ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ | ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ | ᠠᠵᠢᠯ ᠢ ᠪᠠᠶᠢᠷᠢᠯᠠᠭᠤᠯᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠣᠭᠲᠠᠭᠠᠯ ᠤᠳ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠬᠦᠴᠢᠷ ᠢ ᠰᠥᠷᠦᠨ ᠤᠷᠤᠭᠰᠢᠯᠠᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠵᠤ᠂ | ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠠᠵᠤ ᠠᠬᠤᠢ ᠶᠢᠨ ᠡᠷᠭᠢᠯᠲᠡ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ | ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ | ᠲᠦᠷᠭᠡᠨ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠠᠢ ᠭᠡᠵᠦ ᠦᠵᠡᠪᠡ᠃ | ᠬᠤᠷᠠᠯ ᠠᠴᠠ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ | ᠦᠭᠡᠢ ᠨᠥᠯᠥᠭᠡ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ | ᠠᠵᠤ ᠠᠬᠤᠢ ᠶᠢᠨ ᠡᠷᠭᠢᠯᠲᠡ ᠳᠤ ᠵᠠᠳᠠᠷᠠᠯ ᠭᠠᠷᠴᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠭᠡᠮ | ᠰᠣᠭᠤᠭ ᠮᠥᠨ ᠬᠦ ᠨᠡᠯᠢᠶᠡᠳ ᠤᠯᠠᠨ ᠪᠠᠶᠢᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ | ᠡᠪᠡᠷᠰᠢᠶᠡᠯ ᠣᠷᠣᠰᠢᠵᠤ ᠪᠠᠶᠢᠨ᠎ᠠ᠃ ᠡᠳᠡᠭᠡᠷ ᠪᠣᠯ ᠬᠥᠭᠵᠢᠯᠲᠡ ᠶᠢᠨ ᠳᠤᠮᠳᠠᠬᠢ᠂ ᠭᠡᠯᠪᠡᠷᠢ ᠶᠢ ᠬᠤᠪᠢᠷᠠᠭᠤᠯᠬᠤ | ᠳᠤᠮᠳᠠᠬᠢ ᠠᠰᠠᠭᠤᠳᠠᠯ ᠪᠣᠯᠣᠨ᠎ᠠ᠂ ᠪᠢᠳᠡ ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ | ᠰᠡᠳᠬᠢᠬᠦᠢ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ ᠪᠥᠭᠡᠳ ᠪᠠᠰᠠ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ | ᠳᠤᠮᠳᠠᠳᠤ ᠤᠯᠤᠰ ᠤᠨ ᠠᠵᠤ ᠠᠬᠤᠢ ᠶᠢᠨ ᠰᠠᠶᠢᠵᠢᠷᠠᠯᠲᠠ ᠶᠢᠨ ᠤᠨᠤᠯ ᠢ ᠳᠠᠭᠤᠷᠢᠰᠤᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠳᠣᠣᠷ᠎ᠠ ᠬᠠᠭᠠᠰ ᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠠᠰᠢ | ᠬᠦᠨᠳᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ | ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠤᠯᠭᠠᠬᠤ ᠶᠢ ᠭᠦᠨᠵᠡᠭᠡᠶᠢᠷᠡᠭᠦᠯᠵᠦ᠂ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠵᠤ᠂ | ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ᠂ ᠡᠵᠡᠩᠨᠡᠯᠲᠡ ᠶᠢᠨ | ᠭᠤᠣᠯ ᠴᠣᠭᠴᠠ ᠶᠢᠨ ᠠᠮᠢᠳᠤᠯᠢᠭ ᠬᠦᠴᠦᠨ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ᠂ ᠨᠡᠶᠢᠭᠡᠮ ᠤᠨ ᠢᠲᠡᠭᠡᠯ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ | ᠰᠠᠶᠢᠵᠢᠷᠠᠬᠤ ᠬᠠᠨᠳᠤᠰᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠭᠡᠷᠡᠴᠢᠯᠡᠯᠲᠡ ᠪᠠᠷ ᠬᠥᠳᠡᠯᠭᠡᠭᠴᠢ ᠬᠦᠴᠦᠨ ᠪᠤᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠬᠦᠴᠡᠯ | ᠪᠣᠯᠪᠠᠰᠤᠷᠠᠩᠭᠤᠢ᠂ ᠪᠣᠳᠠᠲᠠᠢ ᠨᠠᠶᠢᠳᠠᠪᠤᠷᠢᠵᠢᠭᠤᠯᠤᠭᠳᠠᠵᠤ ᠳᠡᠶᠢᠯᠬᠦ᠋ᠢᠴᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠨ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠳᠠᠮᠫᠤᠷᠠᠵᠤ ᠤᠬᠤᠷᠢᠨ ᠭᠠᠷᠬᠤ ᠵᠡᠷᠭᠡ ᠵᠠᠬ᠎ᠠ ᠳᠡᠯᠭᠡᠭᠦᠷ ᠤᠨ ᠠᠵᠤ | ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠵᠠᠷᠢᠮ ᠭᠠᠵᠠᠷ ᠣᠷᠣᠨ ᠤ ᠵᠠᠰᠠᠭ ᠵᠠᠬᠢᠷᠭᠠᠨ᠂ ᠡᠷᠡᠭᠦᠦ ᠶᠢᠨ | ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ | ᠵᠠᠯᠠᠷᠠᠭᠤᠯᠬᠤ ᠬᠡᠷᠡᠭᠲᠡᠢ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠ ᠡᠷᠬᠡ ᠲᠡᠭᠰᠢ ᠪᠠᠷ ᠥᠷᠢᠰᠦᠯᠳᠦᠬᠦ ᠳᠤᠮᠳᠠ ᠨᠡᠩ ᠤᠯᠠᠨ ᠳᠡᠯᠡᠬᠡᠢ ᠶᠢᠨ ᠲᠡᠷᠢᠭᠦᠨ | ᠵᠡᠷᠭᠡ ᠶᠢᠨ ᠠᠵᠤ ᠠᠬᠤᠶᠢᠯᠠᠯ ᠢ ᠲᠦᠷᠭᠡᠨ ᠢᠶᠠᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠷᠸ᠎ᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ | ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠰᠥᠷᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ | ᠴᠢᠩᠭᠠᠳᠬᠠᠨ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠪᠦᠭᠦ ᠲᠠᠯ᠎ᠠ ᠪᠠᠷ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠨᠥᠭᠡᠴᠡᠯᠡᠬᠦ ᠶᠢᠨ ᠬᠠᠮᠲᠤ ᠬᠡᠮᠵᠢᠶ᠎ᠡ ᠶᠢ | ᠨᠡᠮᠡᠭᠳᠡᠭᠦᠯᠬᠦ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠬᠦ | ᠬᠡᠷᠡᠭᠲᠡᠢ᠃ ᠲᠤᠰᠬᠠᠢ ᠵᠢᠭᠡᠯᠡᠯᠭᠡ ᠶᠢ ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠵᠦ᠂ ᠣᠷᠳᠣ ᠬᠤᠭᠤᠴᠠᠭᠠᠨ ᠤ | ᠤᠯᠤᠰ ᠤᠨ ᠣᠨᠴᠠ ᠵᠢᠭᠡᠯᠡᠯᠭᠡ ᠶᠢ ᠰᠠᠶᠢᠲᠤᠷ ᠬᠡᠷᠡᠭᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠶᠡᠭᠡ | ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠶᠡᠭᠡ ᠬᠡᠮᠵᠢᠶᠡᠨ ᠤ ᠪᠥᠬᠡᠯᠢᠭ ᠬᠡᠷᠡᠭᠯᠡᠭᠡᠨ ᠤ ᠵᠦᠢᠯ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠠᠩ ᠡᠷᠴᠢᠮ ᠲᠠᠢ ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠤᠨ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠤᠯᠠᠨ ᠵᠦᠢᠯ ᠤᠨ ᠪᠠᠭᠠᠵᠢ ᠶᠢ ᠶᠡᠷᠦᠩᠬᠡᠶᠢᠯᠡᠨ | ᠬᠡᠷᠡᠭᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ | ᠴᠢᠩᠭᠠᠷᠠᠭᠤᠯᠤᠨ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠤᠨ | ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ | ᠨᠢᠭᠡᠳᠦᠯᠲᠦ ᠴᠢᠨᠠᠷ ᠢ ᠦᠨᠡᠨ ᠬᠦ ᠴᠢᠩᠭᠠᠳᠬᠠᠵᠤ᠂ ᠡᠯ᠎ᠡ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ | ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠲᠣᠮᠣ | ᠮᠤᠵᠢ ᠶᠢᠨ ᠨᠢᠷᠤᠭᠤ ᠲᠤᠯᠭᠠᠭᠤᠷᠢ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠬᠡᠷᠡᠭᠯᠡᠭᠡ ᠶᠢ ᠬᠥᠭᠵᠢᠭᠡᠬᠦ ᠪᠠᠷ ᠭᠤᠣᠯᠳᠠᠯᠭ᠎ᠠ ᠪᠣᠯᠭᠠᠨ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠬᠠᠨᠳᠤᠭᠤᠯᠵᠤ᠂ ᠤᠯᠠᠨ | ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠳᠣᠣᠷ᠎ᠠ ᠣᠷᠣᠯᠭ᠎ᠠ ᠲᠠᠢ | ᠬᠥᠮᠥᠰ ᠤᠨ ᠬᠡᠷᠡᠭᠯᠡᠭᠡᠨ ᠤ ᠴᠢᠳᠠᠪᠤᠷᠢ ᠪᠣᠯᠣᠨ ᠬᠦᠰᠡᠯ ᠢ ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ | ᠥᠷᠭᠡᠳᠬᠡᠨ ᠲᠡᠰ ᠳᠡᠪᠰᠢᠭᠦᠯᠬᠦ ᠴᠢᠬᠤᠯᠠ ᠭᠠᠷᠳᠠᠴᠠ ᠪᠤᠯᠭᠠᠵᠤ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ | ᠨᠢᠯᠬ᠎ᠠ ᠬᠡᠦᠬᠡᠳ ᠢ ᠬᠥᠮᠥᠵᠢᠭᠦᠯᠬᠦ᠂ ᠭᠡᠷ ᠠᠬᠤᠢ ᠵᠡᠷᠭᠡ ᠬᠡᠷᠡᠭᠯᠡᠭᠡ ᠶᠢ ᠳᠡᠮᠵᠢᠬᠦ ᠬᠡᠷᠡᠭᠲᠡᠢ᠃ ᠠᠷᠠᠳ ᠤᠨ ᠪᠡᠯᠡ | ᠣᠷᠣᠭᠤᠯᠤᠯᠲᠠ ᠶᠢᠨ ᠢᠳᠡᠪᠬᠢᠵᠢᠯ ᠢ ᠤᠯᠠᠮ ᠳᠠᠶᠢᠴᠢᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠶᠡᠭᠡ ᠪᠠᠷ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠲᠦᠷᠭᠡᠨ ᠬᠥᠭᠵᠢᠵᠦ ᠪᠠᠶᠢᠭ᠎ᠠ ᠠᠵᠤ ᠠᠬᠤᠶᠢᠯᠠᠯ᠂ | ᠵᠠᠬ᠎ᠠ ᠳᠤ ᠭᠠᠷᠤᠭ᠎ᠠ ᠦᠭᠡᠢ ᠦᠢᠯᠡᠰ ᠪᠣᠰᠬᠠᠭᠴᠢ ᠠᠵᠤ ᠠᠬᠤᠶᠢᠯᠠᠯ ᠢ ᠬᠦᠴᠦᠲᠡᠢ ᠪᠥᠭᠡᠳ ᠪᠦᠲᠦᠮᠵᠢᠲᠡᠶ ᠳᠡᠮᠵᠢᠨ | ᠬᠥᠭᠵᠢᠭᠦᠯᠬᠦ ᠬᠡᠷᠡᠭᠲᠡᠢ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ︽ᠬᠤᠮᠢᠷᠠᠭ᠎ᠠ︾ ᠮᠠᠭᠤ | ᠣᠷᠴᠢᠯᠲᠤ ᠥᠷᠢᠰᠦᠯᠳᠦᠭᠡᠨ ᠢ ᠰᠡᠷᠭᠡᠶᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠰᠢᠯᠢᠳᠡᠭ ᠨᠢ ᠦᠯᠡᠳᠡᠵᠦ ᠰᠢᠭᠠᠷᠤ ᠨᠢ | ᠰᠢᠭᠰᠢᠭᠳᠡᠬᠦ ᠲᠣᠭᠲᠠᠴᠠ ᠶᠢ ᠴᠢᠩᠭᠠᠳᠬᠠᠵᠤ᠂ ᠬᠤᠴᠤᠷᠤᠩᠭᠤᠢ ᠳᠣᠣᠷ᠎ᠠ ᠪᠦᠲᠦᠮᠵᠢᠲᠡᠢ ᠦᠢᠯᠡᠳᠪᠦᠷᠢᠯᠡᠯ ᠤᠨ | ᠴᠢᠳᠠᠪᠤᠷᠢ ᠶᠢᠨ ᠤᠬᠤᠷᠢᠨ ᠭᠠᠷᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠤᠯᠠᠮ ᠨᠢᠭᠡ ᠠᠯᠬᠤᠮ ᠪᠤᠢ ᠪᠤᠯᠭᠠᠵᠤ᠂ ᠪᠠᠶᠢᠭᠤᠯᠤᠯ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ | ᠥᠷᠭᠡᠳᠬᠡᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠣᠷᠣᠭᠤᠯᠬᠤ ᠶᠢ ᠵᠥᠪᠰᠢᠶᠡᠷᠡᠬᠦ | ᠬᠢᠵᠠᠭᠠᠷᠯᠠᠯ ᠤᠨ ᠠᠷᠭ᠎ᠠ ᠬᠡᠮᠵᠢᠶ᠎ᠡ ᠶᠢᠨ ︽ᠲᠡᠭ ᠪᠤᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ | ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠴᠡᠭ ᠤᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠪᠡᠯᠡ ᠶᠢ ᠠᠰᠢᠭᠯᠠᠬᠤ ᠠᠵᠤ ᠠᠬᠤᠶᠢᠯᠠᠯ ᠤᠨ ᠲᠣᠭᠲᠠᠭᠤᠨ ᠳᠡᠭᠡᠭᠰᠢᠯᠡᠬᠦ ᠶᠢ | ᠠᠬᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠢᠳᠡᠪᠬᠢᠲᠡᠢ ᠪᠤᠶᠢᠵᠢᠭᠤᠯᠵᠤ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ ᠶᠢ | ᠥᠷᠭᠡᠳᠬᠡᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ | ᠠᠷᠢᠯᠭᠠᠬᠤ ᠬᠡᠷᠡᠭᠲᠡᠢ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠠᠳᠠᠭᠠᠯᠠᠭᠳᠠᠴᠠ ᠶᠢ ᠰᠢᠩᠭᠡᠭᠡᠬᠦ ᠪᠠ ᠨᠡᠮᠡᠭᠳᠡᠯ ᠢ ᠰᠢᠯᠢᠳᠡᠭᠵᠢᠭᠦᠯᠬᠦ ᠶᠢ ᠤᠶᠠᠯᠳᠤᠭᠤᠯᠬᠤ ᠶᠢ | ᠪᠠᠷᠢᠮᠲᠠᠯᠠᠨ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠢᠳᠡᠪᠬᠢᠲᠡᠢ ᠳᠡᠮᠵᠢᠵᠦ᠂ ᠪᠠᠲᠤᠯᠠᠨ ᠲᠤᠰᠢᠶᠠᠬᠤ ᠭᠡᠷ | ᠪᠠᠶᠢᠰᠢᠩ ᠤᠨ ᠠᠵᠢᠯ ᠢ ᠤᠯᠠᠮ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠨ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢ | ᠠᠷᠢᠯᠭᠠᠬᠤ ᠬᠠᠮ ᠲᠥᠰᠥᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠨᠥᠬᠦᠴᠡᠯ ᠪᠦᠷᠢᠯᠳᠦᠭᠦᠯᠵᠦ ᠪᠠᠶᠢᠭᠠᠳ | ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ | ᠠᠷᠢᠯᠭᠠᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ | ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ᠂ ᠪᠡᠯᠡ ᠣᠷᠣᠭᠤᠯᠤᠭᠴᠢᠳ ᠤᠨ ᠢᠲᠡᠭᠡᠯ ᠵᠣᠷᠢᠭ ᠢ | ᠬᠥᠪᠴᠢᠯᠡᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠵᠢᠯ ᠤᠨ ᠴᠢᠨᠠᠷᠲᠠᠢ ᠳᠠᠭᠢᠨ | ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ | ᠴᠢᠨᠠᠷ ᠢ ᠳᠡᠭᠡᠭᠰᠢᠯᠡᠭᠦᠯᠭᠦ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠪᠦᠭᠦ | ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠴᠢᠷᠮᠠᠶᠢᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠬᠢᠬᠦ | ᠬᠡᠷᠡᠭᠲᠡᠢ᠃ ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠤᠷᠭᠢᠯ ᠬᠤᠭᠤᠴᠠᠭ᠎ᠠ ᠶᠢ | ᠤᠭᠲᠤᠵᠤ ᠵᠤᠨ ᠢ ᠥᠩᠭᠡᠷᠡᠭᠦᠯᠬᠦ ᠬᠤᠭᠤᠴᠠᠭᠠᠨ ᠤ ᠡᠨᠧᠷᠭᠢ ᠴᠠᠭᠢᠯᠭᠠᠨ ᠬᠦᠴᠦᠨ ᠤ ᠬᠠᠩᠭᠠᠯᠭ᠎ᠠ ᠶᠢ ᠰᠠᠶᠢᠲᠤᠷ | ᠬᠢᠵᠦ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ | ᠠᠮᠤᠷ ᠲᠦᠪᠰᠢᠨ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ | ᠬᠤᠭᠤᠴᠠᠭᠠᠨ ᠤ ᠰᠤᠳᠤᠯᠤᠨ ᠲᠥᠰᠥᠪᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ᠂ ᠡᠷᠬᠡᠪᠰᠢ ᠶᠡᠭᠡ | ᠬᠦᠴᠦ ᠣᠷᠣᠭᠤᠯᠵᠤ ᠪᠠᠶᠢᠭᠠᠳ ᠡᠷᠡᠰ ᠵᠠᠯᠠᠷᠠᠭᠤᠯᠬᠤ ᠬᠡᠷᠡᠭᠲᠡᠢ᠃ ᠦᠨᠳᠦᠰᠦᠨ ᠱᠠᠲᠤ ᠪᠣᠯ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ︽ᠡᠴᠦᠰ ᠤᠨ ᠨᠢᠭᠡ ᠺᠢᠯᠤᠮᠧᠲᠷ︾ ᠪᠣᠯᠣᠨ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠳᠤ ᠬᠦᠯᠢᠶᠡᠰᠦᠯᠡᠭᠳᠡᠵᠦ | ᠪᠤᠯᠬᠤ ᠦᠭᠡᠢ᠃ ᠲᠥᠪ ᠤᠨ ᠱᠦᠵᠢ ᠨᠠᠷ ᠤᠨ ᠭᠠᠵᠠᠷ ᠤᠨ ᠬᠢᠨ ᠴᠥᠬᠦᠷᠡᠰᠢ ᠦᠭᠡᠢ ᠠᠳᠬᠤᠵᠤ᠂ ᠲᠥᠪ ᠤᠨ ᠲᠡᠰ | ᠳᠠᠪᠬᠤᠷᠭ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠲᠤᠰᠬᠠᠢ ᠠᠵᠢᠯ ᠤᠨ ᠲᠣᠭᠲᠠᠴᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠮᠤᠵᠢ ᠶᠢᠨ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠤ ᠬᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ | ᠵᠥᠪ ᠢ ᠡᠷᠢᠵᠦ᠂ ᠮᠤᠵᠢ ᠠᠴᠠ ᠳᠣᠷᠣᠭᠰᠢᠬᠢ ᠡᠯ᠎ᠡ ᠱᠠᠲᠤᠨ ᠤ ᠨᠠᠮ ᠤᠨ ᠬᠤᠷᠢᠶᠠᠨ ᠤ ᠬᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠵᠤ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠳᠦᠷᠢᠮ ᠤᠨ ᠪᠠᠶᠢᠭᠤᠯᠤᠯᠲᠠ ᠬᠢᠭᠡᠳ ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠡᠨᠧᠷᠭᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠤᠨ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠴᠢᠩᠭ᠎ᠠ | ᠨᠠᠶᠢᠳᠠᠪᠤᠷᠢᠵᠢᠭᠤᠯᠵᠤ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠵᠦ᠂ | ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠵᠢᠭᠦᠯᠦᠨ | ᠵᠢᠷᠤᠮᠵᠢᠭᠤᠯᠵᠤ᠂ ᠨᠤᠷᠰᠢᠭᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠨᠳᠦᠰᠦᠨ ᠱᠠᠲᠤᠨ ᠠᠴᠠ ᠺᠠᠳ᠋ᠷ | ᠵᠢᠭᠡᠯᠡᠨ ᠬᠡᠷᠡᠭᠯᠡᠬᠦ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ | ᠬᠡᠷᠡᠭᠯᠡᠭᠡᠨ ᠤ ᠫᠷᠣᠭ᠍ᠷᠠᠮ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠷᠤᠭᠤᠨ ᠦᠵᠦᠭᠦᠷ ᠲᠠᠬᠢ | ᠬᠡᠯᠪᠡᠷᠢᠴᠢ ᠦᠵᠡᠯ︾ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠤᠯᠠᠮ | ᠰᠢᠯᠤᠭᠤᠳᠬᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ ᠶᠢ ᠠᠬᠢᠭᠤᠯᠵᠤ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠠ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠶᠢ ᠴᠣᠮᠬᠠᠳᠬᠠᠵᠤ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠦᠨᠳᠦᠰᠦᠨ ᠱᠠᠲᠤᠨ ᠤ ᠤᠯᠠᠨ | ᠲᠦᠮᠡᠨ ᠤ ᠲᠤᠰᠬᠠᠯ ᠶᠡᠬᠡᠲᠡᠢ ᠲᠣᠪᠤᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ | ᠭᠡᠷᠡᠭᠲᠡᠢ︔ ᠵᠣᠭᠢᠬᠤ ᠨᠡᠶᠢᠲᠡᠯᠢᠭ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ | ᠲᠤᠰᠬᠠᠢ ᠴᠡᠭᠴᠡᠯᠡᠨ ᠵᠠᠰᠠᠬᠤ ᠪᠠ ᠴᠡᠪᠡᠷᠯᠡᠨ ᠠᠷᠢᠯᠭᠠᠵᠤ᠂ ᠦᠨᠳᠦᠰᠦᠨ ᠱᠠᠲᠤ ᠶᠢ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠬᠦᠯᠢᠶᠡᠰᠦᠯᠡᠯ ᠠᠴᠠ ᠦᠨᠡᠨ ᠬᠦ ᠮᠤᠯᠲᠤᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ | ᠬᠥᠲᠥᠯᠥᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠤᠯᠭᠠᠵᠤ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠨᠡᠩ ᠤᠯᠠᠨ ᠤᠶᠤᠨ | ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | | |