ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ | ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ | ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠦᠭᠡ᠂ ᠰᠤᠳᠤᠯᠤᠨ ᠲᠣᠭᠲᠠᠭᠠᠬᠤ ᠪᠠᠷ ᠳᠠᠮᠵᠢᠨ᠂ ᠮᠠᠨ ᠤ | ᠣᠷᠣᠨ ᠤ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠢᠯᠭᠠᠷᠠᠭᠤᠯᠬᠤᠠᠵᠢᠯ ᠢ ᠵᠣᠬᠢᠶᠠᠨ | ᠪᠠᠶᠢᠭᠤᠯᠤᠨ ᠥᠷᠨᠢᠭᠦᠯᠪᠡ᠃ | ᠨᠢᠭᠡ᠂ ᠰᠢᠯᠭᠠᠷᠠᠭᠤᠯᠬᠤ ᠵᠠᠷᠴᠢᠮ | ︵ᠨᠢᠭᠡ︶ ᠲᠥᠪ ᠭᠤᠣᠯᠴᠢ ᠵᠠᠷᠴᠢᠮ᠃ ᠲᠥᠪ ᠭᠤᠣᠯᠴᠢ᠂ ᠡᠷᠬᠡ ᠲᠡᠭᠰᠢ᠂ ᠢᠯᠡ ᠨᠡᠶᠢᠲᠡᠯᠡᠬᠦ ᠵᠠᠷᠴᠢᠮ ᠤᠨ | ᠶᠣᠰᠣᠭᠠᠷ ᠰᠣᠩᠭᠤᠨ ᠬᠡᠷᠡᠭᠯᠡᠬᠦ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠰᠣᠩᠭᠤᠨ ᠬᠡᠷᠡᠭᠯᠡᠬᠦ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠰᠢᠯᠭᠠᠷᠠᠭᠤᠯᠤᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠨ᠎ᠡ᠃ | ︵ᠬᠤᠶᠠᠷ︶ ᠰᠢᠨᠵᠢᠯᠡᠬᠦ ᠤᠬᠠᠭᠠᠨᠴᠢ ᠵᠠᠷᠴᠢᠮ᠃ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ | ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠶᠠᠪᠤᠴᠠ᠂ ᠰᠣᠩᠭᠤᠨ ᠬᠡᠷᠡᠭᠯᠡᠬᠦ ᠠᠷᠭ᠎ᠠ ᠰᠢᠨᠵᠢᠯᠡᠬᠦ | ᠤᠬᠠᠭᠠᠨᠴᠢ᠂ ᠵᠢᠷᠤᠮᠵᠢᠯ ᠲᠠᠢ᠂ ᠨᠢᠭᠲᠠ ᠴᠢᠩᠭ᠎ᠠ ᠪᠠᠶᠢᠵᠤ᠂ ᠡᠯ᠎ᠡ ᠰᠤᠷᠤᠯᠭ᠎ᠠ ᠶᠢᠨ ᠱᠠᠲᠤ ᠡᠯ᠎ᠡ ᠬᠢᠴᠢᠶᠡᠯ ᠲᠥᠷᠥᠯ ᠤᠨ | ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠳᠤ ᠲᠣᠬᠢᠷᠠᠭᠤᠯᠤᠨ᠎ᠠ᠃ | ︵ᠭᠤᠷᠪᠠ︶ ᠵᠣᠬᠢᠴᠠᠬᠤ ᠴᠢᠨᠠᠷᠲᠠᠢ ᠵᠠᠷᠴᠢᠮ᠃ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ | ᠰᠣᠩᠭᠤᠨ ᠬᠡᠷᠡᠭᠯᠡᠬᠦ ᠳᠤ ᠪᠠᠨ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠪᠣᠳᠠᠲᠤ ᠪᠠᠶᠢᠳᠠᠯ ᠳᠤ ᠨᠡᠶᠢᠴᠡᠭᠦᠯᠵᠦ᠂ ᠵᠢᠭᠠᠬᠤ ᠮᠠᠲ᠋ᠧᠷᠢᠶᠠᠯ ᠤᠨ ᠠᠭᠤᠯᠭ᠎ᠠ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠢᠴᠢᠶᠡᠯ ᠤᠨ ᠵᠢᠭᠠᠬᠤ | ᠮᠠᠲ᠋ᠧᠷᠢᠶᠠᠯ ᠤᠨ ᠬᠥᠮᠦᠨ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠤᠨ᠎ᠠ᠃ | ᠬᠤᠶᠠᠷ᠂ ᠰᠢᠯᠭᠠᠷᠠᠭᠤᠯᠬᠤ ᠵᠢᠭᠠᠬᠤ ᠮᠠᠲ᠋ᠧᠷᠢᠶᠠᠯ ᠤᠨ ᠲᠥᠷᠥᠯ ᠵᠦᠢᠯ | 1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠠᠮᠢ ᠨᠠᠰᠤᠨ ᠤ ᠠᠮᠤᠷ ᠲᠦᠪᠰᠢᠨ ᠪᠠ | ᠡᠷᠡᠭᠦᠯ ᠮᠡᠨᠳᠦ ᠶᠢᠨ ᠬᠥᠮᠦᠵᠢᠯ︾ ᠭᠡᠬᠦ ᠵᠢᠭᠠᠬᠤ ᠮᠠᠲ᠋ᠧᠷᠢᠶᠠᠯ︔ | 2. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ︾ ᠭᠡᠬᠦ ᠵᠢᠭᠠᠬᠤ ᠮᠠᠲ᠋ᠧᠷᠢᠶᠠᠯ︔ | 3. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠶᠡᠷᠦᠩᠬᠡᠶᠢᠯᠡᠭᠰᠡᠨ ᠦᠢᠯᠡᠳᠦᠯᠭᠡ ᠶᠢᠨ | ᠠᠵᠢᠯᠯᠠᠭ᠎ᠠ︾ ᠭᠡᠬᠦ ᠵᠢᠭᠠᠬᠤ ᠮᠠᠲ᠋ᠧᠷᠢᠶᠠᠯ︔ | 4. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠥᠳᠡᠯᠮᠦᠷᠢ ᠶᠢᠨ ᠬᠥᠮᠦᠵᠢᠯ ᠤᠨ | ᠦᠢᠯᠡᠳᠦᠯᠭᠡ ᠶᠢᠨ ᠠᠵᠢᠯᠯᠠᠭ᠎ᠠ︾ ᠭᠡᠬᠦ ᠵᠢᠭᠠᠬᠤ ᠮᠠᠲ᠋ᠧᠷᠢᠶᠠᠯ︔ | 5. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠤᠷᠠᠨ ᠪᠢᠴᠢᠯᠭᠡ︾ ᠭᠡᠬᠦ ᠵᠢᠭᠠᠬᠤ | ᠮᠠᠲ᠋ᠧᠷᠢᠶᠠᠯ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠣᠷᠣᠨ ᠨᠤᠲᠤᠭ ᠤᠨ ᠬᠢᠴᠢᠶᠡᠯ ᠤᠨ ᠵᠢᠭᠠᠬᠤ | ᠮᠠᠲ᠋ᠧᠷᠢᠶᠠᠯ 2025 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠰᠢᠨ᠎ᠡ | ᠬᠡᠪᠯᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠨ᠎ᠡ᠃ | ᠭᠤᠷᠪᠠ᠂ ᠦᠨᠡᠯᠡᠭᠦᠯᠬᠦ ᠨᠢᠭᠡᠴᠢ ᠶᠢᠨ ᠬᠢᠷᠢ ᠬᠡᠮ ᠵᠢᠴᠢ ᠱᠠᠭᠠᠷᠳᠠᠯᠭ᠎ᠠ | ︵ᠨᠢᠭᠡ︶ ᠬᠡᠪᠯᠡᠭᠦᠯᠬᠦ ᠨᠢᠭᠡᠴᠢ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠣᠮ | ᠬᠡᠪᠯᠡᠭᠦᠯᠬᠦ ᠵᠥᠪᠰᠢᠶᠡᠷᠡᠯ ᠤᠨ ᠦᠨᠡᠮᠯᠡᠯ︾ ᠢ ᠣᠯᠵᠤ᠂ ᠬᠡᠪᠯᠡᠭᠦᠯᠦᠭᠰᠡᠨ ᠵᠢᠭᠠᠬᠤ ᠮᠠᠲ᠋ᠧᠷᠢᠶᠠᠯ ᠢ ᠡᠷᠬᠡᠪᠰᠢ ᠲᠤᠰ | ᠨᠢᠭᠡᠴᠢ ᠶᠢᠨ ᠬᠠᠤᠯᠢ ᠶᠣᠰᠣᠭᠠᠷ ᠵᠦᠪᠰᠢᠶᠡᠷᠡᠭᠦᠯᠦᠭᠰᠡᠨ ᠬᠡᠪᠯᠡᠯ ᠤᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠤ | ᠬᠡᠷᠡᠭᠯᠡᠨ᠎ᠡ᠃ | ︵ᠬᠤᠶᠠᠷ︶ ᠦᠨᠡᠯᠡᠭᠦᠯᠬᠦ ᠵᠢᠭᠠᠬᠤ ᠮᠠᠲ᠋ᠧᠷᠢᠶᠠᠯ ᠨᠢ ᠰᠤᠷᠭᠠᠨ ᠬᠥᠮᠦᠵᠢᠯ ᠤᠨ ᠶᠠᠮᠤᠨ ᠤ ︽ᠠᠮᠢ ᠨᠠᠰᠤᠨ ᠤ | ᠠᠮᠤᠷ ᠲᠦᠪᠰᠢᠨ ᠪᠠ ᠡᠷᠡᠭᠦᠯ ᠮᠡᠨᠳᠦ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠬᠤ | ᠮᠠᠲ᠋ᠧᠷᠢᠶᠠᠯ ᠲᠤ ᠣᠷᠣᠭᠤᠯᠬᠤ ᠵᠦᠭᠯᠡᠭᠦᠷ︾᠂ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠤᠮᠳᠠᠳᠤ | ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠲᠤ ᠣᠷᠣᠭᠤᠯᠬᠤ ᠵᠦᠭᠯᠡᠭᠦᠷ︾᠂ ︽ᠳᠤᠮᠳᠠᠳᠤ ᠪᠠᠭ᠎ᠠ | ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭᠠᠨ ᠤ ᠬᠢᠴᠢᠶᠡᠯ ᠤᠨ ᠵᠢᠯᠣᠭᠤᠳᠬᠤ | ᠬᠥᠲᠥᠯᠪᠦᠷᠢ︾᠂ ︽ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ | ᠬᠥᠮᠦᠵᠢᠯ ᠢ ᠵᠢᠯᠣᠭᠤᠳᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶︾ ᠂ ︽ᠳᠤᠮᠳᠠᠳᠤ ᠪᠠᠭ᠎ᠠ ᠰᠤᠷᠭᠠᠭᠤᠯᠢ ᠶᠢᠨ | ᠤᠷᠠᠨ ᠪᠢᠴᠢᠯᠭᠡ ᠶᠢᠨ ᠰᠤᠷᠭᠠᠨ ᠬᠥᠮᠦᠵᠢᠯ ᠢ ᠵᠢᠯᠣᠭᠤᠳᠬᠤ ᠬᠥᠲᠥᠯᠪᠦᠷᠢ︾ ᠵᠡᠷᠭᠡ ᠵᠦᠭᠯᠡᠭᠦᠷ ᠪᠠ ᠬᠥᠲᠥᠯᠪᠦᠷᠢ | ᠵᠢᠴᠢ ᠬᠤᠯᠪᠣᠭᠳᠠᠯ ᠪᠦᠬᠦᠢ ᠬᠢᠴᠢᠶᠡᠯ ᠤᠨ ᠪᠠᠷᠢᠮᠵᠢᠶᠠᠨ ᠤ ᠲᠣᠭᠲᠠᠭᠠᠯ ᠪᠠ ᠱᠠᠭᠠᠷᠳᠠᠯᠭ᠎ᠠ ᠪᠠᠷ ᠨᠠᠶᠢᠷᠠᠭᠤᠯᠤᠨ | ᠪᠢᠴᠢᠨ᠎ᠡ᠃ | ︵ᠭᠤᠷᠪᠠ︶ ᠦᠨᠡᠯᠡᠭᠦᠯᠬᠦ ᠵᠢᠭᠠᠬᠤ ᠮᠠᠲ᠋ᠧᠷᠢᠶᠠᠯ ᠤᠨ ᠠᠭᠤᠯᠭ᠎ᠠ ᠳᠤ ᠪᠤᠰᠤᠳ ᠤᠨ ᠵᠣᠬᠢᠶᠠᠯ ᠪᠦᠲᠦᠭᠡᠯ ᠤᠨ | ᠡᠷᠬᠡ ᠶᠢ ᠬᠡᠷᠡᠭᠯᠡᠭᠰᠡᠨ ᠪᠣᠯ᠂ ᠬᠠᠤᠯᠢ ᠶᠣᠰᠣᠭᠠᠷ ᠵᠣᠬᠢᠶᠠᠯ ᠪᠦᠲᠦᠭᠡᠯ ᠤᠨ ᠡᠷᠬᠡᠲᠦ ᠬᠥᠮᠦᠨ ᠤ ᠡᠷᠬᠡ ᠶᠢ ᠣᠯᠤᠨ᠎ᠠ᠃ | ︵ᠳᠥᠷᠪᠡ︶ ᠡᠷᠬᠢᠯᠡᠨ ᠨᠠᠶᠢᠷᠠᠭᠤᠯᠤᠭᠴᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ | ᠨᠢᠭᠡᠴᠢ ᠠᠴᠠ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠬᠦ ᠳᠤ ᠡᠷᠬᠡᠪᠰᠢ ᠡᠷᠬᠢᠯᠡᠨ ᠨᠠᠶᠢᠷᠠᠭᠤᠯᠤᠭᠴᠢ ᠶᠢ | ᠲᠣᠳᠤᠷᠬᠠᠶᠢᠯᠠᠵᠤ᠂ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠬᠡᠯᠪᠡᠷᠢᠯ ᠭᠠᠷᠭᠠᠵᠤ ᠪᠣᠯᠬᠤ ᠦᠭᠡᠢ᠃ | ︵ᠲᠠᠪᠤ︶ ᠨᠠᠶᠢᠷᠠᠭᠤᠯᠤᠨ ᠪᠢᠴᠢᠬᠦ ᠬᠥᠮᠦᠰ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ | ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ | ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ︵ᠵᠢᠷᠭᠤᠭ᠎ᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠭᠠᠬᠤ ᠮᠠᠲ᠋ᠧᠷᠢᠶᠠᠯ ᠤᠨ | ᠣᠷᠣᠯᠠᠭᠴᠢ ᠬᠤᠳᠠᠯᠳᠤᠭᠠᠴᠢᠨ ︵ᠪᠠᠶᠢᠭᠤᠯᠤᠮᠵᠢ︶ ᠡᠨᠡ ᠤᠳᠠᠭᠠᠨ ᠤ ᠰᠣᠩᠭᠤᠨ ᠬᠦᠷᠭᠡᠬᠦ ᠠᠵᠢᠯ ᠳᠤ | ᠣᠷᠣᠯᠴᠠᠵᠤ ᠪᠣᠯᠬᠤ ᠦᠭᠡᠢ᠂ ᠡᠷᠬᠡᠪᠰᠢ ᠬᠡᠪᠯᠡᠯ ᠤᠨ ᠬᠤᠷᠢᠶ᠎ᠠ ᠳᠤ ᠰᠢᠭᠤᠳ ᠰᠣᠩᠭᠤᠨ ᠬᠦᠷᠭᠡᠨ᠎ᠡ᠃ | ᠳᠥᠷᠪᠡ᠂ ᠦᠨᠡᠯᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ | ︵ᠨᠢᠭᠡ︶ ᠦᠨᠡᠯᠡᠭᠦᠯᠬᠦ ᠭᠤᠶᠤᠴᠢᠯᠠᠯ ᠤᠨ ᠬᠦᠰᠦᠨᠦᠭᠲᠦ᠂ ᠦᠨᠡᠯᠡᠭᠦᠯᠬᠦ ᠶᠠᠩᠵᠤ ᠨᠣᠮ ᠤᠨ ᠭᠠᠷᠴᠠᠭ᠂ | ᠦᠨᠡᠯᠡᠭᠦᠯᠬᠦ ᠠᠮᠠᠯᠠᠯᠲᠠ ᠶᠢᠨ ᠪᠢᠴᠢᠭ ᠨᠢᠭᠡ ᠬᠡᠯᠪᠡᠷᠢ ᠶᠢ 3 ᠬᠤᠪᠢ᠃ | ︵ᠬᠤᠶᠠᠷ︶ ᠬᠢᠷᠢ ᠭᠡᠮ ᠤᠨ ᠮᠠᠲ᠋ᠧᠷᠢᠶᠠᠯ᠃ ᠦᠨᠡᠯᠡᠭᠦᠯᠬᠦ ᠨᠢᠭᠡᠴᠢ ᠲᠤᠰ ᠨᠢᠭᠡᠴᠢ ᠶᠢᠨ ᠢᠶᠠᠨ ᠬᠢᠷᠢ | ᠭᠡᠮ ᠤᠨ ᠮᠠᠲ᠋ᠧᠷᠢᠶᠠᠯ ᠢ 1 ᠢᠵᠢ ᠬᠠᠩᠭᠠᠨ᠎ᠠ᠃ | 1. ᠡᠷᠬᠢᠯᠡᠨ ᠨᠠᠶᠢᠷᠠᠭᠤᠯᠤᠭᠴᠢ ᠶᠢᠨ ᠪᠡᠶ᠎ᠡ ᠶᠢᠨ ᠦᠨᠡᠮᠯᠡᠯ ᠪᠣᠯᠤᠨ ᠨᠠᠶᠢᠷᠠᠭᠤᠯᠤᠨ ᠪᠢᠴᠢᠬᠦ ᠨᠢᠭᠡᠴᠢ᠂ ᠬᠡᠪᠯᠡᠬᠦ | ᠨᠢᠭᠡᠴᠢ ︵ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ︶ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ᠂ | ᠬᠡᠪᠯᠡᠬᠦ ᠵᠥᠪᠰᠢᠶᠡᠷᠡᠯ ᠤᠨ ᠦᠨᠡᠮᠯᠡᠯ ᠵᠡᠷᠭᠡ ᠶᠢᠨ ᠪᠠᠭᠤᠯᠭᠠᠪᠤᠷᠢ ︵ᠵᠥᠪᠬᠡᠨ ᠦᠨᠡᠯᠡᠭᠦᠯᠬᠦ ᠳᠤ ᠬᠡᠷᠡᠭᠯᠡᠨ᠎ᠡ ᠭᠡᠵᠦ | ᠲᠣᠳᠤᠷᠬᠠᠶᠢᠯᠠᠨ᠎ᠠ︶᠃ | 2. ᠪᠤᠰᠤᠳ ᠬᠡᠪᠯᠡᠭᠳᠡᠬᠦᠨ ᠤ ᠠᠭᠤᠯᠭ᠎ᠠ ᠶᠢ ᠡᠰᠢ ᠲᠠᠲᠠᠨ ᠬᠡᠷᠡᠭᠯᠡᠭᠰᠡᠨ ᠡᠷᠬᠡ ᠣᠯᠭᠤᠬᠤ ᠪᠢᠴᠢᠭ ᠤᠨ | ᠪᠠᠭᠤᠯᠭᠠᠪᠤᠷᠢ᠃ | ᠳᠡᠭᠡᠷᠡᠬᠢ ᠪᠠᠭᠤᠯᠭᠠᠪᠤᠷᠢ ᠳᠤ ᠴᠥᠮ ᠬᠡᠪᠯᠡᠯ ᠤᠨ ᠬᠤᠷᠢᠶᠠᠨ ᠤ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃ | ︵ᠭᠤᠷᠪᠠ︶ ᠶᠠᠩᠵᠤ ᠨᠣᠮ᠃ ᠦᠨᠡᠯᠡᠭᠦᠯᠬᠦ ᠶᠠᠩᠵᠤ ᠨᠣᠮ ᠢ ᠨᠢᠭᠡ ᠬᠡᠯᠪᠡᠷᠢ ᠶᠢ 7 ᠢᠵᠢ ︵ᠳᠡᠪᠲᠡᠷ︶᠃ | 1. ᠦᠨᠡᠯᠡᠭᠦᠯᠬᠦ ᠶᠠᠩᠵᠤ ᠨᠣᠮ ᠨᠢ ᠡᠷᠬᠡᠪᠰᠢ ᠬᠡᠪᠯᠡᠭᠦᠯᠦᠭᠰᠡᠨ ᠴᠠᠭᠠᠨ ᠭᠠᠳᠠᠷᠲᠤ ᠶᠠᠩᠵᠤ ᠨᠣᠮ ᠪᠠ | ᠡᠯᠧᠺᠲᠷᠣᠨ ᠡᠬᠡ ᠪᠢᠴᠢᠭ ︵ᠡᠭᠦᠨ ᠤ ᠬᠠᠮᠲᠤ U ᠳ᠋ᠢᠰᠺ ᠲᠤ ᠶᠠᠩᠵᠤ ᠨᠣᠮ ᠤᠨ ᠡᠯᠧᠺᠲᠷᠣᠨ ᠡᠬᠡ ᠪᠢᠴᠢᠭ ᠪᠠ | ᠳᠠᠭᠠᠯᠳᠤᠭᠤᠯᠤᠯ 1᠂ 2᠂ 3᠂ 5 ᠶᠢᠨ ᠡᠯᠧᠺᠲᠷᠣᠨ ᠬᠡᠪᠯᠡᠯ ᠢ ᠬᠠᠳᠠᠭᠠᠯᠠᠵᠤ᠂ ᠶᠠᠩᠵᠤ ᠨᠣᠮ ᠤᠨ ᠡᠯᠧᠺᠲᠷᠣᠨ | ᠡᠬᠡ ᠪᠢᠴᠢᠭ ᠤᠨ ᠠᠭᠤᠯᠭ᠎ᠠ ᠨᠢ ᠴᠠᠭᠠᠨ ᠭᠠᠳᠠᠷᠲᠤ ᠶᠠᠩᠵᠤ ᠨᠣᠮ ᠲᠠᠢ ᠨᠢᠭᠡᠳᠦᠯᠲᠡᠢ ᠪᠠᠶᠢᠵᠤ᠂ U ᠳ᠋ᠢᠰᠺ ᠤᠨ | ᠭᠠᠳᠠᠷ ᠳᠡᠭᠡᠷ᠎ᠡ ᠬᠡᠪᠯᠡᠯ ᠤᠨ ᠬᠤᠷᠢᠶᠠᠨ ᠤ ᠨᠡᠷᠡᠶᠢᠳᠦᠯ ᠢ ᠬᠠᠳᠠᠨ᠎ᠠ︶ ᠢ ᠬᠠᠩᠭᠠᠵᠤ᠂ ᠬᠠᠪᠢᠰᠤ᠂ ᠳᠣᠲᠤᠷ᠎ᠠ ᠨᠢᠭᠤᠷ᠂ | ᠭᠤᠣᠯ ᠵᠣᠬᠢᠶᠠᠯ ᠳᠤ ᠨᠠᠶᠢᠷᠠᠭᠤᠯᠤᠭᠴᠢ ᠪᠤᠶᠤ ᠬᠡᠪᠯᠡᠬᠦ ᠨᠢᠭᠡᠴᠢ᠂ ᠠᠵᠢᠯᠲᠠᠨ᠂ ᠨᠣᠮ ᠤᠨ ᠨᠡᠷ᠎ᠡ ᠵᠡᠷᠭᠡ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠪᠢᠴᠢᠵᠦ ᠪᠣᠯᠬᠤ ᠦᠭᠡᠢ᠃ | 2. ᠶᠠᠩᠵᠤ ᠨᠣᠮ ᠤᠨ ᠬᠠᠪᠢᠰᠤᠨ ᠳᠤ ᠲᠥᠷᠥᠯ ᠵᠦᠢᠯ᠂ ᠬᠡᠷᠡᠭᠯᠡᠬᠦ ᠣᠨ ᠢ ᠲᠣᠳᠣᠷᠬᠠᠶᠢᠯᠠᠨ᠎ᠠ᠃ | 3. ᠬᠢᠷᠢ ᠭᠡᠮ ᠤᠨ ᠮᠠᠲ᠋ᠧᠷᠢᠶᠠᠯ ᠢ ᠨᠢᠭᠡ ᠳᠠᠩᠰᠠ ᠡᠪᠬᠡᠮᠡᠯ ᠤᠨ ᠬᠠᠶᠢᠷᠴᠠᠭ ᠲᠤ ᠪᠢᠲᠡᠭᠦᠮᠵᠢᠯᠡᠨ | ᠪᠣᠭᠤᠳᠠᠯᠯᠠᠵᠤ᠂ ᠬᠠᠪᠢᠰᠤ ᠶᠢ ᠨᠠᠭᠠᠨ᠎ᠠ᠃ | 4. ᠦᠨᠡᠯᠡᠭᠦᠯᠬᠦ ᠶᠠᠩᠵᠤ ᠨᠣᠮ ᠢ ᠬᠦᠷᠭᠡᠵᠦ ᠬᠢᠨᠠᠭᠤᠯᠬᠤ ᠵᠢᠭᠠᠬᠤ ᠮᠠᠲ᠋ᠧᠷᠢᠶᠠᠯ ᠤᠨ ᠲᠥᠷᠥᠯ ᠵᠦᠢᠯ ᠢᠶᠠᠷ | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠶᠢᠨ ᠰᠤᠷᠭᠠᠭᠤᠯᠢ ᠶᠢᠨ ᠱᠠᠲᠤ ᠭᠡᠵᠦ ᠬᠤᠪᠢᠶᠠᠨ᠂ ᠨᠢᠭᠡᠳᠦᠯᠲᠡᠢ | ᠨᠢᠭᠡ ᠪᠣᠭᠤᠳᠠᠯ ᠲᠤ ᠪᠣᠭᠤᠳᠠᠯᠯᠠᠵᠤ᠂ ᠬᠠᠪᠢᠰᠤ ᠶᠢ ᠨᠠᠭᠠᠨ᠂ ᠪᠣᠭᠤᠳᠠᠯ ᠳᠣᠲᠣᠷ᠎ᠠ ᠦᠨᠡᠯᠡᠭᠦᠯᠬᠦ ᠶᠠᠩᠵᠤ ᠨᠣᠮ ᠤᠨ | ᠭᠠᠷᠴᠠᠭ ᠢ ᠳᠠᠭᠠᠯᠳᠤᠭᠤᠯᠤᠨ ᠬᠦᠷᠭᠡᠨ᠎ᠡ᠃ | 5. ᠳᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠪᠤᠶᠤ ᠡᠯᠧᠺᠲᠷᠣᠨ ᠬᠡᠪᠯᠡᠭᠳᠡᠬᠦᠨ ᠢ ᠡᠷᠬᠡᠪᠰᠢ | ᠰᠢᠯᠵᠢᠮᠡᠯ ᠬᠠᠲᠠᠭᠤ ᠳ᠋ᠢᠰᠺ ︵U ᠳ᠋ᠢᠰᠺ︶ ᠲᠤ ᠬᠠᠳᠠᠭᠠᠯᠠᠵᠤ᠂ ᠠᠭᠤᠯᠭ᠎ᠠ ᠳᠤ ᠨᠢᠭᠡᠴᠢ ᠶᠢᠨ ᠨᠡᠷᠡᠶᠢᠳᠦᠯ ᠵᠡᠷᠭᠡ | ᠪᠡᠯᠭᠡᠳᠡᠯ ᠤᠨ ᠴᠢᠨᠠᠷᠲᠠᠢ ᠮᠡᠳᠡᠭᠡ ᠵᠠᠩᠭᠢ ᠶᠢ ᠣᠷᠣᠭᠤᠯᠵᠤ ᠪᠣᠯᠬᠤ ᠦᠭᠡᠢ᠂ ᠭᠠᠳᠠᠷ ᠪᠣᠭᠤᠳᠠᠯ ᠲᠤ ᠨᠢᠭᠡᠴᠢ ᠶᠢᠨ | ᠨᠡᠷᠡᠶᠢᠳᠦᠯ ᠢ ᠲᠣᠳᠤᠷᠬᠠᠶᠢᠯᠠᠨ᠎ᠠ᠃ | ᠲᠠᠪᠤ᠂ ᠮᠠᠲ᠋ᠧᠷᠢᠶᠠᠯ ᠢ ᠮᠡᠳᠡᠭᠦᠯᠬᠦᠤ᠋ ᠴᠠᠭ | ᠮᠡᠳᠡᠭᠦᠯᠬᠦ ᠴᠠᠭ᠄ 2024 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ᠃ | ᠵᠢᠷᠭᠤᠭ᠎ᠠ᠂ ᠪᠤᠰᠤᠳ ᠵᠦᠢᠯ | ︵ᠨᠢᠭᠡ︶ ᠡᠨᠡ ᠤᠳᠠᠭᠠᠨ ᠤ ᠰᠢᠯᠭᠠᠷᠠᠭᠤᠯᠬᠤ ᠠᠵᠢᠯ ᠦᠨᠡᠯᠡᠭᠦᠯᠬᠦ ᠨᠢᠭᠡᠴᠢ ᠠᠴᠠ ᠶᠠᠮᠠᠷᠪᠠ ᠰᠦᠢᠳᠬᠡᠯ | ᠬᠤᠷᠢᠶᠠᠬᠤ ᠦᠭᠡᠢ᠃ ᠰᠢᠯᠭᠠᠷᠠᠭᠤᠯᠬᠤ ᠠᠵᠢᠯ ᠢ ᠨᠡᠷ᠎ᠡ ᠪᠢᠴᠢᠬᠦ ᠦᠭᠡᠢ ᠪᠠᠷ ᠦᠨᠡᠯᠡᠬᠦ ᠠᠷᠭ᠎ᠠ ᠮᠠᠶ᠋ᠢᠭ ᠢᠶᠠᠷ | ᠶᠠᠪᠤᠭᠳᠠᠭᠤᠯᠵᠤ᠂ ᠦᠨᠡᠯᠡᠭᠦᠯᠬᠦ ᠮᠠᠲ᠋ᠧᠷᠢᠶᠠᠯ ᠢ ᠡᠷᠬᠡᠪᠰᠢ ᠨᠡᠷ᠎ᠡ ᠪᠢᠴᠢᠬᠦ ᠦᠭᠡᠢ ᠪᠠᠷ ᠦᠨᠡᠯᠡᠬᠦ ᠱᠠᠭᠠᠷᠳᠠᠯᠭ᠎ᠠ | ᠶᠣᠰᠣᠭᠠᠷ ᠬᠠᠩᠭᠠᠬᠤ ᠬᠡᠷᠡᠭᠲᠡᠢ᠃ | ︵ᠬᠤᠶᠠᠷ︶ ᠰᠢᠯᠭᠠᠷᠠᠭᠤᠯᠬᠤ ᠳᠤ ᠣᠷᠣᠯᠴᠠᠭᠰᠠᠨ ᠡᠯ᠎ᠡ ᠨᠢᠭᠡᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠳᠦᠷᠢᠮ ᠢ ᠴᠢᠩᠭ᠎ᠠ ᠵᠢᠷᠤᠮᠯᠠᠨ᠂ ᠲᠤᠰ ᠠᠯᠪᠠᠨ ᠵᠠᠷᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ | ᠮᠠᠲ᠋ᠧᠷᠢᠶᠠᠯ ᠢ ᠬᠠᠩᠭᠠᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠦᠷᠢᠮ ᠠᠴᠠ | ᠵᠥᠷᠢᠴᠡᠨ ᠮᠠᠲ᠋ᠧᠷᠢᠶᠠᠯ ᠬᠠᠩᠭᠠᠭᠰᠠᠨ ᠨᠢᠭᠡᠴᠢ ᠶᠢᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠭᠡᠮ ᠢ ᠬᠠᠰᠤᠨ᠎ᠠ᠃ | ︵ᠭᠤᠷᠪᠠ︶ ᠰᠢᠯᠭᠠᠷᠠᠭᠤᠯᠬᠤ ᠢᠶᠠᠷ ᠳᠠᠮᠵᠢᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠭᠠᠷᠴᠠᠭ ᠲᠤ ᠵᠢᠭᠰᠠᠭᠠᠭᠳᠠᠨ ᠣᠷᠣᠭᠰᠠᠨ ᠵᠢᠭᠠᠬᠤ ᠮᠠᠲ᠋ᠧᠷᠢᠶᠠᠯ ᠤᠳ | ᠬᠡᠷᠪᠡ ᠳᠣᠭᠲᠠᠭᠰᠠᠨ ᠴᠠᠭ ᠲᠤ ᠪᠠᠨ ᠬᠡᠪᠯᠡᠵᠦ ᠳᠡᠶᠢᠯᠬᠦ ᠦᠭᠡᠢ ᠪᠤᠶᠤ ᠬᠢᠴᠢᠶᠡᠯ ᠡᠬᠢᠯᠡᠬᠦ ᠠᠴᠠ ᠡᠮᠦᠨ᠎ᠡ ᠨᠣᠮ ᠢ | ᠰᠤᠷᠤᠭᠴᠢᠳ ᠤᠨ ᠭᠠᠷ ᠲᠤ ᠬᠦᠷᠭᠡᠬᠦ ᠶᠢ ᠦᠨᠡᠨ ᠬᠦ ᠪᠠᠲᠤᠯᠠᠵᠤ ᠳᠡᠶᠢᠯᠬᠦ ᠦᠭᠡᠢ ᠪᠣᠯ᠂ 3 ᠵᠢᠯ ᠤᠨ ᠳᠣᠲᠣᠷ᠎ᠠ | ᠲᠤᠰ ᠨᠢᠭᠡᠴᠢ ᠮᠠᠨ ᠤ ᠣᠷᠣᠨ ᠤ ᠵᠢᠭᠠᠬᠤ ᠮᠠᠲ᠋ᠧᠷᠢᠶᠠᠯ ᠪᠤᠶᠤ ᠵᠢᠭᠠᠨ ᠰᠤᠷᠭᠠᠯᠲᠠ ᠶᠢᠨ ᠳᠤᠰᠠᠯᠠᠮᠵᠢ ᠮᠠᠲ᠋ᠧᠷᠢᠶᠠᠯ ᠤᠨ | ᠰᠢᠯᠭᠠᠷᠠᠭᠤᠯᠤᠯᠲᠠ ᠳᠤ ᠣᠷᠣᠯᠴᠠᠬᠤ ᠶᠢ ᠵᠥᠪᠰᠢᠶᠡᠷᠡᠬᠦ ᠦᠭᠡᠢ᠂ ᠨᠢᠭᠡᠨᠲᠡ ᠰᠣᠩᠭᠤᠭᠳᠠᠭᠰᠠᠨ ᠵᠢᠭᠠᠬᠤ ᠮᠠᠲ᠋ᠧᠷᠢᠶᠠᠯ᠂ | ᠵᠢᠭᠠᠨ ᠰᠤᠷᠭᠠᠯᠲᠠ ᠶᠢᠨ ᠳᠤᠰᠠᠯᠠᠮᠵᠢ ᠮᠠᠲ᠋ᠧᠷᠢᠶᠠᠯ ᠢ ᠬᠦᠴᠦᠨ ᠦᠭᠡᠢ ᠪᠣᠯᠭᠠᠨ᠎ᠠ᠃ | ︵ᠳᠥᠷᠪᠡ︶ ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠡᠯ᠎ᠡ | ᠦᠨᠡᠯᠡᠭᠦᠯᠬᠦ ᠮᠠᠲ᠋ᠧᠷᠢᠶᠠᠯ ᠢ ᠰᠢᠯᠭᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢ ᠬᠢᠨᠠᠨ ᠪᠠᠶᠢᠴᠠᠭᠠᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠰᠦᠯᠵᠢᠶᠡᠨ ᠳᠤ | ᠦᠷ᠎ᠡ ᠳ᠋ᠦᠩ ᠶᠢ 7 ᠡᠳᠦᠷ ᠢᠯᠡ ᠨᠡᠶᠢᠲᠡᠯᠡᠨ᠎ᠡ᠃ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ᠂ ᠮᠠᠨ ᠤ | ᠲᠢᠩᠬᠢᠮ ᠳᠤ ᠲᠤᠰᠬᠠᠵᠤ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠠᠰᠠᠭᠤᠳᠠᠯ ᠲᠠᠢ ᠵᠢᠭᠠᠬᠤ ᠮᠠᠲ᠋ᠧᠷᠢᠶᠠᠯ ᠤᠨ | ᠰᠣᠩᠭᠤᠭᠳᠠᠭᠰᠠᠨ ᠬᠢᠷᠢ ᠭᠡᠮ ᠢ ᠬᠦᠴᠦᠨ ᠦᠭᠡᠢ ᠪᠣᠯᠭᠠᠨ᠎ᠠ᠃ | ︵ᠲᠠᠪᠤ︶ ᠶᠠᠩᠵᠤ ᠨᠣᠮ ︵U ᠳ᠋ᠢᠰᠺ︶᠂ ᠳᠠᠷᠤᠮᠠᠯᠯᠠᠯ ᠢ ᠢᠯᠡᠭᠡᠬᠦ ᠬᠠᠶ᠋ᠢᠭ᠄ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠢᠭᠠᠬᠤ ᠮᠠᠲ᠋ᠧᠷᠢᠶᠠᠯ ᠤᠨ ᠭᠠᠵᠠᠷ | ︵ᠬᠥᠬᠡᠬᠤᠲᠠ ᠶᠢᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ︶ | ᠬᠠᠷᠢᠯᠴᠠᠬᠤ ᠬᠥᠮᠦᠨ᠄ ᠯᠢ ᠨᠠ ᠤᠲᠠᠰᠤ᠄ 0471 - 2856612 | | ᠳᠠᠭᠠᠯᠳᠤᠭᠤᠯᠤᠯ᠄ | 1. ᠦᠨᠡᠯᠡᠭᠦᠯᠬᠦ ᠭᠤᠶᠤᠴᠢᠯᠠᠯ ᠤᠨᠬᠦ᠋ᠰᠦᠨᠦᠭ | 2. ᠦᠨᠡᠯᠡᠭᠦᠯᠬᠦ ᠶᠠᠩᠵᠤ ᠨᠣᠮ ᠤᠨ ᠭᠠᠷᠴᠠᠭ | 3. ᠦᠨᠡᠯᠡᠭᠦᠯᠬᠦ ᠠᠮᠠᠯᠠᠯᠲᠠ ᠶᠢᠨ ᠪᠢᠴᠢᠭ ︵ᠦᠯᠢᠭᠡᠷ ᠶᠠᠩᠵᠤ︶ | 4. ᠦᠨᠡᠯᠡᠭᠦᠯᠬᠦ ᠶᠠᠩᠵᠤ ᠨᠣᠮ ᠤᠨ ᠬᠠᠪᠢᠰᠤᠨ ᠤ ᠠᠭᠤᠯᠭ᠎ᠠ ᠪᠠ ᠬᠡᠯᠪᠡᠷᠢ | 5. ᠳᠠᠩᠰᠠ ᠡᠪᠬᠡᠮᠡᠯ ᠤᠨ ᠬᠠᠶᠢᠷᠴᠠᠭ ᠤᠨ ᠬᠠᠪᠢᠰᠤᠨ ᠤ ᠬᠡᠯᠪᠡᠷᠢ ᠪᠠ ᠱᠠᠭᠠᠷᠳᠠᠯᠭ᠎ᠠ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 7 ᠰᠠᠷ᠎ᠠ ᠶᠢᠨ 30 ᠤ ᠡᠳᠦᠷ | | | ᠳᠠᠭᠠᠯᠳᠤᠭᠤᠯᠤᠯ 1᠄ 1. ᠦᠨᠡᠯᠡᠭᠦᠯᠬᠦ ᠭᠤᠶᠤᠴᠢᠯᠠᠯ ᠤᠨ ᠬᠦᠰᠦᠨᠦᠭ .doc | ᠳᠠᠭᠠᠯᠳᠤᠭᠤᠯᠤᠯ 2᠄ 2. ᠦᠨᠡᠯᠡᠭᠦᠯᠬᠦ ᠶᠠᠩᠵᠤ ᠨᠣᠮ ᠤᠨ ᠭᠠᠷᠴᠠᠭ .doc | ᠳᠠᠭᠠᠯᠳᠤᠭᠤᠯᠤᠯ 3᠄ 3. ᠦᠨᠡᠯᠡᠭᠦᠯᠬᠦ ᠠᠮᠠᠯᠠᠯᠲᠠ ᠶᠢᠨ ᠪᠢᠴᠢᠭ ︵ᠦᠯᠢᠭᠡᠷ ᠶᠠᠩᠵᠤ︶ .doc | ᠳᠠᠭᠠᠯᠳᠤᠭᠤᠯᠤᠯ 4᠄ 4. ᠦᠨᠡᠯᠡᠭᠦᠯᠬᠦ ᠶᠠᠩᠵᠤ ᠨᠣᠮ ᠤᠨ ᠬᠠᠪᠢᠰᠤᠨ ᠤ ᠠᠭᠤᠯᠭ᠎ᠠ ᠪᠠ ᠬᠡᠯᠪᠡᠷᠢ .doc | ᠳᠠᠭᠠᠯᠳᠤᠭᠤᠯᠤᠯ 5᠄ 5. ᠳᠠᠩᠰᠠ ᠡᠪᠬᠡᠮᠡᠯ ᠤᠨ ᠬᠠᠶᠢᠷᠴᠠᠭ ᠤᠨ ᠬᠠᠪᠢᠰᠤᠨ ᠤ ᠬᠡᠯᠪᠡᠷᠢ ᠪᠠ ᠱᠠᠭᠠᠷᠳᠠᠯᠭ᠎ᠠ .doc | | | |