2024 ᠣᠨ ᠤ ᠪᠦᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠪᠠ ᠠᠩᠭᠢ ᠶᠢᠨ ᠡᠷᠬᠢᠯᠡᠭᠴᠢ ᠶᠢᠨ ᠴᠢᠳᠠᠪᠤᠷᠢ ᠶᠢᠨ ᠤᠷᠤᠯᠳᠤᠭᠠᠨ ᠤ ᠠᠬᠤᠢ ᠲᠠᠯᠠᠪᠠᠢ ᠶᠢᠨ ᠤᠷᠤᠯᠳᠤᠭᠠᠨ ᠵᠢᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠤ ᠠᠬᠤᠢ ᠲᠠᠯᠠᠪᠠᠢ ᠶᠢᠨ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/1
      ᠣᠶᠢᠷ᠎ᠠ ᠳᠤ᠂ ᠪᠦᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠪᠠ ᠠᠩᠭᠢ ᠶᠢᠨ ᠡᠷᠬᠢᠯᠡᠭᠴᠢ ᠶᠢᠨ ᠴᠢᠳᠠᠪᠤᠷᠢ ᠶᠢᠨ ᠤᠷᠤᠯᠳᠤᠭᠠᠨ ᠤ ᠠᠬᠤᠢ ᠲᠠᠯᠠᠪᠠᠢ ᠶᠢᠨ ᠤᠷᠤᠯᠳᠤᠭᠠᠨ ᠵᠢᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠤ ᠠᠬᠤᠢ ᠲᠠᠯᠠᠪᠠᠢ ᠶᠢᠨ ᠤᠷᠤᠯᠳᠤᠭᠠᠨ ᠢ ᠶᠠᠪᠤᠭᠳᠠᠭᠤᠯᠪᠠ᠃

1.jpg

            ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠵᠡᠯ ᠰᠠᠨᠠᠭ᠎ᠠ

            ᠤᠯᠤᠰ ᠲᠥᠷᠥ ᠶᠢᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ

            ᠪᠦᠯᠬᠦᠮ ᠤᠨ ᠠᠬᠤᠢ ᠲᠠᠯᠠᠪᠠᠢ ᠶᠢᠨ ᠦᠵᠡᠭᠦᠯᠭᠡ

      ᠡᠨᠡ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ ᠳᠤᠮᠳᠠ ᠪᠠ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠠᠴᠠ ᠢᠷᠡᠭᠰᠡᠨ 75 ᠠᠩᠭᠢ ᠶᠢᠨ 166 ᠲᠠᠮᠢᠷᠴᠢᠨ ᠣᠷᠣᠯᠴᠠᠵᠠᠢ᠃

ᠤᠷᠤᠯᠳᠤᠭᠠᠨ ᠳᠤ ᠣᠷᠣᠯᠴᠠᠭᠰᠠᠨ ᠡᠯ᠎ᠡ ᠪᠦᠯᠬᠦᠮ ᠤᠨ ᠬᠢᠨ ᠠᠵᠢᠯ ᠮᠡᠷᠭᠡᠵᠢᠯ ᠎ ᠤᠨ ᠰᠤᠷᠭᠠᠨ ᠬᠥᠮᠦᠵᠢᠯ ᠤᠨ

ᠤᠯᠤᠰ ᠤᠨ ᠵᠢᠭᠠᠨ ᠰᠤᠷᠭᠠᠯᠲᠠ ᠶᠢᠨ ᠪᠠᠷᠢᠮᠵᠢᠶ᠎ᠠ ᠪᠣᠯᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ

ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠡᠯᠧᠮᠧᠨ᠋ᠲ ᠢ

ᠭᠦᠨᠵᠡᠭᠡᠢ ᠢᠯᠡᠷᠡᠭᠦᠯᠵᠦ᠂ ᠵᠢᠭᠠᠨ ᠰᠤᠷᠭᠠᠯᠲᠠ ᠶᠢᠨ ᠭᠤᠭᠴᠤᠭ᠎ᠠ ᠶᠢ ᠨᠠᠷᠢᠨ ᠨᠢᠮᠪᠠᠢ ᠲᠥᠯᠥᠪᠯᠡᠨ᠂ ᠵᠢᠭᠠᠨ

ᠰᠤᠷᠭᠠᠯᠲᠠ ᠶᠢᠨ ᠣᠨᠴᠠᠯᠢᠭ ᠢ ᠭᠦᠨᠵᠡᠭᠡᠢ ᠪᠣᠯᠪᠠᠰᠤᠷᠠᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ

ᠪᠠᠭᠰᠢ ᠶᠢᠨ ᠠᠵᠢᠯ ᠮᠡᠷᠭᠡᠵᠢᠯ ᠤᠨ ᠰᠠᠶᠢᠨ ᠰᠠᠶᠢᠬᠠᠨ ᠬᠡᠪ ᠪᠣᠯᠪᠠᠰᠤᠷᠠᠯ᠂ ᠯᠠᠪᠳᠠᠭᠤᠨ ᠪᠠᠲᠤᠲᠠᠢ ᠵᠢᠭᠠᠨ

ᠰᠤᠷᠭᠠᠯᠲᠠ ᠶᠢᠨ ᠴᠢᠳᠠᠪᠤᠷᠢ ᠪᠣᠯᠤᠨ ᠥᠪᠡᠷᠮᠢᠴᠡ ᠵᠢᠭᠠᠨ ᠰᠤᠷᠭᠠᠯᠲᠠ ᠶᠢᠨ ᠬᠡᠪ ᠨᠠᠮᠪᠠ ᠶᠢ ᠪᠦᠬᠦ ᠲᠠᠯ᠎ᠠ ᠪᠠᠷ

ᠢᠯᠡᠷᠡᠭᠦᠯᠪᠡ᠃ ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠬᠢᠴᠢᠶᠡᠯ ᠤᠨ ᠳᠤᠭᠤᠶᠢᠯᠠᠩ ᠤᠨ

ᠨᠢᠭᠡᠳᠦᠭᠡᠷ ᠳᠡᠰ ᠤᠨ ᠱᠠᠩᠨᠠᠯ 3᠂ ᠬᠤᠶᠠᠳᠤᠭᠠᠷ ᠳᠡᠰ ᠤᠨ ᠱᠠᠩᠨᠠᠯ 7᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠴᠢᠳᠠᠪᠤᠷᠢ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ

7᠂ ᠬᠤᠶᠠᠳᠤᠭᠠᠷ ᠳᠡᠰ ᠤᠨ ᠱᠠᠩᠨᠠᠯ 14᠂ ᠬᠠᠮᠤᠭ ᠤᠨ ᠭᠤᠶᠣ ᠠᠩᠭᠢ ᠶᠢᠨ ᠡᠷᠬᠢᠯᠡᠭᠴᠢ 14᠎ ᠶᠢ ᠰᠢᠯᠭᠠᠷᠠᠭᠤᠯᠪᠠ︔

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ

ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ 9᠂ ᠬᠤᠶᠠᠳᠤᠭᠠᠷ ᠳᠡᠰ ᠤᠨ ᠱᠠᠩᠨᠠᠯ 19᠎ ᠶᠢ

ᠰᠢᠯᠭᠠᠷᠠᠭᠤᠯᠤᠭᠰᠠᠨ ᠤ ᠬᠠᠮᠲᠤ 9 ᠵᠢᠭᠠᠨ ᠰᠤᠷᠭᠠᠯᠲᠠ ᠶᠢᠨ ᠪᠦᠯᠬᠦᠮ ᠢ ᠰᠣᠩᠭᠤᠨ ᠲᠠᠨᠢᠯᠴᠠᠭᠤᠯᠵᠤ ᠪᠦᠬᠦ

ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ  ᠬᠥᠮᠦᠵᠢᠯ ᠤᠨ

ᠬᠢᠴᠢᠶᠡᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ ᠪᠠ ᠠᠩᠭᠢ ᠶᠢᠨ ᠡᠷᠬᠢᠯᠡᠭᠴᠢ ᠶᠢᠨ

ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠤᠯᠬᠤ ᠪᠠᠷ ᠪᠤᠢ᠃

2.jpg

    

            ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ

            ᠴᠢᠳᠠᠪᠤᠷᠢ ᠶᠢᠨ ᠳᠤᠭᠤᠶᠢᠯᠠᠩ ᠤᠨ ᠠᠬᠤᠢ ᠲᠠᠯᠠᠪᠠᠢ ᠶᠢᠨ ᠦᠵᠡᠭᠦᠯᠭᠡ

3.jpg

           ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠤᠨ ᠦᠵᠡᠯ

           ᠰᠠᠨᠠᠭ᠎ᠠ ᠤᠯᠤᠰ ᠲᠥᠷᠥ ᠶᠢᠨ ᠳᠤᠭᠤᠶᠢᠯᠠᠩ ᠤᠨ ᠵᠢᠭᠠᠨ ᠰᠤᠷᠭᠠᠯᠲᠠ ᠶᠢᠨ

           ᠪᠦᠯᠬᠦᠮ ᠤᠨ ᠠᠬᠤᠢ ᠲᠠᠯᠠᠪᠠᠢ ᠶᠢᠨ ᠦᠵᠡᠭᠦᠯᠪᠡ

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠪᠥᠬᠦ

ᠠᠵᠢᠯᠲᠠᠨ ᠬᠥᠮᠦᠨ ᠬᠥᠮᠦᠵᠢᠭᠦᠯᠬᠦ᠂ ᠪᠥᠬᠦ ᠶᠠᠪᠤᠴᠠ ᠳᠤ ᠬᠥᠮᠦᠨ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ

ᠬᠥᠮᠥᠵᠢᠭᠦᠯᠬᠦ︾ ᠥᠭᠡᠷᠡᠴᠢᠯᠡᠯᠲᠡ᠂ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠬᠢᠴᠢᠶᠡᠯ ᠤᠨ

ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠪᠣᠯᠤᠨ ᠦᠵᠡᠯ ᠰᠠᠨᠠᠭ᠎ᠠ ᠤᠯᠤᠰ

ᠲᠥᠷᠥ ᠶᠢᠨ ᠬᠥᠮᠦᠵᠢᠯ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠵᠢᠴᠢ ᠠᠩᠭᠢ ᠶᠢᠨ ᠡᠷᠬᠢᠯᠡᠭᠴᠢ ᠶᠢᠨ

ᠡᠩᠨᠡᠭᠡᠨ ᠤ ᠲᠤᠰᠬᠠᠶᠢᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠱᠠᠩᠨᠠᠯ ᠬᠦᠷᠲᠡᠭᠰᠡᠨ ᠪᠦᠯᠬᠦᠮ ᠨᠡᠶᠢᠲᠡ ᠶᠢᠨ

ᠬᠥᠲᠥᠯᠥᠨ ᠳᠠᠭᠠᠭᠤᠯᠵᠤ ᠳᠠᠭᠤᠷᠢᠶᠠᠯ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠶᠢᠨ ᠪᠠᠭᠰᠢ ᠶᠢᠨ ᠶᠡᠷᠦᠩᠬᠡᠶᠢᠯᠡᠭᠰᠡᠨ ᠬᠡᠪ ᠴᠢᠨᠠᠷ᠂ ᠲᠤᠰᠬᠠᠢ ᠮᠡᠷᠭᠡᠵᠢᠯ ᠤᠨ ᠬᠢᠷᠢ ᠲᠦᠪᠰᠢᠨ

ᠪᠠ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠩ ᠣᠯᠠᠨ ᠥᠨᠳᠥᠷ ᠬᠡᠪ

ᠪᠣᠯᠪᠠᠰᠤᠷᠠᠯ ᠲᠠᠢ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠤᠨ᠎ᠠ᠃

      ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠠᠴᠠ ᠭᠤᠣᠯᠯᠠᠨ ᠡᠷᠬᠢᠯᠡᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠭᠠᠭᠠᠴᠢᠯᠠᠨ

ᠡᠷᠬᠢᠯᠡᠪᠡ᠃

   

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号