ᠤᠯᠤᠰ ᠤᠨ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠲᠤᠬᠠᠢ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 2022 ᠣᠨ ᠤ 8 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ | ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠰᠤᠷᠭᠠᠨ ᠰᠤᠳᠤᠯᠬᠤ ﹇2022﹈ 43 | ᠳ᠋ᠤᠭᠠᠷ ᠲᠣᠭᠠᠲᠤ᠂ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠳᠦᠭᠦᠮᠴᠢᠯᠡᠨ᠎ᠡ︶ ᠶᠢ ᠳᠠᠷᠤᠮᠠᠯᠯᠠᠨ | ᠲᠠᠷᠬᠠᠭᠠᠪᠠ᠃ ︽ᠬᠠᠮᠢᠶᠠᠷᠤᠯᠲᠠ ᠶᠢᠨ ᠠᠷᠭ᠎ᠠ︾ ᠶᠢ ᠲᠤᠷᠰᠢᠨ ᠬᠡᠷᠡᠭᠵᠢᠭᠦᠯᠦᠭᠰᠡᠨ ᠬᠤᠶᠠᠷ ᠵᠢᠯ ᠤᠨ ᠲᠤᠷᠰᠢ᠂ | ᠪᠦᠬᠦ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠵᠤ᠂ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠠᠵᠢᠯ ᠢ ᠨᠡᠩ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢᠯᠠᠵᠤ᠂ | ᠨᠠᠷᠢᠯᠢᠬᠵᠢᠭᠤᠯᠪᠠ᠃ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠬᠠᠮᠢᠶᠠᠷᠤᠯᠲᠠ ᠶᠢᠨ ᠠᠷᠭ᠎ᠠ︾ ᠳᠤ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠳᠦᠭᠡ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠃ | ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ | ᠶᠠᠭᠤ ᠪᠤᠢ︖ | ᠬᠠᠷᠢᠭᠤᠯᠲᠠ᠄ 2014 ᠣᠨ ᠤ 5 ᠳ᠋ᠤᠭᠠᠷ ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ | ᠪᠡᠭᠡᠵᠢᠩ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠶᠠᠷᠢᠯᠴᠠᠬᠤ ᠬᠤᠷᠠᠯ ᠳᠡᠭᠡᠷ᠎ᠡ᠂ ᠨᠠᠮ ᠤᠨ ᠲᠥᠪ | ᠬᠤᠷᠢᠶ᠎ᠠ ᠠᠴᠠ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠰᠢᠢᠳᠪᠦᠷᠢᠲᠦ ᠪᠣᠳᠣᠯᠭ᠎ᠠ ᠭᠠᠷᠭᠠᠪᠠ᠂ ᠪᠢᠳᠡ ᠡᠨᠡ ᠬᠦ ᠬᠠᠷᠠᠯᠲᠠ ᠲᠡᠶᠢᠰᠢ ᠡᠷᠡᠰ ᠭᠤᠶᠢᠪᠢᠰᠢ ᠦᠭᠡᠢ ᠤᠷᠤᠭᠰᠢᠯᠠᠬᠤ | ᠬᠡᠷᠡᠭᠲᠡᠢ᠃ ︽ᠬᠤᠣᠰ ᠲᠡᠷᠢᠭᠦᠨ︾ ᠤ ᠪᠠᠶᠢᠭᠤᠯᠤᠯᠲᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠶᠡᠷᠦᠩᠬᠡᠢ ᠱᠦᠵᠢ | ᠰᠢ ᠶᠢᠨ ᠫᠢᠩ ᠣᠯᠠᠨ ᠶᠡᠭᠡ ᠳᠡᠭᠡᠳᠦ ᠰᠤᠷᠭᠠᠭᠤᠯᠢ ᠶᠢ ᠪᠠᠶᠢᠴᠠᠭᠠᠨ ᠰᠣᠳᠤᠯᠵᠤ᠂ ᠵᠠᠯᠠᠭᠤ ᠰᠤᠷᠤᠭᠴᠢ᠂ ᠪᠠᠭᠰᠢ ᠶᠢᠨ | ᠲᠥᠯᠥᠭᠡᠯᠡᠭᠴᠢᠳ ᠲᠠᠢ ᠶᠠᠷᠢᠯᠴᠠᠨ᠂ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ | ᠥᠭᠴᠡᠢ︔ ᠠᠳᠠᠯᠢ ᠪᠤᠰᠤ ᠬᠤᠷᠠᠯ ᠳᠡᠭᠡᠷ᠎ᠡ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ︽ᠬᠤᠣᠰ ᠲᠡᠷᠢᠭᠦᠨ︾ ᠤ | ᠪᠠᠶᠢᠭᠤᠯᠤᠯᠲᠠ ᠳᠤ ᠴᠢᠬᠤᠯᠠ ᠱᠠᠭᠠᠷᠳᠠᠯᠭ᠎ᠠ ᠳᠤᠷᠠᠳᠪᠠ᠃ 2016 ᠣᠨ ᠤ 5 ᠳ᠋ᠤᠭᠠᠷ ᠰᠠᠷ᠎ᠠ ᠳᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠤᠯᠤᠰ ᠤᠨ ᠳᠣᠲᠣᠭᠠᠳᠤ ᠪᠠ | ᠳᠡᠯᠡᠬᠡᠢ ᠶᠢᠨ ᠲᠡᠷᠢᠭᠦᠨ ᠤ ᠶᠡᠭᠡ ᠳᠡᠭᠡᠳᠦ ᠰᠤᠷᠭᠠᠭᠤᠯᠢ ᠶᠢᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠵᠤ᠂ | ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠠᠵᠢᠯ ᠢ ᠪᠦᠬᠦᠯᠢ ᠴᠣᠭᠴᠠ ᠪᠠᠷ ᠲᠥᠯᠦᠪᠵᠢᠭᠦᠯᠵᠦ | ᠪᠠᠶᠢᠷᠢᠯᠠᠭᠤᠯᠪᠠ᠃ 2021 ᠣᠨ ᠤ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠭᠦᠯᠦᠯᠲᠡ ᠶᠢᠨ ᠲᠥᠯᠥᠪᠵᠢᠭᠦᠯᠭᠡ︾ ᠳᠤ᠂ ︽ᠬᠤᠣᠰ ᠲᠡᠷᠢᠭᠦᠨ︾ ᠤ ᠪᠠᠶᠢᠭᠤᠯᠤᠯᠲᠠ ᠪᠠ ᠰᠢᠨᠵᠢᠯᠡᠭᠡᠨ ᠤ | ᠰᠠᠯᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠥᠳᠲᠡᠷ ᠲᠦᠷᠭᠡᠨ ᠠᠬᠢᠭᠤᠯᠵᠤ᠂ ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ᠂ ᠡᠷᠳᠡᠮ ᠰᠢᠨᠵᠢᠯᠡᠭᠡᠨ ᠤ ᠪᠥᠯᠦᠭᠵᠢᠯ | ︵ᠪᠦᠯᠬᠦᠮ︶ ᠤᠨ ᠪᠠᠶᠢᠭᠤᠯᠤᠯᠲᠠ ᠶᠢᠨ ᠲᠥᠷᠥᠯ ᠵᠦᠢᠯ᠂ ᠳ᠋ᠣᠺᠲ᠋ᠣᠷ᠂ ᠮᠠᠰᠲ᠋ᠧᠷ ᠴᠣᠯᠠ ᠣᠯᠭᠤᠬᠤ ᠨᠢᠭᠡᠴᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ ᠭᠡᠪᠡ᠃ 2022 ᠣᠨ ᠤ 12 ᠰᠠᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠣᠯᠤᠨ ᠰᠣᠳᠤᠯᠬᠤ ᠰᠤᠷᠤᠭᠴᠢ ᠶᠢᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠶᠡᠷᠦᠩᠬᠡᠢ ᠲᠥᠰᠦᠯ ︵2022 - 2025︶︾ ᠢ ᠳᠠᠷᠤᠮᠠᠯᠯᠠᠨ ᠲᠠᠷᠬᠠᠭᠠᠵᠤ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠪᠣᠯᠤᠨ ᠰᠣᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠰᠠᠭᠤᠷᠢ ᠵᠢᠴᠢ ᠪᠠᠶᠢᠳᠠᠯ ᠢ ᠪᠦᠬᠦ ᠲᠠᠯ᠎ᠠ ᠪᠠᠷ ᠵᠠᠳᠠᠯᠤᠨ᠂ ᠰᠢᠨ᠎ᠡ ᠴᠠᠭ ᠦᠶ᠎ᠡ ᠶᠢᠨ ᠬᠥᠭᠵᠢᠭᠦᠯᠦᠯᠲᠡ ᠶᠢᠨ ᠬᠠᠷᠠᠯᠲᠠ | ᠪᠣᠯᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠳᠤᠷᠠᠳᠪᠠ᠃ 2024 ᠣᠨ ᠤ 5 ᠰᠠᠷ᠎ᠠ ᠳᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠵᠦ᠂ ᠰᠤᠷᠭᠠᠨ ᠬᠥᠮᠦᠵᠢᠯ ᠤᠨ ᠲᠢᠩᠬᠢᠮ | ᠵᠡᠷᠭᠡ ᠨᠠᠢᠮᠠᠨ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2024 - 2027 | ᠣᠨ︶︾ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 6 ᠵᠦᠢᠯ ᠤᠨ ᠭᠤᠣᠯᠳᠠᠯᠭ᠎ᠠ ᠲᠠᠢ ᠡᠭᠦᠷᠭᠡ ᠪᠠ 12 | ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ᠃ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ | ᠵᠦᠢᠯ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢᠨ ᠳᠣᠭᠲᠠᠯᠴᠠᠭ᠎ᠠ ᠶᠢ ᠰᠢᠰᠲ᠋ᠧᠮ ᠲᠠᠢ ᠪᠠᠶᠢᠭᠤᠯᠵᠤ᠂ ᠰᠢᠨᠵᠢᠯᠡᠭᠡᠨ ᠤ ᠰᠠᠯᠠᠭᠠᠨ ᠤ ᠲᠤᠰᠬᠠᠢ | ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ︔ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠬᠦ ᠪᠣᠯ ᠲᠥᠷᠥᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠥᠷᠥᠯ ᠵᠦᠢᠯ ᠤᠨ | ᠦᠷ᠎ᠡ ᠠᠰᠢᠭ ᠢ ᠳᠡᠭᠡᠭᠰᠢᠯᠡᠭᠦᠯᠬᠦ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠪᠣᠷᠣ ᠲᠥᠯᠥᠪ ᠵᠢᠴᠢ ᠭᠤᠣᠯ ᠠᠭᠤᠯᠭ᠎ᠠ ᠶᠠᠭᠤ ᠪᠤᠢ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠳᠤ ᠲᠠᠪᠤᠨ ᠪᠦᠯᠦᠭ ᠠᠷᠪᠠᠨ ᠲᠠᠪᠤᠨ ᠵᠤᠷᠪᠤᠰ ᠲᠠᠢ᠃ | ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠭᠤᠣᠯᠳᠠᠭᠤ ︽ᠬᠠᠮᠢᠶᠠᠷᠤᠯᠲᠠ ᠶᠢᠨ ᠠᠷᠭ᠎ᠠ︾ ᠶᠢ | ᠲᠣᠭᠲᠠᠭᠠᠭᠰᠠᠨ ᠦᠨᠳᠦᠰᠦᠯᠡᠯ᠂ ᠲᠥᠷᠥᠯ ᠵᠦᠢᠯ ᠤᠨ ᠬᠡᠯᠪᠡᠷᠢ᠂ ᠦᠨᠳᠦᠰᠦᠨ ᠵᠠᠷᠴᠢᠮ᠂ ᠬᠠᠷᠢᠭᠤᠴᠠᠯᠭ᠎ᠠ ᠶᠢᠨ | ᠭᠤᠣᠯ ᠴᠣᠭᠴᠠ ᠵᠡᠷᠭᠡ ᠶᠢ ᠲᠣᠳᠤᠷᠬᠠᠶᠢᠯᠠᠪᠠ᠃ | ᠬᠤᠶᠠᠳᠤᠭᠠᠷ ᠪᠦᠯᠦᠭ ᠮᠡᠳᠡᠭᠦᠯᠬᠦ ᠨᠥᠬᠦᠴᠡᠯ᠂ ᠭᠤᠣᠯᠳᠠᠭᠤ ᠳ᠋ᠣᠺᠲ᠋ᠣᠷ ᠮᠠᠰᠲ᠋ᠧᠷ ᠤᠨ ᠡᠷᠳᠡᠮ ᠤᠨ ᠴᠣᠯᠠ | ᠣᠯᠭᠤᠬᠤ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠲᠡᠷᠢᠭᠦᠨ ᠤ ᠪᠤᠶᠢᠵᠢᠭᠤᠯᠬᠤ | ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ᠂ ᠰᠢᠨᠵᠢᠯᠡᠭᠡᠨ ᠤ | ᠰᠠᠯᠠᠭᠠᠨ ᠤ ᠪᠥᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠬᠦ ᠨᠥᠬᠦᠴᠡᠯ ᠢ | ᠲᠣᠳᠤᠷᠬᠠᠶᠢᠯᠠᠪᠠ᠃ | ᠭᠤᠷᠪᠠᠳᠤᠭᠠᠷ ᠪᠦᠯᠦᠭ ᠲᠥᠷᠥᠯ ᠵᠦᠢᠯ ᠤᠨ ᠬᠠᠮᠢᠶᠠᠷᠤᠯᠲᠠ᠂ ᠭᠤᠣᠯᠳᠠᠭᠤ ᠲᠥᠷᠥᠯ ᠵᠦᠢᠯ ᠮᠡᠳᠡᠭᠦᠯᠬᠦ ᠳᠡᠰ | ᠳᠠᠷᠠᠭᠠᠯᠠᠯ᠂ ᠲᠥᠷᠥᠯ ᠵᠦᠢᠯ ᠤᠨ ᠵᠠᠷᠤᠳᠠᠯ ᠤᠨ ᠢᠷᠡᠯᠲᠡ ᠪᠠ ᠬᠡᠷᠡᠭᠯᠡᠬᠦ ᠴᠢᠭᠯᠡᠯ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠭᠤᠴᠠᠭ᠎ᠠ ᠵᠡᠷᠭᠡ ᠶᠢ ᠲᠣᠳᠤᠷᠬᠠᠶᠢᠯᠠᠪᠠ᠃ | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠦᠨᠡᠯᠡᠬᠦ ᠂ ᠡᠯ᠎ᠡ ᠳᠡᠭᠡᠳᠦ ᠰᠤᠷᠭᠠᠭᠤᠯᠢ ᠬᠢᠷᠢ ᠪᠦᠲᠦᠮᠵᠢ ᠶᠢ | ᠦᠨᠡᠯᠡᠬᠦ᠂ ᠰᠤᠷᠭᠠᠨ ᠬᠥᠮᠦᠵᠢᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠰᠠᠯᠠᠭ᠎ᠠ ᠮᠥᠴᠢᠷ ᠲᠤ | ᠬᠢᠨᠠᠯᠲᠠ ᠲᠠᠯᠪᠢᠵᠤ ᠦᠨᠡᠯᠡᠬᠦ ᠶᠢ ᠥᠷᠨᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ | ᠳᠦᠭᠦᠷᠦᠭᠰᠡᠨ ᠤ ᠳᠠᠷᠠᠭ᠎ᠠ᠂ ᠰᠤᠷᠭᠠᠨ ᠬᠥᠮᠦᠵᠢᠯ ᠤᠨ ᠲᠢᠩᠬᠢᠮ ᠲᠥᠷᠥᠯ ᠵᠦᠢᠯ ᠢ ᠰᠢᠯᠭᠠᠨ ᠠᠪᠬᠤ ᠶᠢ ᠵᠣᠬᠢᠶᠠᠨ | ᠪᠠᠶᠢᠭᠤᠯᠤᠨ᠎ᠠ ᠭᠡᠵᠦ ᠲᠣᠳᠣᠷᠬᠠᠶᠢᠯᠠᠪᠠ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠂ ︽ᠬᠠᠮᠢᠶᠠᠷᠤᠯᠲᠠ ᠶᠢᠨ ᠠᠷᠭ᠎ᠠ︾ ᠶᠢ | ᠲᠠᠶᠢᠯᠪᠤᠷᠢᠯᠠᠬᠤ ᠡᠷᠬᠡ᠂ ᠬᠡᠷᠡᠭᠵᠢᠭᠦᠯᠬᠦ ᠴᠠᠭ ᠬᠤᠭᠤᠴᠠᠭ᠎ᠠ ᠵᠡᠷᠭᠡ ᠶᠢ ᠲᠣᠳᠣᠷᠬᠠᠶᠢᠯᠠᠪᠠ᠃ | ᠭᠤᠷᠪᠠ᠂ 2022 ᠣᠨ ᠤ ᠲᠤᠷᠰᠢᠨ ᠬᠡᠷᠡᠭᠵᠢᠭᠦᠯᠬᠦ ᠪᠢᠴᠢᠭ ᠮᠠᠲ᠋ᠧᠷᠢᠶᠠᠯ ᠲᠠᠢ ᠬᠠᠷᠢᠴᠠᠭᠤᠯᠪᠠᠯ ᠡᠨᠡ | ᠤᠳᠠᠭᠠᠨ ᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠶᠠᠭᠤ ᠪᠤᠢ︖ | ᠨᠢᠭᠡ ᠳᠤ᠂ ᠲᠣᠭᠲᠠᠭᠠᠭᠰᠠᠨ ᠦᠨᠳᠦᠰᠦᠯᠡᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ | ︵2024 - 2027 ᠣᠨ︶︾ ᠶᠢ ᠨᠡᠮᠡᠭᠰᠡᠨ ᠪᠥᠭᠡᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ︾ ᠤᠨ ᠬᠤᠯᠪᠣᠭᠳᠠᠯ ᠪᠦᠬᠦᠢ ᠥᠭᠦᠯᠡᠯᠲᠡ ᠶᠢ | ᠲᠡᠭᠦᠯᠳᠡᠷᠵᠢᠭᠦᠯᠪᠡ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳ᠋ᠣᠺᠲ᠋ᠣᠷ ᠤᠨ | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠶᠡᠭᠡ ᠪᠠᠷ ᠪᠤᠶᠢᠵᠢᠭᠤᠯᠤᠨ ᠪᠠᠶᠢᠭᠤᠯᠬᠤ ᠶᠢ ᠵᠣᠷᠢᠭᠵᠢᠭᠤᠯᠵᠤ᠂ | ᠲᠡᠷᠢᠭᠦᠨ ᠤ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠲᠥᠷᠥᠯ ᠵᠦᠢᠯ ᠢ ᠮᠡᠳᠡᠭᠦᠯᠬᠦ ᠨᠥᠬᠦᠴᠡᠯ ᠢ ᠳ᠋ᠣᠺᠲ᠋ᠣᠷ ᠤᠨ | ᠡᠷᠳᠡᠮ ᠤᠨ ᠴᠣᠯᠠ ᠣᠯᠭᠤᠬᠤ ᠡᠷᠬᠡ ᠶᠢ ᠪᠦᠷᠢᠯᠳᠦᠭᠦᠯᠦᠭᠰᠡᠨ᠂ ᠡᠰᠡᠬᠦᠯ᠎ᠡ ᠰᠤᠷᠭᠠᠨ ᠬᠥᠮᠦᠵᠢᠯ ᠤᠨ ᠶᠠᠮᠤᠨ ᠤ | ᠬᠠᠮᠤᠭ ᠤᠨ ᠰᠢᠨ᠎ᠡ ᠡᠭᠡᠯᠵᠢ ᠶᠢᠨ ᠰᠢᠨᠵᠢᠯᠡᠭᠡᠨ ᠤ ᠰᠠᠯᠠᠭᠠᠨ ᠤ ᠦᠨᠡᠯᠡᠯᠲᠡ ᠳᠤ C - ᠳᠡᠰ ᠠᠴᠠ ᠳᠡᠭᠡᠭᠰᠢ ᠪᠤᠶᠤ | ᠡᠰᠡᠬᠦᠯ᠎ᠡ ᠬᠠᠮᠤᠭ ᠤᠨ ᠰᠢᠨ᠎ᠡ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ ᠣᠯᠭᠤᠬᠤ ᠬᠢᠨᠠᠨ ᠪᠠᠶᠢᠴᠠᠭᠠᠯᠲᠠ ᠳᠤ | ᠥᠪᠡᠷᠲᠡᠭᠡᠨ ᠵᠠᠰᠠᠬᠤ ᠣᠷᠣᠨ ᠠᠴᠠ ᠪᠠᠲᠤᠯᠠᠨ ᠲᠠᠨᠢᠯᠴᠠᠭᠤᠯᠵᠤ ᠮᠡᠳᠡᠭᠦᠯᠦᠭᠰᠡᠨ ᠳ᠋ᠣᠺᠲ᠋ᠣᠷ ᠤᠨ ᠲᠤᠰᠬᠠᠢ | ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠲᠥᠷᠥᠯ ᠢᠯᠭᠠᠯ ᠪᠣᠯᠲᠠᠯ᠎ᠠ ᠴᠢᠯᠦᠭᠡᠲᠡᠢ ᠪᠣᠯᠭᠠᠪᠠ᠃ | ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠣᠳᠣ | ᠬᠡᠷᠡᠭᠵᠢᠭᠦᠯᠵᠦ ᠪᠠᠶᠢᠭ᠎ᠠ ᠳᠡᠰ ᠤᠨ ᠬᠤᠪᠢᠶᠠᠷᠢᠯᠠᠯ ᠢ ᠦᠨᠳᠦᠰᠦᠯᠡᠨ᠂ ᠰᠢᠨᠵᠢᠯᠡᠭᠡᠨ ᠤ ᠰᠠᠯᠠᠭᠠᠨ ᠤ ᠪᠥᠯᠦᠭᠵᠢᠯ ᠤᠨ | ᠪᠠᠶᠢᠭᠤᠯᠤᠯᠲᠠ ᠶᠢᠨ ᠲᠥᠷᠥᠯ ᠵᠦᠢᠯ ᠢ ᠲᠦᠷᠦᠭᠦᠯᠡᠨ ᠮᠡᠳᠡᠭᠦᠯᠬᠦ ᠰᠢᠨᠵᠢᠯᠡᠭᠡᠨ ᠤ ᠰᠠᠯᠠᠭᠠᠨ ᠤ ᠨᠥᠬᠦᠴᠡᠯ ᠢ | ︽ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ︾ ᠪᠤᠶᠤ ︽ᠲᠡᠷᠢᠭᠦᠨ ᠤ ᠣᠷᠦ᠋ᠢᠯᠠᠭᠰᠠᠨ ᠪᠣᠶᠢᠵᠢᠭᠤᠯᠬᠤ | ᠰᠢᠨᠵᠢᠯᠡᠭᠡᠨ ᠤ ᠰᠠᠯᠠᠭ᠎ᠠ︾ ᠪᠣᠯᠭᠠᠨ ᠵᠠᠯᠠᠷᠠᠭᠤᠯᠪᠠ᠃ | ᠳᠥᠷᠪᠡ ᠳᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠪᠣᠳᠠᠲᠠᠢ ᠳᠡᠮᠵᠢᠬᠦ | ᠲᠤᠭ᠎ᠠ ᠬᠡᠮᠵᠢᠶ᠎ᠡ ᠶᠢ ᠳᠠᠬᠢᠵᠤ ᠲᠣᠭᠲᠠᠭᠠᠬᠤ ᠦᠭᠡᠢ᠂ ᠵᠢᠯ ᠤᠨ ᠡᠳ᠋ ᠤᠨ ᠵᠠᠰᠠᠭ ᠤᠨ ᠲᠥᠰᠦᠪ ᠤᠨ ᠲᠤᠭ᠎ᠠ | ᠬᠡᠮᠵᠢᠶ᠎ᠡ ᠶᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠨ᠎ᠠ᠃ | ᠲᠠᠪᠤ ᠳᠤ᠂ ︽ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠨᠵᠢᠯᠡᠭᠡᠨ ᠤ | ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠬᠤ | ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ | ᠵᠦᠢᠯ ᠤᠨ ᠵᠠᠷᠤᠳᠠᠯ ᠤᠨ ᠬᠡᠷᠡᠭᠴᠡᠭᠡ ᠵᠢᠴᠢ ᠬᠢᠨᠠᠯᠲᠠ ᠲᠠᠯᠪᠢᠵᠤ ᠦᠨᠡᠯᠡᠬᠦ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠪᠡ᠃ | ᠳᠥᠷᠪᠡ᠂ ︽ᠬᠠᠮᠢᠶᠠᠷᠤᠯᠲᠠ ᠶᠢᠨ ᠠᠷᠭ᠎ᠠ︾ ᠶᠢ ᠪᠣᠳᠠᠲᠠᠶᠢᠵᠢᠭᠤᠯᠤᠨ ᠦᠷ᠎ᠡ ᠪᠦᠲᠦᠮᠵᠢ | ᠣᠯᠬᠤ ᠶᠢ ᠶᠠᠭᠠᠬᠢᠵᠤ ᠪᠠᠲᠤᠯᠠᠬᠤ ᠪᠤᠢ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠬᠠᠮᠢᠶᠠᠷᠤᠯᠲᠠ ᠶᠢᠨ ᠠᠷᠭ᠎ᠠ︾ ᠶᠢ ᠮᠡᠳᠡᠭᠦᠯᠬᠦ ᠨᠥᠬᠦᠴᠡᠯ | ᠶᠣᠰᠣᠭᠠᠷ᠂ ᠬᠠᠮᠢᠶ᠎ᠠ ᠪᠦᠬᠦᠢ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠤᠨ ᠲᠥᠷᠥᠯ ᠵᠦᠢᠯ ᠢ ᠮᠡᠳᠡᠭᠦᠯᠬᠦ | ᠪᠢᠴᠢᠭ ᠢ ᠨᠠᠶᠢᠷᠠᠭᠤᠯᠤᠨ ᠵᠣᠬᠢᠶᠠᠪᠠ᠃ ᠶᠡᠭᠡ ᠳᠡᠭᠡᠳᠦ ᠰᠤᠷᠭᠠᠭᠤᠯᠢ ᠭᠦᠢᠴᠡᠳ ᠨᠤᠲᠠᠯᠠᠵᠤ ᠦᠨᠡᠯᠡᠬᠦ ᠪᠠᠷ ᠳᠠᠮᠵᠢᠨ᠂ | ᠰᠤᠷᠭᠠᠨ ᠬᠥᠮᠦᠵᠢᠯ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠳᠣᠭᠲᠠᠭᠠᠭᠰᠠᠨ ᠤ | ᠳᠠᠷᠠᠭ᠎ᠠ᠂ ︽ᠲᠥᠯᠦᠪᠵᠢᠭᠦᠯᠭᠡ ᠶᠢ ᠮᠡᠳᠡᠭᠦᠯᠬᠦ᠂ ᠣᠨᠴᠠᠯᠢᠭ ᠢ ᠲᠣᠪᠤᠶᠢᠯᠭᠠᠬᠤ᠂ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠬᠦ᠂ ᠰᠢᠯᠢᠳᠡᠭ ᠢ ᠰᠣᠩᠭᠤᠵᠤ ᠰᠡᠳᠦᠪ ᠲᠣᠭᠲᠠᠭᠠᠬᠤ︾ ᠦᠨᠳᠦᠰᠦᠨ ᠵᠠᠷᠴᠢᠮ | ᠶᠣᠰᠣᠭᠠᠷ᠂ ᠲᠥᠷᠥᠯ ᠵᠦᠢᠯ ᠢ ᠰᠣᠩᠭᠤᠵᠤ ᠪᠦᠲᠦᠭᠡᠨ ᠪᠠᠶᠢᠭᠤᠯᠤᠨ᠎ᠠ᠃ ᠪᠦᠲᠦᠭᠡᠨ ᠪᠠᠶᠢᠭᠤᠯᠬᠤ ᠬᠤᠭᠤᠴᠠᠭ᠎ᠠ | ᠳᠦᠭᠦᠷᠦᠭᠰᠡᠨ ᠲᠥᠷᠥᠯ ᠵᠦᠢᠯ ᠢ ᠰᠤᠷᠭᠠᠨ ᠬᠥᠮᠦᠵᠢᠯ ᠤᠨ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠰᠢᠯᠭᠠᠨ ᠠᠪᠴᠤ᠂ ᠰᠢᠨ᠎ᠡ ᠡᠭᠡᠯᠵᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ | ᠵᠦᠢᠯ ᠢ ᠰᠢᠯᠢᠨ ᠰᠣᠩᠭᠤᠬᠤ ᠴᠢᠬᠤᠯᠠ ᠯᠠᠪᠯᠠᠯᠲᠠ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠪᠠᠷ ᠲᠣᠪᠤᠶᠢᠮ᠎ᠠ ᠰᠢᠨᠵᠢᠯᠡᠭᠡᠨ ᠤ ᠰᠠᠯᠠᠭ᠎ᠠ ᠶᠢ ᠰᠢᠨ᠎ᠡ ᠡᠭᠡᠯᠵᠢ ᠶᠢᠨ ᠡᠷᠳᠡᠮ ᠤᠨ ᠴᠣᠯᠠ ᠶᠢᠨ ᠡᠷᠬᠡ | ᠣᠯᠭᠤᠬᠤ ᠶᠢ ᠬᠢᠨᠠᠨ ᠪᠠᠶᠢᠴᠠᠭᠠᠬᠤ ᠶᠠᠪᠤᠴᠠ ᠳᠤ ᠲᠠᠨᠢᠯᠴᠠᠭᠤᠯᠤᠨ᠎ᠠ᠃ | | |