᠨᠢᠭᠡ ᠠᠯᠬᠤᠮ ᠥᠷᠭᠡᠳᠬᠡᠵᠦ᠂ ᠰᠢᠨ᠎ᠡ ᠡᠨᠧᠷᠭᠢ᠂ ᠰᠦ ᠶᠢᠨ ᠦᠢᠯᠡᠰ᠂ ᠬᠤᠪᠣᠷ ᠰᠢᠷᠣᠢ᠂ ᠨᠣᠭᠤᠭᠠᠨ ᠪᠣᠳᠣᠯᠲᠠ

ᠵᠡᠷᠭᠡ ᠬᠦᠷᠢᠶᠡᠨ ᠳᠤ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ ᠴᠠᠭ ᠦᠶ᠎ᠡ ᠶᠢᠨ

ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ

ᠬᠦᠰᠡᠵᠦ ᠪᠠᠶᠢᠨ᠎ᠠ᠃ ᠥᠪᠥᠷ ᠮᠣᠩᠭᠤᠯ ︽ᠶᠠᠭᠠᠬᠢᠵᠤ ᠲᠥᠭᠦᠮ ᠦᠵᠡᠭᠦᠯᠭᠦ ᠴᠢᠬᠤᠯᠠᠲᠠᠢ ᠪᠣᠯ ᠲᠡᠭᠡᠵᠦ          

ᠬᠢᠬᠦ︾ ᠵᠠᠷᠴᠢᠮ ᠶᠣᠰᠣᠭᠠᠷ᠂ ᠲᠤᠰᠬᠠᠢ ᠮᠡᠷᠭᠡᠵᠢᠯᠲᠡᠨ ᠫᠷᠤᠹᠧᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ

ᠠᠵᠢᠯ ᠥᠷᠨᠢᠭᠦᠯᠬᠦ ᠳᠤ ᠥᠷᠭᠡᠨ ᠳᠡᠯᠭᠡᠷ ᠬᠡᠷᠡᠭᠯᠡᠭᠡᠨ ᠤ ᠲᠠᠯᠠᠪᠤᠷ ᠪᠠ ᠬᠠᠮᠤᠭ ᠤᠨ ᠰᠢᠯᠢᠳᠡᠭ ᠦᠢᠯᠡᠴᠢᠯᠡᠭᠡ

ᠬᠠᠩᠭᠠᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠥᠪᠥᠷ ᠮᠣᠩᠭᠤᠯ ᠳᠤ

ᠣᠨᠳᠣᠣᠰᠢᠭᠤᠯᠤᠨ ᠬᠡᠷᠡᠭᠯᠡᠬᠦ ᠶᠢ ᠪᠡᠶᠡᠯᠡᠭᠦᠯᠦᠨ᠎ᠡ ᠭᠡᠵᠡᠢ᠃

      ᠭᠦᠩ ᠴᠢ ᠬᠤᠸᠠᠩ᠂ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠶᠠᠪᠤᠯᠴᠠᠭ᠎ᠠ ᠭᠦᠨ

ᠵᠤᠵᠠᠭᠠᠨ ᠪᠠᠶᠢᠵᠤ᠂ ᠰᠣᠯᠢᠯᠴᠠᠭ᠎ᠠ ᠨᠢᠭᠲᠠ ᠪᠠᠶᠢᠳᠠᠭ᠃ ᠬᠤᠶᠢᠰᠢᠳᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ

ᠰᠤᠳᠤᠯᠭᠠᠨ᠂ ᠴᠢᠳᠠᠪᠤᠷᠢᠲᠠᠨ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠠᠶᠢᠯᠳᠤᠬᠤ ᠪᠣᠳᠣᠯᠭ᠎ᠠ ᠶᠢᠨ

ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠪᠦᠯᠭᠦᠮ᠂ ᠲᠤᠰᠬᠠᠢ ᠮᠡᠷᠭᠡᠵᠢᠯᠲᠡᠨ ᠡᠷᠳᠡᠮᠲᠡᠳ ᠤᠨ

ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠦᠨ ᠦᠢᠯᠡᠰ ᠪᠣᠰᠬᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ

ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ

ᠨᠡᠮᠡᠷᠢᠯᠡᠬᠦ ᠶᠢ ᠵᠣᠷᠢᠭᠵᠢᠭᠤᠯᠤᠨ ᠳᠡᠮᠵᠢᠨ᠎ᠡ ᠭᠡᠵᠦ ᠢᠯᠡᠳᠬᠡᠪᠡ᠃

      ᠪᠦᠦ ᠰᠢᠶᠠᠨ ᠬᠤᠸᠠ᠂ ᠶᠠᠩ ᠵᠢᠶᠧ ᠠᠭᠤᠯᠵᠠᠯᠲᠠ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号