ᠵᠤᠨ ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠬᠡᠦᠬᠡᠳ ᠤᠳ ᠠᠮᠠᠷᠠᠯᠲᠠ ᠶᠢᠨ | ᠬᠤᠭᠤᠴᠠᠭ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠶᠢᠨ ᠬᠠᠮᠲᠤ ᠠᠮᠠᠷᠠᠯᠲᠠ ᠶᠢᠨ ᠬᠤᠭᠤᠴᠠᠭᠠᠨ ᠤ ᠠᠮᠤᠷ | ᠲᠦᠪᠰᠢᠨ ᠢ ᠴᠠᠭ ᠢᠮᠠᠭᠲᠠ ᠠᠩᠬᠠᠷᠬᠤ ᠬᠡᠷᠡᠭᠲᠡᠢ᠃ ᠬᠠᠮᠲᠤ ᠳᠤ ᠪᠠᠨ ︽2024 ᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ︾ ᠪᠠ ︽2024 ᠣᠨ ᠤ | ᠬᠡᠦᠬᠡᠳ ᠤᠨ ᠴᠡᠴᠡᠷᠯᠢᠭ ᠤᠨ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ︾ ᠶᠢ ᠦᠵᠡᠵᠡᠭᠡᠶ᠎ᠡ︕ | | | | | | ᠬᠡᠦᠬᠡᠳ ᠤᠨ ᠴᠡᠴᠡᠷᠯᠢᠭ ᠤᠨ 2024 ᠣᠨ ᠤ ᠵᠤᠨ ᠤ | ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ | | 1. ︽ᠬᠥᠮᠦᠨ ᠪᠥᠬᠦᠨ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ | ᠮᠥᠨ︾ ᠭᠡᠬᠦ ᠣᠶᠢᠯᠠᠭᠠᠭᠳᠠᠬᠤᠨ ᠢ ᠰᠠᠨᠠᠭᠠᠴᠢᠯᠠᠵᠤ᠂ ᠬᠡᠦᠬᠡᠳ ᠢ ᠠᠯᠴᠢᠭᠤᠷ᠂ ᠴᠣᠮᠣ ᠶᠢ ᠬᠠᠮᠲᠤ ᠳᠤ ᠪᠠᠨ | ᠬᠡᠷᠡᠭᠯᠡᠬᠦ ᠦᠭᠡᠢ᠂ ᠳᠤᠷ᠎ᠠ ᠪᠠᠷ ᠢᠶᠠᠨ ᠨᠢᠳᠦ ᠪᠠᠨ ᠨᠤᠬᠤᠯᠠᠬᠤ ᠦᠭᠡᠢ ᠪᠠᠷ ᠬᠥᠲᠥᠯᠥᠨ ᠵᠢᠯᠣᠭᠤᠳᠴᠤ᠂ ᠡᠷᠡᠭᠦᠯ | ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠬᠡᠷᠡᠭᠲᠡᠢ᠃ ᠬᠡᠦᠬᠡᠳ ᠤᠨ ᠡᠷᠡᠭᠦᠯ ᠮᠡᠨᠳᠦ ᠶᠢᠨ ᠬᠢᠨᠠᠨ | ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ | 2. ᠭᠡᠷ ᠴᠡᠪᠡᠷᠬᠡᠨ᠂ ᠬᠠᠭᠤᠷᠠᠢ ᠪᠠᠶᠢᠬᠤ ᠶᠢ ᠪᠠᠲᠤᠯᠠᠵᠤ᠂ ᠲᠣᠭᠲᠠᠮᠠᠯ ᠬᠤᠭᠤᠴᠠᠭ᠎ᠠ ᠲᠠᠢ ᠰᠠᠯᠬᠢ | ᠨᠡᠪᠲᠡᠷᠡᠭᠦᠯᠦᠨ ᠠᠭᠠᠷ ᠰᠣᠯᠢᠵᠤ᠂ ᠭᠡᠷ ᠤᠨ ᠭᠠᠳᠠᠨᠠᠬᠢ ᠪᠤᠵᠠᠷ ᠮᠠᠭᠤᠬᠠᠢ᠂ ᠠᠷᠢᠭᠤᠳᠬᠠᠭᠰᠠᠨ ᠦᠭᠡᠢ ᠪᠣᠳᠠᠰ ᠢ | ᠳᠤᠷ᠎ᠠ ᠪᠠᠷ ᠢᠶᠠᠨ ᠭᠡᠷ ᠲᠤ ᠪᠠᠨ ᠠᠪᠠᠴᠢᠬᠤ ᠦᠭᠡᠢ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠬᠡᠷᠡᠭᠲᠡᠢ᠃ | 3. ᠬᠡᠦᠬᠡᠳ ᠲᠤ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠦᠯᠦ ᠨᠡᠶᠢᠴᠡᠬᠦ ᠢᠳᠡᠭᠡᠨ ᠤᠮᠳᠠᠭᠠᠨ ᠢ | ᠢᠳᠡᠭᠦᠯᠬᠦ ᠦᠭᠡᠢ᠂ ᠬᠥᠯᠳᠡᠭᠦᠦ ᠢᠳᠡᠭᠡᠨ ᠳᠤᠲᠠᠭᠤ ᠢᠳᠡᠭᠦᠯᠵᠦ᠂ ᠬᠡᠲᠦᠷᠡᠲᠡᠯ᠎ᠡ ᠢᠳᠡᠭᠦᠯᠵᠦ ᠤᠤᠭᠤᠯᠭᠠᠬᠤ | ᠦᠭᠡᠢ᠂ ᠳᠠᠪᠤᠰᠤ ᠶᠡᠬᠡᠲᠡᠢ᠂ ᠰᠢᠬᠢᠷ ᠶᠡᠬᠡᠲᠡᠢ᠂ ᠲᠣᠰᠤᠨ ᠳᠤ ᠬᠠᠭᠠᠷᠢᠭᠰᠠᠨ᠂ ᠤᠲᠤᠮᠠᠯ ᠢᠳᠡᠭᠡᠨ ᠢ ᠳᠤᠲᠠᠭᠤ | ᠢᠳᠡᠭᠦᠯᠦᠨ᠎ᠡ᠃ ᠲᠠᠨᠢᠬᠤ ᠦᠭᠡᠢ ᠪᠤᠶᠤ ᠢᠷᠡᠯᠲᠡ ᠨᠢ ᠲᠣᠳᠣᠷᠬᠠᠢ ᠦᠭᠡᠢ ᠬᠡᠭᠡᠷ᠎ᠡ ᠶᠢᠨ ᠪᠠᠺᠲ᠋ᠧᠷᠢ ᠶᠢᠨ ᠲᠥᠷᠥᠯ ᠢ | ᠲᠡᠭᠦᠬᠦ ᠦᠭᠡᠢ᠂ ᠬᠤᠳᠠᠯᠳᠤᠨ ᠠᠪᠬᠤ ᠦᠭᠡᠢ ᠪᠠᠰᠠ ᠢᠳᠡᠬᠦ ᠦᠭᠡᠢ᠃ | 4. ᠬᠡᠦᠬᠡᠳ ᠢ ᠳᠠᠭᠠᠭᠤᠯᠤᠨ ᠪᠡᠶ᠎ᠡ ᠮᠠᠬᠠᠪᠤᠳ ᠢ ᠨᠢ ᠵᠣᠬᠢᠰᠲᠠᠢ ᠪᠣᠯᠪᠠᠰᠤᠷᠠᠭᠤᠯᠵᠤ᠂ ᠪᠡᠶ᠎ᠡ ᠮᠠᠬᠠᠪᠣᠳ ᠢ ᠨᠢ | ᠴᠢᠬᠢᠷᠠᠭᠵᠢᠭᠤᠯᠤᠨ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠪᠠᠲᠤᠯᠠᠬᠤ ᠬᠡᠷᠡᠭᠲᠡᠢ᠃ | 5. ᠬᠡᠦᠬᠡᠳ ᠬᠡᠵᠢᠶᠡᠳᠡ ᠭᠡᠷ ᠤᠨ ᠠᠬᠠᠮᠠᠳ ᠤᠨ ᠬᠠᠷᠠᠭᠠᠰᠤ ᠪᠤᠶᠤ ᠬᠢᠨᠠᠯᠲᠠ ᠬᠠᠮᠢᠶᠠᠷᠤᠯᠲᠠ ᠶᠢᠨ | ᠬᠡᠪᠴᠢᠶᠡᠨ ᠳᠤ ᠪᠠᠶᠢᠪᠠᠯ ᠵᠣᠬᠢᠨ᠎ᠠ᠂ ᠬᠡᠦᠬᠡᠳ ᠢᠶᠠᠨ ᠭᠡᠷ ᠪᠤᠶᠤ ᠲᠡᠷᠭᠡᠨ ᠳᠣᠲᠣᠷ᠎ᠠ ᠭᠠᠭᠴᠠᠭᠠᠷ ᠨᠢ ᠦᠯᠡᠳᠡᠭᠡᠬᠦ | ᠦᠭᠡᠢ᠂ ᠬᠡᠦᠬᠡᠳ ᠢᠶᠠᠨ ᠭᠠᠭᠴᠠᠭᠠᠷ ᠨᠢ ᠭᠠᠳᠠᠭᠰᠢ ᠭᠠᠷᠭᠠᠬᠤ ᠦᠭᠡᠢ᠃ | 6. ᠬᠡᠦᠬᠡᠳ ᠢ ᠵᠠᠮ ᠤᠨ ᠵᠠᠬ᠎ᠠ᠂ ᠤᠰᠤᠨ ᠤ ᠵᠠᠬ᠎ᠠ᠂ ᠪᠠᠷᠢᠯᠭ᠎ᠠ ᠶᠢᠨ ᠭᠠᠵᠠᠷ ᠵᠡᠷᠭᠡ ᠠᠶᠤᠯ ᠲᠠᠢ ᠣᠷᠣᠨ ᠳᠤ | ᠭᠠᠭᠴᠠᠭᠠᠷ ᠨᠢ ᠨᠠᠭᠠᠳᠤᠭᠤᠯᠬᠤ ᠦᠭᠡᠢ ᠂ ᠵᠠᠮ ᠬᠠᠷᠢᠯᠴᠠᠭ᠎ᠠ᠂ ᠤᠰᠤᠨ ᠳᠤ ᠤᠨᠠᠬᠤ ᠵᠡᠷᠭᠡ ᠠᠳᠠᠯ ᠭᠠᠷᠬᠤ ᠠᠴᠠ | ᠰᠡᠷᠭᠡᠶᠢᠯᠡᠬᠦ ᠬᠡᠷᠡᠭᠲᠡᠢ᠃ | 7. ᠭᠡᠷ ᠤᠨ ᠨᠠᠷᠠᠪᠴᠢ᠂ ᠲᠠᠪᠴᠠᠩ ᠵᠡᠷᠭᠡ ᠣᠷᠣᠨ ᠪᠦᠰᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢ | ᠰᠠᠶᠢᠲᠤᠷ ᠬᠢᠨ᠎ᠡ᠃ ᠬᠡᠦᠬᠡᠳ ᠲᠤ ᠪᠠᠨ ᠠᠰᠠᠷ ᠠᠴᠠ ᠳᠣᠭᠤᠭᠰᠢ ᠪᠠᠨ ᠶᠠᠭᠤᠮ᠎ᠠ ᠬᠠᠶᠠᠵᠤ ᠪᠣᠯᠬᠤ ᠦᠭᠡᠢ᠂ ᠨᠡᠷᠡᠨ | ᠲᠠᠶᠢᠰᠠ᠂ ᠡᠭᠦᠳᠡᠨ ᠴᠣᠩᠬᠤ ᠪᠤᠶᠤ ᠪᠤᠰᠤᠳ ᠥᠨᠳᠥᠷ ᠲᠤ ᠠᠪᠠᠷᠢᠬᠤ ᠦᠭᠡᠢ ᠶᠢ ᠰᠠᠨᠠᠭᠤᠯᠵᠤ᠂ ᠤᠨᠠᠬᠤ ᠠᠴᠠ | ᠰᠡᠷᠭᠡᠶᠢᠯᠡᠬᠦ ᠬᠡᠷᠡᠭᠲᠡᠢ᠃ | 8. ᠭᠡᠷ ᠤᠨ ᠴᠠᠬᠢᠯᠭᠠᠨ ᠤᠲᠠᠰᠤ᠂ ᠰᠢᠲᠠᠮᠠᠬᠠᠢ ᠬᠡᠢ ᠶᠢᠨ ᠬᠤᠭᠤᠯᠠᠢ᠂ ᠴᠠᠬᠢᠯᠭᠠᠨ ᠬᠡᠷᠡᠭᠰᠡᠯ᠂ ᠢᠷᠲᠦ | ᠪᠠᠭᠠᠵᠢ ᠵᠢᠴᠢ ᠪᠤᠰᠤᠳ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ᠂ | ᠴᠠᠬᠢᠯᠭᠠᠨ ᠳᠤ ᠴᠣᠬᠢᠭᠳᠠᠬᠤ᠂ ᠬᠠᠯᠠᠭᠠᠬᠤ᠂ ᠨᠡᠭᠦᠷᠡᠰᠦᠨ ᠬᠡᠢ ᠳᠤ ᠬᠤᠣᠷᠳᠠᠬᠤ᠂ ᠮᠠᠰᠢᠨ ᠪᠠᠭᠠᠵᠢ ᠳᠤ ᠭᠡᠮᠲᠦᠬᠦ | ᠵᠡᠷᠭᠡ ᠠᠳᠠᠯ ᠢ ᠰᠡᠷᠭᠡᠶᠢᠯᠡᠬᠦ ᠬᠡᠷᠡᠭᠲᠡᠢ᠃ | 9. ᠨᠣᠴᠣᠮᠠᠲᠠᠭᠠᠢ᠂ ᠳᠡᠯᠪᠡᠷᠡᠮᠡᠲᠡᠭᠡᠢ᠂ ᠠᠮᠠᠷᠬᠠᠨ ᠬᠡᠮᠬᠡᠷᠡᠳᠡᠭ᠂ ᠬᠤᠣᠷᠲᠠᠢ᠂ ᠢᠷᠲᠡᠢ ᠪᠤᠶᠤ ᠬᠡᠦᠬᠡᠳ ᠤᠨ ᠪᠡᠶ᠎ᠡ | ᠰᠡᠳᠬᠢᠯ ᠳᠤ ᠮᠠᠭᠤ ᠨᠥᠯᠥᠭᠡ ᠲᠠᠢ ᠪᠤᠰᠤᠳ ᠲᠣᠭᠯᠠᠭᠠᠮ ᠤᠨ ᠵᠦᠢᠯ᠂ ᠡᠳ᠋ ᠪᠠᠷᠠᠭ᠎ᠠ ᠶᠢ ᠰᠠᠶᠢᠲᠤᠷ ᠬᠠᠳᠠᠭᠠᠯᠠᠵᠤ᠂ | ᠬᠡᠦᠬᠡᠳ ᠢᠶᠠᠨ ᠣᠶᠢᠷᠠᠲᠤᠭᠤᠯᠵᠤ ᠪᠣᠯᠬᠤ ᠦᠭᠡᠢ᠃ ᠬᠡᠦᠬᠡᠳ ᠢᠶᠠᠨ ᠶᠠᠭᠤᠮ᠎ᠠ ᠶᠢ ᠴᠢᠬᠢ᠂ ᠬᠠᠮᠠᠷ᠂ ᠨᠢᠳᠦᠨ ᠳᠤ ᠪᠠᠨ | ᠬᠢᠬᠦ ᠦᠭᠡᠢ᠂ ᠳᠤᠷ᠎ᠠ ᠪᠠᠷ ᠢᠶᠠᠨ ᠶᠠᠭᠤᠮ᠎ᠠ ᠪᠠᠷ ᠲᠣᠯᠤᠭᠠᠢ ᠪᠤᠶᠤ ᠬᠦᠵᠦᠭᠦᠦ ᠪᠠᠨ ᠪᠣᠭᠤᠵᠤ ᠪᠣᠯᠬᠤ ᠦᠭᠡᠢ ᠭᠡᠵᠦ | ᠰᠤᠷᠭᠠᠬᠤ ᠬᠡᠷᠡᠭᠲᠡᠢ᠃ | 10. ᠭᠡᠷ ᠤᠨ ᠢᠶᠠᠨ ᠡᠮ ᠤᠨ ᠵᠦᠢᠯ ᠢ ᠲᠣᠬᠢᠲᠠᠢ ᠲᠠᠯᠪᠢᠵᠤ᠂ ᠬᠡᠦᠬᠡᠳ ᠳᠤᠷ᠎ᠠ ᠪᠠᠷ ᠢᠶᠠᠨ ᠬᠦᠨᠳᠡᠵᠦ ᠪᠣᠯᠬᠤ | ᠦᠭᠡᠢ᠃ ᠬᠡᠦᠬᠡᠳ ᠢ ᠭᠠᠷ ᠤᠲᠠᠰᠤ ᠵᠡᠷᠭᠡ ᠡᠯᠧᠺᠲᠷᠣᠨ ᠦᠢᠯᠡᠳᠬᠦᠨ ᠳᠤ ᠰᠢᠨᠤᠭᠤᠯᠬᠤ ᠦᠭᠡᠢ᠃ | 11. ᠬᠡᠦᠬᠡᠳ ᠢ ᠪᠢᠴᠢᠬᠠᠨ ᠨᠠᠶᠢᠵᠠ ᠨᠠᠷ ᠲᠠᠢ ᠪᠠᠨ ᠨᠥᠬᠦᠷᠰᠡᠭ ᠶᠠᠪᠤᠯᠴᠠᠬᠤ ᠪᠠᠷ ᠰᠤᠷᠭᠠᠨ᠎ᠠ᠃ ᠭᠠᠳᠠᠭᠰᠢ | ᠭᠠᠷᠬᠤ ᠳᠤ ᠪᠠᠨ᠂ ᠬᠡᠦᠬᠡᠳ ᠲᠠᠢ ᠬᠠᠮᠲᠤ ᠵᠠᠮ ᠬᠠᠷᠢᠯᠴᠠᠭᠠᠨ ᠤ ᠳᠦᠷᠢᠮ᠂ ᠲᠡᠷᠭᠡᠨ ᠳᠤ ᠰᠠᠭᠤᠬᠤ ᠳᠦᠷᠢᠮ ᠢ ᠰᠠᠬᠢᠵᠤ᠂ | ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠬᠡᠦᠬᠡᠳ ᠢ ᠮᠤᠤᠷ ᠨᠣᠬᠠᠢ ᠵᠡᠷᠭᠡ ᠠᠮᠢᠲᠠᠨ ᠢᠶᠠᠷ | ᠲᠣᠭᠯᠠᠭᠤᠯᠬᠤ ᠦᠭᠡᠢ᠃ ᠬᠡᠦᠬᠡᠳ ᠢᠶᠠᠨ ᠭᠠᠳᠠᠭᠰᠢ ᠭᠠᠷᠬᠤ ᠳᠤ ᠲᠡᠷᠭᠡᠨ ᠤ ᠪᠠᠯᠠᠢ ᠣᠷᠣᠨ ᠢ ᠰᠡᠷᠭᠡᠶᠢᠯᠡᠬᠦ ᠬᠡᠷᠡᠭᠲᠡᠢ | ᠭᠡᠵᠦ ᠰᠤᠷᠭᠠᠨ᠎ᠠ᠃ | 12. ᠬᠡᠦᠬᠡᠳ ᠢᠶᠠᠨ ᠪᠤᠰᠤᠳ ᠬᠥᠮᠦᠰ ᠲᠤ ᠥᠪᠡᠷ ᠤᠨ ᠪᠡᠶ᠎ᠡ ᠶᠢᠨ ᠨᠢᠭᠤᠴᠠ ᠬᠡᠰᠡᠭ ᠢᠶᠠᠨ ᠦᠵᠡᠭᠦᠯᠵᠦ | ᠪᠣᠯᠬᠤ ᠦᠭᠡᠢ᠂ ᠲᠡᠮᠲᠡᠷᠢᠭᠦᠯᠵᠦ ᠪᠣᠯᠬᠤ ᠦᠭᠡᠢ᠂ ᠰᠡᠭᠦᠳᠡᠷᠯᠡᠭᠦᠯᠵᠦ ᠪᠣᠯᠬᠤ ᠭᠡᠵᠦ ᠰᠤᠷᠭᠠᠨ᠎ᠠ᠃ | 13. ᠬᠡᠦᠬᠡᠳ ᠢᠶᠠᠨ ᠲᠠᠨᠢᠯ ᠪᠤᠰᠤ ᠬᠥᠮᠦᠨ ᠤ ᠢᠳᠡᠭᠡᠨ ᠪᠠ ᠪᠡᠯᠡᠭ ᠢ ᠠᠪᠬᠤ ᠦᠭᠡᠢ᠂ ᠭᠡᠷ ᠪᠦᠯᠢ ᠶᠢᠨ | ᠮᠡᠳᠡᠭᠡ ᠵᠠᠩᠭᠢ ᠶᠢ ᠦᠯᠦ ᠲᠠᠨᠢᠬᠤ ᠬᠥᠮᠦᠨ ᠳᠤ ᠬᠡᠯᠡᠵᠦ ᠥᠭᠬᠦ ᠦᠭᠡᠢ᠂ ᠲᠠᠨᠢᠯ ᠪᠤᠰᠤ ᠬᠥᠮᠦᠨ ᠠᠯᠪᠠᠳᠠᠯᠭ᠎ᠠ ᠪᠠᠷ | ᠳᠠᠭᠠᠭᠤᠯᠵᠤ ᠶᠠᠪᠤᠬᠤ ᠦᠶ᠎ᠡ ᠳᠤ ᠥᠨᠳᠥᠷ ᠳᠠᠭᠤᠨ ᠢᠶᠠᠷ ᠬᠠᠰᠬᠢᠷᠤᠨ ᠠᠪᠤᠷᠠᠯᠲᠠ ᠳᠠᠭᠤᠳᠠᠬᠤ ᠶᠢᠨ ᠬᠠᠮᠲᠤ ᠬᠥᠮᠦᠨ | ᠣᠯᠠᠨ ᠴᠤᠭᠯᠠᠷᠠᠳᠠᠭ ᠭᠠᠵᠠᠷ ᠳᠤᠲᠠᠭᠠᠨ ᠣᠴᠢᠨ᠎ᠠ᠂ ᠭᠡᠷ ᠤᠨ ᠬᠥᠮᠦᠰ ᠠᠴᠠ ᠪᠠᠨ ᠰᠠᠯᠵᠤ ᠲᠥᠭᠡᠷᠢᠭᠰᠡᠨ ᠦᠶ᠎ᠡ ᠳᠤ | ᠤᠭ ᠭᠠᠵᠠᠷ ᠲᠤ ᠪᠠᠨ ᠬᠥᠳᠡᠯᠬᠦ ᠦᠭᠡᠢ ᠬᠥᠯᠢᠶᠡᠬᠦ ᠪᠤᠶᠤ ᠴᠠᠭᠳᠠᠭ᠎ᠠ ᠠᠴᠠ ᠲᠤᠰᠠᠯᠠᠮᠵᠢ ᠭᠤᠶᠤᠴᠢᠯᠠᠬᠤ ᠬᠡᠷᠡᠭᠲᠡᠢ᠃ | 14. ᠬᠡᠦᠬᠡᠳ ᠢᠶᠠᠨ ᠣᠪᠣᠭ ᠨᠡᠷ᠎ᠡ᠂ ᠬᠡᠦᠬᠡᠳ ᠤᠨ ᠴᠡᠴᠡᠷᠯᠢᠭ ᠤᠨ ᠨᠡᠷ᠎ᠡ᠂ ᠰᠠᠭᠤᠭ᠎ᠠ ᠭᠠᠵᠠᠷ ᠪᠠ ᠭᠡᠷ ᠤᠨ | ᠠᠬᠠᠮᠠᠳ ᠤᠨ ᠣᠪᠣᠭ ᠨᠡᠷ᠎ᠡ᠂ ᠤᠲᠠᠰᠤ᠂ ᠪᠠᠶᠢᠭᠤᠯᠭ᠎ᠠ ᠨᠢᠭᠡᠴᠢ ᠶᠢ ᠲᠣᠳᠤᠷᠬᠠᠢ ᠮᠡᠳᠡᠬᠦ ᠪᠠᠷ ᠰᠤᠷᠭᠠᠵᠤ᠂ | ᠰᠠᠨᠠᠭᠠᠨ ᠳᠤ ᠦᠭᠡᠢ ᠬᠡᠷᠡᠭ ᠲᠤ ᠤᠴᠠᠷᠠᠬᠤ ᠦᠶ᠎ᠡ ᠲᠤᠰᠠᠯᠠᠮᠵᠢ ᠭᠤᠶᠤᠴᠢᠯᠠᠵᠤ ᠴᠢᠳᠠᠬᠤ ᠪᠤᠶᠤ ᠲᠣᠳᠣᠷᠬᠠᠢ | ᠢᠯᠡᠳᠭᠡᠵᠦ ᠴᠢᠳᠠᠬᠤ ᠬᠡᠷᠡᠭᠲᠡᠢ᠃ | 15. ᠤᠯᠤᠰ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠦᠨᠳᠦᠰᠦᠯᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ ᠬᠠᠨᠳᠤᠭᠤᠯᠤᠭᠰᠠᠨ ᠰᠦᠯᠵᠢᠶᠡᠨ ᠳᠠᠬᠢ | ᠪᠣᠯᠪᠠᠰᠤᠷᠠᠭᠤᠯᠤᠯ ᠢ ᠥᠷᠨᠢᠭᠦᠯᠵᠦ ᠪᠣᠯᠬᠤ ᠦᠭᠡᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ᠂ | ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠩᠭᠢ᠂ ᠰᠡᠳᠬᠢᠬᠦᠢ ᠶᠢᠨ | ᠪᠣᠯᠪᠠᠰᠤᠷᠠᠭᠤᠯᠤᠯ ᠤᠨ ᠠᠩᠭᠢ ᠵᠡᠷᠭᠡ ᠨᠡᠷ᠎ᠡ ᠪᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ | ᠬᠠᠨᠳᠤᠭᠤᠯᠤᠨ ᠰᠦᠯᠵᠢᠶᠡᠨ ᠭᠠᠳᠠᠨᠠᠬᠢ ᠬᠢᠴᠢᠶᠡᠯ ᠲᠥᠷᠥᠯ ︵ᠭᠠᠳᠠᠭᠠᠳᠤ ᠬᠡᠯᠡ ᠶᠢ ᠪᠠᠭᠲᠠᠭᠠᠨ᠎ᠠ︶ ᠤᠨ | ᠪᠣᠯᠪᠠᠰᠤᠷᠠᠭᠤᠯᠤᠯ ᠥᠷᠨᠢᠭᠦᠯᠬᠦ ᠶᠢ ᠴᠢᠩᠭ᠎ᠠ ᠬᠤᠷᠢᠭᠯᠠᠨ᠎ᠠ᠃ ᠪᠣᠳᠠᠲᠤ ᠠᠵᠢᠯᠯᠠᠭ᠎ᠠ ᠪᠠᠷ ᠢᠶᠠᠨ ᠳᠡᠮᠵᠢᠯᠭᠡ ᠦᠵᠡᠭᠦᠯᠵᠦ᠂ | ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠡᠷᠡᠭᠦᠯ ᠢᠶᠠᠷ | ᠥᠰᠦᠨ ᠪᠤᠶᠢᠵᠢᠬᠤ ᠶᠢ ᠠᠬᠢᠭᠤᠯᠤᠨ᠎ᠠ᠃ | | | |