2024 ᠣᠨ ᠤ ᠪᠦᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠤ ᠠᠬᠤᠢ ᠲᠠᠯᠠᠪᠠᠢ ᠶᠢᠨ ᠤᠷᠤᠯᠳᠤᠭᠠᠨ ᠵᠢᠴᠢ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠰᠣᠯᠢᠯᠴᠠᠬᠤ ᠠᠵᠢᠯᠯᠠᠭ᠎ᠠ ᠶᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/7/26
      ᠲᠦᠷᠦᠭᠦᠬᠡᠨ᠂ 2024 ᠣᠨ ᠤ ᠪᠦᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ           ᠤᠷ᠎ᠠ ᠴᠢᠳᠠᠪᠤᠷᠢ ᠶᠢᠨ ᠤᠷᠤᠯᠳᠤᠭᠠᠨ ᠤ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠤ ᠠᠬᠤᠢ ᠲᠠᠯᠠᠪᠠᠢ ᠶᠢᠨ ᠤᠷᠤᠯᠳᠤᠭᠠᠨ ᠵᠢᠴᠢ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠥᠬᠡᠬᠤᠲᠠ ᠳᠤ ᠶᠠᠪᠤᠭᠳᠠᠭᠤᠯᠪᠠ᠃      ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠪᠦᠬᠦ ᠣᠷᠣᠨ ᠤ ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 81 ᠵᠢᠭᠠᠨ ᠰᠤᠷᠭᠠᠯᠲᠠ ᠶᠢᠨ ᠪᠦᠯᠬᠦᠮ ᠠᠬᠤᠢ ᠲᠠᠯᠠᠪᠠᠢ ᠳᠤ ᠤᠷᠤᠯᠳᠤᠭᠠᠨ ᠳᠤ ᠣᠷᠣᠯᠴᠠᠨ᠂ 3 ᠡᠳᠦᠷ ᠤᠨ ᠬᠤᠷᠴᠠ ᠰᠢᠷᠦᠭᠦᠨ ᠮᠥᠷᠦᠶᠢᠴᠡᠯᠳᠦᠭᠡᠨ ᠢᠶᠠᠷ ᠳᠠᠮᠵᠢᠨ᠂ ᠨᠢᠭᠡᠳᠦᠭᠡᠷ ᠳᠡᠰ ᠤᠨ ᠱᠠᠩᠨᠠᠯ 28᠂ ᠬᠤᠶᠠᠳᠤᠭᠠᠷ ᠳᠡᠰ ᠤᠨ ᠱᠠᠩᠨᠠᠯ 53 ᠶᠢ ᠰᠢᠯᠭᠠᠷᠠᠭᠤᠯᠤᠭᠰᠠᠨ ᠪᠥᠭᠡᠳ ᠤᠯᠤᠰ ᠤᠨ ᠤᠷᠤᠯᠳᠤᠭᠠᠨ ᠳᠤ ᠣᠷᠣᠯᠴᠠᠬᠤ ᠪᠠᠷ ᠪᠠᠶᠢᠭ᠎ᠠ ᠵᠢᠭᠠᠨ ᠰᠤᠷᠭᠠᠯᠲᠠ ᠶᠢᠨ ᠪᠦᠯᠬᠦᠮ 28 ᠳᠤᠭᠤᠶᠢᠯᠠᠩ ᠢ ᠰᠣᠩᠭᠤᠨ ᠭᠠᠷᠭᠠᠪᠠ᠃

1.webp.png

            ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ ᠤᠨ

            ᠵᠢᠭᠠᠨ ᠰᠤᠷᠭᠠᠯᠲᠠ ᠶᠢᠨ ᠪᠦᠯᠬᠦᠮ ᠤᠨ ᠠᠬᠤᠢ ᠲᠠᠯᠠᠪᠠᠢ ᠶᠢᠨ ᠦᠵᠡᠭᠦᠯᠭᠡ

2.webp.png

            ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ ᠤᠨ

            ᠵᠢᠭᠠᠨ ᠰᠤᠷᠭᠠᠯᠲᠠ ᠶᠢᠨ ᠪᠦᠯᠬᠦᠮ ᠤᠨ ᠠᠬᠤᠢ ᠲᠠᠯᠠᠪᠠᠢ ᠶᠢᠨ ᠦᠵᠡᠭᠦᠯᠭᠡ

   

      ᠠᠬᠤᠢ ᠲᠠᠯᠠᠪᠠᠢ ᠶᠢᠨ ᠤᠷᠤᠯᠳᠤᠭᠠᠨ ᠳᠤ ᠵᠢᠭᠠᠨ ᠰᠤᠷᠭᠠᠯᠲᠠ ᠶᠢᠨ ᠬᠡᠷᠡᠭᠵᠢᠭᠦᠯᠬᠦ ᠮᠡᠳᠡᠭᠦᠯᠦᠯᠲᠡ ᠶᠢ

ᠲᠠᠨᠢᠯᠴᠠᠭᠤᠯᠬᠤ᠂ ᠵᠢᠭᠠᠨ ᠰᠤᠷᠭᠠᠯᠲᠠ ᠶᠢᠨ ᠦᠵᠡᠭᠦᠯᠭᠡ ᠪᠠ ᠵᠢᠭᠠᠨ ᠰᠤᠷᠭᠠᠯᠲᠠ ᠶᠢᠨ ᠰᠡᠴᠡᠯᠳᠦᠭᠡᠨ ᠵᠡᠷᠭᠡ

ᠭᠤᠷᠪᠠᠨ ᠭᠤᠭᠴᠤᠭ᠎ᠠ ᠶᠢ ᠪᠠᠭᠲᠠᠭᠠᠪᠠ᠃ ᠤᠷᠤᠯᠳᠤᠭᠠᠨ ᠤ ᠬᠢᠴᠢᠶᠡᠯ  ᠨᠢ ᠰᠠᠭᠤᠷᠢ ᠬᠢᠴᠢᠶᠡᠯ ᠪᠠ ᠲᠤᠰᠬᠠᠢ

ᠮᠡᠷᠭᠡᠵᠢᠯ ᠤᠨ ᠬᠢᠴᠢᠶᠡᠯ ᠢ ᠬᠠᠮᠤᠷᠴᠤ᠂ ᠬᠢᠴᠢᠶᠡᠯ ᠤᠨ ᠠᠭᠤᠯᠭ᠎ᠠ ᠶᠢ ᠰᠢᠨ᠎ᠡ ᠠᠵᠤ ᠦᠢᠯᠡᠰ᠂ ᠰᠢᠨ᠎ᠡ ᠮᠡᠷᠭᠡᠵᠢᠯ᠂

ᠰᠢᠨ᠎ᠡ ᠪᠠᠷᠢᠮᠵᠢᠶ᠎ᠠ ᠲᠠᠢ ᠵᠣᠯᠭᠠᠭᠤᠯᠵᠤ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠ ︽ᠪᠠᠭᠰᠢ᠂ ᠵᠢᠭᠠᠬᠤ ᠮᠠᠲ᠋ᠧᠷᠢᠶᠠᠯ᠂ ᠵᠢᠭᠠᠬᠤ ᠠᠷᠭ᠎ᠠ︾ ᠶᠢᠨ

ᠥᠭᠡᠷᠡᠴᠢᠯᠡᠯᠲᠡ ᠶᠢᠨ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠭᠦᠢᠴᠡᠳ ᠬᠠᠷᠠᠭᠤᠯᠪᠠ᠃ ᠡᠭᠦᠨ  ᠤ ᠬᠠᠮᠲᠤ᠂

ᠤᠷᠤᠯᠳᠤᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ ᠰᠤᠷᠤᠯᠴᠠᠨ ᠰᠣᠯᠢᠯᠴᠠᠬᠤ ᠶᠢ ᠴᠢᠩᠭᠠᠳᠬᠠᠬᠤ ᠶᠢᠨ

ᠲᠥᠯᠥᠭᠡ᠂ ᠠᠬᠤᠢ ᠲᠠᠯᠠᠪᠠᠢ ᠶᠢᠨ ᠤᠷᠤᠯᠳᠤᠭᠠᠨ ᠤ ᠳᠠᠷᠠᠭ᠎ᠠ 2023 ᠣᠨ ᠤ ᠪᠦᠬᠦ ᠤᠯᠤᠰ ᠤᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠤ

ᠱᠠᠩᠨᠠᠯ ᠬᠦᠷᠲᠡᠭᠰᠡᠳ ᠢ ᠵᠣᠬᠢᠶᠠᠨ ᠪᠠᠶᠢᠭᠤᠯᠵᠤ ᠤᠷᠤᠯᠳᠤᠭᠠᠨ ᠤ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠬᠤ

ᠠᠵᠢᠯᠯᠠᠭ᠎ᠠ ᠥᠷᠨᠢᠭᠦᠯᠪᠡ᠃ ᠰᠣᠯᠢᠯᠴᠠᠬᠤ ᠪᠠᠷ ᠳᠠᠮᠵᠢᠭᠤᠯᠤᠨ ᠰᠢᠯᠢᠳᠡᠭ ᠪᠠᠭᠰᠢ ᠶᠢᠨ ᠦᠯᠢᠭᠡᠷ ᠳᠠᠭᠤᠷᠢᠶᠠᠯ

ᠦᠵᠡᠭᠦᠯᠬᠦ᠂ ᠵᠢᠯᠣᠭᠤᠳᠬᠤ᠂ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠭᠰᠢ ᠬᠤᠭᠤᠷᠣᠨᠳᠤ ᠪᠠᠨ

ᠰᠣᠯᠢᠯᠴᠠᠬᠤ᠂ ᠲᠣᠯᠢᠯᠠᠬᠤ᠂ ᠬᠠᠮᠲᠤ ᠳᠤ ᠪᠠᠨ ᠰᠤᠳᠤᠯᠬᠤ᠂ ᠬᠠᠮᠲᠤ ᠳᠤ ᠪᠠᠨ ᠳᠠᠪᠰᠢᠬᠤ ᠶᠢ ᠠᠬᠢᠭᠤᠯᠵᠤ᠂

ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ

ᠳᠡᠭᠡᠭᠰᠢᠯᠡᠭᠦᠯᠦᠨ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠰᠢᠰᠲ᠋ᠧᠮ ᠲᠠᠢ

ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠦᠵᠡᠭᠦᠯᠪᠡ᠃

3.webp.png

4.webp.png

            2023 ᠣᠨ ᠤ ᠤᠯᠤᠰ ᠤᠨ ᠤᠷᠤᠯᠳᠤᠭᠠᠨ ᠳᠤ ᠱᠠᠩᠨᠠᠯ ᠣᠯᠤᠭᠰᠠᠨ

            ᠪᠦᠯᠬᠦᠮ ᠤᠷᠤᠯᠳᠤᠭᠠᠨ ᠤ ᠲᠤᠷᠰᠢᠯᠭ᠎ᠠ ᠪᠠᠨ ᠬᠤᠪᠢᠶᠠᠯᠴᠠᠵᠤ ᠪᠠᠶᠢᠭ᠎ᠠ ᠨᠢ

   

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

︽ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂

ᠤᠷᠤᠯᠳᠤᠭᠠᠨ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠷᠤᠯᠳᠤᠭᠠᠨ ᠢᠶᠠᠷ ᠪᠠᠶᠢᠭᠤᠯᠤᠯᠲᠠ ᠶᠢ ᠠᠬᠢᠭᠤᠯᠬᠤ︾ ᠶᠢ

ᠦᠷᠭᠦᠯᠵᠢᠯᠡᠨ ᠪᠠᠷᠢᠮᠲᠠᠯᠠᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ

ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ

ᠳᠡᠭᠡᠭᠰᠢᠯᠡᠭᠦᠯᠵᠦ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ

ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号