︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/13
      ᠤᠯᠤᠰ ᠤᠨ ︽ᠬᠤᠣᠰ ᠲᠡᠷᠢᠭᠦᠨ︾᠎ ᠤ ᠪᠠᠶᠢᠭᠤᠯᠤᠯᠲᠠ ᠶᠢᠨ ᠲᠤᠬᠠᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2022 ᠣᠨ ᠤ 8 ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠰᠤᠷᠭᠠᠨ ᠰᠤᠳᠤᠯᠬᠤ ﹇2022﹈ 43 ᠳ᠋ᠤᠭᠠᠷ ᠲᠣᠭᠠᠲᠤ᠂ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠳᠦᠭᠦᠮᠴᠢᠯᠡᠨ᠎ᠡ︶ ᠎ ᠶᠢ ᠳᠠᠷᠤᠮᠠᠯᠯᠠᠨ ᠲᠠᠷᠬᠠᠭᠠᠪᠠ᠃ ︽ᠬᠠᠮᠢᠶᠠᠷᠤᠯᠲᠠ ᠶᠢᠨ ᠠᠷᠭ᠎ᠠ︾᠎ ᠶᠢ ᠲᠤᠷᠰᠢᠨ ᠬᠡᠷᠡᠭᠵᠢᠭᠦᠯᠦᠭᠰᠡᠨ ᠬᠤᠶᠠᠷ ᠵᠢᠯ ᠤᠨ ᠲᠤᠷᠰᠢ᠂ ᠪᠦᠬᠦ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠵᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠠᠵᠢᠯ ᠢ ᠨᠡᠩ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢᠯᠠᠵᠤ᠂ ᠨᠠᠷᠢᠯᠢᠬᠵᠢᠭᠤᠯᠪᠠ᠃ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠬᠠᠮᠢᠶᠠᠷᠤᠯᠲᠠ ᠶᠢᠨ ᠠᠷᠭ᠎ᠠ︾ ᠎ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠳᠦᠭᠡ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠃      ᠨᠢᠭᠡ᠂ ︽ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ       ᠶᠠᠭᠤ ᠪᠤᠢ︖      ᠬᠠᠷᠢᠭᠤᠯᠲᠠ᠄ 2014 ᠣᠨ ᠤ 5 ᠳ᠋ᠤᠭᠠᠷ ᠰᠠᠷ᠎ᠠ ᠶᠢᠨ 4᠎ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠶᠠᠷᠢᠯᠴᠠᠬᠤ ᠬᠤᠷᠠᠯ ᠳᠡᠭᠡᠷ᠎ᠡ᠂ ᠨᠠᠮ ᠤᠨ ᠲᠥᠪ ᠬᠤᠷᠢᠶ᠎ᠠ ᠠᠴᠠ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠭᠠᠷᠭᠠᠪᠠ᠂ ᠪᠢᠳᠡ ᠡᠨᠡ ᠬᠦ ᠬᠠᠷᠠᠯᠲᠠ ᠲᠡᠶᠢᠰᠢ ᠡᠷᠡᠰ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠢ᠃ ︽ᠬᠤᠣᠰ ᠲᠡᠷᠢᠭᠦᠨ︾᠎ ᠤ ᠪᠠᠶᠢᠭᠤᠯᠤᠯᠲᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠣᠯᠠᠨ ᠶᠡᠭᠡ ᠳᠡᠭᠡᠳᠦ ᠰᠤᠷᠭᠠᠭᠤᠯᠢ ᠶᠢ ᠪᠠᠶᠢᠴᠠᠭᠠᠨ ᠰᠣᠳᠤᠯᠵᠤ᠂ ᠵᠠᠯᠠᠭᠤ ᠰᠤᠷᠤᠭᠴᠢ᠂ ᠪᠠᠭᠰᠢ ᠶᠢᠨ ᠲᠥᠯᠥᠭᠡᠯᠡᠭᠴᠢᠳ ᠲᠠᠢ ᠶᠠᠷᠢᠯᠴᠠᠨ᠂ ︽ᠬᠤᠣᠰ ᠲᠡᠷᠢᠭᠦᠨ︾᠎ ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠥᠭᠴᠡᠢ︔ ᠠᠳᠠᠯᠢ ᠪᠤᠰᠤ ᠬᠤᠷᠠᠯ ᠳᠡᠭᠡᠷ᠎ᠡ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ︽ᠬᠤᠣᠰ ᠲᠡᠷᠢᠭᠦᠨ︾᠎ ᠤ ᠪᠠᠶᠢᠭᠤᠯᠤᠯᠲᠠ ᠳᠤ ᠴᠢᠬᠤᠯᠠ ᠱᠠᠭᠠᠷᠳᠠᠯᠭ᠎ᠠ ᠳᠤᠷᠠᠳᠪᠠ᠃ 2016 ᠣᠨ ᠤ 5 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠤᠯᠤᠰ ᠤᠨ ᠳᠣᠲᠣᠭᠠᠳᠤ ᠪᠠ ᠳᠡᠯᠡᠬᠡᠢ ᠶᠢᠨ ᠲᠡᠷᠢᠭᠦᠨ ᠤ ᠶᠡᠭᠡ ᠳᠡᠭᠡᠳᠦ ᠰᠤᠷᠭᠠᠭᠤᠯᠢ ᠶᠢᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠡᠷᠦᠩᠬᠡᠢ ᠲᠥᠰᠦᠯ︾᠎ ᠢ ᠳᠠᠷᠤᠮᠠᠯᠯᠠᠨ ᠲᠠᠷᠬᠠᠭᠠᠵᠤ᠂           ︽ᠬᠤᠣᠰ ᠲᠡᠷᠢᠭᠦᠨ︾᠎ ᠤ ᠪᠠᠶᠢᠭᠤᠯᠤᠯᠲᠠ ᠶᠢᠨ ᠠᠵᠢᠯ ᠢ ᠪᠦᠬᠦᠯᠢ ᠴᠣᠭᠴᠠ ᠪᠠᠷ ᠲᠥᠯᠦᠪᠵᠢᠭᠦᠯᠵᠦ           ᠪᠠᠶᠢᠷᠢᠯᠠᠭᠤᠯᠪᠠ᠃ 2021 ᠣᠨ ᠤ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ︾᠎ ᠳᠤ᠂ ︽ᠬᠤᠣᠰ ᠲᠡᠷᠢᠭᠦᠨ︾᠎ ᠤ ᠪᠠᠶᠢᠭᠤᠯᠤᠯᠲᠠ ᠪᠠ ᠰᠢᠨᠵᠢᠯᠡᠭᠡᠨ ᠤ ᠰᠠᠯᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠎ ᠶᠢ ᠥᠳᠲᠡᠷ ᠲᠦᠷᠭᠡᠨ ᠠᠬᠢᠭᠤᠯᠵᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ᠂ ᠡᠷᠳᠡᠮ ᠰᠢᠨᠵᠢᠯᠡᠭᠡᠨ ᠤ ᠪᠥᠯᠦᠭᠵᠢᠯ           ︵ᠪᠦᠯᠬᠦᠮ︶᠎ ᠤᠨ ᠪᠠᠶᠢᠭᠤᠯᠤᠯᠲᠠ ᠶᠢᠨ ᠲᠥᠷᠥᠯ ᠵᠦᠢᠯ᠂ ᠳ᠋ᠣᠺᠲ᠋ᠣᠷ᠂ ᠮᠠᠰᠲ᠋ᠧᠷ ᠴᠣᠯᠠ ᠣᠯᠭᠤᠬᠤ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ ᠭᠡᠪᠡ᠃ 2022 ᠣᠨ ᠤ 12 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠣᠯᠤᠨ  ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠷᠦᠩᠬᠡᠢ ᠲᠥᠰᠦᠯ ︵2022 - 2025︶︾᠎ ᠢ ᠳᠠᠷᠤᠮᠠᠯᠯᠠᠨ ᠲᠠᠷᠬᠠᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠣᠯᠤᠨ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠵᠢᠴᠢ ᠪᠠᠶᠢᠳᠠᠯ ᠢ ᠪᠦᠬᠦ ᠲᠠᠯ᠎ᠠ ᠪᠠᠷ ᠵᠠᠳᠠᠯᠤᠨ᠂ ᠰᠢᠨ᠎ᠡ ᠴᠠᠭ ᠦᠶ᠎ᠡ ᠶᠢᠨ ᠬᠥᠭᠵᠢᠭᠦᠯᠦᠯᠲᠡ ᠶᠢᠨ ᠬᠠᠷᠠᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠳᠤᠷᠠᠳᠪᠠ᠃ 2024 ᠣᠨ ᠤ 5 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠵᠦ᠂ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2024 - 2027 ᠣᠨ︶︾᠎ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 6 ᠵᠦᠢᠯ ᠤᠨ ᠭᠤᠣᠯᠳᠠᠯᠭ᠎ᠠ ᠲᠠᠢ ᠡᠭᠦᠷᠭᠡ ᠪᠠ 12 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ᠃ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠣᠭᠲᠠᠯᠴᠠᠭ᠎ᠠ ᠶᠢ ᠰᠢᠰᠲ᠋ᠧᠮ ᠲᠠᠢ ᠪᠠᠶᠢᠭᠤᠯᠵᠤ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ︔ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠣᠯ ᠲᠥᠷᠥᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠥᠷᠥᠯ ᠵᠦᠢᠯ ᠤᠨ ᠦᠷ᠎ᠡ ᠠᠰᠢᠭ ᠢ ᠳᠡᠭᠡᠭᠰᠢᠯᠡᠭᠦᠯᠬᠦ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠃      ᠬᠤᠶᠠᠷ᠂ ︽ᠬᠠᠮᠢᠶᠠᠷᠤᠯᠲᠠ ᠶᠢᠨ ᠠᠷᠭ᠎ᠠ︾᠎ ᠶᠢᠨ ᠪᠣᠷᠣ ᠲᠥᠯᠥᠪ ᠵᠢᠴᠢ ᠭᠤᠣᠯ ᠠᠭᠤᠯᠭ᠎ᠠ ᠶᠠᠭᠤ ᠪᠤᠢ︖      ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾᠎ ᠳᠤ ᠲᠠᠪᠤᠨ ᠪᠦᠯᠦᠭ ᠠᠷᠪᠠᠨ ᠲᠠᠪᠤᠨ ᠵᠤᠷᠪᠤᠰ ᠲᠠᠢ᠃      ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠭᠤᠣᠯᠳᠠᠭᠤ ︽ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠭᠰᠠᠨ ᠦᠨᠳᠦᠰᠦᠯᠡᠯ᠂ ᠲᠥᠷᠥᠯ ᠵᠦᠢᠯ ᠤᠨ ᠬᠡᠯᠪᠡᠷᠢ᠂ ᠦᠨᠳᠦᠰᠦᠨ ᠵᠠᠷᠴᠢᠮ᠂ ᠬᠠᠷᠢᠭᠤᠴᠠᠯᠭ᠎ᠠ ᠶᠢᠨ ᠭᠤᠣᠯ ᠴᠣᠭᠴᠠ ᠵᠡᠷᠭᠡ ᠶᠢ ᠲᠣᠳᠤᠷᠬᠠᠶᠢᠯᠠᠪᠠ᠃      ᠬᠤᠶᠠᠳᠤᠭᠠᠷ ᠪᠦᠯᠦᠭ ᠮᠡᠳᠡᠭᠦᠯᠬᠦ ᠨᠥᠬᠦᠴᠡᠯ᠂ ᠭᠤᠣᠯᠳᠠᠭᠤ ᠳ᠋ᠣᠺᠲ᠋ᠣᠷ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠲᠡᠷᠢᠭᠦᠨ ᠤ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ᠂ ᠰᠢᠨᠵᠢᠯᠡᠭᠡᠨ ᠤ ᠰᠠᠯᠠᠭᠠᠨ ᠤ ᠪᠥᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠬᠦ ᠨᠥᠬᠦᠴᠡᠯ ᠢ ᠲᠣᠳᠤᠷᠬᠠᠶᠢᠯᠠᠪᠠ᠃      ᠭᠤᠷᠪᠠᠳᠤᠭᠠᠷ ᠪᠦᠯᠦᠭ ᠲᠥᠷᠥᠯ ᠵᠦᠢᠯ ᠤᠨ ᠬᠠᠮᠢᠶᠠᠷᠤᠯᠲᠠ᠂ ᠭᠤᠣᠯᠳᠠᠭᠤ ᠲᠥᠷᠥᠯ ᠵᠦᠢᠯ ᠮᠡᠳᠡᠭᠦᠯᠬᠦ ᠳᠡᠰ ᠳᠠᠷᠠᠭᠠᠯᠠᠯ᠂ ᠲᠥᠷᠥᠯ ᠵᠦᠢᠯ ᠤᠨ ᠵᠠᠷᠤᠳᠠᠯ ᠤᠨ ᠢᠷᠡᠯᠲᠡ ᠪᠠ ᠬᠡᠷᠡᠭᠯᠡᠬᠦ ᠴᠢᠭᠯᠡᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠵᠡᠷᠭᠡ ᠶᠢ ᠲᠣᠳᠤᠷᠬᠠᠶᠢᠯᠠᠪᠠ᠃      ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠦᠨᠡᠯᠡᠬᠦ ᠂ ᠡᠯ᠎ᠡ ᠳᠡᠭᠡᠳᠦ ᠰᠤᠷᠭᠠᠭᠤᠯᠢ ᠬᠢᠷᠢ ᠪᠦᠲᠦᠮᠵᠢ ᠶᠢ ᠦᠨᠡᠯᠡᠬᠦ᠂ ᠰᠤᠷᠭᠠᠨ ᠬᠥᠮᠦᠵᠢᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠎ ᠲᠠᠢ ᠬᠠᠮᠲᠤᠷᠠᠨ ᠰᠠᠯᠠᠭ᠎ᠠ ᠮᠥᠴᠢᠷ ᠲᠤ ᠬᠢᠨᠠᠯᠲᠠ ᠲᠠᠯᠪᠢᠵᠤ ᠦᠨᠡᠯᠡᠬᠦ ᠶᠢ ᠥᠷᠨᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠰᠤᠷᠭᠠᠨ ᠬᠥᠮᠦᠵᠢᠯ ᠤᠨ ᠲᠢᠩᠬᠢᠮ ᠲᠥᠷᠥᠯ ᠵᠦᠢᠯ ᠢ ᠰᠢᠯᠭᠠᠨ ᠠᠪᠬᠤ ᠶᠢ ᠵᠣᠬᠢᠶᠠᠨ ᠪᠠᠶᠢᠭᠤᠯᠤᠨ᠎ᠠ ᠭᠡᠵᠦ ᠲᠣᠳᠣᠷᠬᠠᠶᠢᠯᠠᠪᠠ᠃      ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠂ ︽ᠬᠠᠮᠢᠶᠠᠷᠤᠯᠲᠠ ᠶᠢᠨ ᠠᠷᠭ᠎ᠠ︾᠎ ᠶᠢ ᠲᠠᠶᠢᠯᠪᠤᠷᠢᠯᠠᠬᠤ ᠡᠷᠬᠡ᠂ ᠬᠡᠷᠡᠭᠵᠢᠭᠦᠯᠬᠦ ᠴᠠᠭ ᠬᠤᠭᠤᠴᠠᠭ᠎ᠠ ᠵᠡᠷᠭᠡ ᠶᠢ ᠲᠣᠳᠣᠷᠬᠠᠶᠢᠯᠠᠪᠠ᠃      ᠭᠤᠷᠪᠠ᠂ 2022 ᠣᠨ ᠤ ᠲᠤᠷᠰᠢᠨ ᠬᠡᠷᠡᠭᠵᠢᠭᠦᠯᠬᠦ ᠪᠢᠴᠢᠭ ᠮᠠᠲ᠋ᠧᠷᠢᠶᠠᠯ ᠲᠠᠢ ᠬᠠᠷᠢᠴᠠᠭᠤᠯᠪᠠᠯ ᠡᠨᠡ       ᠤᠳᠠᠭᠠᠨ ᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠶᠠᠭᠤ ᠪᠤᠢ︖      ᠨᠢᠭᠡ ᠳᠤ᠂ ᠲᠣᠭᠲᠠᠭᠠᠭᠰᠠᠨ ᠦᠨᠳᠦᠰᠦᠯᠡᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ           ︵2024 - 2027 ᠣᠨ︶︾᠎ ᠶᠢ ᠨᠡᠮᠡᠭᠰᠡᠨ ᠪᠥᠭᠡᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ︾᠎ ᠤᠨ ᠬᠤᠯᠪᠣᠭᠳᠠᠯ ᠪᠦᠬᠦᠢ ᠥᠭᠦᠯᠡᠯᠲᠡ ᠶᠢ ᠲᠡᠭᠦᠯᠳᠡᠷᠵᠢᠭᠦᠯᠪᠡ᠃      ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠶᠡᠭᠡ ᠪᠠᠷ ᠪᠤᠶᠢᠵᠢᠭᠤᠯᠤᠨ ᠪᠠᠶᠢᠭᠤᠯᠬᠤ ᠶᠢ ᠵᠣᠷᠢᠭᠵᠢᠭᠤᠯᠵᠤ᠂ ᠲᠡᠷᠢᠭᠦᠨ ᠤ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠲᠥᠷᠥᠯ ᠵᠦᠢᠯ ᠢ ᠮᠡᠳᠡᠭᠦᠯᠬᠦ ᠨᠥᠬᠦᠴᠡᠯ ᠢ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠬᠡ ᠶᠢ ᠪᠦᠷᠢᠯᠳᠦᠭᠦᠯᠦᠭᠰᠡᠨ᠂ ᠡᠰᠡᠬᠦᠯ᠎ᠡ ᠰᠤᠷᠭᠠᠨ ᠬᠥᠮᠦᠵᠢᠯ ᠤᠨ ᠶᠠᠮᠤᠨ ᠤ ᠬᠠᠮᠤᠭ ᠤᠨ ᠰᠢᠨ᠎ᠡ ᠡᠭᠡᠯᠵᠢ ᠶᠢᠨ ᠰᠢᠨᠵᠢᠯᠡᠭᠡᠨ ᠤ ᠰᠠᠯᠠᠭᠠᠨ ᠤ ᠦᠨᠡᠯᠡᠯᠲᠡ ᠳᠤ C - ᠳᠡᠰ ᠠᠴᠠ ᠳᠡᠭᠡᠭᠰᠢ ᠪᠤᠶᠤ ᠡᠰᠡᠬᠦᠯ᠎ᠡ ᠬᠠᠮᠤᠭ ᠤᠨ ᠰᠢᠨ᠎ᠡ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠬᠢᠨᠠᠨ ᠪᠠᠶᠢᠴᠠᠭᠠᠯᠲᠠ ᠳᠤ ᠥᠪᠡᠷᠲᠡᠭᠡᠨ ᠵᠠᠰᠠᠬᠤ ᠣᠷᠣᠨ ᠠᠴᠠ ᠪᠠᠲᠤᠯᠠᠨ ᠲᠠᠨᠢᠯᠴᠠᠭᠤᠯᠵᠤ ᠮᠡᠳᠡᠭᠦᠯᠦᠭᠰᠡᠨ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠲᠥᠷᠥᠯ ᠢᠯᠭᠠᠯ ᠪᠣᠯᠲᠠᠯ᠎ᠠ ᠴᠢᠯᠦᠭᠡᠲᠡᠢ ᠪᠣᠯᠭᠠᠪᠠ᠃      ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠎ ᠤ ᠣᠳᠣ ᠬᠡᠷᠡᠭᠵᠢᠭᠦᠯᠵᠦ ᠪᠠᠶᠢᠭ᠎ᠠ ᠳᠡᠰ ᠤᠨ ᠬᠤᠪᠢᠶᠠᠷᠢᠯᠠᠯ ᠢ ᠦᠨᠳᠦᠰᠦᠯᠡᠨ᠂ ᠰᠢᠨᠵᠢᠯᠡᠭᠡᠨ ᠎ ᠤ ᠰᠠᠯᠠᠭᠠᠨ ᠤ ᠪᠥᠯᠦᠭᠵᠢᠯ ᠤᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠦᠭᠦᠯᠡᠨ ᠮᠡᠳᠡᠭᠦᠯᠬᠦ ᠰᠢᠨᠵᠢᠯᠡᠭᠡᠨ ᠤ ᠰᠠᠯᠠᠭᠠᠨ ᠤ ᠨᠥᠬᠦᠴᠡᠯ ᠢ ︽ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ︾ ᠪᠤᠶᠤ ︽ᠲᠡᠷᠢᠭᠦᠨ ᠤ ᠣᠷᠦ᠋ᠢᠯᠠᠭᠰᠠᠨ ᠪᠣᠶᠢᠵᠢᠭᠤᠯᠬᠤ ᠰᠢᠨᠵᠢᠯᠡᠭᠡᠨ ᠤ ᠰᠠᠯᠠᠭ᠎ᠠ︾ ᠪᠣᠯᠭᠠᠨ ᠵᠠᠯᠠᠷᠠᠭᠤᠯᠪᠠ᠃      ᠳᠥᠷᠪᠡ ᠳᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠪᠣᠳᠠᠲᠠᠢ ᠳᠡᠮᠵᠢᠬᠦ ᠲᠤᠭ᠎ᠠ ᠬᠡᠮᠵᠢᠶ᠎ᠡ ᠶᠢ ᠳᠠᠬᠢᠵᠤ ᠲᠣᠭᠲᠠᠭᠠᠬᠤ ᠦᠭᠡᠢ᠂ ᠵᠢᠯ ᠤᠨ ᠡᠳ᠋ ᠤᠨ ᠵᠠᠰᠠᠭ ᠤᠨ ᠲᠥᠰᠦᠪ ᠤᠨ ᠲᠤᠭ᠎ᠠ ᠬᠡᠮᠵᠢᠶ᠎ᠡ ᠶᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠨ᠎ᠠ᠃      ᠲᠠᠪᠤ ᠳᠤ᠂ ︽ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠵᠠᠷᠤᠳᠠᠯ ᠤᠨ ᠬᠡᠷᠡᠭᠴᠡᠭᠡ ᠵᠢᠴᠢ ᠬᠢᠨᠠᠯᠲᠠ ᠲᠠᠯᠪᠢᠵᠤ ᠦᠨᠡᠯᠡᠬᠦ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃      ᠳᠥᠷᠪᠡ᠂ ︽ᠬᠠᠮᠢᠶᠠᠷᠤᠯᠲᠠ ᠶᠢᠨ ᠠᠷᠭ᠎ᠠ︾᠎ ᠶᠢ ᠪᠣᠳᠠᠲᠠᠶᠢᠵᠢᠭᠤᠯᠤᠨ ᠦᠷ᠎ᠡ ᠪᠦᠲᠦᠮᠵᠢ       ᠣᠯᠬᠤ ᠶᠢ ᠶᠠᠭᠠᠬᠢᠵᠤ ᠪᠠᠲᠤᠯᠠᠬᠤ ᠪᠤᠢ︖      ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾᠎ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠬᠠᠮᠢᠶᠠᠷᠤᠯᠲᠠ ᠶᠢᠨ ᠠᠷᠭ᠎ᠠ︾᠎ ᠶᠢ ᠮᠡᠳᠡᠭᠦᠯᠬᠦ ᠨᠥᠬᠦᠴᠡᠯ ᠶᠣᠰᠣᠭᠠᠷ᠂ ᠬᠠᠮᠢᠶ᠎ᠠ ᠪᠦᠬᠦᠢ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠤᠨ ᠲᠥᠷᠥᠯ ᠵᠦᠢᠯ ᠢ ᠮᠡᠳᠡᠭᠦᠯᠬᠦ ᠪᠢᠴᠢᠭ ᠢ ᠨᠠᠶᠢᠷᠠᠭᠤᠯᠤᠨ ᠵᠣᠬᠢᠶᠠᠪᠠ᠃ ᠶᠡᠭᠡ ᠳᠡᠭᠡᠳᠦ ᠰᠤᠷᠭᠠᠭᠤᠯᠢ ᠭᠦᠢᠴᠡᠳ ᠨᠤᠲᠠᠯᠠᠵᠤ ᠦᠨᠡᠯᠡᠬᠦ ᠪᠠᠷ ᠳᠠᠮᠵᠢᠨ᠂ ᠰᠤᠷᠭᠠᠨ ᠬᠥᠮᠦᠵᠢᠯ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠳᠣᠭᠲᠠᠭᠠᠭᠰᠠᠨ ᠤ ᠳᠠᠷᠠᠭ᠎ᠠ᠂ ︽ᠲᠥᠯᠦᠪᠵᠢᠭᠦᠯᠭᠡ ᠶᠢ ᠮᠡᠳᠡᠭᠦᠯᠬᠦ᠂ ᠣᠨᠴᠠᠯᠢᠭ ᠢ ᠲᠣᠪᠤᠶᠢᠯᠭᠠᠬᠤ᠂ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠰᠢᠯᠢᠳᠡᠭ ᠢ ᠰᠣᠩᠭᠤᠵᠤ ᠰᠡᠳᠦᠪ ᠲᠣᠭᠲᠠᠭᠠᠬᠤ︾ ᠦᠨᠳᠦᠰᠦᠨ ᠵᠠᠷᠴᠢᠮ ᠶᠣᠰᠣᠭᠠᠷ᠂ ᠲᠥᠷᠥᠯ ᠵᠦᠢᠯ ᠢ ᠰᠣᠩᠭᠤᠵᠤ ᠪᠦᠲᠦᠭᠡᠨ ᠪᠠᠶᠢᠭᠤᠯᠤᠨ᠎ᠠ᠃ ᠪᠦᠲᠦᠭᠡᠨ ᠪᠠᠶᠢᠭᠤᠯᠬᠤ ᠬᠤᠭᠤᠴᠠᠭ᠎ᠠ ᠳᠦᠭᠦᠷᠦᠭᠰᠡᠨ ᠲᠥᠷᠥᠯ ᠵᠦᠢᠯ ᠢ ᠰᠤᠷᠭᠠᠨ ᠬᠥᠮᠦᠵᠢᠯ ᠤᠨ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠢᠯᠭᠠᠨ ᠠᠪᠴᠤ᠂ ᠰᠢᠨ᠎ᠡ ᠡᠭᠡᠯᠵᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠰᠢᠯᠢᠨ ᠰᠣᠩᠭᠤᠬᠤ ᠴᠢᠬᠤᠯᠠ ᠯᠠᠪᠯᠠᠯᠲᠠ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠲᠣᠪᠤᠶᠢᠮ᠎ᠠ ᠰᠢᠨᠵᠢᠯᠡᠭᠡᠨ ᠤ ᠰᠠᠯᠠᠭ᠎ᠠ ᠶᠢ ᠰᠢᠨ᠎ᠡ  ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ ᠪᠠᠶᠢᠴᠠᠭᠠᠬᠤ ᠶᠠᠪᠤᠴᠠ ᠳᠤ ᠲᠠᠨᠢᠯᠴᠠᠭᠤᠯᠤᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号