ᠣᠯᠠᠭᠠᠨ | | | | | | ᠣᠳᠣᠬᠠᠨ ᠤ ᠨᠡᠶᠢᠬᠡᠮ ᠤᠨ ᠤᠷᠴᠢᠨ ᠲᠤᠭᠤᠷᠢᠨ ᠳᠤ ᠭᠡᠤᠭᠡᠳ ᠢᠶᠠᠨ ᠦᠭᠡᠳᠠ ᠲᠠᠢ ᠰᠠᠶᠢᠬᠠᠨ ᠦᠰᠭᠡᠨ | ᠪᠤᠶᠢᠵᠢᠭᠤᠯᠵᠣ᠂ ᠬᠤᠵᠢᠮ ᠤᠨ ᠨᠡᠶᠢᠬᠡᠮ ᠳᠤ ᠬᠦᠯ ᠲᠤᠭᠳᠠᠨ ᠤᠷᠤᠰᠢᠬᠤ ᠴᠢᠳᠠᠪᠤᠷᠢ ᠲᠠᠢ ᠪᠤᠯᠭᠠᠶ᠎ᠠ ᠭᠡᠪᠡᠯ ᠮᠠᠰᠢ | ᠤᠯᠠᠨ ᠲᠠᠯ᠎ᠠ ᠶᠢᠨ ᠮᠡᠳᠡᠯᠭᠡ ᠴᠢᠳᠠᠪᠤᠷᠢ ᠶᠢ ᠲᠠᠰᠬᠠᠯᠵᠢᠭᠤᠯᠤᠭᠰᠠᠨ ᠪᠠᠶᠢᠬᠤ ᠴᠢᠬᠤᠯᠠᠳᠠᠢ᠃ ᠲᠡᠭᠦᠨ ᠤ ᠳᠣᠲᠣᠷ᠎ᠠ | ᠬᠡᠤᠬᠡᠳ ᠤᠨ ᠬᠠᠷᠢᠭᠤᠴᠠᠯᠭᠠᠳᠤ ᠰᠡᠳᠬᠢᠯ ᠢ ᠬᠦᠮᠦᠵᠢᠭᠦᠯᠬᠦ ᠪᠣᠯ ᠮᠠᠰᠢ ᠴᠢᠬᠤᠯᠠ ᠪᠠᠶᠢᠳᠠᠬ᠃ | ᠶᠠᠭᠤᠨ ᠤ ᠤᠷᠢᠳ ᠬᠠᠷᠢᠭᠤᠴᠠᠯᠭᠠᠳᠤ ᠰᠡᠳᠬᠢᠯ ᠭᠡᠳᠡᠭ ᠨᠢ ᠴᠤᠬᠤᠮ ᠶᠠᠭᠤ ᠪᠤᠢ ᠭᠡᠳᠡᠭ ᠢ ᠣᠶᠢᠯᠠᠭᠠᠬᠤ | ᠬᠡᠷᠡᠭᠲᠡᠢ᠃ ᠬᠠᠷᠢᠭᠤᠴᠠᠯᠭᠠᠳᠤ ᠰᠡᠳᠬᠢᠯ ᠭᠡᠳᠡᠭ ᠪᠣᠯ ᠬᠡᠤᠬᠡᠳ ᠤᠨ ᠤᠬᠠᠮᠰᠠᠷ ᠠᠴᠠ ᠪᠠᠨ ᠤᠴᠢᠵᠤ ᠶᠠᠮᠠᠷ ᠨᠢᠭᠡᠨ | ᠠᠵᠢᠯ ᠢ ᠵᠦᠪ᠂ ᠲᠠᠭᠠᠭᠠᠮᠠᠭᠠᠢ᠂ ᠰᠢᠷᠭᠠᠭᠤ ᠬᠠᠳᠠᠭᠤᠵᠢᠯᠳᠡᠢ ᠬᠢᠵᠤ᠂ ᠲᠡᠭᠦᠨ ᠤ ᠮᠦᠨ ᠴᠢᠨᠠᠷ᠂ ᠴᠢᠬᠤᠯᠠ ᠴᠢᠨᠠᠷ ᠢ | ᠲᠠᠨᠢᠵᠣ ᠠᠪᠬᠤ ᠶᠢ ᠵᠢᠭᠠᠵᠤ ᠪᠠᠶᠢᠬᠤ ᠶᠤᠮ᠃ ᠬᠡᠥᠬᠡᠳ ᠤᠨ ᠬᠠᠷᠢᠭᠤᠴᠠᠯᠭᠠᠳᠣ ᠰᠡᠳᠭᠢᠯ ᠢ ᠪᠣᠢ ᠪᠣᠯᠭᠠᠬᠤ ᠨᠢ | ᠭᠡᠷ ᠤᠨ ᠠᠬᠠᠮᠠᠳ ᠤᠨ ᠬᠢᠷᠢ ᠵᠡᠷᠭᠡ ᠪᠡᠶᠡᠴᠢᠯᠡᠨ ᠤᠷᠤᠯᠴᠠᠭᠰᠠᠨ ᠲᠠᠢ ᠬᠤᠯᠪᠣᠭᠳᠠᠵᠣ ᠪᠠᠶᠢᠳᠠᠭ᠃ ᠥᠭᠡᠷ᠎ᠡ ᠪᠠᠷ | ᠬᠡᠯᠡᠪᠡᠯ ᠭᠡᠷ ᠤᠨ ᠠᠬᠠᠮᠠᠳ ᠨᠢ ᠬᠦᠳᠦᠯᠦᠨ ᠲᠠᠭᠠᠭᠤᠯᠵᠤ᠂ ᠬᠡᠤᠬᠡᠳ ᠤᠨ ᠲᠦᠷᠦᠯᠬᠢ ᠪᠠᠶᠢᠭᠠᠯᠢᠯᠢᠬ ᠣᠬᠠᠮᠰᠠᠷ | ᠪᠤᠯᠤᠨ ᠤᠶᠢᠯᠠᠭᠠᠬᠤ ᠴᠢᠳᠠᠪᠤᠷᠢ ᠵᠢᠴᠢ ᠭᠠᠳᠠᠭᠠᠳᠤ ᠶᠡᠷᠳᠢᠨᠴᠤ ᠶᠢ ᠠᠵᠢᠭᠯᠠᠬᠤ ᠴᠢᠳᠠᠪᠤᠷᠢ ᠲᠠᠢ ᠨᠢ ᠣᠶᠠᠯᠳᠤᠭᠤᠯᠤᠨ᠂ | ᠪᠤᠳᠠᠳᠤ ᠠᠵᠢᠯᠯᠠᠭ᠎ᠠ ᠪᠠᠷ ᠲᠠᠮᠵᠢᠵᠤ᠂ ᠬᠡᠤᠬᠡᠳ ᠤᠨ ᠲᠠᠪᠰᠢᠩᠭᠤᠢ ᠰᠡᠳᠬᠢᠴᠡ᠂ ᠰᠠᠬᠢᠯᠭ᠎ᠠ ᠪᠠᠳᠤᠴᠢ ᠴᠢᠨᠠᠷ ᠪᠤᠯᠤᠨ | ᠣᠬᠠᠮᠰᠠᠷᠲᠤ ᠴᠢᠨᠠᠷ ᠢ ᠨᠢ ᠪᠠᠳᠠᠷᠠᠭᠤᠯᠤᠨ ᠬᠦᠭᠵᠢᠭᠦᠯᠬᠦ ᠶᠠᠪᠤᠴᠠ ᠶᠢ ᠵᠢᠭᠠᠳᠠᠭ᠃ ᠡᠨᠡ ᠭᠦ ᠶᠠᠪᠣᠴᠠ ᠨᠢ ᠤᠷᠴᠢᠨ | ᠲᠤᠭᠤᠷᠢᠨ ᠲᠠᠢ ᠰᠢᠭᠤᠳ ᠬᠠᠷᠢᠴᠠᠭ᠎ᠠ ᠲᠠᠢ ᠪᠠᠶᠢᠳᠠᠭ᠃ ᠤᠷᠴᠢᠨ ᠲᠤᠭᠤᠷᠢᠨ ᠪᠤᠯᠤᠨ ᠬᠠᠷᠢᠭᠤᠴᠠᠯᠭᠠᠳᠤ | ᠰᠡᠳᠬᠢᠯ ᠤᠨ ᠬᠠᠷᠢᠴᠠᠭ᠎ᠠ ᠠᠴᠠ ᠦᠵᠡᠪᠡᠯ ᠬᠡᠣᠬᠡᠳ ᠤᠨ ᠬᠠᠷᠢᠭᠤᠴᠠᠯᠭᠠᠳᠤ ᠰᠡᠳᠬᠢᠯ ᠳᠤ ᠭᠡᠷ ᠤᠨ ᠠᠬᠠᠮᠠᠳ ᠤᠨ | ᠬᠠᠷᠢᠭᠤᠴᠠᠯᠭᠠᠳᠤ ᠰᠡᠳᠬᠢᠯ ᠪᠠ ᠬᠡᠤᠬᠡᠳ ᠤᠨ ᠲᠦᠷᠦᠯᠬᠢ ᠣᠬᠠᠮᠰᠠᠷ ᠲᠤ ᠪᠠᠶᠢᠳᠠᠭ ᠬᠠᠷᠢᠭᠤᠴᠠᠯᠭᠠᠳᠤ ᠰᠡᠳᠬᠢᠯ | ᠭᠡᠵᠤ ᠬᠤᠶᠠᠷ ᠵᠦᠢᠯ ᠪᠠᠶᠢᠳᠠᠭ᠃ ᠭᠡᠷ ᠤᠨ ᠠᠬᠠᠮᠠᠳ ᠤᠨ ᠬᠠᠷᠢᠭᠤᠴᠠᠯᠭᠠᠳᠤ ᠰᠡᠳᠬᠢᠯ ᠨᠢ ᠬᠡᠤᠬᠡᠳ ᠤᠨ | ᠬᠠᠷᠢᠭᠤᠴᠠᠯᠭᠠᠳᠤ ᠰᠡᠳᠬᠢᠯ ᠲᠠᠢ ᠰᠢᠭᠤᠳ ᠬᠤᠯᠪᠤᠭᠳᠠᠳᠠᠭ᠃ ᠮᠤᠩᠭᠤᠯᠴᠤᠳ ᠡᠷᠳᠡ ᠢᠵᠠᠭᠤᠷ ᠠᠴᠠ | ᠬᠠᠷᠢᠭᠤᠴᠠᠯᠭᠠᠳᠤ ᠰᠡᠳᠬᠢᠯ ᠤᠨ ᠲᠣᠬᠠᠢ ᠲᠤᠰᠬᠠᠢ ᠬᠦᠮᠦᠵᠢᠯ ᠢ ᠬᠢᠳᠡᠭ ᠦᠭᠡᠢ ᠪᠠᠶᠢᠭᠰᠠᠨ ᠪᠣᠯᠪᠠᠴᠣ ᠨᠡᠭᠦᠳᠡᠯ | ᠠᠮᠢᠳᠤᠷᠠᠯ ᠤᠨ ᠲᠤᠮᠳᠠ ᠪᠠᠨ ᠬᠡᠤᠬᠡᠳ ᠨᠢ ᠠᠪᠤ ᠡᠵᠢ ᠪᠤᠯᠤᠨ ᠠᠬᠠᠰ ᠵᠠᠬᠠᠰ ᠢᠶᠠᠨ ᠬᠠᠪᠰᠣᠷᠴᠣ ᠠᠳᠠᠯ | ᠠᠮᠢᠳᠤᠷᠠᠯ ᠢᠶᠠᠨ ᠬᠢᠬᠦ ᠪᠣᠶᠣ ᠲᠤᠭᠯᠠᠵᠤ ᠨᠠᠭᠠᠳᠬᠤ ᠳᠤᠮᠳᠠ ᠠᠴᠠ ᠬᠦᠳᠡᠯᠮᠦᠷᠢ ᠶᠢᠨ ᠦᠨ᠎ᠡ ᠦᠷᠳᠡᠭ᠂ ᠲᠡᠰᠪᠦᠷᠢ | ᠲᠡᠪᠵᠢᠶᠡᠷᠢ᠂ ᠠᠷᠪᠢᠯᠠᠨ ᠭᠠᠮᠨᠠᠬᠤ ᠶᠢᠨ ᠴᠢᠬᠤᠯᠠ ᠴᠢᠨᠠᠷ ᠢ ᠲᠠᠨᠢᠨ ᠮᠡᠳᠡᠵᠤ᠂ ᠦᠪᠡᠷ ᠢ ᠪᠠᠨ ᠬᠡᠷᠬᠢᠨ | ᠬᠠᠷᠢᠭᠤᠴᠠᠯᠭ᠎ᠠ ᠲᠠᠢ ᠬᠦᠮᠦᠨ ᠪᠤᠯᠭᠠᠬᠤ ᠲᠤᠬᠠᠢ ᠰᠠᠷᠠᠨ ᠮᠡᠳᠡᠵᠤ ᠦᠪᠡᠷ ᠤᠨ ᠤᠶᠢᠯᠡ ᠠᠵᠢᠯᠯᠠᠭ᠎ᠠ ᠪᠠᠷ ᠢᠶᠠᠨ | ᠲᠠᠮᠵᠢᠵᠤ᠂ ᠦᠪᠡᠷ ᠢ ᠪᠠᠨ ᠢᠳᠡᠭᠡᠵᠤ᠂ ᠦᠪᠡᠷ ᠢ ᠪᠠᠨ ᠢᠳᠡᠭᠡᠭᠰᠡᠨ ᠰᠠᠭᠤᠷᠢᠨ ᠲᠡᠭᠡᠷ᠎ᠡ ᠦᠪᠡᠷ ᠤᠨ ᠬᠢᠵᠤ ᠪᠠᠶᠢᠭ᠎ᠠ | ᠠᠵᠢᠯ ᠳᠤ ᠪᠠᠨ ᠬᠠᠷᠢᠭᠤᠴᠠᠯᠭ᠎ᠠ ᠲᠠᠢ ᠪᠤᠯᠵᠤ ᠢᠷᠡᠭᠰᠡᠨ ᠰᠢᠯᠢᠳᠡᠭ ᠰᠠᠶᠢᠬᠠᠨ ᠤᠯᠠᠮᠵᠢᠯᠠᠯ ᠲᠠᠢ ᠪᠢᠯᠠ᠃ | ᠬᠠᠷᠢᠭᠤᠴᠠᠯᠭᠠᠳᠤ ᠰᠡᠳᠬᠢᠯ ᠨᠢ ᠬᠦᠮᠦᠨ ᠤ ᠠᠮᠢᠳᠤᠷᠠᠯ ᠳᠤ ᠲᠦᠰᠢᠭ ᠲᠤᠯᠭᠠᠭᠤᠷᠢ ᠪᠤᠯᠵᠤ ᠴᠢᠳᠠᠳᠠᠭ | ᠠᠴᠠ ᠭᠡᠷ ᠤᠨ ᠬᠦᠮᠦᠵᠢᠯ ᠤᠨ ᠲᠤᠳᠠᠭᠳᠠᠵᠤ ᠪᠣᠯᠣᠰᠢ ᠦᠬᠡᠢ ᠨᠢᠭᠡᠨ ᠴᠢᠬᠤᠯᠠ ᠪᠦᠷᠢᠯᠳᠦᠭᠦᠨ ᠪᠣᠯᠣᠭᠰᠠᠨ | ᠶᠤᠮ᠃ ᠡᠶᠢᠮᠦ ᠠᠴᠠ ᠤᠳᠤ ᠶᠢᠨ ᠰᠢᠨ᠎ᠡ ᠡᠷᠢᠨ ᠤ ᠭᠡᠷ ᠤᠨ ᠠᠬᠠᠮᠠᠳ ᠬᠡᠤᠬᠡᠳ ᠤᠨ ᠢᠶᠠᠨ ᠬᠠᠷᠢᠭᠤᠴᠠᠯᠭᠠᠳᠤ | ᠰᠡᠳᠬᠢᠯ ᠢ ᠪᠤᠢ ᠪᠤᠯᠭᠠᠵᠤ ᠦᠭᠬᠦ ᠶᠠᠪᠤᠳᠠᠯ ᠨᠢ ᠨᠡᠶᠢᠬᠡᠮ ᠤᠨ ᠴᠢᠬᠤᠯᠠ ᠠᠰᠠᠭᠤᠳᠠᠯ ᠪᠤᠯᠵᠤ ᠪᠠᠶᠢᠭ᠎ᠠ | ᠶᠤᠮ᠃ ᠲᠡᠭᠡᠪᠡᠯ ᠤᠳᠤ ᠶᠢᠨ ᠬᠡᠥᠬᠡᠳ ᠤᠨ ᠬᠠᠷᠢᠭᠤᠴᠠᠯᠭᠠᠲᠣ ᠰᠡᠳᠬᠢᠯ ᠴᠤᠬᠤᠮ ᠶᠠᠮᠠᠷ ᠪᠠᠶᠢᠳᠠᠯ ᠲᠠᠢ ᠪᠤᠯᠤᠭᠰᠠᠨ | ᠪᠤᠢ︖ | ᠮᠠᠨ ᠤ ᠬᠡᠤᠬᠡᠳ ᠤᠳ ᠤᠨ ᠬᠠᠷᠢᠭᠤᠴᠠᠯᠭᠠᠳᠤ ᠰᠡᠳᠬᠢᠯ ᠨᠢ ᠨᠡᠶᠢᠭᠡᠮ ᠤᠨ ᠤᠷᠴᠢᠨ ᠠᠬᠤᠢ ᠠᠴᠠ ᠪᠣᠯᠵᠤ | ᠨᠡᠯᠢᠶᠡᠳ ᠲᠤᠷᠦ᠋ᠢᠳᠠᠵᠤ ᠪᠠᠶᠢᠭ᠎ᠠ ᠢᠯᠡᠷᠡᠯ ᠲᠠᠢ ᠪᠠᠶᠢᠨ᠎ᠠ᠃ ᠡᠭᠦᠨ ᠤ ᠰᠢᠯᠳᠠᠭᠠᠨ ᠨᠢ ᠮᠠᠨ ᠤ ᠭᠡᠷ ᠤᠨ ᠠᠬᠠᠮᠠᠳ | ᠪᠤᠯᠤᠨ ᠨᠡᠶᠢᠬᠡᠮ ᠤᠨ ᠬᠦᠭᠵᠢᠯᠳᠡ ᠶᠢᠨ ᠤᠷᠴᠢᠨ ᠲᠤᠭᠤᠷᠢᠨ ᠲᠠᠢ ᠰᠢᠭᠤᠳ ᠬᠤᠯᠪᠤᠭᠳᠠᠨ᠎ᠠ᠃ ᠪᠣᠳᠠᠲᠠᠢ ᠪᠠᠷ | ᠬᠡᠯᠡᠪᠡᠯ ᠤᠳᠤᠬᠠᠨ ᠤ ᠠᠮᠢᠳᠤᠷᠠᠯ ᠤᠨ ᠬᠢᠷᠢ ᠲᠦᠪᠰᠢᠨ ᠪᠠᠶᠠᠨ ᠲᠠᠩᠰᠤᠭ ᠪᠤᠯᠤᠭᠰᠠᠨ ᠠᠴᠠ ᠬᠡᠤᠬᠡᠳ ᠤᠳ ᠨᠢ | ᠦᠪᠡᠷ ᠤᠨ ᠪᠡᠶ᠎ᠡ ᠪᠠᠷ ᠲᠦᠪ ᠪᠤᠯᠭᠠᠬᠤ ᠬᠡᠯᠪᠡᠷᠢ ᠪᠠᠷ ᠰᠤᠷᠭᠠᠨ ᠬᠦᠮᠦᠵᠢᠯ ᠬᠦᠷᠳᠡᠬᠦ ᠪᠠᠶᠢᠷᠢᠨ ᠳᠤ ᠣᠷᠣᠵᠣ | ᠢᠷᠡᠭᠰᠡᠨ ᠪᠠᠶᠢᠨ᠎ᠠ᠃ ᠲᠠᠷᠤᠢ ᠠᠮᠢᠳᠤᠷᠠᠯ ᠤᠨ ᠨᠦᠬᠦᠴᠡᠯ᠂ ᠬᠢᠴᠢᠶᠡᠯ ᠰᠤᠷᠤᠯᠭ᠎ᠠ ᠶᠢᠨ ᠨᠦᠬᠦᠴᠡᠯ ᠨᠢ ᠤᠯᠠᠮ | ᠰᠠᠶᠢᠵᠢᠷᠠᠵᠤ᠂ ᠤᠯᠠᠮ ᠪᠠᠶᠠᠯᠢᠬᠵᠢᠵᠣ᠂ ᠬᠢᠷᠢ ᠲᠦᠪᠰᠢᠨ ᠨᠢ ᠲᠡᠭᠡᠭᠰᠢᠯᠡᠭᠰᠡᠨ ᠪᠠᠶᠢᠳᠠᠯ ᠲᠤᠤᠷ᠎ᠠ ᠭᠡᠷ ᠤᠨ | ᠠᠬᠠᠮᠠᠳ ᠨᠢ ᠬᠡᠤᠬᠡᠳ ᠢᠶᠠᠨ ᠦᠷᠭᠡᠨ ᠲᠡᠯᠭᠡᠷ ᠮᠡᠳᠡᠯᠭᠡ ᠲᠠᠢ ᠪᠤᠯᠭᠠᠬᠤ ᠶᠢ ᠳᠠᠩ ᠴᠤᠯᠭᠤᠢ ᠪᠠᠷ | ᠬᠦᠭᠡᠭᠡᠴᠡᠯᠳᠦᠭᠰᠡᠨ ᠠᠴᠠ ᠪᠤᠯᠤᠭᠠᠳ ᠬᠡᠤᠬᠡᠳ ᠤᠨ ᠦᠨᠡᠨ ᠬᠦ ᠡᠭᠦᠷᠭᠡᠯᠡᠬᠦ ᠴᠢᠬᠤᠯᠠ ᠲᠠᠢ ᠬᠠᠷᠢᠭᠤᠴᠠᠯᠭᠠᠳᠤ | ᠰᠡᠳᠬᠢᠯ ᠢ ᠭᠦᠮᠦᠵᠢᠭᠦᠯᠭᠦ ᠶᠢ ᠤᠮᠳᠤᠭᠠᠶᠢᠯᠠᠭᠰᠠᠨ ᠪᠠᠶᠢᠨ᠎ᠠ᠃ ᠦᠨᠡᠨ ᠳᠤ ᠪᠠᠨ ᠬᠡᠤᠬᠡᠳ ᠢ ᠶᠠᠮᠠᠷ ᠮᠡᠳᠡᠯᠭᠡ ᠲᠠᠢ᠂ | ᠶᠠᠮᠠᠷ ᠴᠢᠳᠠᠪᠤᠷᠢ ᠲᠠᠢ ᠪᠤᠯᠭᠠᠭᠰᠠᠨ ᠴᠤ ᠬᠠᠷᠢᠭᠤᠴᠠᠯᠭᠠᠳᠤ ᠰᠡᠳᠬᠢᠯ ᠦᠭᠡᠢ ᠪᠤᠯ ᠦᠪᠡᠷ ᠤᠨ ᠪᠡᠶ᠎ᠡ ᠶᠢᠨ ᠢᠶᠠᠨ | ᠦᠨ᠎ᠡ ᠦᠷᠳᠡᠭ ᠢᠶᠠᠨ ᠪᠠᠳᠠᠷᠠᠭᠤᠯᠵᠤ᠂ ᠨᠡᠶᠢᠬᠡᠮ ᠳᠤ ᠤᠶᠢᠯᠡᠳᠦᠯ ᠬᠡᠷᠡᠭᠴᠡᠭᠡ ᠲᠠᠢ ᠬᠦᠮᠦᠨ ᠪᠤᠯᠵᠤ ᠬᠦᠯ | ᠲᠤᠭᠳᠠᠬᠤ ᠳᠤ ᠲᠦᠢᠯ ᠤᠨ ᠬᠦᠴᠢᠷ ᠲᠠᠢ ᠪᠠᠶᠢᠳᠠᠭ᠃ | ᠤᠳᠤ ᠶᠢᠨ ᠪᠠᠶᠠᠨ ᠲᠠᠩᠰᠤᠭ ᠠᠮᠢᠳᠤᠷᠠᠯ ᠤᠨ ᠨᠦᠬᠦᠴᠡᠯ ᠳᠤ ᠭᠡᠷ ᠤᠨ ᠠᠬᠠᠮᠠᠳ ᠨᠢ ᠬᠡᠤᠬᠡᠳ ᠤᠨ | ᠬᠡᠪᠡᠯᠢ ᠳᠠᠬᠢ ᠬᠦᠮᠦᠵᠢᠯ ᠠᠴᠠ ᠡᠬᠢᠯᠡᠭᠡᠳ ᠲᠣᠮᠣ ᠬᠦᠮᠦᠨ ᠪᠤᠯᠳᠠᠯ᠎ᠠ ᠪᠠᠶᠠᠨ ᠲᠠᠩᠰᠤᠭ ᠨᠦᠬᠦᠴᠡᠯ ᠢ ᠬᠠᠩᠭᠠᠭᠰᠠᠭᠠᠷ | ᠪᠠᠶᠢᠳᠠᠭ᠃ ᠪᠤᠳᠠᠳᠠᠢ ᠪᠠᠷ ᠬᠡᠯᠡᠪᠡᠯ 0-3 ᠨᠠᠰᠤᠨ ᠤ ᠬᠡᠤᠬᠡᠳ ᠤᠨ ᠦᠰᠦᠨ ᠪᠤᠶᠢᠵᠢᠯᠳᠠ ᠶᠢᠨ ᠤᠷᠴᠢᠨ | ᠲᠤᠭᠤᠷᠢᠨ ᠳᠤ ᠭᠡᠷ ᠤᠨ ᠠᠬᠠᠮᠠᠳ ᠨᠢ ᠬᠡᠤᠬᠡᠳ ᠢ ᠨᠢᠷᠠᠢ ᠪᠠᠭ᠎ᠠ ᠭᠡᠵᠤ ᠬᠡᠳᠦᠷᠬᠡᠢ ᠡᠩᠬᠦᠷᠡᠶᠢᠯᠡᠵᠤ ᠦᠭᠡᠬᠦᠨ | ᠪᠦᠮᠪᠦᠭᠡ ᠮᠡᠳᠦ ᠪᠤᠯᠭᠠᠭᠰᠠᠨ ᠠᠴᠠ ᠬᠡᠤᠬᠡᠳ ᠤᠳ ᠦᠪᠡᠷ ᠤᠨ ᠬᠢᠬᠦ ᠵᠦᠢᠯᠡᠰ ᠢᠶᠠᠨ ᠦᠪᠡᠷ ᠢᠶᠠᠨ ᠪᠡᠶᠡᠴᠢᠯᠡᠨ ᠬᠢᠵᠤ | ᠲᠡᠶᠢᠯᠬᠦ ᠦᠭᠡᠢ ᠠᠴᠠ ᠪᠤᠯᠵᠤ᠂ ᠲᠤᠳᠤᠭᠠᠳᠤ ᠰᠡᠳᠬᠢᠯ ᠤᠨ ᠴᠢᠯᠦᠭᠡᠵᠢᠯ ᠢᠶᠠᠨ ᠠᠯᠳᠠᠭᠰᠠᠨ ᠪᠠᠶᠢᠳᠠᠭ᠃ 3-6 | ᠨᠠᠰᠤᠨ ᠤ ᠬᠡᠤᠬᠡᠳ ᠨᠢ ᠪᠡᠶ᠎ᠡ ᠪᠠᠨ ᠲᠠᠭᠠᠭᠠᠬᠤ ᠴᠢᠳᠠᠪᠤᠷᠢ ᠶᠢᠨ ᠬᠤᠪᠢ ᠳᠤ ᠠᠪᠴᠤ ᠬᠡᠯᠡᠪᠡᠯ ᠶᠠᠭᠤ ᠪᠦᠬᠦᠨ ᠢ ᠨᠢ | ᠪᠦᠷ ᠭᠡᠷ ᠤᠨ ᠠᠬᠠᠮᠠᠳ ᠤᠷᠤᠯᠠᠵᠤ ᠬᠢᠬᠦ ᠪᠤᠯᠤᠭᠰᠠᠨ ᠠᠴᠠ ᠬᠡᠤᠬᠡᠳ ᠤᠨ ᠰᠡᠳᠬᠢᠴᠡ ᠶᠢ ᠳᠣᠣᠷᠠᠬᠢ ᠮᠡᠲᠦ ᠬᠡᠳᠦᠨ | ᠲᠠᠯ᠎ᠠ ᠪᠠᠷ ᠬᠤᠪᠢᠷᠠᠭᠤᠯᠣᠭᠰᠠᠨ ᠪᠠᠶᠢᠨ᠎ᠠ᠃ | ︵1︶ ᠭᠠᠭᠴᠠᠭᠠᠷᠳᠠᠮᠠᠯ ᠰᠡᠳᠬᠢᠴᠡ ᠶᠢ ᠪᠤᠢ ᠪᠤᠯᠭᠠᠭᠰᠠᠨ ᠪᠠᠶᠢᠨ᠎ᠠ᠃ ᠭᠠᠭᠴᠠᠭᠠᠷᠳᠠᠮᠠᠯ ᠰᠡᠳᠬᠢᠴᠡ | ᠭᠡᠳᠡᠭ ᠨᠢ ᠬᠡᠤᠬᠡᠳ ᠪᠡᠶ᠎ᠡ ᠪᠠᠨ ᠲᠠᠭᠠᠭᠠᠵᠤ᠂ ᠪᠤᠰᠤᠳ ᠬᠦᠮᠦᠨ ᠲᠠᠢ ᠬᠠᠷᠢᠴᠠᠭ᠎ᠠ ᠬᠤᠯᠪᠤᠭ᠎ᠠ ᠠᠪᠴᠣ ᠴᠢᠳᠠᠬᠤ | ᠦᠭᠡᠢ᠂ ᠵᠦᠪᠬᠡᠨ ᠭᠡᠷ ᠤᠨ ᠠᠬᠠᠮᠠᠳ ᠢᠶᠠᠨ ᠲᠦᠰᠢᠭᠯᠡᠬᠦ ᠪᠠᠶᠢᠳᠠᠯ ᠲᠠᠢ ᠪᠤᠯᠤᠭᠰᠠᠨ ᠪᠠᠶᠢᠨ᠎ᠠ᠃ ᠤᠴᠢᠷ ᠨᠢ | ᠭᠡᠷ ᠤᠨ ᠠᠬᠠᠮᠠᠳ ᠨᠢ ᠵᠦᠪᠬᠡᠨ ᠠᠵᠢᠯ ᠶᠠᠪᠤᠳᠠᠯ ᠳᠤ ᠪᠠᠨ ᠶᠠᠭᠠᠷᠠᠵᠣ ᠰᠤᠷᠭᠠᠭᠤᠯᠢ ᠨᠢ ᠵᠦᠪᠬᠡᠨ ᠮᠡᠳᠡᠯᠭᠡ ᠶᠢᠨ | ᠲᠠᠪᠳᠠᠮᠵᠢ ᠶᠢ ᠴᠢᠬᠤᠯᠠᠴᠢᠯᠠᠭᠰᠠᠨ ᠠᠴᠠ ᠬᠡᠤᠬᠡᠳ ᠴᠤ ᠵᠦᠪᠬᠡᠨ ᠦᠪᠡᠷ ᠤᠨ ᠰᠣᠷᠣᠯᠭ᠎ᠠ ᠳᠤ ᠪᠠᠨ ᠶᠠᠭᠠᠷᠠᠵᠣ᠂ | ᠬᠦᠮᠦᠰ ᠤᠨ ᠬᠤᠭᠤᠷᠣᠨᠳᠣᠬᠢ ᠬᠠᠷᠢᠴᠠᠭ᠎ᠠ ᠨᠢ ᠨᠡᠯᠢᠶᠡᠳ ᠵᠠᠢ ᠲᠠᠢ ᠪᠣᠯᠵᠣ ᠭᠠᠭᠴᠠᠭᠠᠷᠳᠠᠮᠠᠯ ᠪᠠᠶᠢᠳᠠᠯ ᠲᠠᠢ | ᠪᠣᠯᠵᠠᠢ᠃ ᠬᠡᠤᠬᠡᠳ ᠤᠳ ᠭᠡᠷ ᠲᠤ ᠪᠠᠨ ᠬᠠᠷᠢᠭᠰᠠᠨ ᠤ ᠲᠠᠷᠠᠭ᠎ᠠ ᠴᠤ ᠭᠡᠷ ᠤᠨ ᠠᠵᠢᠯ ᠳᠤ ᠭᠠᠷ ᠲᠦᠷᠦᠬᠦ ᠲᠤᠬᠢᠶᠡᠯ | ᠦᠭᠡᠢ ᠪᠤᠯᠵᠤ᠂ ᠭᠡᠷ ᠤᠨ ᠠᠵᠢᠯ ᠠᠮᠢᠳᠤᠷᠠᠯ ᠢ ᠪᠦᠷ ᠲᠤᠮᠤ ᠬᠦᠮᠦᠨ ᠤ ᠶᠠᠪᠤᠳᠠᠯ ᠭᠡᠵᠤ ᠦᠵᠡᠬᠦ ᠪᠤᠯᠤᠭᠰᠠᠨ ᠠᠴᠠ | ᠬᠡᠤᠬᠡᠳ ᠤᠨ ᠭᠡᠷ ᠪᠦᠯᠢ ᠳᠠᠬᠢ ᠭᠠᠭᠴᠠᠭᠠᠷᠳᠠᠮᠠᠯ ᠰᠡᠳᠬᠢᠴᠡ ᠶᠢ ᠴᠦ ᠤᠯᠠᠮ ᠬᠦᠨᠳᠦᠷᠡᠭᠦᠯᠦᠭᠰᠡᠨ ᠪᠠᠶᠢᠳᠠᠭ᠃ | ︵2︶ ᠬᠦᠳᠡᠯᠦᠩᠭᠦᠢ ᠪᠤᠰᠤ ᠵᠠᠩ ᠴᠢᠨᠠᠷ ᠢ ᠪᠤᠢ ᠪᠤᠯᠭᠠᠭᠰᠠᠨ ᠪᠠᠶᠢᠨ᠎ᠠ᠃ ᠳᠡᠭᠡᠷᠡᠬᠢ ᠮᠡᠲᠦ | ᠰᠢᠯᠲᠠᠭᠠᠨ ᠠᠴᠠ ᠤᠳᠤ ᠶᠢᠨ ᠤᠯᠠᠩᠭᠢ ᠬᠡᠤᠬᠡᠳ ᠶᠠᠮᠠᠷᠪᠠ ᠠᠵᠢᠯ ᠶᠠᠪᠤᠳᠠᠯ ᠳᠤ ᠤᠷᠤᠯᠴᠠᠬᠤ ᠲᠤᠷ᠎ᠠ ᠰᠤᠨᠢᠷᠬᠠᠯ | ᠦᠭᠡᠢ ᠪᠤᠯᠴᠢᠬᠠᠭᠰᠠᠨ ᠪᠠᠶᠢᠳᠠᠭ᠃ ᠵᠢᠱᠢᠶᠡᠯᠡᠪᠡᠯ᠂ ᠦᠩᠭᠡᠷᠡᠭᠰᠡᠨ ᠳᠤ ᠬᠡᠤᠬᠡᠳ ᠤᠳ ᠬᠠᠳᠠᠭᠤ ᠪᠡᠷᠬᠡ ᠠᠮᠢᠳᠤᠷᠠᠯ | ᠤᠨ ᠲᠤᠮᠳᠠ ᠠᠪᠤ ᠡᠵᠢ ᠪᠠᠨ ᠬᠠᠪᠰᠤᠷᠴᠤ ᠠᠷᠭᠠᠯ ᠲᠦᠯᠡᠭᠡ ᠪᠠᠨ ᠤᠶᠢᠷᠠᠳᠤᠭᠤᠯᠬᠤ᠂ ᠮᠠᠯ ᠰᠦᠷᠦᠭ ᠢᠶᠠᠨ | ᠬᠠᠷᠢᠭᠤᠯᠬᠤ ᠵᠡᠷᠭᠡ ᠠᠵᠢᠯ ᠶᠠᠪᠤᠳᠠᠯ ᠤᠳ ᠢ ᠦᠪᠡᠷ ᠤᠨ ᠤᠬᠠᠮᠰᠠᠷ ᠠᠴᠠ ᠪᠠᠨ ᠬᠢᠵᠤ᠂ ᠦᠪᠡᠷ ᠤᠨ ᠬᠢᠪᠡᠰᠦ | ᠵᠣᠬᠢᠬᠤ ᠠᠵᠢᠯ ᠭᠡᠵᠥ ᠦᠵᠡᠵᠤ ᠬᠦᠳᠡᠯᠦᠩᠭᠦᠢ ᠠᠵᠢᠯᠯᠠᠵᠣ ᠪᠠᠶᠢᠭᠰᠠᠨ ᠪᠣᠯ᠂ ᠣᠳᠣ ᠶᠢᠨ ᠬᠡᠤᠬᠡᠳ ᠲᠡᠷᠡ ᠪᠣᠯ | ᠲᠣᠮᠣᠴᠤᠣᠯ ᠤᠨ ᠠᠵᠢᠯ ᠭᠡᠵᠣ ᠦᠵᠡᠭᠡᠳ ᠭᠡᠷ ᠪᠦᠯᠢ ᠤᠨ ᠠᠵᠢᠯ ᠳᠤ ᠲᠦᠢᠯ ᠤᠨ ᠬᠦᠳᠡᠯᠦᠩᠭᠦᠢ ᠪᠤᠰᠤ | ᠪᠤᠯᠤᠭᠰᠠᠨ ᠪᠠᠶᠢᠳᠠᠭ᠃ ᠵᠠᠷᠢᠮ ᠭᠡᠷ ᠤᠨ ᠠᠬᠠᠮᠠᠳ ᠲᠡᠷᠡ ᠦᠶᠡᠰ ᠤᠨ ᠨᠡᠭᠦᠳᠡᠯ ᠠᠮᠢᠳᠤᠷᠠᠯ ᠢ ᠬᠡᠯᠡᠭᠡᠳ ᠶᠠᠭᠠᠬᠢᠬᠤ | ᠪᠤᠢ︖ ᠤᠳᠤ ᠪᠦᠷ ᠰᠢᠨ᠎ᠡ ᠴᠠᠭ ᠡᠷᠢᠨ ᠪᠤᠯᠴᠢᠬᠠᠵᠠᠢ ᠭᠡᠵᠤ ᠪᠤᠳᠤᠬᠤ ᠮᠠᠭᠠᠳ᠃ ᠭᠡᠳᠡᠯ᠎ᠡ ᠡᠨᠡ ᠨᠢ ᠶᠠᠭ ᠰᠢᠨ᠎ᠡ | ᠴᠠᠭ ᠡᠷᠢᠨ ᠠᠴᠠ ᠮᠠᠨ ᠤ ᠭᠡᠷ ᠤᠨ ᠠᠬᠠᠮᠠᠳ ᠲᠤ ᠬᠡᠤᠬᠡᠳ ᠤᠨ ᠢᠶᠠᠨ ᠬᠠᠷᠢᠭᠤᠴᠠᠯᠭᠠᠳᠣ ᠰᠡᠳᠬᠢᠯ ᠢ ᠬᠦᠮᠦᠵᠢᠭᠦᠯᠬᠦ | ᠶᠠᠪᠤᠳᠠᠯ ᠲᠡᠭᠡᠷ᠎ᠡ ᠦᠭᠭᠦᠭᠰᠡᠨ ᠨᠢᠭᠡᠨ ᠵᠦᠢᠯ ᠤᠨ ᠰᠢᠨ᠎ᠡ ᠱᠠᠭᠠᠷᠳᠠᠯᠭ᠎ᠠ ᠪᠣᠯᠣᠭᠰᠠᠨ ᠪᠠᠶᠢᠨ᠎ᠠ᠃ ᠠᠮᠧᠷᠢᠺᠡ ᠶᠢᠨ | ᠰᠤᠳᠤᠯᠭᠠᠴᠢᠳ ᠤᠨ ᠰᠤᠳᠤᠯᠤᠯᠳᠠ ᠪᠠᠷ ᠭᠡᠷ ᠤᠨ ᠠᠵᠢᠯ ᠬᠢᠳᠡᠭ ᠬᠡᠤᠬᠡᠳ ᠪᠠ ᠭᠡᠷ ᠤᠨ ᠠᠵᠢᠯ ᠬᠢᠳᠡᠭ ᠦᠭᠡᠢ | ᠬᠡᠤᠬᠡᠳ ᠤᠨ ᠬᠤᠷᠢᠮᠯᠠᠬᠤ ᠨᠤᠷᠮ᠎ᠠ ᠨᠢ 75᠄ 15᠂ ᠠᠮᠵᠢᠯᠳᠠ ᠤᠯᠬᠤ ᠨᠤᠷᠮ᠎ᠠ ᠨᠢ 14᠄ 1 ᠭᠡᠵᠤ | ᠨᠤᠳᠠᠯᠠᠭᠰᠠᠨ ᠪᠠᠶᠢᠳᠠᠭ᠃ | ︵3︶ ᠪᠡᠶ᠎ᠡ ᠪᠠᠨ ᠲᠠᠭᠠᠭᠠᠬᠤ ᠴᠢᠳᠠᠪᠤᠷᠢ ᠠᠨᠠᠢ ᠪᠤᠯᠤᠭᠰᠠᠨ ᠪᠠᠶᠢᠨ᠎ᠠ᠃ ᠡᠨᠡ ᠪᠣᠯ ᠲᠠᠷᠤᠢ ᠮᠠᠨ ᠤ ᠭᠡᠷ ᠤᠨ | ᠠᠬᠠᠮᠠᠳ ᠤᠨ ᠶᠠᠮᠠᠷᠪᠠ ᠠᠵᠢᠯ ᠶᠠᠪᠤᠳᠠᠯ ᠢ ᠦᠪᠡᠷ ᠢᠶᠠᠨ ᠬᠢᠭᠡᠳ ᠬᠡᠤᠬᠡᠳ ᠢᠶᠠᠷ ᠢᠶᠠᠨ ᠭᠠᠷ ᠲᠦᠷᠦᠭᠦᠯᠬᠦ ᠦᠭᠡᠢ | ᠪᠣᠯᠣᠭᠰᠠᠨ ᠤ ᠦᠷ᠎ᠡ ᠳ᠋ᠦᠩ ᠶᠤᠮ᠃ ᠡᠭᠦᠨ ᠤ ᠳ᠋ᠦᠩ ᠳᠤ ᠮᠠᠨ ᠤ ᠬᠡᠤᠬᠡᠳ ᠶᠠᠮᠠᠷ ᠠᠵᠢᠯ ᠢ ᠬᠢᠭᠰᠡᠨ ᠴᠤ ︽ᠠᠪᠤ | ᠪᠠᠶᠢᠬᠤ ᠶᠤᠮ ᠴᠢᠨᠢ᠂ ᠡᠵᠢ ᠪᠠᠶᠢᠬᠤ ᠶᠤᠮ ᠴᠢᠨᠢ︾ ᠭᠡᠰᠡᠨ ᠪᠤᠰᠤᠳ ᠢ ᠲᠦᠰᠢᠭᠯᠡᠬᠦ ᠰᠡᠳᠬᠢᠴᠡ ᠲᠠᠢ ᠪᠣᠯᠵᠤ᠂ | ᠶᠠᠮᠠᠷᠪᠠ ᠠᠵᠢᠯ ᠶᠠᠪᠤᠳᠠᠯ ᠳᠤ ᠦᠪᠡᠷ ᠤᠨ ᠲᠦᠰᠦᠯ ᠲᠦᠯᠦᠪᠯᠡᠭᠡ ᠭᠡᠵᠤ ᠪᠠᠶᠢᠬᠤ ᠦᠭᠡᠢ᠂ ᠶᠠᠭᠠᠬᠢᠵᠤ | ᠪᠡᠶᠡᠯᠡᠭᠦᠯᠦᠨ᠎ᠡ ᠭᠡᠰᠡᠨ ᠬᠠᠷᠢᠭᠤᠴᠠᠯᠭᠠᠲᠣ ᠰᠡᠳᠭᠢᠯ ᠦᠭᠡᠢ ᠪᠣᠯᠵᠠᠢ᠃ ᠬᠠᠮᠤᠭ ᠤᠨ ᠨᠠᠭᠠᠳᠤ ᠵᠠᠬ᠎ᠠ ᠳᠤ ᠪᠠᠨ | ᠲᠠᠰᠬᠠᠯ ᠤᠨ ᠡᠭᠦᠷᠭᠡ ᠪᠠᠨ ᠦᠪᠡᠷ ᠢᠶᠠᠨ ᠰᠢᠢᠳᠪᠦᠷᠢᠯᠡᠬᠦ ᠪᠢᠰᠢ᠂ ᠬᠠᠷᠢᠨ ᠠᠪᠤ ᠡᠵᠢ ᠪᠠᠶᠢᠬᠤ ᠶᠤᠮ ᠴᠢᠨᠢ ᠡᠰᠡᠭᠦᠯ᠎ᠡ | ᠬᠢᠴᠢᠶᠡᠯ ᠤᠨ ᠭᠠᠳᠠᠨ᠎ᠠ ᠲᠠᠰᠬᠠᠯ ᠵᠢᠯᠣᠭᠤᠳᠬᠤ ᠠᠩᠭᠢ ᠳᠤ ᠶᠠᠪᠤᠪᠠᠯ ᠪᠤᠯᠴᠢᠬᠠᠨ᠎ᠠ ᠭᠡᠵᠤ ᠪᠤᠳᠤᠬᠤ ᠪᠤᠯᠴᠢᠬᠠᠭᠰᠠᠨ | ᠪᠠᠶᠢᠳᠠᠭ᠃ | ︵4︶ ᠳᠠᠩ ᠴᠤᠯᠭᠤᠢ ᠰᠡᠳᠬᠢᠴᠡ ᠲᠠᠢ ᠪᠤᠯᠤᠭᠰᠠᠨ ᠪᠠᠶᠢᠨ᠎ᠠ᠃ ᠮᠠᠨ ᠤ ᠤᠳᠤ ᠶᠢᠨ ᠬᠡᠤᠬᠡᠳ ᠪᠦᠷ | ᠬᠤᠪᠢ ᠪᠠᠨ ᠪᠣᠳᠤᠨ᠂ ᠳᠣᠪᠤ ᠪᠠᠨ ᠪᠣᠷᠣᠯᠠᠭᠤᠯᠬᠤ ᠪᠣᠯᠵᠤ ᠪᠣᠰᠤᠳ ᠵᠦᠢᠯ ᠢ ᠬᠠᠮᠢᠶᠠᠷᠴᠣ ᠬᠠᠯᠠᠮᠵᠢᠯᠠᠬᠤ ᠦᠭᠡᠢ | ᠪᠤᠯᠤᠭᠰᠠᠨ ᠪᠠᠶᠢᠨ᠎ᠠ᠃ ᠭᠡᠷ ᠲᠤ ᠪᠠᠨ ᠬᠠᠷᠢᠭᠰᠠᠨ ᠴᠤ ᠠᠪᠤ ᠨᠢ ᠭᠠᠷ ᠤᠲᠠᠰᠤ ᠪᠠᠨ ᠣᠷᠤᠯᠳᠤᠵᠤ᠂ ᠡᠵᠢ ᠨᠢ | ᠬᠤᠭᠤᠯᠠ ᠪᠤᠳᠠᠭ᠎ᠠ ᠪᠠᠨ ᠬᠢᠵᠦ ᠶᠠᠭᠠᠷᠠᠬᠤ ᠳᠤ᠂ ᠬᠡᠤᠬᠡᠳ ᠨᠢ ᠲᠤᠷ᠎ᠠ ᠲᠠᠢ ᠲᠤᠷ᠎ᠠ ᠦᠭᠡᠢ ᠲᠠᠰᠬᠠᠯ ᠢᠶᠠᠨ ᠬᠢᠬᠦ | ᠪᠠᠶᠢᠳᠠᠯ ᠲᠠᠢ ᠪᠣᠯᠣᠭᠠᠳ ᠦᠩᠭᠡᠷᠡᠭᠰᠡᠨ ᠤ ᠮᠡᠳᠦ ᠠᠮᠢᠳᠤᠷᠠᠯ ᠤᠨ ᠬᠠᠳᠠᠭᠤ ᠪᠡᠷᠭᠡ᠂ ᠵᠢᠩᠬᠢᠨᠢ ᠤᠳᠬ᠎ᠠ | ᠠᠭᠤᠯᠭ᠎ᠠ ᠶᠢ ᠦᠪᠡᠷ ᠤᠨ ᠪᠡᠶ᠎ᠡ ᠳᠤ ᠪᠠᠨ ᠰᠢᠩᠭᠡᠭᠡᠵᠤ ᠲᠡᠶᠢᠯᠬᠦ ᠦᠭᠡᠢ ᠪᠤᠯᠴᠢᠬᠠᠭᠰᠠᠨ ᠪᠠᠶᠢᠳᠠᠭ᠃ ᠤᠴᠢᠷ ᠨᠢ | ᠮᠠᠨ ᠤ ᠭᠡᠷ ᠤᠨ ᠠᠬᠠᠮᠠᠳ ᠤᠨ ᠰᠡᠳᠬᠢᠴᠡ ᠨᠢ ᠴᠦ ᠪᠦᠷ ︽ᠤᠳᠤ ᠶᠢᠨ ᠠᠮᠢᠳᠤᠷᠠᠯ ᠰᠠᠶᠢᠨ ᠪᠤᠯᠴᠢᠬᠠᠵᠠᠢ᠂ | ᠬᠡᠤᠬᠡᠳ ᠤᠳ ᠲᠤ ᠰᠠᠨᠠᠭᠠᠰᠢᠷᠠᠬᠤ ᠶᠠᠪᠤᠳᠠᠯ ᠦᠭᠡᠢ᠂ ᠵᠦᠪᠬᠡᠨ ᠰᠠᠶᠢᠨ ᠰᠤᠷᠴᠢᠬᠠᠪᠠᠯ ᠪᠤᠯᠴᠢᠬᠠᠨ᠎ᠠ︾ ᠭᠡᠵᠤ | ᠦᠵᠡᠭᠡᠳ ᠴᠤᠷᠢ ᠶᠢᠨ ᠭᠠᠭᠴᠠ ᠮᠡᠳᠡᠯᠭᠡ ᠶᠢᠨ ᠲᠠᠪᠳᠠᠮᠵᠢ ᠶᠢ ᠬᠦᠭᠡᠭᠡᠴᠡᠯᠳᠦᠵᠤ᠂ ᠬᠦᠳᠡᠯᠮᠦᠷᠢ ᠪᠤᠯᠤᠨ | ᠰᠤᠷᠤᠯᠴᠠᠯᠭ᠎ᠠ ᠶᠢ ᠨᠢᠭᠡᠮᠦᠰᠦᠨ ᠰᠠᠯᠭᠠᠵᠤ ᠬᠠᠶᠠᠭᠰᠠᠨ ᠪᠠᠶᠢᠳᠠᠯ ᠲᠠᠢ ᠪᠣᠯᠵᠠᠢ᠃ | ᠮᠠᠨ ᠤ ᠭᠡᠷ ᠤᠨ ᠠᠬᠠᠮᠠᠳ ᠬᠡᠤᠬᠡᠳ ᠤᠨ ᠬᠤᠭᠤᠷᠣᠨᠳᠣᠬᠢ ᠤᠬᠠᠭᠠᠯᠢᠭ ᠪᠤᠯᠤᠨ ᠴᠢᠳᠠᠪᠤᠷᠢ ᠶᠢᠨ ᠵᠦᠷᠢᠶ᠎ᠡ ᠶᠢ | ᠠᠳᠠᠯᠢᠳᠬᠠᠬᠤ ᠠᠰᠠᠭᠤᠳᠠᠯ ᠬᠦᠨᠳᠦ ᠨᠤᠴᠢᠳᠡᠢ ᠤᠷᠤᠰᠢᠵᠤ᠂ ᠪᠦᠷ ᠯᠠ ᠡᠨᠡ ᠨᠢᠭᠡᠨ ᠶᠠᠪᠤᠳᠠᠯ ᠲᠡᠭᠡᠷ᠎ᠡ | ᠵᠢᠭᠤᠷᠠᠯᠳᠣᠬᠤ ᠪᠣᠯᠵᠠᠢ᠃ ᠵᠠᠷᠢᠮ ᠭᠡᠷ ᠤᠨ ᠠᠬᠠᠮᠠᠳ ᠲᠤ ᠶᠡᠷᠦ ᠨᠢ ᠠᠶᠢᠯ ᠤᠨ ᠬᠡᠤᠬᠡᠳ ᠡᠭᠦᠨ ᠢ ᠴᠢᠳᠠᠵᠤ ᠪᠠᠶᠢᠨ᠎ᠠ᠂ | ᠮᠠᠨ ᠤ ᠬᠡᠤᠬᠡᠳ ᠶᠠᠭᠠᠬᠢᠭᠠᠳ ᠴᠢᠳᠠᠬᠤ ᠦᠭᠡᠢ ᠪᠤᠢ︖ ᠭᠡᠬᠦ ᠠᠰᠠᠭᠤᠯᠳᠠ ᠲᠤᠳᠤᠭᠠᠳᠤ ᠰᠡᠳᠬᠢᠯ ᠳᠤ ᠨᠢ | ᠦᠪᠡᠷ ᠤᠨ ᠡᠷᠬᠡ ᠦᠭᠡᠢ ᠤᠷᠤᠵᠤ ᠢᠷᠡᠳᠡᠭ᠃ ᠲᠡᠭᠡᠬᠦ ᠮᠦᠷᠲᠡᠭᠡᠨ ᠵᠠᠷᠢᠮ ᠭᠡᠷ ᠤᠨ ᠠᠬᠠᠮᠠᠳ ᠨᠢ ᠬᠡᠤᠬᠡᠳ ᠤᠨ | ᠬᠤᠭᠤᠷᠣᠨᠳᠤᠬᠢ ᠵᠦᠷᠢᠶ᠎ᠡ ᠶᠢ ᠠᠳᠠᠯᠢᠳᠬᠠᠬᠤ ᠳᠤ ᠪᠠᠨ ᠬᠡᠤᠬᠡᠳ ᠤᠨ ᠤᠬᠤᠷᠬᠠᠨ ᠬᠤᠭᠤᠴᠠᠭᠠᠨ ᠳᠠᠬᠢ ᠤᠬᠠᠭᠠᠯᠢᠭ | ᠲᠦᠷᠢ᠂ ᠭᠠᠳᠠᠭᠠᠳᠤ ᠢᠯᠡᠷᠡᠯ᠂ ᠱᠠᠩᠨᠠᠯ ᠬᠦᠬᠢᠭᠦᠯᠦᠯ ᠬᠦᠷᠳᠡᠵᠤ ᠪᠠᠶᠢᠭ᠎ᠠ ᠲᠤᠭ᠎ᠠ ᠨᠤᠷᠮ᠎ᠠ ᠵᠡᠷᠭᠡ ᠪᠠᠷ ᠪᠠᠷᠢᠮᠵᠢᠶᠠᠯᠠᠵᠤ | ᠬᠡᠤᠬᠡᠳ ᠢ ᠠᠳᠠᠯᠢᠳᠬᠠᠳᠠᠭ᠃ ᠨᠡᠩ ᠴᠢᠨᠠᠭᠰᠢᠯᠠᠪᠠᠯ ᠵᠠᠷᠢᠮ ᠭᠡᠷ ᠤᠨ ᠠᠬᠠᠮᠠᠳ ᠨᠢ ᠬᠡᠤᠬᠡᠳ ᠤᠨ ᠰᠡᠳᠬᠢᠴᠡ ᠶᠢ | ᠠᠩᠬᠠᠷᠬᠤ ᠦᠭᠡᠢ᠂ ᠵᠦᠪᠬᠡᠨ ᠰᠢᠯᠭᠠᠯᠳᠠ ᠶᠢᠨ ᠬᠤᠪᠢ ᠪᠠᠷ ᠤᠴᠢᠵᠤ ᠬᠡᠤᠬᠡᠳ ᠢᠶᠠᠨ ᠪᠠᠷᠢᠮᠵᠢᠶᠠᠯᠠᠳᠠᠭ᠃ ᠡᠨᠡ ᠪᠤᠯ | ᠮᠠᠨ ᠤ ᠭᠡᠷ ᠤᠨ ᠠᠬᠠᠮᠠᠳ ᠤᠨ ᠬᠡᠤᠬᠡᠳ ᠲᠤ ᠪᠠᠨ ᠬᠠᠨᠳᠤᠬᠤ ᠬᠠᠷᠢᠭᠤᠴᠠᠯᠭᠠᠳᠤ ᠰᠡᠳᠬᠢᠯ ᠳᠣᠲᠠᠮᠠᠭ ᠭᠡᠳᠡᠭ ᠢ | ᠬᠠᠷᠠᠭᠤᠯᠤᠨ᠎ᠠ᠃ ᠦᠨᠡᠨ ᠢ ᠬᠡᠯᠡᠪᠡᠯ ᠨᠢᠭᠡ ᠠᠪᠤ ᠡᠵᠢ ᠠᠴᠠ ᠲᠦᠷᠦᠭᠰᠡᠨ ᠠᠬ᠎ᠠ ᠳᠡᠭᠦᠦ ᠴᠤ ᠬᠤᠭᠤᠷᠤᠨᠳᠣ ᠪᠠᠨ | ᠠᠳᠠᠯᠢ ᠦᠬᠡᠢ ᠪᠠᠶᠢᠳᠠᠯ᠎ᠠ ᠦᠷᠦᠭᠡᠯ ᠪᠣᠰᠣᠳ ᠤᠨ ᠬᠡᠣᠬᠡᠳ ᠬᠡᠷᠬᠢᠨ ᠠᠳᠠᠯᠢ ᠪᠠᠶᠢᠵᠣ ᠪᠣᠯᠬᠤ ᠪᠣᠢ᠃ ᠡᠶᠢᠮᠤ ᠠᠴᠠ | ᠦᠪᠡᠷ ᠤᠨ ᠬᠡᠤᠬᠡᠳ ᠢᠶᠠᠨ ᠦᠷᠦᠭᠡᠯ ᠪᠤᠰᠤᠳ ᠤᠨ ᠬᠡᠤᠬᠡᠳ ᠲᠠᠢ ᠠᠳᠠᠯᠢᠳᠬᠠᠬᠤ ᠳᠤ ᠪᠠᠨ ᠰᠦᠷᠭᠡᠦ ᠨᠦᠯᠦᠭᠡ | ᠦᠵᠡᠭᠦᠯᠬᠦ ᠦᠭᠡᠢ ᠵᠦᠪ ᠲᠠᠯ᠎ᠠ ᠠᠴᠠ ᠠᠳᠠᠯᠢᠳᠬᠠᠬᠤ ᠬᠡᠷᠡᠭᠲᠡᠢ᠃ ᠡᠨᠡ ᠭᠦ ᠰᠦᠷᠭᠡᠦ ᠨᠦᠯᠦᠭᠡ ᠨᠢ ᠲᠠᠷᠤᠢ | ᠬᠡᠤᠬᠡᠳ ᠲᠤ ᠪᠡᠶ᠎ᠡ ᠪᠠᠨ ᠭᠤᠯᠤᠬᠤ᠂ ᠪᠡᠶ᠎ᠡ ᠪᠠᠨ ᠰᠡᠵᠢᠭᠯᠡᠬᠦ ᠲᠦᠷᠦᠭᠳᠡᠯ ᠦᠭᠴᠦ᠂ ᠬᠡᠤᠬᠡᠳ ᠤᠨ ᠬᠠᠶᠢᠨ | ᠰᠦᠪᠡᠭᠴᠢᠯᠡᠬᠦ ᠳᠤ ᠤᠷᠤᠭᠰᠢ ᠲᠠᠪᠰᠢᠬᠤ ᠵᠤᠷᠢᠭ ᠰᠠᠨᠠᠭ᠎ᠠ ᠶᠢ ᠨᠢ ᠠᠯᠳᠠᠷᠠᠭᠤᠯᠬᠤ ᠪᠠᠷ ᠪᠠᠷᠠᠬᠤ ᠦᠭᠡᠢ᠂ | ᠬᠡᠤᠬᠡᠳ ᠤᠨ ᠪᠡᠶ᠎ᠡ ᠪᠠᠨ ᠲᠠᠭᠠᠭᠠᠬᠤ ᠬᠠᠷᠢᠭᠤᠴᠠᠯᠭᠠᠳᠣ ᠰᠡᠳᠬᠢᠯ ᠢ ᠨᠢ ᠨᠦᠯᠦᠭᠡᠯᠡᠨ᠎ᠡ᠃ ᠡᠶᠢᠮᠦ ᠠᠴᠠ ᠪᠢᠳᠡ | ᠬᠡᠤᠬᠡᠳ ᠢ ᠠᠳᠠᠯᠢᠳᠬᠠᠶ᠎ᠠ ᠭᠡᠪᠡᠯ ᠬᠡᠤᠬᠡᠳ ᠤᠨ ᠬᠠᠷᠢᠭᠤᠴᠠᠯᠭᠠᠳᠤ ᠰᠡᠳᠬᠢᠯ ᠢ ᠵᠤᠬᠢᠬᠤ ᠬᠡᠮᠵᠢᠶ᠎ᠠ ᠪᠠᠷ | ᠠᠳᠠᠯᠢᠳᠬᠠᠬᠤ ᠠᠴᠠ ᠪᠢᠰᠢ ᠡᠩ ᠤᠨ ᠴᠢᠳᠠᠪᠤᠷᠢ ᠶᠢ ᠨᠢ ᠠᠳᠠᠯᠢᠳᠬᠠᠬᠤ ᠦᠭᠡᠢ ᠪᠠᠶᠢᠬᠤ ᠬᠡᠷᠡᠭᠲᠡᠢ᠃ | ᠮᠠᠨ ᠤ ᠭᠡᠷ ᠤᠨ ᠠᠬᠠᠮᠠᠳ ᠬᠡᠤᠬᠡᠳ ᠢ ᠬᠠᠷᠢᠯᠴᠠᠨ ᠠᠳᠠᠯᠢᠳᠬᠠᠭᠰᠠᠨ ᠤ ᠰᠠᠭᠤᠷᠢᠨ ᠲᠡᠭᠡᠷ᠎ᠡ ᠦᠪᠡᠷ ᠤᠨ | ᠬᠡᠤᠬᠡᠳ ᠢᠶᠠᠨ ᠨᠦᠭᠦᠭᠡ ᠬᠡᠤᠬᠡᠳ ᠠᠴᠠ ᠢᠯᠡᠭᠦᠦ ᠴᠢᠳᠠᠪᠤᠷᠢ ᠲᠠᠢ ᠪᠤᠯᠭᠠᠬᠤ ᠪᠠᠷ ᠴᠢᠷᠮᠠᠶᠢᠵᠣ ᠤᠬᠤᠷᠬᠠᠨ | ᠬᠤᠭᠤᠴᠠᠭᠠᠨ ᠤ ᠲᠤᠳᠤᠷ᠎ᠠ ᠬᠡᠤᠬᠡᠳ ᠢ ᠪᠠᠨ ᠰᠢᠯᠢᠳᠡᠭᠵᠢᠭᠦᠯᠬᠦ᠂ ᠪᠤᠰᠤᠳ ᠠᠴᠠ ᠳᠠᠪᠠᠭᠤᠯᠬᠤ ᠭᠡᠵᠤ ᠦᠩᠭᠡᠨ | ᠲᠠᠯ᠎ᠠ ᠶᠢᠨ ᠠᠷᠭ᠎ᠠ ᠬᠡᠯᠪᠡᠷᠢ ᠶᠢ ᠠᠪᠳᠠᠭ ᠠᠴᠠ ᠬᠡᠤᠬᠡᠳ ᠤᠨ ᠪᠡᠶ᠎ᠡ ᠲᠡᠭᠡᠷ᠎ᠡ ᠳᠣᠣᠷᠠᠬᠢ ᠮᠡᠳᠦ ᠰᠦᠷᠭᠡᠦ ᠨᠦᠯᠦᠭᠡ ᠶᠢ | ᠤᠯᠭᠤᠳᠠᠭ᠃ ᠵᠢᠱᠢᠶᠡᠯᠡᠪᠡᠯ᠂ ᠪᠠᠭ᠎ᠠ ᠰᠤᠷᠭᠠᠭᠤᠯᠢ ᠳᠤ ᠡᠶᠢᠮᠦᠷᠭᠦᠦ ᠰᠦᠷᠭᠡᠦ ᠨᠦᠯᠦᠭᠡ ᠬᠦᠷᠳᠡᠭᠰᠡᠨ ᠬᠡᠤᠬᠡᠳ | ᠠᠩᠬ᠎ᠠ ᠲᠤᠮᠳᠠᠳᠤ ᠳᠤ ᠤᠷᠤᠭᠰᠠᠨ ᠤ ᠲᠠᠷᠠᠭ᠎ᠠ ᠵᠢᠭᠠᠬᠠᠨ ᠴᠤᠬᠢᠯᠳᠠ ᠶᠢ ᠴᠤ ᠳᠠᠭᠠᠭᠠᠬᠤ ᠦᠬᠡᠢ ᠪᠣᠯᠵᠤ ᠶᠠᠮᠠᠷᠪᠠ | ᠶᠠᠪᠤᠳᠠᠯ ᠳᠤ ᠤᠷᠬᠢᠯᠤᠮ᠎ᠠ ᠬᠠᠯᠠᠭᠤᠨ ᠰᠡᠳᠬᠢᠯ ᠪᠠ ᠰᠤᠨᠢᠭᠤᠴᠢ ᠰᠡᠳᠬᠢᠯ ᠦᠭᠡᠢ ᠪᠣᠯᠵᠤ ᠬᠤᠪᠢ ᠪᠠᠨ ᠰᠠᠬᠢᠵᠣ | ᠭᠠᠭᠴᠠᠭᠠᠷᠳᠠᠮᠠᠯ ᠪᠤᠯᠳᠠᠭ᠃ ᠡᠨᠡ ᠪᠤᠯ ᠲᠠᠷᠤᠢ ᠰᠦᠷᠭᠡᠦ ᠨᠦᠯᠦᠭᠡ ᠠᠴᠠ ᠡᠭᠦᠰᠦᠭᠰᠡᠨ ᠰᠡᠳᠬᠢᠴᠡ | ᠪᠤᠯᠤᠨ᠎ᠠ᠃ ᠤᠳᠤ ᠶᠢᠨ ᠮᠠᠨ ᠤ ᠵᠠᠷᠢᠮ ᠬᠡᠣᠬᠡᠳ ᠳᠡᠭᠡᠳᠦ ᠲᠤᠮᠳᠠᠳᠤ ᠬᠦᠷᠲᠡᠯ᠎ᠡ ᠡᠶᠢᠮᠦᠷᠭᠦᠦ ᠰᠦᠭᠡᠷᠭᠦ ᠨᠦᠯᠦᠭᠡ ᠶᠢ | ᠬᠦᠷᠳᠡᠵᠤ᠂ ᠡᠶᠢᠮᠦᠷᠭᠦᠦ ᠪᠠᠶᠢᠳᠠᠯ ᠳᠤ ᠲᠦᠯᠦᠪᠰᠢᠭᠰᠡᠨ ᠠᠴᠠ ᠭᠡᠷ ᠤᠨ ᠠᠬᠠᠮᠠᠳ ᠨᠢ ᠴᠤ ᠪᠦᠷ ᠵᠤᠷᠢᠭ | ᠮᠤᠬᠤᠷᠠᠭᠰᠠᠨ ᠪᠠᠶᠢᠳᠠᠯ ᠳᠤ ᠤᠷᠤᠵᠤ ᠶᠡᠭᠡ ᠬᠦᠰᠡᠯ ᠨᠠᠶᠢᠳᠠᠯᠭ᠎ᠠ ᠲᠠᠯᠪᠢᠬᠤ ᠪᠠᠨ ᠴᠤ ᠪᠠᠶᠢᠴᠢᠬᠠᠳᠠᠭ᠃ ᠡᠨᠡ ᠪᠤᠯ | ᠲᠠᠷᠤᠢ ᠬᠡᠤᠬᠡᠳ ᠲᠤ ᠬᠠᠷᠢᠭᠤᠴᠠᠯᠭᠠᠳᠤ ᠰᠡᠳᠬᠢᠯ ᠤᠨ ᠬᠦᠮᠦᠵᠢᠯ ᠢ ᠬᠢᠵᠤ ᠴᠢᠳᠠᠭᠰᠠᠨ ᠦᠭᠡᠢ ᠶᠢᠨ ᠪᠣᠳᠠᠲᠣ | ᠢᠯᠡᠷᠡᠯ ᠪᠤᠯᠤᠨ᠎ᠠ᠃ | ᠬᠠᠷᠢᠭᠤᠴᠠᠯᠭᠠᠳᠤ ᠰᠡᠳᠬᠢᠯ ᠢ ᠬᠦᠮᠦᠵᠢᠭᠦᠯᠬᠦ ᠰᠤᠷᠭᠠᠨ ᠬᠦᠮᠦᠵᠢᠯ ᠢ ᠬᠦᠳᠦᠯᠦᠨ ᠵᠦᠪᠳᠡᠬᠦ ᠮᠠᠶ᠋ᠢᠭ ᠤᠨ | ᠰᠤᠷᠭᠠᠨ ᠬᠦᠮᠦᠵᠢᠯ ᠭᠡᠵᠤ ᠬᠡᠯᠡᠳᠡᠭ᠃ ᠡᠨᠡ ᠪᠤᠯ ᠲᠠᠷᠤᠢ ᠠᠮᠧᠷᠢᠺᠠ ᠶᠢᠨ ᠰᠤᠷᠭᠠᠨ ᠬᠦᠮᠦᠵᠢᠯ ᠳᠤ ᠦᠷᠭᠦᠯᠵᠢ | ᠬᠡᠷᠡᠭᠯᠡᠳᠡᠭ ᠰᠤᠷᠭᠠᠨ ᠬᠦᠮᠦᠵᠢᠯ ᠤᠨ ᠠᠷᠭ᠎ᠠ ᠪᠤᠯᠤᠨ᠎ᠠ᠃ ᠡᠶᠢᠮᠦᠷᠭᠦᠦ ᠰᠤᠷᠭᠠᠨ ᠬᠦᠮᠦᠵᠢᠯ ᠤᠨ ᠠᠷᠭ᠎ᠠ ᠨᠢ | ᠬᠡᠤᠬᠡᠳ ᠲᠤ ᠴᠢᠬᠤᠯᠠ ᠲᠠᠢ ᠮᠡᠳᠡᠯᠭᠡ ᠶᠢ ᠦᠭᠴᠤ ᠴᠢᠳᠠᠬᠤ ᠪᠠᠷ ᠪᠠᠷᠠᠬᠤ ᠦᠭᠡᠢ ᠢᠳᠡᠭᠡᠯ ᠵᠤᠷᠢᠭ ᠢ ᠨᠢ | ᠬᠦᠪᠴᠢᠯᠡᠵᠤ᠂ ᠮᠡᠳᠡᠯᠭᠡ ᠶᠢ ᠬᠦᠭᠡᠭᠡᠴᠡᠯᠳᠦᠬᠦ ᠡᠷᠡᠭᠦᠯ ᠰᠠᠷᠠᠭᠤᠯ ᠰᠡᠳᠬᠢᠯ ᠢ ᠪᠤᠢ ᠪᠤᠯᠭᠠᠳᠠᠭ᠃ ᠡᠶᠢᠮᠦ ᠠᠴᠠ ᠮᠠᠨ ᠤ | ᠭᠡᠷ ᠤᠨ ᠠᠬᠠᠮᠠᠳ ᠬᠡᠤᠬᠡᠳ ᠲᠤ ᠪᠠᠨ ᠡᠷᠬᠡᠪᠰᠢ ᠬᠠᠷᠢᠭᠤᠴᠠᠯᠭᠠᠳᠤ ᠰᠡᠳᠬᠢᠯ ᠢ ᠪᠤᠢ ᠪᠣᠯᠭᠠᠬᠤ ᠬᠦᠮᠦᠵᠢᠯ ᠢ ᠬᠢᠬᠦ | ᠴᠢᠬᠤᠯᠠ ᠲᠠᠢ᠃ | ᠬᠠᠷᠢᠭᠤᠴᠠᠯᠭᠠᠳᠤ ᠰᠡᠳᠬᠢᠯ ᠢᠶᠠᠷ ᠰᠠᠶᠢᠨ ᠬᠡᠤᠬᠡᠳ ᠦᠪᠡᠷ ᠤᠨ ᠡᠷᠭᠡ ᠦᠭᠡᠢ ᠰᠤᠷᠤᠯᠭ᠎ᠠ ᠳᠤ ᠪᠠᠨ | ᠴᠢᠷᠮᠠᠶᠢᠯᠳᠠ ᠲᠠᠢ ᠪᠠᠶᠢᠵᠤ᠂ ᠪᠡᠶ᠎ᠡ ᠪᠠᠨ ᠲᠠᠭᠠᠭᠠᠵᠤ᠂ ᠦᠪᠡᠷ ᠤᠨ ᠤᠬᠠᠮᠰᠠᠷ ᠠᠴᠠ ᠪᠠᠨ ᠰᠤᠷᠤᠯᠴᠠᠵᠤ᠂ ᠠᠪᠤ | ᠡᠵᠢ ᠪᠠᠨ ᠬᠠᠪᠰᠣᠷᠴᠣ᠂ ᠠᠮᠢᠳᠤᠷᠠᠯ ᠤᠨ ᠬᠦᠴᠢᠷ ᠵᠤᠪᠠᠯᠠᠩ ᠢ ᠤᠶᠢᠯᠠᠭᠠᠵᠤ ᠮᠡᠳᠡᠨ᠂ ᠠᠪᠤ ᠡᠵᠢ ᠶᠢᠨ ᠢᠶᠠᠨ | ᠶᠠᠳᠠᠷᠠᠭ᠎ᠠ ᠴᠢᠯᠡᠭᠡ ᠶᠢ ᠮᠡᠳᠡᠷᠡᠵᠤ᠂ ᠲᠤᠰᠠ ᠲᠡᠮ ᠪᠤᠯᠵᠤ ᠴᠢᠳᠠᠳᠠᠭ᠃ ᠨᠡᠩ ᠴᠤ ᠶᠠᠭᠤ ᠶᠢ ᠨᠢ ᠬᠢᠪᠡᠯ ᠠᠪᠤ | ᠡᠵᠢ ᠳᠤ ᠲᠤᠰᠠ ᠪᠤᠯᠵᠤ ᠴᠢᠳᠠᠬᠤ᠂ ᠶᠠᠮᠠᠷ ᠵᠦᠢᠯ ᠢ ᠠᠪᠤᠪᠠᠯ ᠠᠷᠪᠢᠯᠠᠨ ᠭᠠᠮᠨᠠᠵᠤ ᠴᠢᠳᠠᠬᠤ ᠶᠢ ᠪᠤᠳᠤᠯᠬᠢᠯᠠᠨ᠂ | ᠦᠪᠡᠷ ᠤᠨ ᠪᠡᠶ᠎ᠡ᠂ ᠦᠪᠡᠷ ᠤᠨ ᠠᠪᠤ ᠡᠵᠢ ᠳᠤ ᠪᠠᠨ ᠠᠴᠢ ᠲᠤᠰᠠ ᠪᠤᠯᠬᠤ ᠬᠠᠷᠢᠭᠤᠴᠠᠯᠭᠠᠳᠤ ᠰᠡᠳᠬᠢᠯ ᠨᠢ ᠶᠠᠰᠤ | ᠴᠢᠰᠤᠨ ᠠᠴᠠ ᠨᠢ ᠡᠬᠢᠯᠡᠨ ᠤᠷᠭᠤᠨ ᠭᠠᠷᠴᠤ ᠢᠷᠡᠳᠡᠭ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠦᠤᠰᠢᠨ ᠬᠤᠰᠢᠭᠤᠨ ᠤ ᠲᠠᠪᠣᠳᠣᠭᠠᠷ ᠪᠠᠭ᠎ᠠ ᠰᠣᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |