ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠴᠡᠭ ᠤᠨ ᠰᠤᠷᠭᠠᠭᠤᠯᠢ ᠶᠢᠨ ᠪᠠᠭᠰᠢ ᠶᠢᠨ ᠪᠣᠯᠪᠠᠰᠤᠷᠠᠭᠤᠯᠤᠯ ᠢ ᠡᠷᠬᠢᠯᠡᠪᠡ
ᠨᠡᠶᠢᠲᠡᠯᠡᠭᠰᠡᠨ ᠴᠠᠭ᠄
2024/7/26
      ᠮᠠᠨ ᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠡᠶ᠎ᠡ ᠵᠣᠬᠢᠴᠠᠯ ᠲᠠᠢ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠤ ᠣᠷᠴᠢᠨ ᠢ ᠪᠠᠶᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 22  ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠭᠤᠷᠪᠠᠳᠤᠭᠠᠷ ᠬᠤᠭᠤᠴᠠᠭ᠎ᠠ - ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠴᠡᠭ ᠤᠨ ᠰᠤᠷᠭᠠᠭᠤᠯᠢ ᠶᠢᠨ ᠪᠠᠭᠰᠢ ᠶᠢᠨ ᠪᠣᠯᠪᠠᠰᠤᠷᠠᠭᠤᠯᠤᠯ ᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠶᠠᠪᠤᠭᠳᠠᠭᠤᠯᠪᠠ᠃   

1.png

      ᠡᠨᠡ ᠤᠳᠠᠭᠠᠨ ᠤ ᠪᠣᠯᠪᠠᠰᠤᠷᠠᠭᠤᠯᠤᠯ ᠳᠤ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ  ᠶᠢᠨ

ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠣᠯᠠᠨ ᠤᠯᠤᠰ ᠤᠨ ᠰᠤᠳᠤᠯᠭᠠᠨ ᠤ ᠲᠥᠪ ᠤᠨ ᠡᠷᠬᠢᠯᠡᠭᠴᠢ ᠵᠠᠩ

ᠴᠢᠶᠠᠨ ᠫᠷᠤᠹᠧᠰᠰᠤᠷ ᠪᠣᠯᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠱᠧᠨ ᠶᠥᠩ ᠾᠦᠢ

ᠳ᠋ᠣᠺᠲ᠋ᠣᠷ ᠢ ᠤᠷᠢᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠠᠭᠤᠯᠭ᠎ᠠ ᠪᠣᠯᠤᠨ

ᠬᠡᠷᠡᠭᠵᠢᠭᠦᠯᠦᠯᠲᠡ ᠶᠢᠨ ᠲᠣᠭᠤᠷᠢᠨ  ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠪᠣᠯᠪᠠᠰᠤᠷᠠᠭᠤᠯᠤᠯ ᠤᠨ

ᠠᠭᠤᠯᠭ᠎ᠠ ᠡᠯᠪᠡᠭ ᠪᠠᠶᠠᠯᠢᠭ ᠪᠥᠭᠡᠳ ᠪᠦᠬᠦ ᠲᠠᠯ᠎ᠠ ᠪᠠᠷ᠂ ᠣᠯᠠᠨ ᠤᠯᠤᠰ ᠤᠨ ᠬᠠᠷᠠᠭᠠᠰᠤ ᠠᠴᠠ ᠰᠤᠷᠤᠭᠴᠢᠳ ᠤᠨ

ᠳᠣᠷᠣᠮᠵᠢᠯᠠᠯ ᠢ ᠵᠠᠰᠠᠬᠤ ᠣᠨᠣᠯ ᠪᠠ ᠲᠤᠷᠰᠢᠯᠭ᠎ᠠ ᠶᠢ ᠬᠠᠮᠤᠷᠤᠭᠰᠠᠨ ᠮᠥᠷᠲᠡᠭᠡᠨ ᠪᠠᠰᠠ ᠤᠯᠤᠰ ᠵᠢᠴᠢ ᠥᠪᠡᠷᠲᠡᠭᠡᠨ

ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠨ

ᠪᠠᠭᠰᠢ ᠳᠤ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠬᠠᠩᠭᠠᠵᠤ᠂

ᠣᠨᠣᠯ ᠤᠨ ᠲᠠᠶᠢᠯᠤᠮᠵᠢ ᠪᠠ ᠪᠣᠳᠠᠲᠠᠢ ᠠᠵᠢᠯᠯᠠᠭᠠᠨ ᠤ ᠰᠣᠷᠢᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ

ᠮᠠᠶ᠋ᠢᠭ ᠢᠶᠠᠷ ᠳᠠᠮᠵᠢᠭᠤᠯᠤᠨ᠂ ᠴᠡᠭ ᠢᠶᠠᠷ ᠴᠡᠭ ᠢ ᠳᠠᠭᠠᠭᠤᠯᠤᠨ ᠵᠢᠯᠣᠭᠤᠳᠴᠤ᠂ ᠪᠣᠯᠪᠠᠰᠤᠷᠠᠭᠤᠯᠤᠯ ᠳᠤ

ᠣᠷᠣᠯᠴᠠᠭᠰᠠᠨ ᠰᠤᠷᠤᠭᠴᠢ ᠨᠢᠭᠡ ᠪᠦᠷᠢ ᠴᠥᠮ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ

ᠵᠠᠩᠭᠢᠯᠠᠭ᠎ᠠ ᠶᠢᠨ ᠤᠷ᠎ᠠ ᠴᠢᠳᠠᠪᠤᠷᠢ ᠶᠢ ᠡᠵᠡᠮᠰᠢᠵᠦ᠂ ᠪᠣᠯᠪᠠᠰᠤᠷᠠᠭᠤᠯᠤᠯ ᠦᠷ᠎ᠡ ᠪᠦᠲᠦᠮᠵᠢ ᠣᠯᠬᠤ ᠶᠢ ᠦᠨᠡᠨ ᠬᠦ

ᠪᠠᠲᠤᠯᠠᠪᠠ᠃

2.webp.png

3.webp.png

      ᠡᠨᠡ ᠤᠳᠠᠭᠠᠨ ᠤ ᠪᠣᠯᠪᠠᠰᠤᠷᠠᠭᠤᠯᠤᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ

ᠳᠣᠷᠣᠮᠵᠢᠯᠠᠯ ᠢ ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠠᠴᠠ ᠳᠠᠭᠠᠭᠠᠴᠢᠯᠠᠨ ᠡᠷᠬᠢᠯᠡᠪᠡ᠃ ᠳᠠᠷᠠᠭ᠎ᠠ

ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ

ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠤᠨ ᠡᠷᠳᠡᠮ ᠰᠢᠨᠵᠢᠯᠡᠭᠡᠨ ᠤ

ᠳᠠᠪᠠᠭᠤᠯᠢᠭ  ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ  ᠢ

ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ

ᠰᠢᠨᠵᠢᠯᠡᠬᠦ ᠤᠬᠠᠭᠠᠨᠴᠢ ᠦᠨᠳᠦᠰᠦᠯᠡᠯ ᠪᠠ ᠦᠢᠯᠡᠳᠦᠯᠭᠡ  ᠶᠢᠨ ᠵᠢᠯᠣᠭᠤᠳᠣᠯᠭ᠎ᠠ ᠬᠠᠩᠭᠠᠵᠤ᠂ ᠰᠤᠷᠤᠭᠴᠢᠳ ᠤᠨ

ᠡᠷᠡᠭᠦᠯ ᠮᠡᠨᠳᠦ᠂ ᠠᠮᠤᠷ ᠲᠦᠪᠰᠢᠨ ᠣᠷᠴᠢᠨ ᠳᠤ ᠥᠰᠦᠨ ᠪᠤᠶᠢᠵᠢᠬᠤ ᠳᠤ ᠬᠦᠴᠦᠨ ᠨᠡᠮᠡᠷᠢᠯᠡᠨ᠂ ᠤᠯᠤᠰ ᠪᠠ

ᠨᠡᠶᠢᠭᠡᠮ ᠳᠤ ᠨᠡᠩ ᠣᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ ᠥᠭᠭᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号