ᠰᠤᠶᠤᠯᠴᠡᠴᠡᠭ | | | | | ᠰᠤᠷᠤᠭᠴᠢᠳ ᠲᠠᠶᠢᠰᠠᠨ ᠳᠤ ᠭᠠᠷᠴᠤ ᠳᠠᠭᠤᠯᠠᠵᠤ ᠣᠷᠣᠯᠳᠣᠬᠤ ᠦᠶᠡᠰ ᠲᠡᠭᠦᠨ ᠤ ᠮᠡᠷᠭᠡᠵᠢᠯ ᠴᠢᠳᠠᠪᠤᠷᠢ ᠶᠢᠨ | ᠪᠤᠯᠪᠠᠰᠤᠷᠠᠯ ᠨᠢ ᠰᠢᠯᠭᠠᠯᠲᠠ ᠬᠦᠯᠢᠶᠡᠬᠦ ᠮᠦᠷᠲᠡᠭᠡᠨ ᠨᠡᠩ ᠴᠦ ᠰᠡᠳᠬᠢᠴᠡ ᠶᠢᠨ ᠪᠤᠯᠪᠠᠰᠤᠷᠠᠯ ᠤᠨ ᠬᠡᠮᠵᠢᠶ᠎ᠡ ᠨᠢ | ᠰᠢᠯᠭᠠᠯᠲᠠ ᠬᠦᠯᠢᠶᠡᠳᠡᠭ᠃ ᠶᠡᠷᠦ ᠶᠢᠨ ᠭᠤᠴᠢᠯᠠᠯ ᠳᠠᠭᠤᠤ ᠳᠠᠭᠤᠯᠠᠬᠤ ᠤᠷᠤᠯᠳᠤᠭᠠᠨ ᠳᠤ ᠤᠷᠤᠯᠴᠠᠬᠤ ᠪᠠᠷ ᠠᠪᠴᠤ | ᠬᠡᠯᠡᠪᠡᠯ᠂ ᠤᠷᠤᠯᠳᠤᠭᠴᠢ ᠡᠮᠦᠨᠡᠬᠢ ᠡᠵᠡᠮᠰᠢᠭᠰᠡᠨ ᠳᠠᠭᠤᠯᠠᠬᠤ ᠠᠷᠭ᠎ᠠ ᠮᠡᠷᠭᠡᠰᠢᠯ᠂ ᠤᠷ᠎ᠠ ᠴᠢᠳᠠᠪᠤᠷᠢ ᠪᠠᠨ ᠠᠰᠢᠭᠯᠠᠨ | ᠲᠠᠶᠢᠰᠠᠨ ᠳᠤ ᠭᠠᠷᠴᠤ ᠳᠠᠭᠤᠯᠠᠵᠤ ᠤᠷᠤᠯᠳᠤᠨ᠎ᠠ᠃ ᠣᠷᠣᠯᠳᠤᠭᠠᠨ ᠠᠴᠠ ᠡᠮᠦᠨ᠎ᠡ ᠣᠷᠣᠯᠳᠣᠭᠴᠢ ᠦᠷᠭᠦᠯᠵᠢ | ᠪᠤᠯᠪᠠᠰᠤᠷᠠᠵᠤ᠂ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠳᠠᠭ᠃ ᠭᠡᠲᠡᠯ᠎ᠡ ᠤᠷᠤᠯᠳᠤᠭᠠᠨ ᠳᠤ ᠵᠠᠷᠢᠮ | ᠤᠷᠤᠯᠳᠤᠭᠴᠢ ᠶᠢᠨ ᠬᠢᠷᠢ ᠪᠦᠲᠦᠮᠵᠢ ᠨᠢ ᠵᠦᠭᠡᠷ᠂ ᠵᠠᠷᠢᠮ ᠨᠡᠯᠢᠶᠡᠳ ᠰᠠᠶᠢᠨ ᠬᠢᠷᠢ ᠪᠦᠲᠦᠮᠵᠢ ᠤᠯᠬᠤ | ᠪᠤᠯᠤᠯᠴᠠᠭ᠎ᠠ ᠲᠠᠢ ᠪᠠᠶᠢᠭᠰᠠᠨ ᠤᠷᠤᠯᠳᠤᠭᠴᠢ ᠨᠢ ᠬᠠᠷᠢᠨ ᠰᠠᠨᠠᠭᠠᠨ ᠠᠴᠠ ᠭᠠᠳᠠᠭᠤᠷ ᠪᠠᠶᠢᠳᠠᠯ ᠭᠠᠷᠴᠤ ᠠᠨᠠᠢ ᠬᠢᠷᠢ | ᠪᠦᠲᠦᠮᠵᠢ ᠤᠯᠳᠠᠭ ᠦᠵᠡᠭᠳᠡᠯ ᠭᠠᠷᠳᠠᠭ᠃ ᠵᠢᠱᠢᠶᠡᠯᠡᠪᠡᠯ᠂ ᠤᠷᠤᠯᠳᠤᠭᠴᠢ ᠲᠠᠶᠢᠰᠠᠨ ᠳᠤ ᠭᠠᠷᠤᠭᠰᠠᠨ ᠤ ᠳᠠᠷᠠᠭ᠎ᠠ | ᠳᠠᠭᠤᠤ ᠶᠢᠨ ᠦᠭᠡ ᠪᠠᠨ ᠮᠠᠷᠲᠠᠬᠤ᠂ ᠬᠠᠪᠰᠤᠷᠤᠯ ᠬᠦᠭᠵᠢᠮ ᠠᠴᠠ ᠰᠠᠯᠬᠤ᠂ ᠳᠠᠭᠤᠤ ᠪᠠᠨ ᠰᠠᠶᠢᠬᠠᠨ ᠳᠠᠭᠤᠯᠠᠵᠤ | ᠳᠡᠶᠢᠯᠬᠦ ᠦᠭᠡᠢ᠂ ᠰᠡᠳᠬᠢᠯᠭᠡ ᠪᠠᠨ ᠰᠠᠶᠢᠬᠠᠨ ᠢᠯᠡᠷᠡᠭᠦᠯᠵᠦ ᠴᠢᠳᠠᠬᠤ ᠦᠭᠡᠢ ᠭᠡᠬᠦ ᠮᠡᠲᠦ ᠶᠢᠨ ᠤᠷᠤᠯᠳᠤᠭᠠᠨ ᠠᠴᠠ | ᠡᠮᠦᠨᠡᠬᠢ ᠪᠤᠯᠪᠠᠰᠤᠷᠠᠯ ᠤᠨ ᠪᠠᠶᠢᠳᠠᠯ ᠢᠶᠠᠨ ᠬᠦᠷᠬᠦ ᠦᠭᠡᠢ ᠦᠵᠡᠭᠳᠡᠯ ᠭᠠᠷᠳᠠᠭ᠃ ᠡᠨᠡ ᠪᠤᠯ ᠭᠤᠤᠯᠳᠠᠭᠤ | ᠤᠷᠤᠯᠳᠤᠭᠴᠢ ᠶᠢᠨ ᠬᠡᠲᠦᠷᠬᠡᠢ ᠶᠡᠭᠡ ᠪᠠᠴᠢᠮᠳᠠᠨ ᠰᠠᠨᠳᠤᠷᠴᠤ᠂ ᠦᠪᠡᠷ ᠤᠨ ᠰᠡᠳᠭᠢᠴᠡ ᠪᠠᠨ ᠡᠵᠡᠮᠳᠡᠵᠦ | ᠳᠡᠶᠢᠯᠦᠭᠰᠡᠨ ᠦᠭᠡᠢ ᠠᠴᠠ ᠪᠤᠯᠵᠠᠢ᠃ ᠰᠡᠳᠬᠢᠴᠡ ᠶᠢᠨ ᠬᠡᠪ ᠴᠢᠨᠠᠷ ᠨᠢ ᠤᠷᠤᠯᠳᠤᠭᠠᠨ ᠤ ᠬᠢᠷᠢ ᠪᠦᠲᠦᠮᠵᠢ ᠶᠢ | ᠰᠢᠭᠤᠳ ᠨᠥᠯᠥᠭᠡᠯᠡᠳᠡᠭ᠃ ᠤᠷᠤᠯᠳᠤᠭᠴᠢ ᠬᠡᠷᠪᠡ ᠰᠡᠳᠬᠢᠴᠡ ᠶᠢᠨ ᠲᠠᠯ᠎ᠠ ᠶᠢᠨ ᠬᠡᠪ ᠴᠢᠨᠠᠷ ᠰᠠᠶᠢᠨ ᠪᠤᠯ | ᠤᠷᠤᠯᠳᠤᠭᠠᠨ ᠤ ᠠᠬᠤᠢ ᠲᠠᠯᠠᠪᠠᠢ ᠳᠤ ᠡᠮᠦᠨᠡᠬᠢ ᠪᠤᠯᠪᠠᠰᠤᠷᠠᠯ ᠤᠨ ᠦᠶ᠎ᠡ ᠶᠢᠨ ᠪᠠᠶᠢᠳᠠᠯ ᠢᠶᠠᠨ ᠪᠠᠲᠤᠯᠠᠵᠤ ᠴᠢᠳᠠᠨ᠎ᠠ᠂ | ᠢᠩᠬᠢᠪᠡᠯ ᠰᠠᠶᠢᠨ ᠬᠢᠷᠢ ᠪᠦᠲᠦᠮᠵᠢ ᠤᠯᠬᠤ ᠪᠤᠯᠤᠮᠵᠢ ᠶᠡᠭᠡ ᠪᠠᠶᠢᠳᠠᠭ᠂᠂ ᠤᠷᠤᠯᠳᠤᠭᠴᠢ ᠰᠡᠳᠬᠢᠴᠡ ᠶᠢᠨ ᠬᠡᠪ | ᠴᠢᠨᠠᠷ ᠠᠨᠠᠢ ᠪᠠᠶᠢᠵᠤ᠂ ᠣᠷᠣᠯᠳᠤᠭᠠᠨ ᠤ ᠠᠬᠤᠢ ᠲᠠᠯᠠᠪᠠᠢ ᠳᠤ ᠳᠠᠭᠤᠯᠠᠵᠤ ᠤᠷᠤᠯᠳᠤᠬᠤ ᠦᠶ᠎ᠡ ᠳᠤ ᠰᠡᠳᠬᠢᠴᠡ ᠨᠢ | ᠬᠠᠷᠰᠢ ᠲᠠᠢ ᠪᠤᠯ ᠲᠤᠬᠠᠢ ᠶᠢᠨ ᠲᠠᠯᠠᠪᠠᠢ ᠳᠤ ᠪᠤᠯᠪᠠᠰᠤᠷᠠᠯ ᠤᠨ ᠦᠶ᠎ᠡ ᠶᠢᠨ ᠪᠠᠶᠢᠳᠠᠯ ᠢᠶᠠᠨ ᠬᠦᠷᠬᠦ ᠦᠭᠡᠢ ᠪᠤᠯᠵᠤ᠂ | ᠰᠠᠶᠢᠨ ᠬᠢᠷᠢ ᠪᠦᠲᠦᠮᠵᠢ ᠤᠯᠵᠤ ᠴᠢᠳᠠᠬᠤ ᠦᠭᠡᠢ ᠪᠤᠯᠤᠨ᠎ᠠ᠃ ᠡᠶᠢᠮᠦ ᠠᠴᠠ ᠳᠠᠰᠬᠠᠯᠵᠢᠭᠤᠯᠤᠭᠴᠢ ᠪᠠᠭᠰᠢ ᠠᠴᠠ | ᠤᠷᠤᠯᠳᠤᠬᠤ ᠰᠤᠷᠤᠭᠴᠢ ᠶᠢᠨ ᠢᠶᠠᠨ ᠪᠠᠶᠢᠳᠠᠯ ᠢ ᠠᠵᠢᠭᠯᠠᠨ᠂ ᠳᠠᠭᠤᠯᠠᠬᠤ ᠦᠶᠡᠰ ᠰᠡᠳᠭᠢᠴᠡ ᠨᠢ ᠬᠠᠷᠰᠢ ᠪᠠᠶᠢᠬᠤ | ᠡᠰᠡᠬᠦ ᠶᠢ ᠨᠢ ᠦᠵᠡᠵᠦ ᠭᠠᠷᠬᠤ ᠮᠦᠷᠲᠡᠭᠡᠨ ᠰᠡᠳᠭᠢᠴᠡ ᠶᠢᠨ ᠬᠠᠷᠰᠢ ᠶᠢ ᠨᠢ ᠠᠷᠢᠯᠭᠠᠬᠤ ᠠᠵᠢᠯ ᠢ ᠰᠠᠶᠢᠲᠤᠷ ᠬᠢᠬᠦ | ᠴᠢᠬᠤᠯᠠ ᠲᠠᠢ᠃ ᠳᠤᠤᠷ᠎ᠠ ᠤᠷᠤᠯᠳᠤᠭᠴᠢ ᠳᠤ ᠰᠡᠳᠬᠢᠴᠡ ᠶᠢᠨ ᠬᠠᠷᠰᠢ ᠲᠠᠢ ᠪᠠᠶᠢᠬᠤ ᠢᠯᠡᠷᠡᠯ ᠪᠠ ᠡᠶᠢᠮᠦᠷᠬᠦᠤ | ᠰᠡᠳᠭᠢᠴᠡ ᠶᠢᠨ ᠬᠠᠷᠰᠢ ᠶᠢ ᠬᠡᠷᠬᠢᠨ ᠠᠷᠢᠯᠭᠠᠬᠤ ᠲᠤᠬᠠᠢ ᠵᠦᠪᠯᠡᠮᠵᠢ ᠥᠭᠭᠦᠶ᠎ᠡ᠃ | ᠨᠢᠭᠡ᠂ ᠲᠠᠶᠢᠰᠠᠨ ᠳᠤ ᠣᠷᠣᠯᠳᠣᠬᠤ ᠰᠤᠷᠤᠭᠴᠢ ᠶᠢᠨ ᠳᠠᠭᠤᠯᠠᠬᠤ ᠦᠶᠡᠰ ᠤᠨ ᠰᠡᠳᠬᠢᠴᠡ ᠶᠢᠨ ᠬᠠᠷᠰᠢ ᠶᠢᠨ | ᠢᠯᠡᠷᠡᠯ | ᠣᠷᠣᠯᠳᠣᠬᠤ ᠰᠤᠷᠤᠭᠴᠢ ᠶᠢᠨ ᠰᠡᠳᠬᠢᠴᠡ ᠶᠢᠨ ᠬᠠᠷᠰᠢ ᠲᠠᠢ ᠪᠠᠶᠢᠬᠤ ᠪᠠᠶᠢᠳᠠᠯ ᠤᠨ ᠢᠯᠡᠷᠡᠯ ᠨᠢ | ᠲᠠᠶᠢᠰᠠᠨ ᠳᠤ ᠭᠠᠷᠬᠤ ᠠᠴᠠ ᠡᠮᠦᠨ᠎ᠡ ᠪᠠ ᠲᠠᠶᠢᠰᠠᠨ ᠳᠤ ᠭᠠᠷᠤᠭᠰᠠᠨ ᠤ ᠳᠠᠷᠠᠭ᠎ᠠ ᠪᠦᠷ ᠢᠯᠡᠷᠡᠳᠡᠭ᠃ | ᠳᠠᠰᠬᠠᠯᠵᠢᠭᠤᠯᠤᠭᠴᠢ ᠪᠠᠭᠰᠢ ᠠᠴᠠ ᠪᠡᠯᠡᠳᠭᠡᠯ ᠪᠤᠯᠪᠠᠰᠤᠷᠠᠯ ᠪᠤᠶᠤ ᠳᠠᠭᠤᠷᠢᠶᠠᠮᠠᠯ ᠤᠷᠤᠯᠳᠤᠭᠠᠨ ᠬᠢᠵᠦ | ᠤᠷᠤᠯᠳᠤᠭᠴᠢ ᠶᠢᠨ ᠰᠡᠳᠭᠢᠴᠡ ᠶᠢᠨ ᠬᠠᠷᠰᠢ ᠲᠠᠢ ᠡᠰᠡᠬᠦ ᠶᠢ ᠤᠷᠢᠳᠴᠢᠯᠠᠨ ᠮᠡᠳᠡᠵᠦ᠂ ᠬᠡᠷᠪᠡ | ᠰᠡᠳᠭᠢᠴᠡ ᠶᠢᠨ ᠬᠠᠷᠰᠢ ᠲᠠᠢ ᠪᠠᠶᠢᠪᠠᠯ᠂ ᠡᠨᠡ ᠬᠦ ᠬᠠᠷᠰᠢ ᠶᠢ ᠠᠷᠢᠯᠭᠠᠬᠤ ᠪᠤᠳᠠᠲᠠᠢ ᠠᠷᠭ᠎ᠠ ᠠᠪᠬᠤ ᠴᠢᠬᠤᠯᠠ | ᠲᠠᠢ᠃ ᠤᠷᠤᠯᠳᠤᠬᠴᠢ ᠶᠢᠨ ᠰᠡᠳᠭᠢᠴᠡ ᠶᠢᠨ ᠬᠠᠷᠰᠢ ᠶᠢᠨ ᠵᠠᠷᠢᠮ ᠨᠢ ᠲᠠᠶᠢᠰᠠᠨ ᠳᠤ ᠭᠠᠷᠬᠤ ᠠᠴᠠ ᠡᠮᠦᠨ᠎ᠡ | ᠢᠯᠡᠷᠡᠳᠡᠭ᠂ ᠵᠠᠷᠢᠮ ᠨᠢ ᠲᠠᠶᠢᠰᠠᠨ ᠳᠤ ᠭᠠᠷᠤᠭᠰᠠᠨ ᠠᠴᠠ ᠰᠡᠭᠦᠯᠡᠷ ᠢᠯᠡᠷᠡᠳᠡᠭ᠃ | ︵ᠨᠢᠭᠡ︶ ᠲᠠᠶᠢᠰᠠᠨ ᠳᠤ ᠭᠠᠷᠬᠤ ᠠᠴᠠ ᠡᠮᠦᠨᠡᠬᠢ ᠰᠡᠳᠬᠢᠴᠡ ᠶᠢᠨ ᠬᠠᠷᠰᠢ ᠶᠢᠨ ᠢᠯᠡᠷᠡᠯ | 1. ᠲᠠᠶᠢᠰᠠᠨ ᠳᠤ ᠭᠠᠷᠬᠤ ᠠᠴᠠ ᠡᠮᠦᠨ᠎ᠡ ᠪᠡᠶ᠎ᠡ ᠵᠠᠰᠠᠬᠤ ᠤᠯᠠᠳᠠᠬᠤ᠃ ᠤᠷᠤᠯᠳᠤᠭᠴᠢ ᠲᠠᠶᠢᠰᠠᠨ ᠳᠤ ᠭᠠᠷᠴᠤ | ᠳᠠᠭᠤᠯᠠᠬᠤ ᠣᠶᠢᠷᠠᠲᠤᠭᠰᠠᠭᠠᠷ ᠶᠡᠷᠦ ᠶᠢᠨ ᠴᠠᠭ ᠠᠴᠠ ᠪᠠᠨ ᠣᠯᠠᠨ ᠪᠡᠶ᠎ᠡ ᠵᠠᠰᠠᠬᠤ ᠴᠢᠬᠤᠯᠠ ᠲᠠᠢ ᠪᠤᠯᠵᠤ᠂ | ᠤᠬᠤᠷᠬᠠᠨ ᠴᠠᠭ ᠲᠤ ᠨᠢᠭᠡ ᠯᠡ ᠤᠳᠠᠭ᠎ᠠ ᠪᠢᠰᠢ ᠬᠡᠳᠦ ᠤᠳᠠᠭ᠎ᠠ ᠵᠤᠷᠯᠤᠩ ᠳᠤ ᠤᠴᠢᠳᠠᠭ᠃ ᠡᠨᠡ ᠨᠢ | ᠲᠠᠶᠢᠰᠠᠨ ᠳᠤ ᠭᠠᠷᠴᠤ ᠳᠠᠭᠤᠯᠠᠬᠤ ᠠᠴᠠ ᠠᠶᠤᠵᠤ ᠪᠠᠶᠢᠭ᠎ᠠ ᠰᠡᠳᠭᠢᠴᠡ ᠶᠢᠨ ᠢᠯᠡᠷᠡᠯ ᠮᠥᠨ᠃ ᠲᠠᠶᠢᠰᠠᠨ ᠳᠤ | ᠭᠠᠷᠴᠤ ᠳᠠᠭᠤᠯᠠᠬᠤ ᠠᠴᠠ ᠪᠠᠨ ᠡᠮᠦᠨ᠎ᠡ ᠰᠡᠳᠭᠢᠴᠡ ᠨᠢ ᠲᠤᠭᠲᠠᠪᠤᠷᠢ ᠠᠯᠳᠠᠵᠤ᠂ ᠲᠠᠶᠢᠰᠠᠨ ᠳᠤ ᠭᠠᠷᠬᠤ ᠦᠶᠡᠰ | ᠲᠤᠭᠲᠠᠪᠤᠷᠢᠵᠢᠵᠦ ᠳᠡᠶᠢᠯᠬᠦ ᠦᠭᠡᠢ᠃ ᠲᠠᠶᠢᠰᠠᠨ ᠳᠤ ᠭᠠᠷᠤᠭᠰᠠᠭᠠᠷ ᠨᠡᠩ ᠪᠠᠴᠢᠮᠳᠠᠨ ᠰᠠᠨᠳᠤᠷᠤᠨ᠎ᠠ᠃ ᠡᠶᠢᠮᠦ | ᠰᠡᠳᠬᠢᠴᠡ ᠨᠢ ᠣᠷᠣᠯᠳᠣᠭᠴᠢ ᠶᠢᠨ ᠤᠷᠤᠯᠳᠤᠭᠠᠨ ᠤ ᠠᠬᠤᠢ ᠲᠠᠯᠠᠪᠠᠢ ᠳᠤ ᠳᠠᠭᠤᠯᠠᠬᠤ ᠬᠢᠷᠢ ᠪᠦᠲᠦᠮᠵᠢ ᠶᠢ ᠲᠤᠩ | ᠶᠡᠭᠡ ᠨᠥᠯᠥᠭᠡᠯᠡᠨ᠎ᠡ᠃ | 2. ᠲᠠᠶᠢᠰᠠᠨ ᠳᠤ ᠭᠠᠷᠬᠤ ᠠᠴᠠ ᠡᠮᠦᠨ᠎ᠡ ᠪᠡᠶ᠎ᠡ ᠴᠡᠴᠡᠷᠬᠢᠯᠡᠬᠦ᠂ ᠳᠠᠭᠤ ᠴᠡᠴᠡᠷᠬᠢᠯᠡᠬᠦ᠂ ᠵᠠᠷᠢᠮ ᠳᠤ ᠪᠠᠨ | ᠤᠷᠤᠭᠤᠯ ᠨᠢ ᠬᠦᠷᠲᠡᠯ᠎ᠡ ᠴᠡᠴᠡᠷᠬᠢᠯᠡᠬᠦ᠃ ᠣᠷᠣᠯᠳᠤᠭᠴᠢ ᠲᠠᠶᠢᠰᠠᠨ ᠳᠤ ᠭᠠᠷᠴᠤ ᠳᠠᠭᠤᠯᠠᠬᠤ ᠤᠶᠢᠷᠠᠲᠤᠭᠰᠠᠭᠠᠷ | ᠰᠠᠨᠳᠤᠷᠬᠤ ᠪᠠᠶᠢᠳᠠᠯ ᠢᠯᠡᠷᠡᠵᠦ᠂ ᠣᠯᠠᠮ ᠤᠶᠢᠷᠠᠳᠬᠤ ᠳᠤᠲᠤᠮ ᠣᠯᠠᠮ ᠰᠠᠨᠳᠤᠷᠴᠤ ᠪᠡᠶ᠎ᠡ ᠨᠢ ᠴᠡᠴᠡᠷᠬᠢᠯᠡᠬᠦ᠂ | ᠵᠤᠭᠤᠭ ᠬᠡᠯᠡᠯᠴᠡᠬᠦ ᠳᠤ ᠳᠠᠭᠤ ᠨᠢ ᠴᠡᠴᠡᠷᠬᠢᠯᠡᠬᠦ᠂ ᠨᠡᠩ ᠵᠠᠷᠢᠮ ᠨᠢ ᠦᠭᠡ ᠵᠤᠭᠤᠭ ᠬᠡᠯᠡᠬᠦ ᠦᠭᠡᠢ ᠪᠠᠶᠢᠲᠠᠯ᠎ᠠ | ᠤᠷᠤᠭᠤᠯ ᠨᠢ ᠬᠦᠷᠲᠡᠯ᠎ᠡ ᠴᠡᠴᠡᠷᠬᠢᠯᠡᠳᠡᠭ᠃ ᠡᠨᠡ ᠨᠢ ᠲᠠᠶᠢᠰᠠᠨ ᠳᠤ ᠭᠠᠷᠴᠤ ᠳᠠᠭᠤᠯᠠᠬᠤ ᠠᠴᠠ ᠲᠤᠩ ᠶᠡᠭᠡ ᠠᠶᠤᠵᠤ | ᠪᠠᠶᠢᠭ᠎ᠠ ᠶᠢᠨ ᠢᠯᠡᠷᠡᠯ ᠮᠥᠨ᠃ ᠣᠷᠣᠯᠳᠤᠭᠴᠢ ᠶᠢᠨ ᠰᠡᠳᠭᠢᠴᠡ ᠶᠢᠨ ᠭᠦᠳᠡᠯᠭᠡᠭᠡᠨ ᠲᠤᠩ ᠶᠡᠭᠡ ᠪᠠᠶᠢᠭ᠎ᠠ ᠶᠢᠨ | ᠢᠯᠡᠷᠡᠯ ᠮᠥᠨ᠃ ᠲᠠᠶᠢᠰᠠᠨ ᠳᠤ ᠭᠠᠷᠴᠤ ᠳᠠᠭᠤᠯᠠᠬᠤ ᠦᠶᠡᠰ ᠨᠡᠩ ᠢᠯᠡᠭᠦᠦ ᠠᠶᠤᠵᠤ ᠰᠠᠨᠳᠤᠷᠴᠤ | ᠮᠡᠳᠡᠨ᠎ᠡ᠃ ᠤᠷᠤᠯᠳᠤᠭᠴᠢ ᠶᠢᠨ ᠬᠢᠷᠢ ᠪᠦᠲᠦᠮᠵᠢ ᠨᠢ ᠶᠠᠷᠢᠶᠠᠨ ᠦᠭᠡᠢ ᠲᠤᠩ ᠶᠡᠭᠡ ᠳᠤᠷᠤᠭᠰᠢᠯᠠᠨ᠎ᠠ᠃ | ︵ᠬᠤᠶᠠᠷ︶ ᠲᠠᠶᠢᠰᠠᠨ ᠳᠠᠬᠢ ᠰᠡᠳᠬᠢᠴᠡ ᠶᠢᠨ ᠬᠠᠷᠰᠢ ᠶᠢᠨ ᠢᠯᠡᠷᠡᠯ | 1. ᠲᠠᠶᠢᠰᠠᠨ ᠳᠤ ᠭᠠᠷᠤᠭᠠᠳ ᠬᠡᠪ ᠤᠨ ᠪᠠᠶᠢᠳᠠᠯ ᠢᠶᠠᠨ ᠠᠯᠳᠠᠬᠤ᠃ ᠤᠷᠤᠯᠳᠤᠭᠴᠢ ᠲᠠᠶᠢᠰᠠᠨ ᠳᠤ ᠭᠠᠷᠴᠤ | ᠳᠠᠭᠤᠯᠠᠬᠤ ᠦᠶᠡᠰ ᠳᠠᠭᠤ ᠶᠢᠨ ᠦᠭᠡ ᠪᠠᠨ ᠮᠠᠷᠲᠠᠬᠤ ᠶᠤᠮ ᠤᠤ ᠡᠰᠭᠦᠯ᠎ᠡ ᠳᠠᠭᠤᠯᠠᠬᠤ ᠳᠤ ᠪᠠᠨ ᠡᠮᠦᠨ᠎ᠡ ᠬᠤᠶᠢᠨ᠎ᠠ | ᠪᠠᠳᠠᠭ ᠢ ᠰᠣᠯᠢᠵᠣ ᠳᠠᠭᠤᠯᠠᠬᠤ᠂ ᠪᠤᠷᠤᠭᠤ ᠠᠶ᠎ᠠ ᠪᠠᠷ ᠳᠠᠭᠤᠯᠠᠬᠤ᠂ ᠠᠶᠠᠯᠭᠤ ᠠᠯᠳᠠᠬᠤ᠂ ᠠᠶᠢᠵᠠᠮ ᠴᠤᠬᠢᠯᠭ᠎ᠠ | ᠪᠤᠷᠤᠭᠤᠳᠠᠬᠤ ᠵᠡᠷᠭᠡ ᠬᠡᠪ ᠤᠨ ᠪᠠᠶᠢᠳᠠᠯ ᠢᠶᠠᠨ ᠠᠯᠳᠠᠬᠤ ᠦᠵᠡᠭᠳᠡᠯ ᠭᠠᠷᠳᠠᠭ᠃ ᠨᠡᠩ ᠴᠢᠨᠠᠭᠰᠢᠯᠠᠪᠠᠯ᠂ ᠤᠯᠠᠨ ᠤ | ᠡᠮᠦᠨ᠎ᠡ ᠭᠠᠷᠤᠭᠠᠳ ᠶᠠᠭᠠᠬᠢᠵᠦ ᠡᠬᠢᠯᠡᠵᠦ ᠳᠠᠭᠤᠯᠠᠬᠤ ᠪᠠᠨ ᠴᠦ ᠮᠠᠷᠲᠠᠬᠤ᠂ ᠳᠠᠭᠤᠯᠠᠵᠤ ᠳᠡᠶᠢᠯᠬᠦ ᠦᠭᠡᠢ ᠪᠤᠶᠤ | ᠳᠠᠭᠤᠯᠠᠬᠤ ᠭᠡᠳ ᠳᠠᠭᠤ ᠨᠢ ᠭᠠᠷᠬᠤ ᠦᠭᠡᠢ ᠪᠠᠶᠢᠳᠠᠯ ᠴᠦ ᠭᠠᠷᠳᠠᠭ᠃ ᠡᠶᠢᠮᠦᠷᠬᠦᠤ ᠦᠵᠡᠭᠳᠡᠯ ᠨᠢ | ᠤᠷᠤᠯᠳᠤᠭᠴᠢ ᠶᠢᠨ ᠰᠡᠳᠭᠢᠴᠡ ᠬᠠᠷᠰᠢ ᠲᠠᠢ ᠪᠠᠶᠢᠵᠤ᠂ ᠰᠡᠳᠬᠢᠴᠡ ᠶᠢᠨ ᠬᠡᠪ ᠴᠢᠨᠠᠷ ᠲᠤᠩ ᠠᠨᠠᠢ ᠪᠠᠶᠢᠭ᠎ᠠ ᠶᠢᠨ | ᠢᠯᠡᠷᠡᠯ ᠮᠥᠨ᠃ ᠤᠷᠤᠯᠳᠤᠭᠴᠢ ᠶᠢᠨ ᠲᠠᠶᠢᠰᠠᠨ ᠳᠠᠬᠢ ᠤᠷᠤᠯᠳᠤᠭᠠᠨ ᠤ ᠬᠢᠷᠢ ᠪᠦᠲᠦᠮᠵᠢ ᠬᠡᠯᠡᠯᠭᠡᠨ ᠦᠭᠡᠢ | ᠶᠡᠭᠡ ᠪᠠᠷ ᠨᠥᠯᠥᠭᠡᠯᠡᠭᠳᠡᠵᠦ᠂ ᠶᠡᠷᠦ ᠶᠢᠨ ᠴᠠᠭ ᠤᠨ ᠪᠤᠯᠪᠠᠰᠤᠷᠠᠯ ᠤᠨ ᠦᠶ᠎ᠡ ᠶᠢᠨ ᠪᠠᠶᠢᠳᠠᠯ ᠲᠠᠢ ᠬᠠᠷᠢᠴᠠᠭᠤᠯᠪᠠᠯ | ᠬᠤᠯᠠ ᠠᠨᠠᠢ ᠪᠤᠯᠤᠨ᠎ᠠ᠃ | 2. ᠲᠠᠶᠢᠰᠠᠨ ᠳᠤ ᠭᠠᠷᠤᠭᠠᠳ ᠬᠠᠴᠠᠷ ᠤᠯᠠᠶᠢᠵᠦ᠂ ᠵᠢᠷᠦᠬᠡᠨ ᠲᠦᠭᠰᠢᠯᠲᠡ ᠰᠢᠷᠦᠭᠦᠰᠬᠦ᠂ ᠮᠠᠩᠨᠠᠢ ᠪᠤᠶᠤ | ᠭᠠᠷ ᠤᠨ ᠠᠯᠠᠭᠠᠨ ᠠᠴᠠ ᠨᠢ ᠬᠦᠢᠲᠡᠨ ᠬᠦᠯᠦᠰᠦ ᠭᠠᠷᠬᠤ᠃ ᠤᠷᠤᠯᠳᠤᠭᠴᠢ ᠲᠠᠶᠢᠰᠠᠨ ᠳᠤ ᠭᠠᠷᠬᠤ ᠠᠴᠠ ᠡᠮᠦᠨ᠎ᠡ | ᠳᠡᠮᠡᠢ ᠪᠠᠴᠢᠮᠳᠠᠨ ᠰᠠᠨᠳᠤᠷᠤᠭᠰᠠᠨ ᠪᠠᠶᠢᠳᠠᠯ ᠮᠡᠳᠡᠭᠳᠡᠬᠦ ᠦᠭᠡᠢ᠃ ᠭᠡᠪᠡᠴᠦ ᠲᠠᠶᠢᠰᠠᠨ ᠳᠤ ᠭᠠᠷᠤᠭᠰᠠᠭᠠᠷ ᠬᠠᠴᠠᠷ ᠨᠢ | ᠤᠯᠠᠶᠢᠵᠦ᠂ ᠵᠢᠷᠦᠬᠡᠨ ᠲᠦᠭᠰᠢᠯᠲᠡ ᠨᠢ ᠰᠢᠷᠦᠭᠦᠰᠬᠦ᠂ ᠮᠠᠩᠨᠠᠢ ᠪᠤᠶᠤ ᠭᠠᠷ ᠤᠨ ᠠᠯᠠᠭᠠᠨ ᠠᠴᠠ ᠨᠢ ᠬᠦᠢᠲᠡᠨ | ᠬᠦᠯᠦᠰᠦ ᠭᠠᠷᠬᠤ ᠦᠵᠡᠭᠳᠡᠯ ᠭᠠᠷᠳᠠᠭ᠃ ᠢᠩᠬᠢᠵᠦ ᠪᠠᠴᠢᠮᠳᠠᠨ ᠰᠠᠨᠳᠤᠷᠬᠤ ᠨᠢ ᠤᠷᠤᠯᠳᠤᠭᠴᠢ ᠶᠢ ᠲᠠᠶᠢᠰᠠᠨ ᠤ | ᠠᠬᠤᠢ ᠲᠠᠯᠠᠪᠠᠢ ᠳᠤ ᠳᠠᠭᠤᠯᠠᠬᠤ ᠡᠵᠡᠮᠰᠢᠯ ᠢᠶᠠᠨ ᠠᠯᠳᠠᠬᠤ ᠪᠤᠯᠭᠠᠵᠤ᠂ ᠤᠷᠤᠯᠳᠤᠭᠠᠨ ᠳᠤ ᠳᠠᠭᠤᠯᠠᠬᠤ ᠨᠢ | ᠪᠤᠯᠪᠠᠰᠤᠷᠠᠯ ᠤᠨ ᠦᠶ᠎ᠡ ᠶᠢᠨ ᠲᠤᠭᠲᠠᠩᠭᠤᠢ ᠪᠠᠶᠢᠳᠠᠯ ᠢᠶᠠᠨ ᠬᠤᠯᠠ ᠬᠦᠷᠬᠦ ᠦᠭᠡᠢ ᠪᠤᠯᠭᠠᠳᠠᠭ᠃ ᠲᠡᠭᠦᠨ ᠤ | ᠤᠷᠤᠯᠳᠤᠭᠠᠨ ᠤ ᠬᠢᠷᠢ ᠪᠦᠲᠦᠮᠵᠢ ᠶᠠᠷᠢᠶᠠᠨ ᠦᠭᠡᠢ ᠨᠥᠯᠥᠭᠡᠯᠡᠭᠳᠡᠵᠦ ᠶᠡᠷᠦ ᠶᠢᠨ ᠴᠠᠭ ᠤᠨ ᠪᠤᠯᠪᠠᠰᠤᠷᠠᠯ ᠤᠨ | ᠦᠶ᠎ᠡ ᠶᠢᠨ ᠪᠠᠶᠢᠳᠠᠯ ᠢᠶᠠᠨ ᠪᠠᠲᠤᠯᠠᠵᠤ ᠳᠡᠶᠢᠯᠬᠦ ᠦᠭᠡᠢ᠃ ᠡᠨᠡ ᠨᠢ ᠤᠷᠤᠯᠳᠤᠭᠴᠢ ᠶᠢᠨ ᠰᠡᠳᠭᠢᠴᠡ ᠨᠢ ᠬᠠᠷᠰᠢ ᠲᠠᠢ | ᠪᠠᠶᠢᠬᠤ ᠶᠢᠨ ᠢᠯᠡᠷᠡᠯ ᠮᠥᠨ᠃ | ᠬᠤᠶᠠᠷ᠂ ᠤᠷᠤᠯᠳᠤᠭᠴᠢ ᠶᠢᠨ ᠤᠷᠤᠯᠳᠤᠬᠤ ᠦᠶᠡᠰ ᠤᠨ ᠰᠡᠳᠬᠢᠴᠡ ᠶᠢᠨ ᠬᠠᠷᠰᠢ ᠶᠢ ᠠᠷᠢᠯᠭᠠᠬᠤ ᠲᠣᠬᠠᠢ | ᠳᠠᠰᠬᠠᠯᠵᠢᠭᠤᠯᠤᠭᠴᠢ ᠪᠠᠭᠰᠢ ᠤᠷᠤᠯᠳᠤᠬᠤ ᠰᠤᠷᠤᠭᠴᠢ ᠶᠢᠨ ᠰᠡᠳᠭᠢᠴᠡ ᠶᠢᠨ ᠪᠠᠶᠢᠳᠠᠯ ᠢ ᠤᠷᠢᠳ ᠢᠶᠠᠷ | ᠣᠶᠢᠯᠠᠭᠠᠬᠤ ᠴᠢᠬᠤᠯᠠ ᠲᠠᠢ᠃ ᠤᠷᠤᠯᠳᠤᠬᠤ ᠰᠤᠷᠤᠭᠴᠢ ᠪᠠᠨ ᠤᠷᠤᠯᠳᠤᠬᠤ ᠲᠠᠶᠢᠰᠠᠨ ᠳᠤ ᠭᠠᠷᠬᠤ ᠠᠴᠠ ᠡᠮᠦᠨ᠎ᠡ | ᠳᠠᠭᠤᠷᠢᠶᠠᠮᠠᠯ ᠤᠷᠤᠯᠳᠤᠭᠠᠨ ᠬᠢᠬᠦ ᠪᠤᠶᠤ ᠣᠯᠠᠨ ᠬᠦᠮᠦᠨ ᠤ ᠡᠮᠦᠨ᠎ᠡ ᠳᠠᠭᠤᠯᠠᠭᠤᠯᠵᠤ᠂ ᠲᠤᠰ ᠤᠷᠤᠯᠳᠤᠭᠴᠢ ᠶᠢᠨ | ᠰᠡᠳᠭᠢᠴᠡ ᠶᠠᠮᠠᠷ ᠵᠠᠷᠭᠡ ᠶᠢ ᠤᠶᠢᠯᠠᠭᠠᠵᠤ᠂ ᠪᠠᠶᠢᠳᠠᠯ ᠳᠤ ᠨᠢ ᠲᠤᠬᠢᠷᠠᠭᠤᠯᠤᠨ ᠰᠡᠳᠭᠢᠴᠡ ᠶᠢᠨ ᠬᠠᠷᠰᠢ ᠶᠢ | ᠠᠷᠢᠯᠭᠠᠬᠤ ᠵᠢᠯᠤᠭᠤᠳᠤᠯᠭ᠎ᠠ ᠬᠢᠨ᠎ᠡ᠃ ᠰᠡᠳᠭᠢᠴᠡ ᠶᠢᠨ ᠪᠠᠶᠢᠳᠠᠯ ᠵᠦᠭᠡᠷ ᠴᠦ ᠭᠡᠰᠡᠨ᠂ ᠠᠨᠠᠢ ᠴᠦ ᠭᠡᠰᠡᠨ ᠵᠠᠪᠠᠯ | ᠰᠡᠳᠭᠢᠴᠡ ᠶᠢᠨ ᠵᠢᠯᠤᠭᠤᠳᠤᠯᠭ᠎ᠠ ᠬᠢᠵᠦ᠂ ᠤᠷᠤᠯᠳᠤᠭᠠᠨ ᠤ ᠬᠢᠷᠢ ᠪᠦᠲᠦᠮᠵᠢ ᠶᠢ ᠨᠢ ᠪᠠᠲᠤᠯᠠᠬᠤ ᠪᠠᠷ | ᠪᠡᠯᠡᠳᠭᠡᠨ᠎ᠡ᠃ ᠬᠡᠯᠡᠯᠭᠡᠨ ᠦᠭᠡᠢ ᠰᠡᠳᠭᠢᠴᠡ ᠨᠢ ᠬᠠᠷᠰᠢ ᠲᠠᠢ ᠤᠷᠤᠯᠳᠤᠭᠴᠢ ᠳᠤ ᠰᠡᠳᠭᠢᠴᠡ ᠶᠢᠨ | ᠵᠢᠯᠤᠭᠤᠳᠤᠯᠭ᠎ᠠ ᠶᠢ ᠬᠠᠨᠳᠤᠯᠭ᠎ᠠ ᠲᠠᠢ᠂ ᠨᠠᠷᠢᠯᠢᠬ ᠬᠢᠵᠦ ᠰᠡᠳᠭᠢᠴᠡ ᠶᠢᠨ ᠬᠠᠷᠰᠢ ᠶᠢ ᠨᠢ ᠠᠷᠢᠯᠭᠠᠵᠤ᠂ ᠰᠠᠶᠢᠨ | ᠰᠡᠳᠭᠢᠴᠡ ᠲᠠᠢ ᠪᠤᠯᠭᠠᠬᠤ ᠴᠢᠬᠤᠯᠠ ᠲᠠᠢ᠃ ᠳᠤᠤᠷᠠᠬᠢ ᠠᠷᠭ᠎ᠠ ᠪᠠᠷ ᠤᠷᠤᠯᠳᠤᠭᠴᠢ ᠶᠢᠨ ᠰᠡᠳᠭᠢᠴᠡ ᠶᠢᠨ | ᠬᠠᠷᠰᠢ ᠶᠢ ᠠᠷᠢᠯᠭᠠᠵᠤ ᠪᠤᠯᠤᠨ᠎ᠠ᠃ | 1. ᠳᠠᠭᠤᠯᠠᠬᠤ ᠪᠤᠯᠪᠠᠰᠣᠷᠠᠯ ᠢ ᠴᠢᠩᠭᠠᠳᠬᠠᠵᠤ ᠰᠡᠳᠭᠢᠴᠡ ᠶᠢᠨ ᠬᠠᠷᠰᠢ ᠶᠢ ᠠᠷᠢᠯᠭᠠᠬᠤ | ᠶᠡᠷᠦ ᠶᠢᠨ ᠴᠠᠭ ᠤᠨ ᠳᠠᠭᠤᠯᠠᠵᠤ ᠪᠤᠯᠪᠠᠰᠤᠷᠠᠬᠤ ᠦᠶᠡᠰ ᠠᠮᠢᠰᠬᠤᠭ᠎ᠠ ᠠᠪᠬᠤ ᠪᠤᠯᠪᠠᠰᠤᠷᠠᠯ ᠢ ᠰᠠᠶᠢᠲᠤᠷ | ᠬᠢᠯᠭᠡᠵᠦ᠂ ᠳᠠᠭᠤᠤ ᠪᠠᠨ ᠰᠠᠶᠢᠬᠠᠨ ᠳᠠᠭᠤᠯᠠᠬᠤ ᠪᠠᠲᠤᠯᠠᠭ᠎ᠠ ᠲᠠᠢ ᠪᠤᠯᠭᠠᠨ᠎ᠠ᠂ ᠳᠠᠭᠤᠯᠠᠬᠤ ᠳᠤᠮᠳᠠ ᠪᠠᠨ ᠦᠨᠡᠨ | ᠳᠠᠭᠤ ᠪᠠ ᠬᠠᠭᠤᠷᠮᠠᠭ ᠳᠠᠭᠤ ᠶᠢ ᠴᠢᠳᠠᠮᠠᠭᠠᠢ ᠠᠰᠢᠭᠯᠠᠨ ᠳᠠᠭᠤᠯᠠᠬᠤ ᠤᠷ᠎ᠠ ᠮᠠᠷᠭᠡᠰᠢᠯ ᠢ ᠨᠢ ᠭᠦᠢᠴᠡᠳ ᠨᠠᠷᠢᠯᠢᠬ | ᠪᠠᠶᠢᠯᠭᠠᠨ᠎ᠠ᠃ ᠶᠡᠷᠦ ᠶᠢᠨ ᠪᠠᠶᠢᠳᠠᠯ ᠳᠤ ᠦᠨᠳᠦᠷ ᠳᠠᠭᠤᠤ ᠳᠠᠭᠤᠯᠠᠬᠤ ᠦᠶᠡᠰ ᠬᠠᠭᠤᠷᠮᠠᠭ ᠳᠠᠭᠤ ᠬᠡᠷᠡᠭᠯᠡᠳᠡᠭ ᠨᠢ | ᠤᠯᠠᠨ᠂ ᠡᠰᠡᠷᠭᠦ ᠪᠠᠷ ᠳᠤᠤᠷ᠎ᠠ ᠳᠠᠭᠤᠤ ᠳᠠᠭᠤᠯᠠᠬᠤ ᠦᠶᠡᠰ ᠦᠨᠡᠨ ᠳᠠᠭᠤ ᠬᠡᠷᠡᠭᠯᠡᠳᠡᠭ ᠨᠢ ᠤᠯᠠᠨ | ᠪᠠᠶᠢᠳᠠᠭ᠃ ᠳᠤᠮᠳᠠᠬᠢ ᠳᠠᠭᠤᠨ ᠳᠤ ᠨᠢ ᠦᠨᠡᠨ ᠳᠠᠭᠤ ᠪᠠ ᠬᠠᠭᠤᠷᠮᠠᠭ ᠳᠠᠭᠤ ᠨᠢ ᠠᠳᠠᠯᠢ ᠪᠠᠷ | ᠬᠡᠷᠡᠭᠯᠡᠭᠳᠡᠨ᠎ᠡ᠃ ᠳᠠᠰᠬᠠᠯᠵᠢᠭᠤᠯᠤᠭᠴᠢ ᠤᠷᠤᠯᠳᠤᠭᠴᠢ ᠶᠢᠨ ᠳᠠᠭᠤᠯᠠᠬᠤ ᠦᠶᠡᠰ ᠤᠨ ᠠᠮᠢᠰᠬᠤᠭ᠎ᠠ ᠪᠠᠨ ᠬᠡᠷᠬᠢᠨ | ᠠᠪᠬᠤ᠂ ᠠᠯᠢ ᠬᠡᠰᠡᠭ ᠲᠤ ᠨᠢ ᠶᠠᠮᠠᠷ ᠳᠠᠭᠤ ᠪᠠᠷ ᠳᠠᠭᠤᠯᠠᠬᠤ ᠵᠡᠷᠭᠡ ᠮᠡᠷᠭᠡᠰᠢᠯ ᠤᠨ ᠪᠤᠯᠪᠠᠰᠤᠷᠠᠯ ᠢ ᠨᠠᠷᠢᠯᠢᠬ | ᠵᠢᠯᠤᠭᠤᠳᠴᠤ᠂ ᠰᠠᠶᠢᠲᠤᠷ ᠪᠤᠯᠪᠠᠰᠣᠷᠠᠭᠤᠯᠤᠨ᠎ᠠ᠃ ᠢᠩᠭᠢᠵᠦ ᠳᠠᠭᠤᠯᠠᠬᠤ ᠪᠤᠯᠪᠠᠰᠤᠷᠠᠯ ᠢ ᠴᠢᠩᠭᠠᠳᠬᠠᠬᠤ ᠨᠢ | ᠤᠷᠤᠯᠳᠤᠭᠴᠢ ᠶᠢ ᠪᠡᠶ᠎ᠡ ᠳᠤ ᠪᠠᠨ ᠢᠲᠡᠭᠡᠯ ᠲᠠᠢ ᠪᠤᠯᠬᠤ ᠳᠤ ᠨᠢ ᠲᠤᠰᠠ ᠪᠤᠯᠤᠨ᠎ᠠ᠃ ᠲᠡᠭᠦᠨ ᠤ ᠰᠡᠳᠭᠢᠴᠡ ᠶᠢᠨ | ᠬᠠᠷᠰᠢ ᠨᠢ ᠠᠶᠠᠨᠳᠠᠭᠠᠨ ᠵᠦᠭᠡᠷ ᠪᠤᠯᠬᠤ ᠪᠤᠶᠤ ᠦᠭᠡᠢ ᠪᠤᠯᠵᠤ ᠪᠤᠯᠤᠨ᠎ᠠ᠃ | 2. ᠠᠩᠬᠠᠷᠤᠯ ᠲᠥᠪᠯᠡᠷᠡᠭᠦᠯᠬᠦ ᠠᠷᠭ᠎ᠠ ᠪᠠᠷ ᠰᠡᠳᠬᠢᠴᠡ ᠶᠢᠨ ᠬᠠᠷᠰᠢ ᠶᠢ ᠠᠷᠢᠯᠭᠠᠬᠤ | ᠤᠷᠤᠯᠳᠤᠭᠴᠢ ᠪᠦᠬᠦ ᠤᠶᠤᠨ ᠴᠢᠳᠠᠯ᠂ ᠪᠦᠬᠦ ᠰᠡᠳᠬᠢᠯ ᠢᠶᠠᠨ ᠦᠪᠡᠷ ᠤᠨ ᠳᠠᠭᠤᠯᠠᠬᠤ ᠠᠵᠢᠯᠯᠠᠭ᠎ᠠ ᠳᠤ ᠪᠠᠨ | ᠲᠦᠪᠯᠡᠷᠡᠭᠦᠯᠦᠭᠰᠡᠨ ᠪᠠᠶᠢᠵᠤ᠂ ᠪᠤᠰᠤᠳ ᠶᠠᠮᠠᠷ ᠴᠦ ᠵᠦᠢᠯ ᠢ ᠠᠩᠬᠠᠷᠬᠤ ᠦᠭᠡᠢ᠃ ᠦᠪᠡᠷ ᠤᠨ ᠳᠠᠭᠤᠯᠠᠬᠤ | ᠤᠷᠮ᠎ᠠ ᠪᠠᠨ ᠥᠴᠦᠬᠡᠨ ᠴᠦ ᠨᠥᠯᠥᠭᠡᠯᠡᠬᠦ ᠦᠭᠡᠢ᠃ ᠳᠠᠷᠤᠢ ᠲᠠᠶᠢᠰᠠᠨ ᠤ ᠳᠤᠤᠷ᠎ᠠ ᠪᠠᠶᠢᠭ᠎ᠠ ᠦᠵᠡᠭᠴᠢᠳ ᠢ | ᠠᠩᠬᠠᠷᠬᠤ ᠦᠭᠡᠢ᠂ ᠬᠢᠨᠠᠨ ᠰᠢᠭᠦᠭᠴᠢ ᠨᠠᠷ ᠢ ᠴᠦ ᠠᠩᠬᠠᠷᠬᠤ ᠦᠭᠡᠢ᠂ ᠵᠦᠪᠬᠡᠨ ᠦᠪᠡᠷ ᠤᠨ ᠳᠠᠭᠤᠯᠠᠬᠤ ᠳᠤ ᠪᠠᠨ | ᠯᠠ ᠰᠡᠳᠭᠢᠯ ᠲᠠᠯᠪᠢᠨ ᠠᠩᠬᠠᠷᠴᠤ᠂ ᠲᠤᠬᠠᠢ ᠶᠢᠨ ᠦᠶ᠎ᠡ ᠳᠤ ᠳᠠᠭᠤᠯᠠᠬᠤ ᠦᠷ᠎ᠡ ᠳ᠋ᠦᠩ ᠶᠠᠮᠠᠷ ᠪᠤᠯᠬᠤ ᠶᠢ ᠴᠦ | ᠪᠤᠳᠤᠯᠬᠢᠯᠠᠬᠤ ᠦᠭᠡᠢ᠂ ᠲᠡᠭᠦᠨ ᠤ ᠲᠥᠯᠥᠭᠡ ᠰᠠᠨᠠᠭ᠎ᠠ ᠪᠤᠯᠬᠤ ᠦᠭᠡᠢ᠃ ᠪᠦᠬᠦ ᠠᠩᠬᠠᠷᠤᠯ ᠢᠶᠠᠨ ᠳᠠᠭᠤᠯᠠᠬᠤ | ᠠᠵᠢᠯᠯᠠᠭ᠎ᠠ ᠳᠤ ᠪᠠᠨ ᠯᠠ ᠲᠥᠪᠯᠡᠷᠡᠭᠦᠯᠦᠨ᠎ᠡ᠃ ᠢᠩᠬᠢᠪᠡᠯ ᠰᠡᠳᠭᠢᠴᠡ ᠶᠢᠨ ᠬᠠᠷᠰᠢ ᠲᠡᠭᠦᠨ ᠤ ᠲᠠᠶᠢᠰᠠᠨ ᠳᠤ | ᠳᠠᠭᠤᠯᠠᠬᠤ ᠠᠵᠢᠯᠯᠠᠭ᠎ᠠ ᠶᠢ ᠨᠥᠯᠥᠭᠡᠯᠡᠬᠦ ᠪᠤᠯᠤᠯᠴᠠᠭ᠎ᠠ ᠨᠢ ᠲᠤᠩ ᠪᠠᠭ᠎ᠠ ᠪᠤᠯᠬᠤ ᠶᠤᠮ ᠤᠤ ᠡᠰᠡᠭᠦᠯ᠎ᠡ ᠨᠥᠯᠥᠭᠡᠯᠡᠬᠦ | ᠦᠭᠡᠢ ᠪᠤᠯᠬᠤ ᠶᠤᠮ᠃ ᠲᠠᠰᠬᠠᠯᠵᠢᠭᠤᠯᠤᠭᠴᠢ ᠪᠠᠭᠰᠢ ᠠᠴᠠ ᠤᠷᠤᠯᠳᠤᠭᠴᠢ ᠶᠢ ᠰᠠᠶᠢᠲᠤᠷ ᠵᠢᠯᠤᠭᠤᠳᠴᠤ | ᠠᠩᠬᠠᠷᠤᠯ ᠢᠶᠠᠨ ᠲᠥᠪᠯᠡᠷᠡᠭᠦᠯᠬᠦ ᠠᠷᠭ᠎ᠠ ᠪᠠᠷ ᠰᠡᠳᠭᠢᠴᠡ ᠶᠢᠨ ᠬᠠᠷᠰᠢ ᠶᠢ ᠠᠷᠢᠯᠭᠠᠬᠤ ᠶᠢ ᠮᠡᠳᠡᠭᠦᠯᠵᠦ᠂ ᠲᠤᠰ | ᠠᠷᠭ᠎ᠠ ᠪᠠᠷ ᠰᠡᠳᠭᠢᠴᠡ ᠪᠠᠨ ᠲᠤᠭᠲᠠᠭᠤᠨ ᠪᠤᠯᠭᠠᠵᠤ ᠤᠷᠤᠯᠳᠤᠭᠠᠨ ᠤ ᠬᠢᠷᠢ ᠪᠦᠲᠦᠮᠵᠢ ᠪᠠᠨ ᠪᠠᠲᠤᠯᠠᠵᠤ ᠪᠤᠯᠬᠤ ᠶᠢ | ᠮᠡᠳᠡᠭᠦᠯᠦᠨ᠎ᠡ᠃ | 3. ᠦᠢᠯᠡᠳᠦᠯᠭᠡ ᠳᠤ ᠢᠯᠡᠭᠦᠦ ᠣᠷᠣᠯᠴᠠᠭᠤᠯᠵᠤ ᠰᠡᠳᠬᠢᠴᠡ ᠶᠢᠨ ᠬᠠᠷᠰᠢ ᠶᠢ ᠠᠷᠢᠯᠭᠠᠬᠤ | ᠶᠡᠷᠦ ᠶᠢᠨ ᠴᠠᠭ ᠲᠤ ᠲᠠᠶᠢᠰᠠᠨ ᠳᠤ ᠭᠠᠷᠬᠤ ᠦᠢᠯᠡᠳᠦᠯᠭᠡ ᠳᠤ ᠢᠯᠡᠭᠦᠬᠡᠨ ᠤᠷᠤᠯᠴᠠᠭᠤᠯᠬᠤ ᠴᠢᠬᠤᠯᠠ | ᠲᠠᠢ᠃ ᠤᠷᠤᠯᠳᠤᠭᠠᠨ ᠤ ᠪᠤᠰᠤ ᠲᠠᠶᠢᠰᠠᠨ ᠳᠤ ᠭᠠᠷᠴᠤ ᠳᠠᠭᠤᠯᠠᠬᠤ᠂ ᠪᠦᠵᠢᠭᠯᠡᠬᠦ᠂ ᠤᠶᠠᠩᠭᠠᠯᠠᠬᠤ ᠠᠵᠢᠯᠯᠠᠭ᠎ᠠ ᠳᠤ | ᠤᠷᠤᠯᠴᠠᠬᠤ᠂ ᠶᠠᠷᠢᠶ᠎ᠠ ᠢᠯᠡᠳᠭᠡᠯ ᠤᠨ ᠲᠤᠭᠯᠠᠯᠲᠠ ᠳᠤ ᠤᠷᠤᠯᠴᠠᠬᠤ ᠵᠡᠷᠭᠡ ᠤᠯᠠᠨ ᠲᠤᠭᠯᠠᠯᠲᠠ ᠳᠤ | ᠤᠷᠤᠯᠴᠠᠭᠤᠯᠵᠤ᠂ ᠲᠤᠭᠯᠠᠯᠲᠠ ᠶᠢᠨ ᠳᠤᠮᠳᠠ ᠲᠡᠳᠡᠨ ᠳᠤ ᠲᠠᠶᠢᠰᠠ ᠶᠢ ᠲᠠᠨᠢᠭᠤᠯᠵᠤ᠂ ᠦᠵᠡᠭᠴᠢᠳ ᠢ | ᠤᠶᠢᠯᠠᠭᠠᠭᠤᠯᠬᠤ ᠶᠢᠨ ᠳᠠᠭᠠᠤ ᠦᠪᠡᠷ ᠤᠨ ᠬᠢᠨᠢ ᠵᠤᠷᠢᠭ ᠰᠠᠨᠠᠭ᠎ᠠ᠂ ᠢᠲᠡᠭᠡᠯ ᠵᠤᠷᠢᠭ ᠢ ᠨᠢ ᠳᠠᠪᠲᠠᠨ | ᠪᠤᠯᠪᠠᠰᠤᠷᠠᠭᠤᠯᠤᠨ᠎ᠠ᠃ ᠡᠨᠡ ᠬᠦ ᠶᠠᠪᠤᠴᠠ ᠳᠤ ᠤᠷᠤᠯᠳᠤᠭᠴᠢ ᠶᠢᠨ ᠢᠳᠡᠪᠬᠢᠲᠡᠢ ᠳᠠᠭᠤᠯᠠᠬᠤ ᠰᠡᠳᠬᠢᠴᠡ ᠶᠢᠨ | ᠪᠤᠯᠪᠠᠰᠤᠷᠠᠯ ᠬᠦᠮᠦᠵᠢᠭᠳᠡᠨ᠎ᠡ᠃ ᠢᠩᠬᠢᠭᠡᠳ ᠲᠠᠶᠢᠰᠠ ᠶᠢ ᠲᠠᠨᠢᠵᠤ᠂ ᠲᠠᠶᠢᠰᠠ ᠶᠢ ᠤᠶᠢᠯᠠᠭᠠᠨ᠂ ᠲᠠᠶᠢᠰᠠ ᠲᠠᠢ | ᠳᠠᠰᠤᠯ ᠪᠤᠯᠤᠨ᠎ᠠ᠂ ᠳᠤᠤᠷ᠎ᠠ ᠪᠠᠶᠢᠭ᠎ᠠ ᠦᠵᠡᠭᠴᠢᠳ ᠠᠴᠠ ᠴᠦ ᠡᠮᠢᠶᠡᠬᠦ ᠦᠭᠡᠢ ᠪᠤᠯᠴᠢᠬᠠᠨ᠎ᠠ᠃ ᠢᠩᠬᠢᠪᠡᠯ | ᠤᠷᠤᠯᠳᠤᠭᠴᠢ ᠲᠠᠶᠢᠰᠠᠨ ᠳᠤ ᠭᠠᠷᠴᠤ ᠳᠠᠭᠤᠯᠠᠬᠤ ᠦᠶᠡᠰ ᠰᠡᠳᠭᠢᠴᠡ ᠶᠢᠨ ᠬᠠᠷᠰᠢ ᠳᠤ ᠤᠴᠠᠷᠠᠬᠤ ᠠᠴᠠ | ᠵᠠᠶᠢᠯᠠᠰᠬᠢᠵᠦ ᠪᠤᠯᠤᠨ᠎ᠠ᠃ | 4. ᠰᠤᠯᠠᠳᠬᠠᠬᠤ ᠠᠷᠭ᠎ᠠ ᠪᠠᠷ ᠰᠡᠳᠭᠢᠴᠡ ᠶᠢᠨ ᠬᠠᠷᠰᠢ ᠶᠢ ᠠᠷᠢᠯᠭᠠᠬᠤ | ᠤᠷᠤᠯᠳᠤᠭᠴᠢ ᠦᠪᠡᠷ ᠢ ᠪᠠᠨ ᠰᠤᠯᠠᠳᠬᠠᠬᠤ ᠠᠷᠭ᠎ᠠ ᠪᠠᠷ ᠰᠡᠳᠬᠢᠴᠡ ᠶᠢᠨ ᠬᠠᠷᠰᠢ ᠪᠠᠨ ᠠᠷᠢᠯᠭᠠᠵᠤ | ᠰᠡᠳᠬᠢᠴᠡ ᠶᠢᠨ ᠬᠡᠪ ᠤᠨ ᠪᠠᠶᠢᠳᠠᠯ ᠢᠶᠠᠨ ᠪᠠᠲᠤᠯᠠᠵᠤ ᠪᠤᠯᠤᠨ᠎ᠠ᠃ ᠳᠠᠷᠣᠢ ᠲᠠᠶᠢᠰᠠᠨ ᠳᠤ ᠭᠠᠷᠬᠤ ᠠᠴᠠ ᠡᠮᠦᠨ᠎ᠡ | ᠦᠪᠡᠷ ᠢ ᠪᠠᠨ ᠦᠪᠡᠷ ᠢᠶᠠᠨ ᠵᠤᠷᠢᠬᠵᠢᠭᠤᠯᠤᠨ᠂ ᠪᠡᠶ᠎ᠡ ᠳᠤ ᠪᠠᠨ ᠢᠲᠡᠭᠡᠯ ᠡᠷᠴᠢ ᠬᠦᠴᠦ ᠥᠭᠭᠦᠨ᠎ᠡ᠃ ᠵᠢᠱᠢᠶᠡᠯᠡᠪᠡᠯ᠂ | ︽ᠪᠢ ᠬᠠᠮᠤᠭ ᠤᠨ ᠰᠠᠶᠢᠨ᠂ ᠪᠢ ᠯᠠᠪᠲᠠᠢ ᠠᠮᠵᠢᠯᠲᠠ ᠤᠯᠵᠤ ᠳᠡᠶᠢᠯᠦᠨ᠎ᠡ᠂ ᠪᠢ ᠯᠠᠪᠲᠠᠢ ᠰᠠᠶᠢᠬᠠᠨ ᠳᠠᠭᠤᠯᠠᠵᠤ | ᠳᠡᠶᠢᠯᠦᠨ᠎ᠡ᠂ ᠪᠢ ᠡᠨᠡ ᠤᠳᠠᠭᠠᠨ ᠤ ᠤᠷᠤᠯᠳᠤᠭᠠᠨ ᠳᠤ ᠤᠷᠤᠯᠴᠠᠬᠤ ᠪᠠᠷ ᠪᠦᠷᠢᠨ ᠭᠦᠢᠴᠡᠳ ᠪᠡᠯᠡᠳᠬᠡᠭᠰᠡᠨ᠂ | ᠯᠠᠪᠲᠠᠢ ᠰᠠᠶᠢᠨ ᠬᠢᠷᠢ ᠪᠦᠲᠦᠮᠵᠢ ᠤᠯᠵᠤ ᠴᠢᠳᠠᠨ᠎ᠠ ᠁︾ ᠭᠡᠵᠦ ᠦᠪᠡᠷ ᠤᠨ ᠪᠡᠶ᠎ᠡ ᠪᠠᠨ ᠵᠤᠷᠢᠬᠵᠢᠭᠤᠯᠵᠤ᠂ | ᠦᠪᠡᠷ ᠢ ᠪᠠᠨ ᠲᠠᠶᠢᠳᠬᠤᠷᠠᠭᠤᠯᠤᠨ᠎ᠠ᠃ ᠤᠷᠤᠯᠳᠤᠭᠠᠨ ᠳᠤ ᠤᠷᠤᠯᠴᠠᠬᠤ ᠭᠡᠰᠡᠨ ᠳᠠᠷᠤᠭᠠᠰᠤ ᠲᠠᠢ ᠰᠡᠳᠭᠢᠴᠡ ᠪᠠᠨ | ᠰᠤᠯᠠᠳᠬᠠᠬᠤ ᠠᠷᠭ᠎ᠠ ᠨᠢ ᠤᠷᠤᠯᠳᠤᠭᠴᠢ ᠶᠢᠨ ᠲᠠᠶᠢᠰᠠᠨ ᠳᠤ ᠳᠠᠭᠤᠯᠠᠬᠤ ᠬᠡᠪ ᠤᠨ ᠪᠠᠶᠢᠳᠠᠯ ᠢ ᠪᠠᠲᠤᠯᠠᠵᠤ᠂ ᠤᠷᠮ᠎ᠠ | ᠰᠡᠳᠬᠢᠯᠭᠡ ᠶᠢ ᠨᠢ ᠬᠦᠭᠵᠢᠭᠡᠵᠦ᠂ ᠳᠠᠭᠤᠤ ᠬᠦᠭᠵᠢᠮ ᠤᠨ ᠭᠤᠸ᠎ᠠ ᠰᠠᠶᠢᠬᠠᠨ ᠳᠦᠷᠢ ᠳᠦᠷᠬᠦ ᠶᠢ ᠪᠦᠲᠦᠭᠡᠵᠦ ᠮᠡᠳᠡᠬᠦ | ᠶᠤᠮ᠃ ᠡᠨᠡ ᠨᠢ ᠰᠡᠳᠭᠢᠴᠡ ᠶᠢᠨ ᠬᠠᠷᠰᠢ ᠶᠢ ᠠᠷᠢᠯᠭᠠᠵᠤ᠂ ᠤᠷᠤᠯᠳᠤᠭᠠᠨ ᠳᠤ ᠰᠠᠶᠢᠨ ᠬᠢᠷᠢ ᠪᠦᠲᠦᠮᠵᠢ ᠤᠯᠬᠤ | ᠳᠤ ᠶᠡᠭᠡ ᠲᠤᠰᠠ ᠪᠤᠯᠤᠨ᠎ᠠ᠃ | 5. ᠤᠮᠳᠤᠭᠠᠶᠢᠯᠠᠬᠤ ᠠᠷᠭ᠎ᠠ ᠪᠠᠷ ᠰᠡᠳᠬᠢᠴᠡ ᠶᠢᠨ ᠬᠠᠷᠰᠢ ᠶᠢ ᠠᠷᠢᠯᠭᠠᠬᠤ | ᠡᠨᠡ ᠠᠷᠭ᠎ᠠ ᠨᠢ ᠭᠤᠤᠯᠳᠠᠭᠤ ᠲᠠᠶᠢᠰᠠᠨ ᠲᠤᠤᠷᠠᠬᠢ ᠦᠵᠡᠭᠴᠢᠳ᠂ ᠬᠢᠨᠠᠨ ᠰᠢᠭᠦᠭᠴᠢ ᠪᠠ ᠤᠷᠴᠢᠨ | ᠲᠤᠭᠤᠷᠢᠨ ᠢ ᠤᠮᠳᠤᠭᠠᠶᠢᠯᠠᠵᠤ᠂ ᠲᠡᠳᠡᠨ ᠢ ᠣᠶᠢᠰᠢᠶᠠᠬᠤ ᠦᠭᠡᠢ᠂ ᠤᠷᠤᠯᠳᠤᠭᠴᠢ ᠭᠠᠭᠴᠠ ᠬᠦ ᠳᠠᠭᠤᠤ ᠪᠠᠨ | ᠶᠠᠭᠠᠬᠢᠵᠤ ᠳᠠᠭᠤᠯᠠᠬᠤ᠂ ᠳᠠᠭᠤᠤ ᠶᠢᠨ ᠭᠤᠶᠢᠳᠠ ᠰᠠᠶᠢᠬᠠᠨ ᠢ ᠬᠡᠷᠬᠢᠨ ᠢᠯᠡᠷᠡᠭᠦᠯᠬᠦ ᠶᠢ ᠪᠤᠳᠤᠨ᠎ᠠ᠃ ᠬᠠᠵᠠᠭᠤ | ᠬᠠᠪᠢ ᠳᠤ ᠨᠢ ᠥᠭᠡᠷ᠎ᠡ ᠬᠦᠮᠦᠨ ᠦᠭᠡᠢ᠂ ᠭᠠᠭᠴᠠᠭᠠᠷ ᠢᠶᠠᠨ ᠲᠠᠶᠢᠰᠠᠨ ᠳᠤ ᠳᠠᠭᠤᠯᠠᠵᠤ ᠪᠠᠶᠢᠬᠤ ᠭᠡᠵᠦ | ᠪᠤᠳᠤᠨ᠎ᠠ᠃ ᠪᠤᠳᠤᠯ ᠰᠡᠳᠬᠢᠯ ᠢᠶᠠᠨ ᠳᠠᠭᠤᠯᠠᠬᠤ ᠠᠵᠢᠯᠯᠠᠭ᠎ᠠ ᠳᠤ ᠪᠠᠨ ᠲᠠᠯᠪᠢᠵᠤ᠂ ᠪᠤᠰᠤᠳ ᠵᠦᠢᠯ ᠢ ᠬᠠᠮᠢᠶ᠎ᠠ | ᠦᠭᠡᠢ ᠵᠢᠵᠢᠭᠬᠡᠨ ᠶᠠᠪᠤᠳᠠᠯ ᠭᠡᠵᠦ ᠪᠤᠳᠤᠨ᠎ᠠ᠃ ᠢᠩᠬᠢᠵᠦ ᠦᠵᠡᠭᠴᠢᠳ ᠪᠠ ᠤᠷᠴᠢᠨ ᠲᠤᠭᠤᠷᠢᠨ ᠢ ᠤᠮᠳᠤᠭᠠᠶᠢᠯᠠᠬᠤ | ᠠᠷᠭ᠎ᠠ ᠪᠠᠷ ᠰᠡᠳᠭᠢᠴᠡ ᠶᠢᠨ ᠬᠠᠷᠰᠢ ᠪᠠᠨ ᠠᠷᠢᠯᠭᠠᠬᠤ ᠨᠢ ᠤᠷᠤᠯᠳᠣᠭᠴᠢ ᠳᠤ ᠠᠪᠴᠤ ᠬᠡᠯᠡᠪᠡᠯ ᠮᠠᠰᠢ ᠶᠡᠭᠡ | ᠪᠦᠲᠦᠮᠵᠢᠲᠠᠢ ᠶᠤᠮ᠃ ᠡᠶᠢᠮᠦ ᠪᠠᠶᠢᠳᠠᠯ ᠳᠤᠤᠷ᠎ᠠ ᠰᠡᠳᠭᠢᠴᠡ ᠶᠢᠨ ᠬᠠᠷᠰᠢ ᠲᠡᠭᠦᠨ ᠠᠴᠠ ᠵᠠᠶᠢᠳᠠᠵᠤ᠂ ᠲᠡᠭᠦᠨ ᠤ | ᠲᠠᠶᠢᠰᠠᠨ ᠳᠤ ᠳᠠᠭᠤᠯᠠᠬᠤ ᠶᠢ ᠨᠥᠯᠥᠭᠡᠯᠡᠵᠦ ᠳᠡᠶᠢᠯᠬᠦ ᠦᠭᠡᠢ᠃ | 6. ᠠᠶ᠎ᠠ ᠳᠠᠭᠤᠤ ᠶᠢᠨ ᠢᠶᠠᠨ ᠰᠠᠨᠠᠭ᠎ᠠ ᠠᠬᠤᠢ ᠶᠢ ᠰᠠᠶᠢᠲᠤᠷ ᠣᠶᠢᠯᠠᠭᠠᠵᠤ᠂ ᠳᠠᠭᠤᠯᠠᠬᠤ ᠪᠠ ᠰᠡᠳᠭᠢᠯᠭᠡ᠂ | ᠬᠦᠳᠡᠯᠥᠯ ᠢᠶᠠᠨ ᠪᠦᠷ ᠳᠠᠭᠤᠤ ᠳᠤ ᠪᠠᠨ ᠠᠭᠤᠰᠬᠠᠵᠤ ᠰᠡᠳᠬᠢᠴᠡ ᠶᠢᠨ ᠬᠠᠷᠰᠢ ᠶᠢ ᠠᠷᠢᠯᠭᠠᠬᠤ | ᠪᠢᠳᠡ ᠨᠢᠭᠡ ᠰᠢᠨ᠎ᠡ ᠳᠠᠭᠤᠤ ᠡᠬᠢᠯᠡᠵᠦ ᠳᠠᠭᠤᠯᠠᠬᠤ ᠳᠤ ᠤᠷᠢᠳ ᠢᠶᠠᠷ ᠳᠠᠭᠤᠤ ᠶᠢᠨ ᠢᠶᠠᠨ ᠠᠭᠤᠯᠭ᠎ᠠ᠂ | ᠠᠶᠠᠰ᠂ ᠠᠶᠠᠰ ᠤᠨ ᠨᠤᠲ᠂ ᠠᠶᠢᠵᠠᠮ ᠬᠡᠮᠨᠡᠯ ᠭᠡᠬᠦ ᠮᠡᠲᠦ ᠶᠢ ᠣᠶᠢᠯᠠᠭᠠᠵᠤ᠂ ᠳᠠᠷᠠᠭ᠎ᠠ ᠳᠤ ᠨᠢ ᠳᠠᠭᠤᠨ ᠤ ᠦᠭᠡ ᠶᠢ | ᠴᠡᠭᠡᠵᠢᠯᠡᠬᠦ᠂ ᠵᠠᠳᠠᠯᠠᠬᠤ ᠵᠡᠷᠭᠡ ᠰᠠᠨᠠᠭ᠎ᠠ ᠠᠬᠤᠢ ᠶᠢ ᠤᠶᠢᠯᠠᠭᠠᠭᠰᠠᠨ ᠰᠠᠭᠤᠷᠢᠨ ᠳᠡᠭᠡᠷ᠎ᠡ ᠰᠠᠶ᠋ᠢ ᠶᠠᠭᠠᠬᠢᠵᠤ ᠳᠠᠭᠤᠯᠠᠬᠤ᠂ | ᠶᠠᠭᠠᠬᠢᠵᠤ ᠰᠠᠨᠠᠭ᠎ᠠ ᠠᠬᠤᠢ ᠶᠢ ᠢᠯᠡᠷᠡᠭᠦᠯᠬᠦ᠂ ᠶᠠᠭᠠᠬᠢᠵᠦ ᠰᠡᠳᠬᠢᠯᠭᠡ ᠶᠢ ᠢᠯᠡᠷᠡᠭᠦᠯᠬᠦ᠂ ᠬᠦᠮᠦᠰ ᠤᠨ ᠲᠠᠭᠠᠰᠢᠶᠠᠯ ᠢ | ᠬᠡᠷᠬᠢᠨ ᠣᠯᠬᠤ ᠲᠤᠬᠠᠢ ᠰᠥᠪᠡᠭᠴᠢᠯᠡᠳᠡᠭ᠃ ᠢᠩᠬᠢᠵᠦ ᠠᠶ᠎ᠠ ᠳᠠᠭᠤᠤ ᠶᠢᠨ ᠢᠶᠠᠨ ᠰᠠᠨᠠᠭ᠎ᠠ ᠠᠬᠤᠢ ᠶᠢ | ᠣᠶᠢᠯᠠᠭᠠᠭᠰᠠᠨ ᠰᠠᠭᠤᠷᠢᠨ ᠳᠡᠭᠡᠷ᠎ᠡ᠂ ᠲᠠᠶᠢᠰᠠᠨ ᠳᠤ ᠭᠠᠷᠴᠤ ᠳᠠᠭᠤᠯᠠᠬᠤ ᠳᠤ ᠪᠠᠨ ᠠᠶ᠎ᠠ ᠳᠠᠭᠤᠤ ᠳᠤ ᠪᠠᠨ ᠪᠦᠬᠦ | ᠰᠡᠳᠭᠢᠯ ᠢᠶᠠᠷ ᠢᠶᠠᠨ ᠠᠭᠤᠰᠴᠤ᠂ ᠳᠠᠭᠤᠨ ᠤ ᠰᠠᠨᠠᠭ᠎ᠠ ᠠᠬᠤᠢ ᠶᠢ ᠦᠪᠡᠷ ᠤᠨ ᠳᠠᠭᠤᠨ ᠬᠤᠭᠤᠯᠠᠢ ᠪᠠᠷ ᠢᠶᠠᠨ᠂ | ᠬᠦᠳᠡᠯᠦᠯ ᠪᠠᠷᠢᠯ ᠢᠶᠠᠷ ᠢᠶᠠᠨ᠂ ᠣᠷᠭᠢᠯᠤᠮ᠎ᠠ ᠰᠡᠳᠬᠢᠯᠭᠡ ᠪᠠᠷ ᠢᠶᠠᠨ ᠭᠦᠢᠴᠡᠳ ᠰᠠᠶᠢᠨ ᠢᠯᠡᠷᠡᠭᠦᠯᠦᠨ᠎ᠡ᠃ ᠳᠠᠷᠣᠢ | ᠢᠷᠠᠭᠤ ᠰᠠᠶᠢᠬᠠᠨ ᠳᠠᠭᠤ ᠬᠤᠭᠤᠯᠡᠢ ᠪᠠᠷ ᠢᠶᠠᠨ ᠯᠠ ᠳᠠᠭᠤᠯᠠᠬᠤ ᠪᠢᠰᠢ᠂ ᠤᠷᠭᠢᠯᠤᠮ᠎ᠠ ᠬᠠᠯᠠᠭᠤᠨ | ᠰᠡᠳᠭᠢᠯᠭᠡ ᠪᠠᠷ ᠢᠶᠠᠨ᠂ ᠣᠷᠠᠨ ᠭᠤᠶᠢᠳᠠ ᠬᠦᠳᠡᠯᠥᠯ ᠢᠶᠠᠷ ᠢᠶᠠᠨ᠂ ᠪᠦᠬᠦ ᠤᠶᠤᠨ ᠤᠬᠠᠭᠠᠨ ᠢᠶᠠᠷ ᠢᠶᠠᠨ | ᠳᠠᠭᠤᠯᠠᠨ᠎ᠠ᠃ ᠡᠨᠡ ᠦᠶᠡᠰ ᠰᠡᠳᠭᠢᠴᠡ ᠶᠢᠨ ᠬᠠᠷᠰᠢ ᠤᠷᠤᠯᠳᠤᠭᠴᠢ ᠠᠴᠠ ᠬᠤᠯᠠ ᠵᠠᠶᠢᠳᠠᠵᠤ᠂ ᠲᠡᠭᠦᠨ ᠤ | ᠲᠠᠶᠢᠰᠠᠨ ᠳᠠᠬᠢ ᠳᠠᠭᠤᠯᠠᠬᠤ ᠠᠵᠢᠯᠯᠠᠭ᠎ᠠ ᠴᠢᠯᠥᠭᠡᠲᠡᠢ᠂ ᠲᠠᠯᠪᠢᠭᠤᠨ᠂ ᠲᠤᠭᠲᠠᠭᠤᠨ᠂ ᠰᠤᠨᠤᠰᠪᠤᠷᠢᠲᠠᠢ ᠪᠤᠯᠵᠤ᠂ | ᠭᠠᠳᠠᠷ ᠳᠦᠷᠢ ᠲᠥᠷᠬᠦ ᠨᠢ ᠵᠢᠪᠬᠤᠭᠠᠯᠢᠭ᠂ ᠦᠵᠡᠰᠭᠦᠯᠡᠩ ᠭᠤᠸ᠎ᠠ ᠪᠤᠯᠴᠢᠬᠠᠭᠰᠠᠨ ᠪᠠᠶᠢᠵᠤ ᠮᠡᠳᠡᠬᠦ | ᠶᠤᠮ᠃ ᠢᠡᠭᠬᠢᠭᠡᠳ ᠰᠡᠳᠭᠢᠴᠡ ᠶᠢᠨ ᠬᠠᠷᠰᠢ ᠥᠯᠥ ᠮᠡᠳᠡᠬᠦ ᠶᠢᠨ ᠳᠤᠮᠳᠠ ᠬᠤᠯᠠ ᠶᠠᠪᠤᠴᠢᠬᠠᠭᠰᠠᠨ ᠪᠠᠶᠢᠵᠤ | ᠮᠡᠳᠡᠨ᠎ᠡ᠃ | ᠣᠷᠣᠯᠳᠤᠭᠴᠢ ᠲᠠᠶᠢᠰᠠᠨ ᠳᠤ ᠭᠠᠷᠴᠤ ᠳᠠᠭᠤᠯᠠᠵᠤ ᠤᠷᠤᠯᠳᠤᠬᠤ ᠳᠤ ᠵᠥᠪᠬᠡᠨ ᠳᠠᠭᠤᠤ ᠳᠠᠭᠤᠯᠠᠬᠤ | ᠮᠡᠷᠭᠡᠵᠢᠯ ᠳᠤ ᠪᠠᠨ ᠯᠡ ᠲᠦᠰᠢᠭᠡᠳ ᠪᠤᠯᠴᠢᠬᠠᠬᠤ ᠪᠢᠰᠢ᠂ ᠪᠠᠰᠠ ᠰᠡᠳᠬᠢᠴᠡ ᠶᠢᠨ ᠬᠡᠪ ᠪᠤᠯᠪᠠᠰᠤᠷᠠᠯ ᠳᠤ ᠲᠥᠰᠢᠭᠯᠡᠬᠦ | ᠴᠢᠬᠤᠯᠠ ᠲᠠᠢ᠃ ᠨᠡᠩ ᠢᠯᠠᠩᠭᠤᠶ᠎ᠠ ᠲᠡᠳᠡᠭᠡᠷ ᠰᠡᠳᠭᠢᠴᠡ ᠶᠢᠨ ᠬᠡᠪ ᠴᠢᠨᠠᠷ ᠠᠨᠠᠢ᠂ ᠰᠡᠳᠭᠢᠴᠡ ᠨᠢ ᠬᠠᠷᠰᠢ ᠲᠠᠢ | ᠤᠷᠤᠯᠳᠤᠭᠴᠢ ᠵᠠᠪᠠᠯ ᠰᠡᠳᠭᠢᠴᠡ ᠶᠢᠨ ᠬᠠᠷᠰᠢ ᠪᠠᠨ ᠠᠷᠢᠯᠭᠠᠵᠤ᠂ ᠰᠠᠶᠢᠨ ᠰᠡᠳᠭᠢᠴᠡ ᠲᠠᠢ ᠪᠤᠯᠬᠤ ᠴᠢᠬᠤᠯᠠ | ᠲᠠᠢ᠃ ᠡᠭᠦᠨ ᠳᠤ ᠳᠠᠰᠬᠠᠯᠵᠢᠭᠤᠯᠤᠭᠴᠢ ᠪᠠᠭᠰᠢ ᠠᠴᠠ ᠤᠷᠤᠯᠳᠤᠭᠴᠢ ᠶᠢᠨ ᠰᠡᠳᠭᠢᠴᠡ ᠶᠢᠨ ᠪᠠᠶᠢᠳᠠᠯ ᠢ | ᠤᠷᠢᠳᠴᠢᠯᠠᠨ ᠣᠶᠢᠯᠠᠭᠠᠵᠤ᠂ ᠰᠡᠳᠭᠢᠴᠡ ᠶᠢᠨ ᠬᠠᠷᠰᠢ ᠶᠢ ᠨᠢ ᠠᠷᠢᠯᠭᠠᠬᠤ ᠪᠤᠳᠠᠲᠠᠢ ᠠᠷᠭ᠎ᠠ ᠠᠪᠴᠤ᠂ | ᠪᠤᠯᠪᠠᠰᠤᠷᠠᠭᠤᠯᠤᠨ᠂ ᠤᠷᠤᠯᠳᠤᠭᠠᠨ ᠠᠴᠠ ᠡᠮᠦᠨ᠎ᠡ ᠤᠷᠤᠯᠳᠤᠭᠴᠢ ᠶᠢ ᠰᠠᠨᠠᠭ᠎ᠠ ᠠᠭᠤᠵᠢᠭᠤ ᠪᠤᠯᠭᠠᠬᠤ ᠪᠤᠶᠤ | ᠰᠡᠳᠭᠢᠴᠡ ᠶᠢᠨ ᠬᠠᠷᠰᠢ ᠪᠠᠨ ᠠᠷᠢᠯᠭᠠᠵᠤ ᠴᠢᠳᠠᠬᠤ ᠪᠤᠯᠭᠠᠬᠤ ᠴᠢᠬᠤᠯᠠ ᠲᠠᠢ᠃ ᠰᠡᠳᠭᠢᠴᠡ ᠶᠢᠨ ᠬᠡᠪ ᠴᠢᠨᠠᠷ ᠨᠢ | ᠳᠠᠭᠤᠯᠠᠬᠤ ᠳᠤ ᠯᠠ ᠪᠢᠰᠢ᠂ ᠬᠤᠶᠢᠰᠢᠲᠠ ᠶᠢᠨ ᠠᠮᠢᠳᠤᠷᠠᠯ ᠤᠨ ᠡᠯ᠎ᠡ ᠭᠤᠭᠴᠤᠭᠠᠨ ᠳᠤ ᠴᠢᠬᠤᠯᠠ ᠦᠢᠯᠡᠳᠦᠯ | ᠦᠵᠡᠭᠦᠯᠦᠨ᠎ᠡ᠃ ᠳᠠᠰᠬᠠᠯᠵᠢᠭᠤᠯᠤᠭᠴᠢ ᠶᠢᠨ ᠰᠡᠳᠭᠢᠴᠡ ᠶᠢᠨ ᠵᠢᠯᠤᠭᠤᠳᠤᠯᠭ᠎ᠠ ᠨᠢ ᠤᠷᠤᠯᠳᠤᠭᠴᠢ ᠳᠤ ᠠᠪᠴᠤ | ᠬᠡᠯᠡᠪᠡᠯ᠂ ᠠᠪᠤᠨ ᠳᠤᠤᠷ᠎ᠠ ᠪᠠᠨ ᠡᠶᠡᠷᠬᠦ ᠦᠢᠯᠡᠳᠦᠯ ᠦᠵᠡᠭᠦᠯᠬᠦ ᠮᠦᠷᠲᠡᠭᠡᠨ ᠠᠯᠤᠰ ᠬᠡᠳᠦ ᠳᠤ ᠴᠦ ᠡᠶᠡᠷᠬᠦ | ᠦᠢᠯᠡᠳᠦᠯ ᠦᠵᠡᠬᠦᠯᠬᠦ ᠶᠤᠮ᠃ ᠲᠠᠶᠢᠰᠠᠨ ᠳᠤ ᠳᠠᠭᠤᠤ ᠳᠠᠭᠤᠯᠠᠬᠤ ᠦᠶ᠎ᠡ ᠶᠢᠨ ᠡᠷᠡᠭᠦᠯ ᠰᠠᠶᠢᠨ ᠰᠡᠳᠭᠢᠴᠡ ᠨᠢ | ᠪᠤᠰᠤᠳ ᠵᠦᠢᠯ ᠤᠨ ᠠᠵᠢᠯ ᠰᠤᠷᠤᠯᠭ᠎ᠠ ᠶᠢᠨ ᠦᠶ᠎ᠡ ᠶᠢᠨ ᠰᠡᠳᠭᠢᠴᠡ ᠶᠢᠨ ᠬᠡᠪ ᠪᠤᠯᠪᠠᠰᠤᠷᠠᠯ ᠢ | ᠨᠥᠯᠥᠭᠡᠯᠡᠨ᠎ᠠ᠃ ᠰᠡᠳᠭᠢᠴᠡ ᠶᠢᠨ ᠪᠤᠯᠪᠠᠰᠣᠷᠠᠯ ᠤᠨ ᠳᠡᠭᠡᠭᠰᠢᠯᠡᠯᠲᠡ ᠨᠢ ᠬᠦᠮᠦᠨ ᠤ ᠨᠢᠭᠡ ᠨᠠᠰᠤ ᠶᠢ ᠨᠥᠯᠥᠭᠡᠯᠡᠨ | ᠠᠵᠢᠯ ᠦᠢᠯᠡᠰ ᠢ ᠨᠢ ᠠᠮᠵᠢᠯᠲᠠ ᠤᠷᠤᠭᠤ ᠣᠶᠢᠷᠠᠲᠤᠭᠤᠯᠬᠤ ᠨᠢ ᠵᠠᠶᠢᠯᠠᠰᠢ ᠦᠭᠡᠢ᠃ ᠡᠶᠢᠮᠦ ᠠᠴᠠ | ᠲᠠᠰᠬᠠᠯᠵᠢᠭᠤᠯᠤᠭᠴᠢ ᠤᠷᠤᠯᠳᠤᠭᠴᠢ ᠶᠢᠨ ᠪᠠᠶᠢᠳᠠᠯ ᠳᠤ ᠲᠤᠬᠢᠷᠠᠭᠤᠯᠤᠨ ᠳᠠᠭᠤᠯᠠᠬᠤ ᠮᠡᠷᠭᠡᠵᠢᠯ ᠤᠨ ᠵᠢᠯᠤᠭᠤᠳᠤᠯᠭ᠎ᠠ | ᠬᠢᠬᠦ ᠮᠦᠷᠲᠡᠭᠡᠨ ᠵᠠᠪᠠᠯ ᠰᠡᠳᠭᠢᠴᠡ ᠶᠢᠨ ᠵᠢᠯᠤᠭᠤᠳᠤᠯᠭ᠎ᠠ ᠬᠢᠨ᠎ᠡ᠃ ᠰᠡᠳᠭᠢᠴᠡ ᠶᠢᠨ ᠬᠠᠷᠰᠢ ᠲᠠᠢ ᠰᠤᠷᠤᠭᠴᠢ ᠶᠢ | ᠲᠡᠭᠦᠨ ᠳᠤ ᠲᠤᠬᠢᠷᠠᠭᠰᠠᠨ ᠠᠷᠭ᠎ᠠ ᠪᠠᠷ ᠵᠢᠯᠤᠭᠤᠳᠴᠤ ᠰᠡᠳᠭᠢᠴᠡ ᠶᠢᠨ ᠬᠠᠷᠰᠢ ᠶᠢ ᠨᠢ ᠠᠯᠢ ᠴᠢᠳᠠᠬᠤ ᠪᠠᠷ | ᠠᠷᠢᠯᠭᠠᠬᠤ ᠴᠢᠬᠤᠯᠠ ᠲᠠᠢ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠤᠡᠭᠨᠢᠭᠤᠳ ᠬᠤᠰᠢᠭᠤᠨ ᠤ ᠭᠡᠷᠰᠡᠩ | ᠭᠤᠤᠯ ᠪᠠᠭ᠎ᠠ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | |