︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠪᠡᠭᠡᠵᠢᠩ ᠥᠪᠥᠷ ᠮᠣᠩᠭᠤᠯ ᠤᠨ ᠪᠠᠭᠰᠢ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠬᠤ︾ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/7/26
      7 ᠰᠠᠷ᠎ᠠ ᠶᠢᠨ 22 ᠤᠨ ᠡᠳᠦᠷ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠪᠡᠭᠡᠵᠢᠩ ᠥᠪᠥᠷ ᠮᠣᠩᠭᠤᠯ ᠤᠨ ᠪᠠᠭᠰᠢ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠬᠤ︾ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠠᠶᠢᠯᠠᠷ ᠲᠠᠬᠢ ᠪᠠᠭᠤᠴᠠᠨ  ᠳᠤ ᠡᠬᠢᠯᠡᠪᠡ᠃ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠧ ᠵᠢᠦᠢ ᠵᠦᠩ᠂ ᠪᠡᠭᠡᠵᠢᠩ ᠤᠨ ᠰᠤᠷᠭᠠᠨ ᠬᠥᠮᠦᠵᠢᠯ  ᠤᠨ ᠬᠠᠮ ᠵᠠᠭᠤᠴᠢᠯᠠᠭᠤᠷ ᠤᠨ ᠲᠥᠪ ᠤᠨ ᠨᠠᠮ ᠤᠨ ᠬᠤᠷᠢᠶᠠᠨ ᠤ ᠱᠦᠵᠢ ᠯᠢ ᠺᠠᠢ ᠹᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃   

1.webp.png

      ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠡᠭᠦᠨ ᠪᠠᠷᠠᠭᠤᠨ ᠣᠷᠣᠨ  ᠤ ᠬᠠᠮᠵᠢᠯᠴᠠᠭᠠᠨ ᠤ

ᠠᠵᠢᠯ ᠢ ᠭᠦᠨᠵᠡᠭᠡᠶᠢᠷᠡᠭᠦᠯᠬᠦ ᠲᠤᠬᠠᠢ ᠬᠡᠯᠡᠯᠴᠡᠭᠡᠷ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

ᠪᠡᠭᠡᠵᠢᠩ ᠬᠤᠲᠠ ᠶᠢᠨ ᠰᠤᠷᠭᠠᠨ ᠬᠥᠮᠦᠵᠢᠯ  ᠤᠨ ᠵᠦᠪᠯᠡᠯ ᠲᠠᠢ ᠨᠢᠭᠲᠠ ᠬᠠᠮᠲᠤᠷᠠᠯᠴᠠᠵᠤ᠂ ᠪᠡᠭᠡᠵᠢᠩ ᠬᠤᠲᠠ ᠶᠢᠨ

336 ᠪᠠᠭᠰᠢ ᠰᠤᠷᠤᠭᠴᠢ ᠶᠢ ᠵᠣᠬᠢᠶᠠᠨ ᠪᠠᠶᠢᠭᠤᠯᠤᠨ ᠬᠥᠯᠥᠨ ᠪᠤᠶᠢᠷ ᠬᠤᠲᠠ ᠳᠤ ᠰᠤᠳᠤᠯᠤᠨ ᠰᠤᠷᠤᠯᠴᠠᠬᠤ

ᠠᠵᠢᠯᠯᠠᠭ᠎ᠠ ᠶᠢ ᠬᠤᠶᠠᠷ ᠪᠦᠯᠦᠭ ᠬᠤᠪᠢᠶᠠᠨ ᠥᠷᠨᠢᠭᠦᠯᠪᠡ᠃ ᠲᠤᠰ ᠠᠵᠢᠯᠯᠠᠭ᠎ᠠ ᠳᠤ ᠪᠡᠭᠡᠵᠢᠩ ᠥᠪᠥᠷ ᠮᠣᠩᠭᠤᠯ ᠤᠨ

ᠪᠠᠭᠰᠢ ᠰᠤᠷᠤᠭᠴᠢᠳ ᠬᠠᠮᠲᠤ ᠳᠤ ᠪᠠᠨ ᠬᠠᠶᠢᠯᠠᠷ ᠲᠣᠭᠤᠷᠢᠭ᠂ ᠮᠠᠨᠵᠤᠤᠷ ᠬᠤᠲᠠ᠂ ᠡᠷᠭᠦᠨ᠎ᠡ ᠬᠤᠲᠠ ᠵᠡᠷᠭᠡ

ᠭᠠᠵᠠᠷ ᠲᠤ ᠭᠦᠨᠵᠡᠭᠡᠶᠢᠷᠡᠵᠦ᠂ ᠠᠬᠠᠮᠠᠳ ᠦᠶ᠎ᠡ ᠶᠢᠨ ᠬᠢᠨ ᠤ ᠬᠤᠪᠢᠰᠬᠠᠯᠲᠤ ᠤᠯᠠ ᠮᠥᠷ ᠢ ᠮᠥᠷᠳᠡᠵᠦ᠂

ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠶᠢ ᠰᠣᠨᠢᠷᠬᠠᠨ᠂ ᠥᠪᠡᠷᠮᠢᠴᠡ ᠨᠤᠲᠤᠭ ᠤᠰᠤᠨ ᠤ ᠣᠨᠴᠠᠯᠢᠭ ᠢ

ᠣᠶᠢᠯᠠᠭᠠᠪᠠ᠃ ᠲᠤᠬᠠᠢ  ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠬᠤ᠂ ᠰᠣᠶᠣᠯ ᠤᠨ ᠰᠣᠯᠢᠯᠴᠠᠭ᠎ᠠ ᠬᠢᠬᠦ᠂ ᠪᠡᠶᠡᠴᠢᠯᠡᠨ

ᠣᠶᠢᠯᠠᠭᠠᠵᠤ ᠰᠤᠷᠤᠯᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠣᠯᠢᠯᠴᠠᠨ ᠰᠤᠷᠤᠯᠴᠠᠵᠤ᠂

ᠣᠯᠠᠨ ᠡᠰᠢᠵᠢᠭᠦᠯᠦᠭᠰᠡᠨ ᠰᠣᠶᠣᠯ ᠤᠨ ᠰᠣᠯᠢᠯᠴᠠᠭ᠎ᠠ ᠠᠭᠤᠰᠤᠯᠴᠠᠭ᠎ᠠ ᠶᠢ ᠤᠶᠢᠯᠠᠭᠠᠨ᠂ ᠭᠦᠨ ᠵᠤᠵᠠᠭᠠᠨ ᠨᠥᠬᠦᠷᠯᠡᠯ

ᠪᠠᠶᠢᠭᠤᠯᠵᠤ᠂ ᠬᠠᠮᠲᠤ ᠳᠤ ᠪᠠᠨ ᠦᠰᠦᠨ ᠪᠤᠶᠢᠵᠢᠵᠤ ᠳᠠᠪᠰᠢᠨ᠂ ᠪᠡᠭᠡᠵᠢᠩ ᠥᠪᠥᠷ ᠮᠣᠩᠭᠤᠯ ᠤᠨ ᠰᠤᠷᠭᠠᠨ

ᠬᠥᠮᠦᠵᠢᠯ ᠤᠨ ᠵᠡᠭᠦᠨ ᠪᠠᠷᠠᠭᠤᠨ ᠣᠷᠣᠨ  ᠤ ᠬᠠᠮᠵᠢᠯᠴᠠᠭ᠎ᠠ ᠶᠢ ᠭᠦᠨᠵᠡᠭᠡᠢ ᠠᠬᠢᠭᠤᠯᠬᠤ ᠳᠤ ᠬᠦᠴᠦᠨ ᠨᠡᠮᠡᠷᠢᠯᠡᠪᠡ᠃

   

2.webp.png

 

3.webp.png

      ᠪᠠᠭᠤᠴᠠ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠡᠭᠡᠵᠢᠩ ᠬᠤᠲᠠ ᠶᠢᠨ ᠰᠤᠷᠭᠠᠨ

ᠬᠥᠮᠦᠵᠢᠯ ᠤᠨ ᠵᠥᠪᠯᠡᠯ ᠪᠣᠯᠤᠨ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠᠰᠠ

ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠰᠣᠯᠢᠯᠴᠠᠨ ᠶᠠᠷᠢᠯᠴᠠᠬᠤ ᠬᠤᠷᠠᠯ ᠢ

ᠬᠤᠷᠠᠯᠳᠤᠭᠤᠯᠪᠠ᠃ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠲᠠᠯ᠎ᠠ ᠪᠠᠷ ᠣᠯᠤᠭᠰᠠᠨ

ᠦᠷ᠎ᠡ ᠪᠦᠲᠦᠭᠡᠯ ᠢ ᠳ᠋ᠦᠩᠨᠡᠭᠰᠡᠨ ᠪᠥᠭᠡᠳ ᠬᠤᠵᠢᠮ ᠤᠨ ᠬᠥᠭᠵᠢᠯᠲᠡ ᠶᠢᠨ ᠴᠢᠭᠯᠡᠯ ᠢ ᠭᠦᠨᠵᠡᠭᠡᠢ ᠰᠣᠯᠢᠯᠴᠠᠨ

ᠶᠠᠷᠢᠯᠴᠠᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠭᠦᠨᠵᠡᠭᠡᠢ ᠬᠠᠮᠲᠤᠷᠠᠨ ᠠᠵᠢᠯᠯᠠᠬᠤ

 ᠳᠤ ᠪᠠᠲᠤ ᠪᠠᠬᠢ ᠰᠠᠭᠤᠷᠢ ᠲᠠᠯᠪᠢᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号