ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠵᠢᠴᠢ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶ᠎ᠡ ᠶᠢ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠰᠤᠷᠤᠯᠴᠠᠯᠭ᠎ᠠ ᠶᠢᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/8/15
      8 ᠳ᠋ᠤᠭᠠᠷ ᠰᠠᠷ᠎ᠠ ᠶᠢᠨ 14 - 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠵᠢᠴᠢ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶ᠎ᠡ ᠶᠢ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠰᠤᠷᠤᠯᠴᠠᠯᠭ᠎ᠠ ᠶᠢᠨ ᠠᠩᠭᠢ ᠶᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃

1.webp.png

      ᠡᠨᠡ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠪᠣᠯ ᠪᠦᠬᠦ ᠣᠷᠣᠨ ᠤ ᠰᠤᠷᠭᠠᠨ ᠬᠥᠮᠦᠵᠢᠯ ᠤᠨ

ᠰᠢᠰᠲ᠋ᠧᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂

ᠭᠡᠨᠡᠳᠲᠡ ᠶᠢᠨ ᠬᠡᠷᠡᠭ ᠪᠠ ᠠᠶᠤᠯ ᠦᠭᠡᠢ ᠦᠢᠯᠡᠳᠪᠦᠷᠢᠯᠡᠯ ᠤᠨ ᠠᠳᠠᠯ ᠢ ᠰᠢᠢᠳᠪᠦᠷᠢᠯᠡᠬᠦ ᠴᠢᠳᠠᠪᠤᠷᠢ ᠶᠢ

ᠳᠡᠭᠡᠭᠰᠢᠯᠡᠭᠦᠯᠬᠦ ᠶᠢᠨ ᠲᠥᠯᠥᠭᠡ ᠶᠤᠮ᠃ ᠪᠣᠯᠪᠠᠰᠤᠷᠠᠯ ᠤᠨ ᠬᠤᠭᠤᠴᠠᠭᠠᠨ ᠳᠤ ᠬᠤᠯᠪᠣᠭᠳᠠᠯ ᠪᠦᠬᠦᠢ ᠬᠦᠷᠢᠶᠡᠨ ᠤ

ᠲᠤᠰᠬᠠᠢ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠬᠤ ᠶᠢᠨ ᠬᠠᠮᠲᠤ ᠠᠮᠤᠷ ᠲᠦᠪᠰᠢᠨ ᠤ ᠠᠵᠢᠯ ᠢ

ᠲᠣᠭᠠᠵᠢᠭᠤᠯᠬᠤ ᠬᠠᠮᠢᠶᠠᠷᠤᠯᠲᠠ ᠶᠢᠨ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢ ᠵᠣᠬᠢᠶᠠᠨ  ᠪᠠᠶᠢᠭᠤᠯᠪᠠ᠃ ᠡᠯ᠎ᠡ

ᠠᠶᠢᠮᠠᠭ ᠬᠤᠲᠠ᠂ ᠰᠤᠷᠭᠠᠭᠤᠯᠢ ᠶᠢᠨ ᠲᠥᠯᠥᠭᠡᠯᠡᠭᠴᠢ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ ᠪᠠᠷᠢᠯ ᠢᠶᠠᠨ

ᠰᠣᠯᠢᠯᠴᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠯ᠎ᠡ ᠭᠠᠵᠠᠷ ᠤᠨ ᠡᠯ᠎ᠡ

ᠰᠤᠷᠭᠠᠭᠤᠯᠢ ᠶᠢᠨ ᠬᠢᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠪᠣᠯᠤᠨ ᠠᠵᠢᠯᠲᠠᠳ ᠢ ᠰᠢᠪᠠᠳᠠᠭᠤᠯᠵᠤ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠠᠮᠤᠷ ᠲᠦᠪᠰᠢᠨ ᠤ ᠬᠠᠨᠳᠤᠰᠢ ᠶᠢ ᠲᠣᠭᠲᠠᠮᠠᠯ ᠬᠤᠭᠤᠴᠠᠭ᠎ᠠ ᠲᠠᠢ

ᠰᠤᠳᠤᠯᠤᠨ ᠮᠠᠭᠠᠳᠯᠠᠵᠤ᠂ ᠡᠯ᠎ᠡ ᠵᠦᠢᠯ ᠤᠨ ᠠᠵᠢᠯ ᠳᠤ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ          

ᠪᠠᠶᠢᠬᠤ︾ ᠶᠢ ᠪᠡᠶᠡᠯᠡᠭᠦᠯᠵᠦ᠂ ᠳᠠᠯᠳᠠ ᠭᠡᠮ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ

ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ

ᠰᠡᠷᠭᠡᠶᠢᠯᠡᠯᠲᠡ ᠶᠢᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ︽ᠨᠢᠭᠡ ᠭᠠᠵᠠᠷ ᠨᠢᠭᠡ ᠠᠷᠭ᠎ᠠ

ᠪᠣᠳᠣᠯᠭ᠎ᠠ᠂ ᠨᠢᠭᠡ ᠰᠤᠷᠭᠠᠭᠤᠯᠢ ᠨᠢᠭᠡ ᠲᠥᠰᠦᠯ︾ ᠤᠨ ᠶᠣᠰᠣᠭᠠᠷ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ

ᠠᠷᠭ᠎ᠠ ᠬᠡᠮᠵᠢᠶ᠎ᠡ ᠶᠢ ᠲᠣᠭᠲᠠᠭᠠᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ

ᠪᠡᠯᠡᠳᠬᠡᠯ ᠲᠥᠰᠦᠯ ᠢ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ

ᠰᠣᠷᠢᠯᠲᠠ ᠶᠢ ᠪᠥᠬᠦ ᠲᠠᠯ᠎ᠠ ᠪᠠᠷ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ

ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠨᠠᠮᠤᠷ ᠤᠨ ᠤᠯᠠᠷᠢᠯ

 ᠤᠨ ᠰᠤᠷᠭᠠᠭᠤᠯᠢ ᠡᠬᠢᠯᠡᠬᠦ ᠡᠯ᠎ᠡ ᠵᠦᠢᠯ ᠤᠨ ᠠᠵᠢᠯ ᠢ ᠡᠷᠲᠡᠬᠡᠨ ᠲᠥᠯᠥᠪᠵᠢᠭᠦᠯᠵᠦ᠂ ᠨᠠᠷᠢᠨ ᠨᠢᠮᠪᠠᠢ ᠲᠥᠯᠥᠪᠯᠡᠨ᠂

ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠪᠦᠬᠦ

ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠣᠭᠲᠠᠭᠤᠨ ᠤ ᠪᠠᠶᠢᠳᠠᠯ ᠢ ᠪᠦᠲᠦᠮᠵᠢᠲᠡᠢ ᠬᠠᠮᠠᠭᠠᠯᠠᠬᠤ

ᠬᠡᠷᠡᠭᠲᠡᠢ ᠭᠡᠵᠦ ᠱᠠᠭᠠᠷᠳᠠᠪᠠ᠃

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ

ᠳᠣᠪᠴᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠮᠤᠷ ᠲᠦᠪᠰᠢᠨ ᠤ ᠠᠵᠢᠯ ᠤᠨ ᠬᠠᠷᠢᠭᠤᠴᠠᠯᠭᠠᠲᠠᠨ

ᠵᠡᠷᠭᠡ 70 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号