︵2024 ᠣᠨ ᠤ 7 ᠰᠠᠷ᠎ᠠ ᠶᠢᠨ 31 ᠤ ᠡᠳᠦᠷ︶ | ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ | ᠪᠤᠯᠭᠠᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ | ᠣᠶᠢᠯᠠᠭᠠᠭᠳᠠᠬᠤᠨ ᠰᠢᠨ᠎ᠡ ᠦᠢᠯᠡᠳᠦᠯᠭᠡ ᠶᠢᠨ ᠴᠢᠬᠤᠯᠠ ᠪᠡᠯᠭᠡ ᠲᠡᠮᠳᠡᠭ ᠮᠥᠨ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠮᠥᠨ᠂ ᠮᠠᠨ ᠤ ᠤᠯᠤᠰ ᠤᠨ ᠡᠬᠢ ᠪᠠᠶᠠᠯᠢᠭ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠮᠥᠨ᠂ ᠬᠥᠮᠥᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠶᠢᠨ | ᠳᠣᠲᠣᠭᠠᠳᠤ ᠱᠠᠭᠠᠷᠳᠠᠯᠭ᠎ᠠ ᠮᠥᠨ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠶᠢᠨ ᠲᠥᠯᠥᠭᠡ᠂ ᠤᠳᠤ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠠᠷᠪᠢᠯᠠᠨ ᠡᠷᠴᠢᠮᠵᠢᠭᠦᠯᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢᠶᠠᠷ ᠤᠳᠤᠷᠢᠳᠤᠮᠵᠢ ᠪᠤᠯᠭᠠᠵᠤ᠂ | ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ | ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ | ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ | ᠭᠡᠯᠪᠡᠷᠢ᠂ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠤᠨ᠎ᠠ᠃ | ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄ | — ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠣᠮᠢᠨ ᠤᠰᠤ | ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ | ᠪᠤᠯᠭᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠲᠠᠯ᠎ᠠ ᠳᠤ ᠠᠭᠤᠰᠬᠠᠨ ᠣᠷᠣᠭᠤᠯᠵᠤ᠂ ᠪᠦᠭᠦ ᠲᠠᠯ᠎ᠠ ᠪᠠᠷ᠂ ᠪᠦᠭᠦ ᠬᠦᠷᠢᠶ᠎ᠡ ᠪᠠᠷ᠂ ᠪᠦᠭᠦ | ᠣᠷᠣᠨ ᠪᠦᠰᠡ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠥᠨ ᠬᠢᠭᠡᠳ | ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ | — ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠳᠠᠯᠢ ᠪᠤᠰᠤ ᠭᠠᠵᠠᠷ | ᠣᠷᠣᠨ᠂ ᠠᠳᠠᠯᠢ ᠪᠤᠰᠤ ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠨᠥᠬᠦᠴᠡᠯ ᠲᠠᠢ ᠭᠠᠵᠠᠷ ᠣᠷᠣᠨ ᠪᠠ ᠠᠵᠢᠯ ᠲᠥᠷᠥᠯ ᠤᠨ ᠬᠢᠨ ᠤ ᠤᠷᠢᠳ ᠢᠶᠠᠷ ᠰᠦᠪᠡᠭᠴᠢᠯᠡᠬᠦ ᠶᠢ ᠵᠣᠷᠢᠭᠵᠢᠭᠤᠯᠬᠤ | ᠬᠡᠷᠡᠭᠲᠡᠢ᠃ | — ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠤᠯᠭᠠᠭᠤᠷᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠲᠦᠷᠦ ᠶᠢᠨ ᠪᠣᠳᠣᠯᠭ᠎ᠠ ᠳᠦᠷᠢᠮ ᠤᠨ ᠰᠢᠨ᠎ᠡ ᠶᠢ ᠡᠭᠦᠳᠬᠦ᠂ ᠬᠤᠳᠠᠯᠳᠤᠭᠠᠨ ᠤ ᠵᠠᠭᠪᠤᠷ ᠤᠨ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠪᠢᠰᠬᠠᠯ ᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ | ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠨᠡᠩ ᠬᠦᠴᠦᠷᠬᠡᠭ | ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠣᠯᠣᠨ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ | — ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠪᠠ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ | ᠣᠳᠣᠬᠠᠨ ᠪᠠ ᠠᠯᠤᠰ ᠭᠡᠲᠦ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ | ᠲᠤᠯᠭᠠᠷᠠᠵᠤ ᠪᠠᠶᠢᠭ᠎ᠠ ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠲᠣᠬᠢᠲᠠᠢ ᠰᠡᠷᠭᠡᠶᠢᠯᠡᠨ | ᠠᠷᠢᠯᠭᠠᠵᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠢ ᠨᠠᠩ | ᠰᠠᠶᠢᠲᠤᠷ ᠪᠠᠲᠤᠯᠠᠬᠤ ᠬᠡᠷᠡᠭᠲᠡᠢ᠃ | ᠭᠤᠣᠯ ᠬᠠᠷᠠᠯᠲᠠ ᠪᠣᠯ᠄ 2030 ᠣᠨ ᠪᠤᠯᠬᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠴᠠ ᠲᠠᠢ ᠪᠤᠯᠭᠠᠵᠤ᠂ ᠪᠣᠬᠢᠷᠳᠤᠯ ᠦᠭᠡᠢ | ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠳᠡᠭᠡᠨ ᠪᠤᠢ ᠪᠤᠯᠭᠠᠵᠤ᠂ | ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠮᠵᠢᠯᠴᠠᠬᠤ ᠴᠢᠳᠠᠪᠤᠷᠢ ᠶᠢ ᠢᠯᠡᠳᠲᠡ | ᠴᠢᠩᠭᠠᠷᠠᠭᠤᠯᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ | ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠨ᠎ᠠ᠃ 2035 ᠣᠨ | ᠪᠤᠯᠬᠤ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ | ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠭᠡᠯᠪᠡᠷᠢ ᠪᠣᠯᠣᠨ | ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠦᠷᠢᠯᠳᠦᠭᠦᠯᠵᠦ᠂ ᠪᠣᠬᠢᠷᠳᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ | ᠢᠯᠡᠳᠲᠡ ᠠᠬᠢᠴᠠ ᠲᠠᠢ ᠪᠤᠯᠭᠠᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠶᠢᠨ ᠭᠡᠯᠪᠡᠷᠢ ᠳᠤ ᠪᠦᠭᠦ ᠲᠠᠯ᠎ᠠ ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠶᠠᠷ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ | ᠵᠠᠢ ᠶᠢᠨ ᠪᠠᠶᠢᠷᠢᠰᠢᠯ ᠢ ᠪᠠᠶᠢᠭᠤᠯᠤᠨ᠎ᠠ | ︵ᠨᠢᠭᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠦᠨ᠎ᠡ᠃ ᠪᠦᠭᠦ ᠤᠯᠤᠰ ᠲᠤ ᠨᠢᠭᠡᠳᠦᠯᠲᠡᠢ᠂ ᠬᠠᠷᠢᠭᠤᠴᠠᠯᠭ᠎ᠠ ᠡᠷᠬᠡ ᠲᠣᠳᠣᠷᠬᠠᠢ᠂ | ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠵᠤ᠂ ᠡᠯ᠎ᠡ | ᠲᠦᠷᠦᠯ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ | ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠭᠤᠣᠯ ᠴᠣᠭᠴᠠ ᠶᠢᠨ ᠴᠢᠳᠠᠮᠵᠢ ᠶᠢᠨ ᠶᠡᠷᠦᠩᠬᠡᠶᠢᠯᠡᠭᠰᠡᠨ | ᠪᠠᠶᠢᠷᠢᠰᠢᠭᠤᠯᠤᠯᠲᠠ ᠶᠢ ᠠᠬᠢᠭᠤᠯᠤᠨ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠬᠤᠪᠢᠶᠠᠷᠢᠯᠠᠯ ᠢ | ᠨᠠᠷᠢᠯᠢᠭᠵᠢᠭᠤᠯᠵᠤ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ | ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠰᠠᠭᠤᠷᠢ | ᠪᠤᠯᠭᠠᠬᠰᠠᠨ᠂ ᠡᠯ᠎ᠡ ᠲᠥᠷᠥᠯ ᠤᠨ ᠪᠠᠶᠢᠭᠠᠯᠢ ᠶᠢᠨ ᠴᠡᠴᠡᠷᠯᠢᠭ ᠢᠶᠠᠷ ᠨᠥᠬᠦᠪᠦᠷᠢ ᠪᠤᠯᠭᠠᠬᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠳᠠᠯᠠᠢ ᠲᠠᠩᠭᠢᠰ ᠤᠨ ᠡᠬᠢ ᠪᠠᠶᠠᠯᠢᠭ ᠢ ᠨᠡᠭᠡᠭᠡᠨ | ᠬᠥᠭᠵᠢᠭᠦᠯᠵᠦ ᠬᠠᠮᠠᠭᠠᠯᠠᠬᠤ ᠳᠦᠷᠢᠮ ᠢ ᠪᠦᠷᠢᠨᠰᠢᠭᠦᠯᠵᠦ᠂ ᠳᠠᠯᠠᠢ ᠲᠠᠩᠭᠢᠰ ᠤᠨ ᠨᠡᠭᠡᠭᠡᠨ ᠠᠰᠢᠭᠯᠠᠯᠲᠠ ᠶᠢ | ᠰᠢᠰᠲ᠋ᠧᠮ ᠲᠠᠢ ᠲᠥᠯᠥᠪᠯᠡᠵᠦ᠂ ᠡᠬᠡ ᠬᠠᠭᠤᠷᠠᠢ ᠳᠠᠯᠠᠢ ᠲᠠᠩᠭᠢᠰ ᠤᠨ ᠬᠠᠮᠵᠢᠯᠴᠠᠭᠰᠠᠨ ᠦᠷᠭᠦᠯᠵᠢᠯᠡᠬᠦ᠋ᠢᠴᠡ | ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠪᠣᠬᠢᠷᠳᠤᠯ ᠦᠭᠡᠢ ᠬᠥᠭᠵᠢᠯᠲᠡ ᠶᠢᠨ ᠥᠨᠳᠦᠷᠯᠢᠭ ᠢ ᠪᠤᠶ ᠪᠣᠯᠭᠠᠨ᠎ᠠ᠃ ᠣᠷᠣᠨ ᠪᠦᠰᠡ ᠶᠢᠨ | ᠪᠣᠬᠢᠷᠳᠤᠯ ᠦᠭᠡᠢ ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠵᠣᠬᠢᠴᠠᠩᠭᠤᠢ ᠬᠥᠭᠵᠢᠯᠲᠡ ᠪᠣᠯᠣᠨ | ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢᠨ ᠨᠡᠮᠡᠭᠳᠡᠯ ᠤᠨ ᠲᠦᠢᠯ ᠪᠣᠯᠣᠨ ᠬᠥᠳᠡᠯᠭᠡᠬᠦ | ᠬᠦᠴᠦᠨ ᠤ ᠡᠬᠢ ᠰᠤᠷᠪᠤᠯᠵᠢ ᠶᠢ ᠪᠤᠢ ᠪᠣᠯᠭᠠᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ | ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠬᠤᠲᠠ ᠶᠢᠨ | ᠦᠯᠢᠭᠡᠷ ᠳᠠᠭᠤᠷᠢᠶᠠᠯ ᠪᠤᠯᠬᠤ ᠶᠢ ᠳᠠᠮᠵᠢᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠪᠠ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠡᠯᠡᠬᠡᠢ ᠶᠢᠨ ᠲᠡᠰ ᠤᠨ ᠪᠣᠬᠢᠷᠳᠤᠯ | ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠡᠬᠢ ᠪᠠᠶᠠᠯᠢᠭ ᠤᠨ ᠭᠡᠯᠪᠡᠷᠢ ᠶᠢᠨ | ᠭᠠᠵᠠᠷ ᠣᠷᠣᠨ ᠪᠠ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ | ᠭᠤᠷᠪᠠ᠂ ᠠᠵᠤ ᠦᠢᠯᠡᠰ ᠤᠨ ᠪᠦᠲᠦᠴᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ | ︵ᠭᠤᠷᠪᠠ︶ ᠤᠯᠠᠮᠵᠢᠯᠠᠯᠲᠤ ᠠᠵᠤ ᠦᠢᠯᠡᠰ ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠲᠡᠶᠢᠰᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ | ᠲᠣᠰᠣ ᠪᠠ ᠬᠢᠮᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠭᠠᠰᠤ ᠦᠢᠯᠡᠳᠬᠦ᠂ ᠳᠠᠷᠤᠮᠠᠯᠯᠠᠨ | ᠪᠤᠳᠤᠬᠤ ᠵᠡᠷᠭᠡ ᠠᠵᠢᠯ ᠲᠥᠷᠥᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ | ᠪᠠᠨ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭᠠᠲᠠᠢ ᠪᠠ ᠴᠡᠪᠡᠷ | ᠦᠢᠯᠡᠳᠪᠦᠷᠢᠯᠡᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ᠂ ᠭᠠᠷ ᠤᠷᠠᠯᠠᠯ ᠤᠨ ᠶᠠᠪᠤᠴᠠ ᠶᠢ | ᠰᠢᠨᠡᠳᠬᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠰᠢᠷᠣᠢ᠂ ᠣᠷᠴᠢᠨ ᠲᠣᠭᠤᠷᠢᠨ᠂ ᠡᠨᠧᠷᠭᠢ ᠶᠢᠨ ᠦᠷ᠎ᠡ ᠠᠰᠢᠭ᠂ | ᠤᠰᠤᠨ ᠤ ᠦᠷ᠎ᠡ ᠠᠰᠢᠭ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠡᠷᠭᠡ ᠬᠢᠵᠠᠭᠠᠷᠯᠠᠬᠤ ᠴᠢᠨᠠᠷᠲᠠᠢ | ᠪᠠᠷᠢᠮᠵᠢᠶ᠎ᠠ ᠶᠢ ᠦᠷᠭᠦᠯᠵᠢᠯᠡᠨ ᠰᠢᠨᠡᠳᠬᠡᠵᠦ᠂ ᠤᠯᠤᠰ ᠤᠨ ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠤᠯᠠᠮᠵᠢᠯᠠᠯᠲᠤ ᠠᠵᠤ | ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠬᠥᠲᠥᠯᠥᠨ ᠳᠠᠭᠠᠭᠤᠯᠵᠤ᠂ ᠦᠢᠯᠡᠳᠪᠦᠷᠢᠯᠡᠬᠦ ᠴᠢᠳᠠᠪᠤᠷᠢ ᠶᠢ | ᠤᠬᠤᠷᠢᠭᠤᠯᠤᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠨ᠎ᠡ ᠪᠠᠷ ᠪᠠᠶᠢᠭᠤᠯᠬᠤ᠂ | ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠡᠬᠢ ᠪᠠᠶᠠᠯᠢᠭ ᠣᠷᠴᠢᠨ ᠲᠣᠭᠤᠷᠢᠨ ᠤ | ᠲᠠᠯ᠎ᠠ ᠪᠠᠷ ᠬᠢ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠳᠣᠣᠷ᠎ᠠ ᠬᠢᠷᠢ ᠬᠡᠮᠵᠢᠶ᠎ᠡ ᠪᠦᠬᠦᠢ ᠲᠥᠷᠥᠯ ᠵᠦᠢᠯ ᠢ | ᠰᠣᠬᠤᠷ ᠪᠠᠯᠠᠢ ᠪᠠᠷ ᠡᠬᠢᠯᠡᠭᠦᠯᠬᠦ ᠶᠢ ᠡᠷᠡᠰ ᠬᠤᠷᠢᠭᠯᠠᠨ᠎ᠠ᠃ | ︵ᠳᠥᠷᠪᠡ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠶᠡᠭᠡ ᠪᠠᠷ | ᠬᠥᠭᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ | ᠬᠥᠭᠵᠢᠭᠦᠯᠵᠦ᠂ ᠪᠣᠬᠢᠷᠳᠤᠯ ᠦᠭᠡᠢ ᠦᠢᠯᠡᠳᠬᠦ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠠᠵᠤ ᠠᠬᠤᠢ ᠶᠢᠨ ᠶᠡᠷᠦᠩᠬᠡᠢ | ᠬᠡᠮᠵᠢᠶᠡᠨ ᠳᠠᠬᠢ ᠬᠤᠪᠢ ᠶᠢᠨ ᠵᠢᠩ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠥᠷᠢᠰᠦᠯᠳᠦᠬᠦ ᠬᠦᠴᠦᠨ ᠲᠠᠢ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ | ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠪᠣᠯᠣᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ | ᠳᠤᠮᠳᠠ ᠪᠠᠭ᠎ᠠ ᠠᠵᠤ ᠠᠬᠤᠶᠢᠯᠠᠯ ᠢ ᠪᠠᠶᠢᠭᠤᠯᠤᠨ᠎ᠠ᠃ ᠡᠨᠧᠷᠭᠢ ᠶᠢᠨ ᠭᠡᠷᠡᠲᠦ ᠬᠠᠮᠢᠶᠠᠷᠤᠯᠲᠠ᠂ ᠤᠰᠤ ᠠᠷᠪᠢᠯᠠᠬᠤ | ᠭᠡᠷᠡᠲᠦ ᠬᠠᠮᠢᠶᠠᠷᠤᠯᠲᠠ᠂ ᠣᠷᠴᠢᠨ ᠠᠬᠤᠢ ᠶᠢᠨ ᠪᠣᠬᠢᠷᠳᠤᠯ ᠢ ᠭᠤᠷᠪᠠᠳᠠᠭᠢ ᠡᠲᠡᠭᠡᠳ ᠠᠴᠠ ᠵᠠᠰᠠᠬᠤ ᠵᠡᠷᠭᠡ ᠵᠠᠭᠪᠤᠷ | ᠪᠠ ᠣᠷᠴᠢᠨ ᠠᠬᠤᠢ ᠶᠢ ᠵᠠᠰᠠᠬᠤ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠰᠠᠨ ᠣᠷᠴᠢᠨ ᠠᠬᠤᠢ ᠶᠢ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠦᠨ᠎ᠡ᠃ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠶᠢᠬᠤ ᠪᠠᠷ ᠤᠳᠤᠷᠢᠳᠤᠮᠵᠢ | ᠪᠤᠯᠭᠠᠬᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠬᠤᠳᠠᠯᠳᠤᠭᠠᠨ ᠤ ᠬᠡᠪ ᠵᠠᠭᠪᠤᠷ ᠢ | ᠲᠦᠷᠭᠡᠪᠴᠢᠯᠡᠨ ᠬᠥᠭᠵᠢᠭᠦᠯᠬᠦ ᠶᠢ ᠢᠳᠡᠪᠬᠢᠲᠡᠢ ᠵᠣᠷᠢᠭᠵᠢᠭᠤᠯᠤᠨ᠎ᠠ᠃ 2030 ᠣᠨ ᠪᠤᠯᠬᠤ ᠳᠤ᠂ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠡᠪᠴᠢᠶ᠎ᠡ ᠶᠢ 15 ᠲᠦᠮᠡᠨ ᠳ᠋ᠦᠩᠰᠢᠭᠤᠷ | ᠲᠥᠭᠦᠷᠢᠭ ᠣᠷᠴᠢᠮ ᠳᠤ ᠬᠦᠷᠦᠭᠦᠯᠦᠨ᠎ᠡ᠃ | ︵ᠲᠠᠪᠤ︶ ᠲᠣᠭᠠᠴᠢᠯᠠᠭᠰᠠᠨ ᠪᠣᠬᠢᠷᠳᠤᠯ ᠦᠭᠡᠢ ᠶᠢᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠲᠦᠷᠭᠡᠳᠬᠡᠨ᠎ᠡ᠃ ᠠᠵᠤ ᠦᠢᠯᠡᠰ ᠤᠨ ᠲᠤᠭᠠᠴᠢᠯᠠᠯᠳᠠ ᠣᠶᠤᠨᠴᠢᠯᠠᠯᠲᠠ ᠶᠢᠨ ᠪᠣᠬᠢᠷᠳᠤᠯ ᠦᠭᠡᠢ ᠯᠦᠭᠡ | ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ᠂ ᠡᠭᠦᠯᠡᠨ | ᠪᠣᠳᠣᠯᠲᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠶᠢᠨ ᠴᠠᠭᠢᠯᠭᠠᠨ ᠬᠦᠴᠦᠨ ᠤ ᠰᠢᠰᠲ᠋ᠧᠮ᠂ ᠠᠵᠤ | ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠵᠡᠷᠭᠡ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠢ ᠭᠦᠨᠵᠡᠭᠡᠶᠢᠷᠡᠭᠦᠯᠵᠦ᠂ | ᠲᠣᠭᠠᠴᠢᠯᠠᠭᠰᠠᠨ ᠮᠡᠷᠭᠡᠵᠢᠯ ᠳᠤ ᠡᠨᠧᠷᠭᠢ ᠣᠯᠭᠤᠵᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠪᠡᠶᠡᠯᠡᠭᠦᠯᠦᠨ᠎ᠡ᠃ ᠡᠯ᠎ᠡ ᠲᠥᠷᠥᠯ ᠤᠨ ᠬᠡᠷᠡᠭᠯᠡᠭᠴᠢᠳ ᠤᠨ ︽ᠡᠭᠦᠯᠡᠨ ᠲᠠᠪᠴᠠᠩ ᠳᠤ ᠭᠠᠷᠬᠤ᠂ ᠳ᠋ᠠᠶᠢᠲ᠋ᠠ ᠶᠢ | ᠬᠡᠷᠡᠭᠯᠡᠬᠦ᠂ ᠡᠨᠧᠷᠭᠢ ᠣᠯᠭᠤᠬᠤ︾ ᠶᠢ ᠠᠬᠢᠭᠤᠯᠵᠤ᠂ ᠠᠵᠤ ᠠᠬᠤᠶᠢᠯᠠᠯ ᠤᠨ ᠲᠤᠭᠠᠴᠢᠯᠠᠯᠲᠠ ᠣᠶᠤᠨᠴᠢᠯᠠᠯᠲᠠ ᠶᠢᠨ | ᠮᠡᠷᠭᠡᠵᠢᠯ᠂ ᠪᠣᠬᠢᠷᠳᠤᠯ ᠦᠭᠡᠢ ᠬᠥᠭᠵᠢᠯᠲᠡ ᠶᠢᠨ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠭᠦ ᠶᠢ ᠳᠡᠮᠵᠢᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠣᠭᠠᠴᠢᠯᠠᠭᠰᠠᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡᠨᠲᠡ ᠪᠠᠶᠢᠭ᠎ᠠ ᠲᠤᠨᠤᠭ | ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ | ᠥᠭᠡᠷᠡᠴᠢᠯᠡᠯᠲᠡ ᠶᠢ ᠠᠬᠢᠭᠤᠯᠵᠤ᠂ ︽ᠣᠨ ᠵᠢᠯ ᠤᠳᠠᠭᠰᠠᠨ ᠬᠠᠭᠤᠴᠢᠷᠠᠭᠰᠠᠨ ᠪᠠᠭ᠎ᠠ ᠲᠠᠷᠠᠬᠠᠢ︾ ᠲᠤᠨᠤᠭ | ᠲᠥᠬᠦᠭᠡᠷᠦᠮᠵᠢ ᠶᠢ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠠᠬᠤᠶᠢᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ | ᠬᠥᠲᠥᠯᠥᠨ ᠵᠢᠯᠤᠭᠤᠳᠴᠤ᠂ ᠡᠬᠢᠨ ᠤ ᠪᠠ ᠡᠴᠦᠰ ᠤᠨ ᠬᠡᠯᠬᠢᠶᠡᠨ ᠤ ᠠᠵᠤ ᠠᠬᠤᠶᠢᠯᠠᠯ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠭᠦ ᠳᠤ ᠬᠦᠴᠦᠨ | ᠨᠡᠮᠡᠷᠢᠯᠡᠨ᠎ᠡ᠃ ᠣᠷᠴᠢᠨ ᠲᠣᠭᠤᠷᠢᠨ ᠤ ᠪᠣᠬᠢᠷᠳᠤᠯ ᠪᠠ ᠴᠠᠭ ᠠᠭᠤᠷ ᠤᠨ ᠭᠠᠮᠰᠢᠭ ᠢ ᠥᠨᠳᠥᠷ ᠦᠷ᠎ᠡ | ᠪᠦᠲᠦᠮᠵᠢᠲᠡᠶ ᠪᠠᠷ ᠬᠢᠨᠠᠨ ᠰᠢᠨᠵᠢᠬᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠡᠮᠵᠢᠯᠡᠭᠦᠯᠭᠦ᠂ ᠰᠢᠨᠵᠢᠯᠡᠬᠦ | ᠤᠬᠠᠭᠠᠨᠴᠢ ᠪᠠᠷ ᠵᠠᠳᠠᠯᠬᠤ᠂ ᠣᠶᠤᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠰᠲ᠋ᠧᠮ ᠢ ᠰᠦᠪᠡᠭᠴᠢᠯᠡᠨ | ᠪᠠᠶᠢᠭᠤᠯᠤᠨ᠎ᠠ᠃ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ | ᠪᠣᠯᠣᠨ ᠴᠠᠭ ᠣᠷᠣᠨ ᠵᠠᠢ ᠶᠢᠨ ᠮᠡᠳᠡᠭᠡ ᠵᠠᠩᠭᠢ ᠪᠠᠷ ᠡᠨᠧᠷᠭᠢ ᠣᠯᠭᠤᠬᠤ ᠬᠡᠷᠡᠭᠯᠡᠯᠲᠡ ᠶᠢ ᠠᠬᠢᠭᠤᠯᠤᠨ᠎ᠠ᠃ | ᠳᠥᠷᠪᠡ᠂ ᠡᠨᠧᠷᠭᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ | ︵ᠵᠢᠷᠭᠤᠭ᠎ᠠ︶ ᠴᠢᠯᠠᠭᠤᠵᠢᠮᠠᠯ ᠡᠨᠧᠷᠭᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠴᠢᠩᠭᠠᠳᠬᠠᠨ᠎ᠠ᠃ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡᠯᠡᠬᠦ ᠪᠣᠷᠤᠯᠠᠭᠤᠯᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ | ᠴᠢᠯᠠᠭᠤᠵᠢᠮᠠᠯ ᠪᠤᠰᠤ ᠡᠨᠧᠷᠭᠢ ᠶᠢᠨ ᠠᠮᠤᠷ ᠲᠦᠪᠰᠢᠨ ᠨᠠᠶᠢᠳᠠᠪᠤᠷᠢᠲᠠᠢ ᠡᠮᠬᠢ ᠵᠢᠷᠤᠮ ᠲᠠᠢ ᠪᠠᠷ ᠴᠢᠯᠠᠭᠤᠵᠢᠮᠠᠯ | ᠡᠨᠧᠷᠭᠢ ᠶᠢ ᠣᠷᠣᠯᠠᠬᠤ ᠶᠢ ᠠᠬᠢᠭᠤᠯᠵᠤ᠂ ᠡᠨᠧᠷᠭᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ | ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠪᠴᠢᠯᠡᠨ ᠲᠥᠯᠥᠪᠵᠢᠭᠦᠯᠦᠨ ᠪᠠᠶᠢᠭᠤᠯᠤᠨ᠎ᠠ᠃ ᠴᠢᠯᠠᠭᠤᠵᠢᠮᠠᠯ | ᠡᠨᠧᠷᠭᠢ ᠶᠢᠨ ᠬᠡᠷᠡᠭᠯᠡᠭᠡ ᠶᠢ ᠡᠷᠡᠰ ᠬᠢᠵᠠᠭᠠᠷᠯᠠᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ | ᠭᠦᠨᠵᠡᠭᠡᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ | ᠨᠡᠭᠦᠷᠡᠰᠦᠨ ᠤ ᠬᠡᠷᠡᠭᠯᠡᠭᠡ ᠶᠢᠨ ᠨᠡᠮᠡᠭᠳᠡᠯ ᠢ ᠴᠢᠩᠭ᠎ᠠ ᠵᠦᠢ ᠵᠣᠬᠢᠰᠲᠠᠢ ᠬᠢᠵᠠᠭᠠᠷᠯᠠᠵᠤ᠂ ᠲᠠᠷᠠᠭᠠᠴᠢ ᠶᠢᠨ 5 ᠵᠢᠯ ᠳᠤ | ᠠᠯᠬᠤᠮ ᠠᠯᠬᠤᠮ ᠢᠶᠠᠷ ᠪᠠᠭᠠᠰᠬᠠᠵᠤ᠂ ᠡᠨᠧᠷᠭᠢ ᠶᠢᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠭᠰᠠᠨ ᠤᠷᠢᠲᠠᠯ | ᠳᠣᠣᠷ᠎ᠠ᠂ ᠭᠤᠣᠯᠳᠠᠯᠭ᠎ᠠ ᠲᠠᠢ ᠣᠷᠣᠨ ᠪᠦᠰᠡ ᠳᠤ ᠨᠡᠭᠦᠷᠡᠰᠦᠨ ᠤ ᠬᠡᠷᠡᠭᠯᠡᠭᠡ ᠶᠢᠨ ᠶᠡᠷᠦᠩᠬᠡᠢ ᠬᠡᠮᠵᠢᠶ᠎ᠡ ᠶᠢ | ᠦᠷᠭᠦᠯᠵᠢᠯᠡᠨ ᠬᠢᠵᠠᠭᠠᠷᠯᠠᠵᠤ᠂ ᠰᠤᠯᠠ ᠨᠡᠭᠦᠷᠡᠰᠦ ᠪᠠᠷ ᠣᠷᠣᠯᠠᠭᠤᠯᠬᠤ ᠶᠢ ᠢᠳᠡᠪᠬᠢᠲᠡᠢ ᠡᠮᠬᠢ ᠵᠢᠷᠤᠮ ᠲᠠᠢ ᠪᠠᠷ | ᠠᠬᠢᠭᠤᠯᠤᠨ᠎ᠠ᠃ ᠣᠳᠣᠬᠠᠨ ᠤ ᠬᠡᠷᠡᠭᠯᠡᠵᠦ ᠪᠠᠶᠢᠭ᠎ᠠ ᠨᠡᠭᠦᠷᠡᠰᠦ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ | ᠴᠢᠨᠠᠷᠲᠠᠢ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢᠨ ︽ᠭᠤᠷᠪᠠ ᠶᠢ ᠥᠭᠡᠷᠡᠴᠢᠯᠡᠵᠦ ᠬᠤᠯᠪᠤᠭᠠᠯᠠᠨ | ᠬᠥᠳᠡᠯᠦᠯᠴᠡᠬᠦ︾ ᠶᠢ ᠲᠦᠷᠭᠡᠳᠬᠡᠵᠦ᠂ ᠴᠠᠭᠢᠯᠭᠠᠨ ᠬᠦᠴᠦᠨ ᠤ ᠰᠢᠰᠲ᠋ᠧᠮ ᠤᠨ ᠠᠮᠤᠷ ᠲᠦᠪᠰᠢᠨ ᠢ ᠪᠠᠲᠤᠯᠠᠬᠤ ᠳᠤ | ᠵᠠᠪᠠᠯ ᠱᠠᠭᠠᠷᠳᠠᠭᠳᠠᠬᠤ ᠲᠣᠬᠢᠷᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠨᠡᠭᠦᠷᠡᠰᠦ ᠴᠠᠭᠢᠯᠭᠠᠨ ᠢ ᠵᠦᠢ | ᠵᠣᠬᠢᠰᠲᠠᠢ ᠲᠥᠯᠥᠪᠯᠡᠨ ᠪᠠᠶᠢᠭᠤᠯᠤᠨ᠎ᠠ᠃ ᠴᠢᠯᠠᠭᠤᠨ ᠲᠣᠰᠣ ᠰᠢᠲᠠᠮᠠᠬᠠᠢ ᠬᠡᠢ ᠶᠢᠨ ᠡᠬᠢ ᠪᠠᠶᠠᠯᠢᠭ ᠢ ᠬᠠᠶᠢᠨ | ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡᠯᠡᠬᠦ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ ᠡᠷᠴᠢᠮ ᠢ | ᠴᠢᠩᠭᠠᠷᠠᠭᠤᠯᠵᠤ᠂ ᠴᠢᠯᠠᠭᠤᠨ ᠲᠣᠰᠣ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠬᠢᠭᠡᠳ ᠰᠢᠨ᠎ᠡ | ᠡᠨᠧᠷᠭᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠬᠤᠷᠢᠶᠠᠨ ᠴᠤᠭᠯᠠᠭᠤᠯᠵᠤ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ︵ᠳᠣᠯᠤᠭ᠎ᠠ︶ ᠴᠢᠯᠠᠭᠤᠵᠢᠮᠠᠯ ᠪᠤᠰᠤ ᠡᠨᠧᠷᠭᠢ ᠶᠢ ᠶᠡᠭᠡ ᠪᠠᠷ ᠬᠥᠭᠵᠢᠭᠦᠯᠦᠨ᠎ᠡ᠃ ᠪᠠᠷᠠᠭᠤᠨ ᠬᠤᠶᠢᠲᠤ ᠶᠢᠨ | ᠰᠠᠯᠬᠢᠨ ᠴᠠᠭᠢᠯᠭᠠᠨ ᠬᠦᠴᠦᠨ ᠭᠡᠷᠡᠯᠴᠢ ᠴᠡᠨᠡᠭ᠂ ᠪᠠᠷᠠᠭᠤᠨ ᠡᠮᠦᠨᠡᠲᠦ ᠶᠢᠨ ᠤᠰᠤᠨ ᠴᠠᠭᠢᠯᠭᠠᠨ᠂ ᠳᠠᠯᠠᠶ ᠳᠡᠭᠡᠷᠡᠬᠢ | ᠰᠠᠯᠬᠢᠨ ᠬᠦᠴᠦᠨ ᠤ ᠴᠠᠭᠢᠯᠭᠠᠨ᠂ ᠳᠠᠯᠠᠶ ᠳᠠᠭᠠᠤ ᠶᠢᠨ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢᠨ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠠᠬᠠᠢ ᠮᠠᠶ᠋ᠢᠭ ᠤᠨ ᠭᠡᠷᠡᠯᠴᠢ ᠴᠡᠨᠡᠭ᠂ ᠲᠠᠷᠠᠬᠠᠢ | ᠮᠠᠶ᠋ᠢᠭ ᠤᠨ ᠰᠠᠯᠬᠢᠨ ᠴᠠᠭᠢᠯᠭᠠᠨ ᠬᠦᠴᠦᠨ ᠢ ᠢᠳᠡᠪᠬᠢᠲᠡᠢ ᠬᠥᠭᠵᠢᠭᠦᠯᠵᠦ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠪᠣᠳᠠᠰ ᠤᠨ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠳᠠᠯᠠᠶ ᠲᠠᠩᠭᠢᠰ ᠤᠨ | ᠡᠨᠧᠷᠭᠢ ᠵᠡᠷᠭᠡ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢ ︽ᠦᠢᠯᠡᠳᠬᠦ | ᠨᠥᠭᠡᠴᠡᠯᠡᠬᠦ ᠬᠦᠷᠭᠡᠵᠦ ᠬᠡᠷᠡᠭᠯᠡᠬᠦ︾ ᠪᠦᠭᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠤᠰᠤᠨ ᠴᠠᠭᠢᠯᠭᠠᠨ ᠢ | ᠨᠡᠭᠡᠭᠡᠨ ᠬᠥᠭᠵᠢᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠵᠦ᠂ ᠤᠰᠤ ᠰᠠᠯᠬᠢ ᠭᠡᠷᠡᠯ ᠢ | ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠴᠥᠮ᠎ᠡ ᠶᠢᠨ ᠴᠠᠭᠢᠯᠭᠠᠨ ᠢ ᠢᠳᠡᠪᠬᠢᠲᠡᠢ | ᠠᠶᠤᠯ ᠦᠭᠡᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠬᠤ ᠪᠠ ᠲᠣᠭᠲᠠᠭᠤᠨ | ᠪᠠᠶᠢᠯᠭᠠᠬᠤ ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠪᠠᠲᠤᠯᠠᠨ᠎ᠠ᠃ 2030 ᠣᠨ ᠪᠤᠯᠬᠤ ᠳᠤ᠂ ᠴᠢᠯᠠᠭᠤᠵᠢᠮᠠᠯ | ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ 25% ᠣᠷᠴᠢᠮ ᠪᠤᠯᠲᠠᠯ᠎ᠠ ᠳᠡᠭᠡᠭᠰᠢᠯᠡᠭᠦᠯᠦᠨ᠎ᠡ᠃ | ︵ᠨᠠᠢᠮᠠ︶ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ᠃ ᠴᠡᠪᠡᠷ ᠡᠨᠧᠷᠭᠢ ᠶᠢᠨ ᠰᠠᠭᠤᠷᠢᠨ᠂ ᠲᠣᠬᠢᠷᠠᠭᠤᠯᠬᠤ ᠴᠢᠨᠠᠷᠲᠠᠢ ᠡᠬᠢ ᠪᠠᠶᠠᠯᠢᠭ ᠪᠠ ᠴᠠᠭᠢᠯᠭᠠᠨ | ᠬᠦᠷᠭᠡᠬᠦ ᠨᠡᠪᠲᠡᠷᠡᠬᠦ ᠵᠠᠮ ᠤᠨ ᠬᠡᠪᠴᠢᠶᠡᠲᠦ ᠴᠢᠳᠠᠪᠤᠷᠢ᠂ ᠣᠷᠣᠨ ᠵᠠᠢ ᠶᠢᠨ ᠪᠠᠶᠢᠷᠢᠰᠢᠭᠤᠯᠤᠯᠲᠠ᠂ ᠪᠦᠲᠦᠭᠡᠨ | ᠪᠠᠶᠢᠭᠤᠯᠤᠯᠲᠠ ᠶᠢᠨ ᠠᠶᠢᠵᠠᠮ ᠵᠡᠷᠭᠡ ᠲᠠᠯ᠎ᠠ ᠶᠢᠨ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠢᠲᠠᠮᠠᠬᠠᠢ | ᠬᠡᠢ ᠶᠢᠨ ᠢᠷᠡᠯᠲᠡ ᠶᠢ ᠨᠠᠶᠢᠳᠠᠪᠤᠷᠢᠵᠢᠭᠤᠯᠵᠤ ᠪᠤᠯᠬᠤ᠂ ᠰᠢᠲᠠᠮᠠᠬᠠᠢ ᠬᠡᠢ ᠶᠢᠨ ᠦᠨ᠎ᠡ ᠶᠢ ᠳᠠᠭᠠᠭᠠᠵᠤ ᠳᠡᠶᠢᠯᠭᠦ ᠭᠠᠵᠠᠷ | ᠣᠷᠣᠨ ᠳᠤ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠠᠭᠢᠯᠭᠠᠨ | ᠥᠷᠲᠡᠭᠡ ᠪᠠᠶᠢᠷᠢᠯᠠᠭᠤᠯᠬᠤ ᠶᠢ ᠵᠣᠷᠢᠭᠵᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠭᠡᠯᠪᠡᠷᠢ ᠶᠢᠨ | ᠡᠨᠧᠷᠭᠢ ᠬᠠᠳᠠᠭᠠᠯᠠᠬᠤ᠂ ᠭᠡᠷᠡᠯ ᠢᠯᠴᠢ ᠪᠠᠷ ᠴᠠᠭᠢᠯᠭᠠᠨ ᠭᠠᠷᠭᠠᠬᠤ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ | ᠴᠠᠭᠢᠯᠭᠠᠨ ᠬᠦᠴᠦᠨ ᠤ ᠰᠢᠰᠲ᠋ᠧᠮ ᠤᠨ ᠠᠶᠤᠯ ᠦᠭᠡᠢ ᠠᠵᠢᠯᠯᠠᠬᠤ ᠪᠠ ᠶᠡᠷᠦᠩᠬᠡᠶᠢᠯᠡᠨ ᠲᠣᠬᠢᠷᠠᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠲᠤ ᠴᠠᠭᠢᠯᠭᠠᠨ ᠲᠣᠣᠷ ᠢ ᠪᠦᠲᠦᠭᠡᠨ ᠪᠠᠶᠢᠭᠤᠯᠵᠤ᠂ ᠪᠢᠴᠢᠯ ᠴᠠᠭᠢᠯᠭᠠᠨ | ᠲᠣᠣᠷ᠂ ᠳᠠᠭᠤᠷᠢᠶᠠᠮᠠᠯ ᠴᠠᠭᠢᠯᠭᠠᠨ ᠦᠢᠯᠡᠳᠪᠦᠷᠢ᠂ ᠡᠨᠧᠷᠭᠢ ᠲᠣᠣᠷ ᠳᠠᠭᠠᠭᠠᠴᠠ ᠨᠥᠭᠡᠴᠡ ᠶᠢ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠴᠠᠭᠢᠯᠭᠠᠨ | ᠬᠦᠴᠦᠨ ᠤ ᠬᠡᠷᠡᠭᠴᠡᠭᠡᠨ ᠤ ᠬᠠᠵᠠᠭᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠴᠠᠭᠢᠯᠭᠠᠨ ᠬᠦᠴᠦᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ | ᠰᠢᠰᠲ᠋ᠧᠮ ᠳᠤ ᠵᠣᠬᠢᠴᠠᠬᠤ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ 2030 ᠣᠨ | ᠪᠤᠯᠬᠤ ᠳᠤ᠂ ᠤᠰᠤ ᠲᠠᠲᠠᠵᠤ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.2 | ᠳ᠋ᠦᠩᠰᠢᠭᠤᠷ ᠭᠢᠯᠦᠸᠠᠲ ᠢ ᠳᠠᠪᠠᠭᠤᠯᠤᠨ᠎ᠠ᠃ | ᠲᠠᠪᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ | ︵ᠶᠢᠰᠦ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠪᠣᠬᠢᠷᠳᠤᠯ ᠦᠭᠡᠢ | ᠪᠥᠭᠡᠳ ᠥᠨᠳᠥᠷ ᠪᠦᠲᠦᠮᠵᠢᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ | ᠲᠡᠮᠦᠷ ᠵᠠᠮ᠂ ᠵᠠᠰᠠᠮᠠᠯ ᠵᠠᠮ᠂ ᠤᠰᠤᠨ ᠲᠡᠭᠡᠭᠡᠪᠦᠷᠢ ᠶᠢᠨ ᠲᠣᠣᠷ ᠢ ᠲᠡᠭᠦᠯᠳᠡᠷᠵᠢᠭᠦᠯᠦᠨ᠂ ᠠᠳᠠᠯᠢ ᠪᠤᠰᠤ | ᠲᠡᠭᠡᠭᠡᠪᠦᠷᠢ ᠶᠢᠨ ᠠᠷᠭ᠎ᠠ ᠮᠠᠶ᠋ᠢᠭ ᠤᠨ ᠵᠦᠢ ᠵᠣᠬᠢᠰᠲᠠᠢ ᠠᠵᠢᠯ ᠤᠨ ᠬᠤᠪᠢᠶᠠᠷᠢᠯᠠᠯ᠂ ᠪᠦᠲᠦᠮᠵᠢᠲᠡᠢ ᠵᠣᠯᠭᠠᠯᠳᠤᠯ ᠢ | ᠠᠬᠢᠭᠤᠯᠵᠤ᠂ ᠪᠠᠷᠠᠭ᠎ᠠ ᠦᠭᠡᠢ ᠬᠤᠭᠤᠰᠤᠨ ᠢᠶᠠᠷ ᠠᠶᠠᠯᠠᠬᠤ ᠨᠤᠷᠮ᠎ᠠ ᠪᠠ ᠠᠶᠠᠨᠴᠢᠨ ᠤ ᠪᠠ ᠪᠠᠷᠠᠭᠠᠨ ᠤ | ᠲᠡᠭᠡᠭᠡᠪᠦᠷᠢ ᠶᠢᠨ ᠵᠦᠢ ᠵᠣᠬᠢᠰ ᠦᠭᠡᠢ ᠡᠷᠭᠢᠯᠲᠡ ᠶᠢᠨ ᠬᠡᠮᠵᠢᠶ᠎ᠡ ᠶᠢ ᠪᠠᠭᠤᠷᠠᠭᠤᠯᠤᠨ᠎ᠠ᠃ ᠣᠯᠠᠨ ᠭᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠬᠠᠭᠤᠳᠠᠰᠤ ᠶᠢᠨ ᠳᠦᠷᠢᠮ︾᠂ ︽ᠨᠢᠭᠡ ᠬᠠᠶᠢᠷᠴᠠᠭ ᠤᠨ | ᠳᠦᠷᠢᠮ︾ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠪᠠᠷᠠᠭ᠎ᠠ ᠶᠢᠨ ᠲᠡᠭᠡᠭᠡᠪᠦᠷᠢ ᠶᠢᠨ ᠲᠤᠰᠬᠠᠢ ᠬᠡᠷᠡᠭᠯᠡᠬᠦ ᠲᠡᠮᠦᠷ | ᠵᠠᠮ ᠪᠣᠯᠣᠨ ᠳᠣᠲᠣᠭᠠᠳᠤ ᠭᠤᠣᠯ ᠤᠨ ᠳᠡᠭᠡᠳᠦ ᠲᠠᠰ ᠤᠨ ᠠᠶᠠᠯᠠᠯ ᠤᠨ ᠵᠠᠮ ᠤᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠭᠤᠣᠯ ᠪᠤᠯᠬᠤ ᠭᠠᠷᠠᠮ᠂ ᠲᠣᠮᠣ ᠭᠡᠯᠪᠡᠷᠢ ᠶᠢᠨ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠪᠣᠯᠣᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ | ᠬᠡᠷᠡᠭᠯᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠲᠥᠪᠯᠡᠷᠡᠭᠦᠯᠬᠦ ᠲᠠᠷᠬᠠᠭᠠᠬᠤ | ᠲᠡᠭᠡᠭᠡᠪᠦᠷᠢᠯᠡᠬᠦ ᠬᠠᠷᠢᠴᠠᠯ ᠢ ᠳᠡᠭᠡᠭᠰᠢᠯᠡᠭᠦᠯᠦᠨ᠂ ᠪᠥᠭᠡᠮ ᠲᠠᠸᠠᠷ ᠤᠨ ᠲᠡᠮᠦᠷ ᠵᠠᠮ᠂ ᠤᠰᠤᠨ ᠵᠠᠮ ᠤᠨ | ᠲᠡᠭᠡᠭᠡᠪᠦᠷᠢ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠷᠠᠳ ᠤᠨ ᠠᠭᠠᠷ ᠤᠨ | ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ ᠰᠢᠯᠢᠳᠡᠭᠵᠢᠭᠦᠯᠵᠦ᠂ ᠨᠢᠰᠬᠡᠯ ᠤᠨ ᠪᠠᠭᠤᠳᠠᠯ ᠤᠨ | ᠠᠵᠢᠯᠯᠠᠭᠠᠨ ᠤ ᠴᠠᠬᠢᠯᠭᠠᠨᠵᠢᠭᠤᠯᠬᠤ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠠᠷᠪᠠ︶ ᠪᠣᠬᠢᠷᠳᠤᠯ ᠦᠭᠡᠢ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠲᠦᠭᠡᠨ | ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ | ᠵᠠᠰᠠᠮᠠᠯ ᠵᠠᠮ ᠤᠨ ᠲᠤᠨᠤᠭ ᠲᠥᠬᠦᠭᠡᠷᠦᠮᠵᠢ ᠶᠢᠨ ᠪᠣᠬᠢᠷᠳᠤᠯ ᠦᠭᠡᠢ ᠪᠥᠭᠡᠳ ᠣᠶᠤᠨᠴᠢᠯᠠᠭᠰᠠᠨ ᠬᠢᠷᠢ ᠲᠦᠪᠰᠢᠨ ᠢ | ᠳᠡᠭᠡᠭᠰᠢᠯᠡᠭᠦᠯᠵᠦ᠂ ᠣᠳᠣ ᠶᠢᠨ ᠪᠠᠶᠢᠭ᠎ᠠ ᠵᠠᠮ ᠬᠠᠷᠢᠯᠴᠠᠭ᠎ᠠ ᠶᠢᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠶᠢᠰᠢ ᠥᠭᠡᠷᠡᠴᠢᠯᠡᠨ ᠳᠡᠭᠡᠭᠰᠢᠯᠡᠭᠦᠯᠭᠦ ᠶᠢ | ᠠᠬᠢᠭᠤᠯᠤᠨ᠂ ᠨᠢᠭᠡ ᠪᠦᠯᠦᠭ ᠨᠡᠭᠦᠷᠡᠰᠦᠲᠥ᠋ᠷᠥᠭᠴᠢ ᠪᠠᠭᠠᠲᠠᠢ ︵ᠨᠡᠭᠦᠷᠡᠰᠦᠲᠥ᠋ᠷᠥᠭᠴᠢ ᠦᠯᠦ | ᠭᠠᠳᠠᠭᠰᠢᠯᠠᠭᠤᠯᠬᠤ︶ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ | ᠦᠢᠯᠡᠴᠢᠯᠡᠭᠡᠨ ᠤ ᠲᠣᠭᠤᠷᠢᠭ ᠢ ᠪᠦᠲᠦᠭᠡᠨ ᠪᠠᠶᠢᠭᠤᠯᠵᠤ᠂ ᠲᠦᠷᠭᠡᠨ ᠤ ᠵᠠᠰᠠᠮᠠᠯ ᠵᠠᠮ ᠳᠠᠭᠠᠤ ᠶᠢᠨ ᠭᠡᠷᠡᠯᠴᠢ ᠴᠡᠨᠡᠭ ᠢ | ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠭᠦᠯᠦᠨ᠎ᠡ᠃ ᠴᠡᠨᠡᠭᠯᠡᠬᠦ | ︵ᠰᠣᠯᠢᠬᠤ︶ ᠴᠠᠭᠢᠯᠭᠠᠨ ᠥᠷᠲᠡᠭᠡ᠂ ᠤᠰᠤᠲᠥ᠋ᠷᠥᠭᠴᠢ ︵ᠠᠯᠺᠤᠣᠯ︶ ᠨᠡᠮᠡᠬᠦ ᠥᠷᠲᠡᠭᠡ᠂ ᠡᠷᠭᠢ ᠶᠢᠨ ᠴᠠᠭᠢᠯᠭᠠᠨ | ᠵᠡᠷᠭᠡ ᠰᠠᠭᠤᠷᠢ ᠲᠥᠬᠦᠭᠡᠷᠦᠮᠵᠢ ᠶᠢᠨ ᠲᠣᠣᠷ ᠢ ᠲᠡᠭᠦᠯᠳᠡᠷᠵᠢᠭᠦᠯᠵᠦ᠂ ᠬᠤᠲᠠ ᠶᠢᠨ ᠣᠶᠤᠨᠲᠤ ᠵᠠᠮ ᠬᠠᠷᠢᠯᠴᠠᠭ᠎ᠠ ᠶᠢᠨ | ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠤᠨ | ᠪᠣᠬᠢᠷᠳᠤᠯ ᠦᠭᠡᠢ ᠪᠥᠭᠡᠳ ᠣᠶᠤᠨᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠲᠠ ᠶᠢᠨ | ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠶᠠᠪᠠᠭᠠᠨ ᠬᠥᠮᠥᠨ ᠤ ᠵᠠᠮ ᠪᠠ ᠳᠤᠭᠤᠢ ᠲᠡᠷᠭᠡᠨ ᠤ ᠲᠤᠰᠬᠠᠢ ᠵᠠᠮ ᠵᠡᠷᠭᠡ ᠬᠤᠳᠠ ᠶᠢᠨ | ᠤᠳᠠᠭᠠᠨ ᠶᠠᠪᠤᠬᠤ ᠵᠠᠮ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠨᠡᠭᠦᠷᠡᠰᠦᠲᠥ᠋ᠷᠥᠭᠴᠢ ᠪᠠᠭᠠᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ | ᠳᠡᠯᠭᠡᠷᠡᠭᠦᠯᠦᠨ᠎ᠡ᠃ ᠰᠢᠨ᠎ᠡ ᠡᠨᠧᠷᠭᠢ ᠬᠡᠷᠡᠭᠯᠡᠬᠦ ᠮᠠᠰᠢᠨ ᠲᠡᠷᠭᠡ ᠶᠢ ᠶᠡᠭᠡ ᠪᠠᠷ ᠳᠡᠯᠭᠡᠷᠡᠭᠦᠯᠵᠦ᠂ ᠬᠤᠳᠠ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠡᠷᠭᠡ ᠶᠢᠨ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ ᠶᠢ | ᠠᠬᠢᠭᠤᠯᠤᠨ᠎ᠠ᠃ ᠣᠩᠭᠤᠴᠠ ᠰᠠᠯ᠂ ᠨᠢᠰᠦᠭᠦᠷ᠂ ᠵᠠᠮ ᠬᠠᠷᠢᠯᠴᠠᠭᠠᠨ ᠤ ᠪᠤᠰᠤ ᠰᠢᠯᠵᠢᠭᠡ ᠮᠧᠬᠠᠨᠢᠭ ᠵᠡᠷᠭᠡ ᠳᠤ | ᠴᠡᠪᠡᠷ ᠬᠥᠳᠡᠯᠭᠡᠭᠴᠢ ᠬᠦᠴᠦᠨ ᠬᠡᠷᠡᠭᠯᠡᠬᠦ ᠶᠢ ᠠᠬᠢᠭᠤᠯᠵᠤ᠂ ᠬᠠᠭᠤᠴᠢᠨ ᠲᠡᠭᠡᠭᠡᠪᠦᠷᠢ ᠶᠢᠨ ᠪᠠᠭᠠᠵᠢ ᠶᠢ | ᠲᠦᠷᠭᠡᠪᠴᠢᠯᠡᠨ ᠰᠢᠭᠰᠢᠭᠳᠡᠭᠦᠯᠵᠦ᠂ ᠭᠠᠳᠠᠭᠰᠢᠯᠠᠭᠤᠯᠤᠯᠲᠠ ᠦᠭᠡᠢ ᠪᠠᠷᠠᠭᠠᠨ ᠤ ᠲᠡᠭᠡᠭᠡᠪᠦᠷᠢ ᠶᠢ ᠠᠬᠢᠭᠤᠯᠵᠤ᠂ | ᠦᠷᠭᠦᠯᠵᠢᠯᠡᠬᠦ ᠠᠭᠠᠷ ᠤᠨ ᠠᠶᠠᠯᠠᠯ ᠤᠨ ᠲᠦᠯᠡᠰᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠨ᠂ | ᠭᠠᠳᠠᠭᠰᠢᠯᠠᠭᠤᠯᠤᠯᠲᠠ ᠦᠭᠡᠢ ᠴᠡᠪᠡᠷ ᠭᠠᠳᠠᠭᠰᠢᠯᠠᠭᠤᠯᠤᠯᠲᠠ ᠲᠠᠢ ᠣᠩᠭᠤᠴᠠᠨ ᠳᠤ ᠬᠡᠷᠡᠭᠯᠡᠬᠦ ᠲᠦᠯᠡᠰᠢ ᠶᠢ | ᠰᠤᠳᠤᠯᠤᠨ ᠨᠡᠭᠡᠭᠡᠵᠦ ᠦᠢᠯᠡᠳᠪᠦᠷᠢᠯᠡᠵᠦ ᠬᠡᠷᠡᠭᠯᠡᠬᠦ ᠶᠢ ᠵᠣᠷᠢᠭᠵᠢᠭᠤᠯᠤᠨ᠎ᠠ᠃ 2030 ᠣᠨ ᠪᠤᠯᠬᠤ ᠳᠤ᠂ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠤᠨ ᠨᠢᠭᠡᠴᠢ ᠶᠢ ᠰᠣᠯᠢᠵᠤ ᠪᠤᠳᠤᠬᠤ ᠡᠷᠭᠢᠯᠲᠡ ᠶᠢᠨ ᠬᠡᠮᠵᠢᠶ᠎ᠡ ᠶᠢᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ 2020 ᠣᠨ ᠤ ᠬᠢ ᠠᠴᠠ 9.5% ᠣᠷᠴᠢᠮ ᠪᠤᠯᠲᠠᠯ᠎ᠠ | ᠪᠠᠭᠤᠷᠠᠭᠤᠯᠤᠨ᠎ᠠ᠃ 2035 ᠣᠨ ᠪᠤᠯᠬᠤ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠰᠢᠨ᠎ᠡ ᠪᠠᠷ | ᠪᠣᠷᠣᠯᠠᠭᠤᠯᠬᠤ ᠮᠠᠰᠢᠨ ᠲᠡᠷᠭᠡᠨ ᠤ ᠭᠤᠣᠯ ᠤᠷᠤᠰᠬᠠᠯ ᠪᠣᠯᠣᠨ᠎ᠠ᠃ | ᠵᠢᠷᠭᠤᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ | ︵ᠠᠷᠪᠠᠨ ᠬᠤᠶᠠᠷ︶ ᠪᠣᠬᠢᠷᠳᠤᠯ ᠦᠭᠡᠢ ᠲᠥᠯᠥᠪᠯᠡᠨ ᠪᠠᠶᠢᠭᠤᠯᠬᠤ ᠠᠷᠭ᠎ᠠ ᠮᠠᠶ᠋ᠢᠭ ᠢ | ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠡᠯ᠎ᠡ | ᠭᠤᠭᠴᠤᠭ᠎ᠠ ᠳᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠥᠯᠦᠪᠵᠢᠭᠦᠯᠭᠡ ᠵᠢᠷᠤᠭ | ᠲᠥᠯᠥᠪᠯᠡᠭᠡ ᠶᠢᠨ ᠣᠶᠢᠯᠠᠭᠠᠭᠳᠠᠬᠤᠨ ᠢ ᠰᠠᠨᠠᠭᠠᠴᠢᠯᠠᠵᠤ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ | ᠬᠢᠵᠠᠭᠠᠷ ᠢ ᠴᠢᠩᠭ᠎ᠠ ᠰᠠᠬᠢᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠲᠦ | ᠲᠦᠷᠭᠡᠨ ᠨᠡᠮᠡᠭᠳᠡᠬᠦ ᠶᠢ ᠡᠵᠡᠮᠳᠡᠨ᠂ ᠵᠦᠯᠭᠡᠨ ᠭᠠᠵᠠᠷ᠂ ᠤᠰᠤᠨ ᠣᠷᠣᠨ᠂ ᠨᠤᠭᠤ ᠭᠠᠵᠠᠷ ᠵᠡᠷᠭᠡ ᠠᠮᠢ ᠠᠬᠤᠢ ᠶᠢᠨ | ᠣᠷᠣᠨ ᠵᠠᠢ ᠶᠢ ᠬᠠᠮᠠᠭᠠᠯᠠᠬᠤ ᠪᠠ ᠰᠡᠷᠭᠦᠭᠡᠵᠦ᠂ ᠱᠤᠤᠭᠢᠶᠠᠨ ᠳᠤ ᠰᠡᠷᠭᠡᠭ ᠪᠠᠷᠢᠯᠭ᠎ᠠ ᠲᠥᠪᠯᠡᠷᠡᠭᠰᠡᠨ ᠣᠷᠣᠨ | ᠪᠦᠰᠡ ᠶᠢ ᠵᠦᠢ ᠵᠣᠬᠢᠰᠲᠠᠢ ᠲᠥᠯᠥᠪᠯᠡᠨ᠎ᠡ᠃ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠷ ᠠᠮᠢᠰᠬᠤᠯ ᠤᠨ ᠤᠶᠠᠨ ᠬᠠᠳᠠᠨ | ᠴᠢᠨᠠᠷ ᠢ ᠨᠡᠮᠡᠭᠳᠡᠭᠦᠯᠦᠨ᠎ᠡ᠃ ᠪᠣᠬᠢᠷᠳᠤᠯ ᠦᠭᠡᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠵᠦ᠂ | ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠳᠡᠭᠳᠡᠮᠡᠯ | ᠲᠣᠭᠤᠰᠣᠨ ᠤ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ | ︵ᠠᠷᠪᠠᠨ ᠭᠤᠷᠪᠠ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠯᠭ᠎ᠠ ᠶᠢ ᠶᠡᠭᠡ ᠪᠠᠷ | ᠬᠥᠭᠵᠢᠭᠦᠯᠦᠨ᠎ᠡ᠃ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠳᠡᠰ ᠤᠨ ᠳᠦᠷᠢᠮ ᠢ ᠪᠠᠶᠢᠭᠤᠯᠤᠨ᠎ᠠ᠃ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠶᠢᠨ ᠳᠤᠮᠳᠠ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠬᠠᠷᠢᠴᠠᠯ ᠢ | ᠳᠡᠭᠡᠭᠰᠢᠯᠡᠭᠦᠯᠵᠦ᠂ ᠭᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ | ᠠᠬᠢᠭᠤᠯᠤᠨ᠎ᠠ᠃ ᠨᠢᠭᠡᠨᠲᠡ ᠪᠠᠶᠢᠭ᠎ᠠ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ | ᠡᠨᠧᠷᠭᠢ ᠠᠷᠪᠢᠯᠠᠨ ᠤᠰᠤ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ | ᠥᠭᠡᠷᠡᠴᠢᠯᠡᠯᠲᠡ ᠶᠢ ᠲᠦᠷᠭᠡᠳᠬᠡᠨ᠂ ᠲᠡᠷᠢᠭᠦᠨ ᠤ ᠪᠥᠭᠡᠳ ᠥᠨᠳᠥᠷ ᠦᠷ᠎ᠡ ᠪᠦᠲᠦᠮᠵᠢᠲᠡᠶ ᠭᠡᠷᠡᠯᠲᠦᠭᠦᠯᠭᠡ᠂ ᠠᠭᠠᠷ | ᠲᠣᠬᠢᠷᠠᠭᠤᠯᠤᠭᠴᠢ᠂ ᠴᠠᠭᠢᠯᠭᠠᠨ ᠱᠠᠲᠤ ᠵᠡᠷᠭᠡ ᠲᠥᠬᠦᠭᠡᠷᠦᠮᠵᠢ ᠶᠢ ᠳᠡᠯᠭᠡᠷᠡᠭᠦᠯᠦᠨ᠎ᠡ᠃ ᠪᠠᠷᠢᠯᠭ᠎ᠠ ᠶᠢᠨ ᠡᠨᠧᠷᠭᠢ | ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ︽ᠭᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠲᠣᠭᠲᠠᠮᠠᠯ ᠭᠦᠶᠦᠳᠡᠯᠲᠦ | ᠴᠠᠭᠢᠯᠭᠠᠨ᠂ ᠤᠶᠠᠨ ᠴᠢᠨᠠᠷ ᠪᠦᠬᠦᠢ ᠠᠭᠤᠰᠤᠯᠴᠠᠯ︾ ᠤᠨ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠴᠡᠪᠡᠷ | ᠨᠡᠭᠦᠷᠡᠰᠦᠲᠥ᠋ᠷᠥᠭᠴᠢ ᠪᠠᠭᠠᠲᠠᠢ ᠢᠯᠴᠢ ᠬᠠᠩᠭᠠᠬᠤ ᠶᠢ ᠬᠥᠭᠵᠢᠭᠦᠯᠦᠨ᠎ᠡ᠃ | ︵ᠠᠷᠪᠠᠨ ᠳᠥᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠠᠳᠠᠭᠰᠢᠯᠠᠭᠤᠯᠤᠯᠲᠠ ᠶᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠵᠤ ᠲᠡᠵᠢᠭᠡᠬᠦ ᠪᠦᠲᠦᠴᠡ ᠶᠢ | ᠰᠢᠯᠢᠳᠡᠭᠵᠢᠭᠦᠯᠦᠨ᠂ ᠲᠠᠷᠢᠮᠠᠯ ᠤᠨ ᠪᠠ ᠮᠠᠯ ᠵᠢᠭᠦᠷᠲᠡᠨ ᠤ ᠰᠢᠯᠢᠳᠡᠭ ᠡᠭᠦᠯᠳᠡᠷ ᠪᠠ ᠪᠣᠬᠢᠷᠳᠤᠯ ᠦᠭᠡᠢ ᠪᠥᠭᠡᠳ | ᠥᠨᠳᠥᠷ ᠪᠦᠲᠦᠮᠵᠢᠲᠡᠢ ᠲᠠᠷᠢᠵᠤ ᠲᠡᠵᠢᠭᠡᠬᠦ ᠮᠡᠷᠭᠡᠵᠢᠯ ᠢ ᠳᠡᠯᠭᠡᠷᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ | ᠵᠡᠷᠭᠡ ᠬᠥᠳᠡᠭᠡ ᠠᠵᠤ ᠠᠬᠤᠢ ᠶᠢᠨ ᠣᠷᠣᠭᠤᠯᠤᠯᠲᠠ ᠶᠢᠨ ᠡᠳ᠋ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠡᠰᠢ ᠰᠦᠷᠡᠯ᠂ ᠲᠠᠷᠢᠶᠠᠯᠠᠩ ᠤᠨ ᠰᠦᠯᠢᠶᠥᠦ ᠪᠦᠷᠬᠦᠪᠴᠢ᠂ ᠲᠠᠷᠢᠶᠠᠨ ᠡᠮ ᠤᠨ | ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠡᠳ᠋᠂ ᠮᠠᠯ ᠵᠢᠭᠦᠷᠲᠡᠨ ᠤ ᠢᠯᠭᠠᠳᠠᠰᠤ ᠵᠡᠷᠭᠡ ᠲᠠᠷᠢᠶᠠᠯᠠᠩ ᠤᠨ ᠬᠠᠶᠠᠭᠳᠠᠮᠠᠯ | ᠡᠳ᠋ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠰᠢ ᠰᠦᠷᠡᠯ | ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠥᠳᠡᠭᠡ ᠲᠣᠰᠬᠤᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠶᠢ ᠭᠦᠨᠵᠡᠭᠡᠢ ᠠᠬᠢᠭᠤᠯᠵᠤ᠂ ᠬᠥᠳᠡᠭᠡ | ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ | ᠪᠤᠶᠢᠵᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠭᠢᠨ ᠡᠭᠦᠰᠴᠦ ᠪᠤᠯᠬᠤ ᠡᠨᠧᠷᠭᠢ ᠶᠢ | ᠨᠡᠭᠡᠭᠡᠨ ᠠᠰᠢᠭᠯᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠴᠡᠪᠡᠷ ᠳᠤᠯᠠᠭᠠᠯᠠᠭ᠎ᠠ ᠶᠢ ᠡᠮᠬᠢ ᠵᠢᠷᠤᠮ ᠲᠠᠢ ᠪᠠᠷ | ᠠᠬᠢᠭᠤᠯᠤᠨ᠎ᠠ᠃ | ᠲᠤᠯᠤᠭ᠎ᠠ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ | ︵ᠠᠷᠪᠠᠨ ᠲᠠᠪᠤ︶ ᠡᠨᠧᠷᠭᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠵᠤ ᠦᠷ᠎ᠡ | ᠠᠰᠢᠭ ᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠤᠨ᠎ᠠ᠃ ᠡᠨᠧᠷᠭᠢ ᠠᠷᠪᠢᠯᠠᠬᠤ ᠠᠵᠢᠯ ᠢ ᠥᠨᠳᠥᠷ ᠲᠦᠪᠰᠢᠨ᠂ ᠴᠢᠨᠠᠷ | ᠰᠠᠶᠢᠲᠠᠢ ᠪᠠᠷ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ | ᠲᠤᠨᠤᠭ ᠲᠥᠬᠦᠭᠡᠷᠦᠮᠵᠢ ᠶᠢᠨ ᠦᠢᠯᠡᠳᠬᠦᠨ ᠢ ᠰᠢᠨᠡᠳᠬᠡᠨ ᠰᠣᠯᠢᠵᠤ ᠲᠡᠰ ᠳᠡᠪᠰᠢᠭᠦᠯᠬᠦ ᠶᠢ | ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ ᠲᠣᠭᠠᠴᠠᠭ᠎ᠠ ᠬᠢᠬᠦ ᠰᠢᠰᠲ᠋ᠧᠮ ᠢ | ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ | ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠷᠥᠯ ᠵᠦᠢᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ | ᠦᠨᠡᠯᠡᠬᠦ ᠶᠢ ᠰᠦᠪᠡᠭᠴᠢᠯᠡᠨ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ | ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠣᠭᠤᠮᠲᠠ ᠶᠢ ᠴᠢᠩᠭ᠎ᠠ ᠰᠠᠬᠢᠨ᠎ᠠ᠃ ᠠᠵᠤ | ᠠᠬᠤᠶᠢᠯᠠᠯ ᠤᠨ ᠡᠨᠧᠷᠭᠢ ᠠᠷᠪᠢᠯᠠᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠡᠨᠧᠷᠭᠢ ᠠᠷᠪᠢᠯᠠᠨ ᠨᠡᠭᠦᠷᠡᠰᠦᠳᠦ᠋ᠷᠦᠭᠴᠢ ᠶᠢᠨ | ᠬᠡᠮᠵᠢᠶ᠎ᠡ ᠶᠢ ᠪᠠᠭᠤᠷᠠᠭᠤᠯᠬᠤ ︽ᠣᠨᠣᠰᠢᠯᠠᠯᠲᠠ + ᠥᠭᠡᠷᠡᠴᠢᠯᠡᠯᠲᠡ︾ ᠶᠢᠨ ᠵᠠᠭᠪᠤᠷ ᠢ ᠳᠡᠯᠭᠡᠷᠡᠭᠦᠯᠵᠦ᠂ ᠡᠨᠧᠷᠭᠢ | ᠠᠷᠪᠢᠯᠠᠬᠤ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ | ︵ᠠᠷᠪᠠᠨ ᠵᠢᠷᠭᠤᠭ᠎ᠠ︶ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ | ᠠᠰᠢᠭᠯᠠᠬᠤ ᠶᠢ ᠴᠢᠩᠭᠠᠳᠬᠠᠨ᠎ᠠ᠃ ᠡᠬᠢ ᠪᠠᠶᠠᠯᠢᠭ ᠤᠨ ᠶᠡᠷᠦᠩᠬᠡᠢ ᠬᠡᠮᠵᠢᠶᠡᠨ ᠤ ᠬᠠᠮᠢᠶᠠᠷᠤᠯᠲᠠ ᠪᠠ ᠪᠦᠭᠦ ᠲᠠᠯ᠎ᠠ ᠪᠠᠷ | ᠠᠷᠪᠢᠯᠠᠬᠤ ᠳᠦᠷᠢᠮ ᠢ ᠲᠡᠭᠦᠯᠳᠡᠷᠵᠢᠭᠦᠯᠵᠦ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ | ᠭᠠᠷᠤᠯᠲᠠ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠤᠨ ᠪᠦᠭᠦ ᠶᠠᠪᠤᠴᠠ ᠶᠢᠨ ᠬᠠᠮᠢᠶᠠᠷᠤᠯᠲᠠ ᠪᠠ ᠪᠦᠭᠦ ᠬᠡᠯᠬᠢᠶᠡᠨ ᠤ | ᠠᠷᠪᠢᠯᠠᠯᠲᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ᠢ | ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠵᠦ᠂ ᠬᠡᠪ ᠤᠨ ᠪᠤᠰᠤ ᠤᠰᠤᠨ | ᠰᠤᠷᠪᠤᠯᠵᠢ ᠶᠢ ᠠᠰᠢᠭᠯᠠᠬᠤ ᠶᠢ ᠴᠢᠩᠭᠠᠳᠬᠠᠨ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠪᠦᠲᠦᠭᠡᠨ | ᠪᠠᠶᠢᠭᠤᠯᠤᠨ᠎ᠠ᠃ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ ᠶᠢ ᠨᠠᠶᠢᠳᠠᠪᠤᠷᠢᠵᠢᠭᠤᠯᠵᠤ᠂ ᠠᠮᠤ | ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ ᠭᠠᠵᠠᠷ ᠢ | ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠢ ᠶᠢ ᠠᠷᠪᠢᠲᠠᠢ ᠡᠷᠴᠢᠮᠲᠡᠢ ᠠᠰᠢᠭᠯᠠᠬᠤ ᠳᠦᠷᠢᠮ ᠢ | ᠨᠠᠶᠢᠳᠠᠪᠤᠷᠢᠵᠢᠭᠤᠯᠵᠤ᠂ ᠭᠠᠵᠠᠷ ᠰᠢᠷᠣᠢ ᠠᠷᠪᠢᠯᠠᠬᠤ ᠮᠡᠷᠭᠡᠵᠢᠯ ᠪᠠ ᠭᠠᠵᠠᠷ ᠰᠢᠷᠣᠢ ᠠᠷᠪᠢᠯᠠᠬᠤ ᠵᠠᠭᠪᠤᠷ ᠢ | ᠳᠡᠯᠭᠡᠷᠡᠭᠦᠯᠵᠦ᠂ ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠢ ᠰᠢᠯᠢᠳᠡᠭᠵᠢᠭᠦᠯᠵᠦ᠂ | ᠲᠠᠯᠠᠢ ᠶᠢᠨ ᠣᠷᠣᠨ ᠤ ᠣᠷᠣᠨ ᠵᠠᠢ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ | ᠴᠢᠩᠭᠠᠳᠬᠠᠵᠤ᠂ ᠨᠡᠭᠡᠭᠡᠨ ᠮᠠᠯᠲᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠢᠨᠠᠷ ᠮᠠᠭᠤᠲᠠᠢ ᠡᠬᠢ ᠪᠠᠶᠠᠯᠢᠭ ᠢ | ᠠᠰᠢᠭᠯᠠᠬᠤ ᠶᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠡᠷᠭᠢᠯᠲᠡᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠡᠷᠭᠢᠯᠲᠡᠲᠦ ᠠᠵᠤ | ᠠᠬᠤᠢ ᠶᠢᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠡᠬᠢ ᠪᠠᠶᠠᠯᠢᠭ ᠤᠨ ᠡᠷᠭᠢᠯᠲᠡᠲᠦ ᠮᠠᠶ᠋ᠢᠭ ᠤᠨ ᠦᠢᠯᠡᠳᠪᠦᠷᠢᠯᠡᠯ ᠤᠨ ᠵᠠᠭᠪᠤᠷ ᠢ | ᠳᠡᠯᠭᠡᠷᠡᠭᠦᠯᠦᠨ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠳᠠᠭᠢᠨ ᠦᠢᠯᠡᠳᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠳᠠᠭᠢᠨ ᠡᠭᠦᠰᠴᠦ ᠪᠤᠯᠬᠤ | ᠮᠠᠲ᠋ᠧᠷᠢᠶᠠᠯ ᠪᠠ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠤᠯ ᠡᠬᠢ ᠪᠠᠶᠠᠯᠢᠭ ᠢ ᠣᠷᠣᠯᠠᠭᠤᠯᠬᠤ | ᠬᠡᠪᠴᠢᠶ᠎ᠡ ᠶᠢ ᠥᠷᠭᠡᠳᠬᠡᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠡᠬᠢ | ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠠᠶᠠᠭᠳᠠᠮᠠᠯ ᠪᠣᠳᠠᠰ ᠢ ᠡᠷᠭᠢᠯᠳᠦᠭᠦᠯᠦᠨ | ᠠᠰᠢᠭᠯᠠᠬᠤ ᠰᠢᠰᠲ᠋ᠧᠮ ᠢ ᠪᠦᠷᠢᠨᠰᠢᠭᠦᠯᠵᠦ᠂ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠰᠢᠢᠳᠪᠦᠷᠢᠯᠡᠬᠦ ᠪᠠ | ᠡᠭᠡᠭᠦᠯᠦᠨ ᠬᠤᠷᠢᠶᠠᠬᠤ ᠴᠢᠳᠠᠪᠤᠷᠢ ᠶᠢ ᠴᠢᠩᠭᠠᠷᠠᠭᠤᠯᠤᠨ᠂ ᠳᠠᠭᠢᠨ ᠠᠰᠢᠭᠯᠠᠬᠤ ᠶᠢ ᠬᠡᠪᠴᠢᠶᠡᠵᠢᠭᠦᠯᠬᠦ᠂ | ᠵᠢᠷᠤᠮᠵᠢᠭᠤᠯᠬᠤ᠂ ᠨᠠᠷᠢᠯᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2030 ᠣᠨ ᠪᠤᠯᠬᠤ ᠳᠤ᠂ ᠶᠡᠭᠡ | ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ ᠠᠰᠢᠭᠯᠠᠯᠲᠠ ᠶᠢᠨ ᠬᠡᠮᠵᠢᠶ᠎ᠡ ᠶᠢ 45 | ᠳ᠋ᠦᠩᠰᠢᠭᠤᠷ ᠲᠣᠨ ᠣᠷᠴᠢᠮ ᠳᠤ ᠬᠦᠷᠭᠡᠵᠦ᠂ ᠭᠤᠣᠯ ᠪᠤᠯᠬᠤ ᠡᠬᠢ ᠪᠠᠶᠠᠯᠢᠭ ᠤᠨ ᠦᠢᠯᠡᠳᠪᠦᠷᠢᠯᠡᠬᠦ ᠨᠣᠷᠮ᠎ᠠ ᠶᠢ | 2020 ᠣᠨ ᠤ ᠬᠢ ᠠᠴᠠ 45% ᠣᠷᠴᠢᠮ ᠳᠡᠭᠡᠭᠰᠢᠯᠡᠭᠦᠯᠦᠨ᠎ᠡ᠃ | ᠨᠠᠢᠮᠠ᠂ ᠬᠡᠷᠡᠭᠯᠡᠭᠡ ᠶᠢᠨ ᠵᠠᠭᠪᠤᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ | ︵ᠠᠷᠪᠠᠨ ᠨᠠᠢᠮᠠ︶ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠠᠷᠪᠢᠲᠠᠢ | ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ᠂ ᠪᠣᠯᠪᠠᠰᠤᠨ ᠪᠥᠭᠡᠳ | ᠡᠷᠡᠭᠦᠯ ᠠᠮᠢᠳᠤᠷᠠᠯ ᠤᠨ ᠣᠶᠢᠯᠠᠭᠠᠭᠳᠠᠬᠤᠨ ᠪᠠ ᠬᠡᠷᠡᠭᠯᠡᠭᠡᠨ ᠤ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠵᠤ᠂ | ᠪᠣᠬᠢᠷᠳᠤᠯ ᠦᠭᠡᠢ ᠶᠢ ᠡᠷᠭᠢᠮᠯᠡᠭᠦ ᠣᠶᠢᠯᠠᠭᠠᠭᠳᠠᠬᠤᠨ ᠪᠠ ᠠᠷᠪᠢᠯᠠᠨ ᠭᠠᠮᠨᠠᠬᠤ ᠱᠠᠭᠠᠷᠳᠠᠯᠭ᠎ᠠ ᠶᠢ ᠬᠤᠳᠠ ᠶᠢᠨ | ᠠᠷᠠᠳ ᠤᠨ ᠨᠡᠶᠢᠲᠡ ᠶᠢᠨ ᠭᠡᠷ᠎ᠡ᠂ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ᠂ ᠰᠤᠷᠤᠬᠴᠢᠳ ᠤᠨ ᠰᠠᠬᠢᠬᠤ | ᠳᠦᠷᠢᠮ᠂ ᠪᠦᠯᠭᠦᠮ ᠤᠨ ᠳᠦᠷᠢᠮ ᠵᠡᠷᠭᠡ ᠨᠡᠶᠢᠭᠡᠮ ᠤᠨ ᠵᠢᠷᠤᠮᠵᠢᠯ ᠳᠤ ᠠᠭᠤᠰᠬᠠᠨ ᠣᠷᠣᠭᠤᠯᠵᠤ᠂ ᠪᠦᠭᠦ | ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ | ᠤᠬᠠᠮᠰᠠᠷ ᠢ ᠴᠢᠩᠭᠠᠳᠬᠠᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠦᠭᠦ ᠠᠷᠠᠳ ᠤᠨ | ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠤᠰᠤ ᠶᠢ ᠠᠷᠪᠢᠯᠠᠨ ᠴᠠᠭᠢᠯᠭᠠᠨ ᠬᠡᠷᠡᠭᠯᠡᠬᠦ ᠶᠢ ᠬᠥᠲᠥᠯᠥᠨ | ᠵᠢᠯᠤᠭᠤᠳᠴᠤ᠂ ᠱᠠᠯᠢᠨ ᠪᠦᠷᠢᠯᠭᠡᠬᠦ ᠶᠢ ᠡᠰᠡᠷᠭᠦᠴᠡᠨ᠂ ︽ᠠᠷᠪᠢᠲᠠᠢ ᠬᠤᠭᠤᠯᠠᠯᠠᠬᠤ ᠠᠵᠢᠯᠯᠠᠭ᠎ᠠ︾ ᠶᠢ | ᠳᠡᠯᠭᠡᠷᠡᠭᠦᠯᠵᠦ᠂ ᠭᠡᠲᠦ ᠨᠠᠷᠢᠯᠢᠭ ᠪᠣᠭᠤᠳᠠᠯᠯᠠᠬᠤ ᠶᠢ ᠬᠤᠷᠢᠭᠯᠠᠨ᠂ ᠨᠢᠭᠡ ᠯᠡ ᠤᠳᠠᠭ᠎ᠠ ᠬᠡᠷᠡᠭᠯᠡᠬᠦ ᠵᠦᠢᠯᠡᠰ ᠤᠨ | ᠬᠡᠷᠡᠭᠯᠡᠯᠲᠡ ᠶᠢ ᠪᠠᠭᠠᠰᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠶᠠᠪᠠᠭᠠᠨ ᠶᠠᠪᠤᠬᠤ᠂ ᠳᠤᠭᠤᠢ ᠲᠡᠷᠭᠡ ᠵᠡᠷᠭᠡ | ᠪᠣᠬᠢᠷᠳᠤᠯ ᠦᠭᠡᠢ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳ ᠢᠶᠠᠷ ᠰᠣᠩᠭᠤᠬᠤ ᠶᠢ ᠬᠥᠲᠥᠯᠥᠨ ᠵᠢᠯᠤᠭᠤᠳᠴᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠂ ᠱᠤᠤᠭᠢᠶᠠᠨ᠂ | ᠣᠲᠤᠭ᠎ᠠ᠂ ᠦᠮᠡᠬᠡᠢ ᠦᠨᠦᠷ ᠵᠡᠷᠭᠡ ᠣᠯᠠᠨ ᠲᠦᠮᠡᠨ ᠤ ᠳᠡᠷᠭᠡᠳᠡᠬᠢ ᠣᠷᠴᠢᠨ ᠲᠣᠭᠤᠷᠢᠨ ᠤ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠢ ᠡᠷᠭᠢᠮᠯᠡᠭᠦ ᠨᠡᠶᠢᠭᠡᠮ ᠤᠨ ᠠᠭᠤᠷ ᠠᠮᠢᠰᠬᠤᠯ ᠢ | ᠪᠦᠷᠢᠯᠳᠦᠭᠦᠯᠦᠨ᠎ᠡ᠃ | ︵ᠠᠷᠪᠠ ᠶᠢᠰᠦ︶ ᠪᠣᠬᠢᠷᠳᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ᠂ ᠪᠣᠬᠢᠷᠳᠤᠯ ᠦᠭᠡᠢ ᠮᠠᠲ᠋ᠧᠷᠢᠶᠠᠯ ᠢ ᠰᠣᠩᠭᠤᠬᠤ᠂ | ᠪᠣᠬᠢᠷᠳᠤᠯ ᠦᠭᠡᠢ ᠦᠢᠯᠡᠳᠬᠦ᠂ ᠪᠣᠬᠢᠷᠳᠤᠯ ᠦᠭᠡᠢ ᠪᠣᠭᠤᠳᠠᠯᠯᠠᠬᠤ᠂ ᠪᠣᠬᠢᠷᠳᠤᠯ ᠦᠭᠡᠢ ᠲᠡᠭᠡᠭᠡᠪᠦᠷᠢᠯᠡᠬᠦ᠂ ᠡᠬᠢ | ᠪᠠᠶᠠᠯᠢᠭ ᠢ ᠬᠤᠷᠢᠶᠠᠨ ᠠᠪᠴᠤ ᠠᠰᠢᠭᠯᠠᠬᠤ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠪᠦᠭᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠳᠠᠬᠢ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠪᠠ ᠠᠮᠢ ᠠᠬᠤᠢ ᠣᠷᠴᠢᠨ | ᠲᠣᠭᠤᠷᠢᠨ ᠳᠤ ᠦᠵᠡᠭᠦᠯᠭᠦ ᠨᠥᠯᠥᠭᠡ ᠶᠢ ᠪᠠᠭᠤᠷᠠᠭᠤᠯᠤᠨ᠎ᠠ᠃ ᠪᠣᠬᠢᠷᠳᠤᠯ ᠦᠭᠡᠢ ᠦᠢᠯᠡᠳᠬᠦᠨ ᠢ ᠵᠢᠷᠤᠵᠤ | ᠲᠥᠯᠥᠪᠯᠡᠬᠦ᠂ ᠬᠤᠳᠠᠯᠳᠤᠨ ᠠᠪᠬᠤ᠂ ᠦᠢᠯᠡᠳᠬᠦ ᠪᠠᠷᠢᠮᠵᠢᠶ᠎ᠠ ᠵᠢᠷᠤᠮᠵᠢᠯ ᠢ ᠪᠠᠶᠢᠭᠤᠯᠤᠨ ᠪᠦᠷᠢᠨᠰᠢᠭᠦᠯᠵᠦ᠂ ᠪᠣᠬᠢᠷᠳᠤᠯ | ᠦᠭᠡᠢ ᠦᠢᠯᠡᠳᠬᠦᠨ ᠢ ᠬᠢᠨᠠᠨ ᠭᠡᠷᠡᠴᠢᠯᠡᠬᠦ ᠬᠢᠭᠡᠳ ᠢᠯᠭᠠᠮᠵᠢ ᠲᠡᠮᠳᠡᠭ ᠤᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠂ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠭᠠᠮᠵᠢ ᠲᠡᠮᠳᠡᠭ ᠤᠨ ᠳᠦᠷᠢᠮ ᠢ | ᠲᠡᠭᠦᠯᠳᠡᠷᠵᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ | ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠢᠯᠭᠠᠮᠵᠢ ᠲᠡᠮᠳᠡᠭ ᠢ ᠭᠡᠷᠡᠴᠢᠯᠡᠬᠦ ᠳᠦᠷᠢᠮ ᠢ | ᠲᠣᠭᠲᠠᠭᠠᠨ᠎ᠠ᠃ ᠪᠣᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡᠨ ᠢ ᠬᠢᠨᠠᠨ ᠭᠡᠷᠡᠴᠢᠯᠡᠬᠦ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠨ ᠭᠡᠷᠡᠴᠢᠯᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠣᠬᠢᠷᠳᠤᠯ ᠦᠭᠡᠢ ᠶᠢᠨ ᠬᠢᠨᠠᠨ ᠭᠡᠷᠡᠴᠢᠯᠡᠬᠦ | ᠪᠠᠶᠢᠭᠤᠯᠤᠮᠵᠢ ᠶᠢ ᠪᠤᠶᠢᠵᠢᠭᠤᠯᠤᠨ᠎ᠠ᠃ | ︵ᠬᠤᠷᠢ︶ ᠪᠣᠬᠢᠷᠳᠤᠯ ᠦᠭᠡᠢ ᠬᠡᠷᠡᠭᠯᠡᠭᠡ ᠶᠢ ᠢᠳᠡᠪᠬᠢᠲᠡᠢ ᠥᠷᠭᠡᠳᠬᠡᠨ᠎ᠡ᠃ ᠪᠣᠬᠢᠷᠳᠤᠯ ᠦᠭᠡᠢ ᠬᠡᠷᠡᠭᠯᠡᠭᠡ ᠶᠢ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠪᠣᠬᠢᠷᠳᠤᠯ ᠦᠭᠡᠢ ᠬᠤᠳᠠᠯᠳᠤᠨ | ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠳᠤᠯ ᠦᠭᠡᠢ ᠦᠢᠯᠡᠳᠬᠦᠨ ᠬᠤᠳᠠᠯᠳᠤᠨ ᠠᠪᠬᠤ | ᠬᠡᠪᠴᠢᠶ᠎ᠡ ᠪᠠ ᠬᠡᠮᠵᠢᠶ᠎ᠡ ᠶᠢ ᠥᠷᠭᠡᠳᠬᠡᠨ᠂ ᠴᠠᠭ ᠲᠤᠨᠢ ᠲᠣᠬᠢᠷᠠᠭᠤᠯᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ | ᠱᠠᠭᠠᠷᠳᠠᠯᠭ᠎ᠠ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠣᠷᠣᠭᠤᠯᠤᠨ᠎ᠠ᠃ ᠠᠵᠤ ᠠᠬᠤᠶᠢᠯᠠᠯ ᠤᠨ | ᠪᠣᠬᠢᠷᠳᠤᠯ ᠦᠭᠡᠢ ᠬᠤᠳᠠᠯᠳᠤᠨ ᠠᠪᠬᠤ ᠵᠦᠭᠯᠡᠭᠦᠷ ᠢ ᠬᠡᠷᠡᠭᠵᠢᠭᠦᠯᠬᠦ ᠶᠢ ᠬᠥᠲᠥᠯᠥᠨ ᠵᠢᠯᠤᠭᠤᠳᠴᠤ᠂ ᠨᠥᠬᠦᠴᠡᠯ ᠲᠠᠢ | ᠠᠵᠤ ᠠᠬᠤᠶᠢᠯᠠᠯ ᠤᠨ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶᠡᠰᠦ ᠪᠠᠶᠢᠭᠤᠯᠬᠤ ᠶᠢ ᠵᠣᠷᠢᠭᠵᠢᠭᠤᠯᠤᠨ᠂ ᠡᠬᠢᠨ ᠤ | ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ | ᠳᠠᠶᠢᠴᠢᠯᠠᠨ᠎ᠠ᠃ ᠨᠥᠬᠦᠴᠡᠯ ᠲᠠᠢ ᠭᠠᠵᠠᠷ ᠣᠷᠣᠨ ᠢ ᠳᠡᠮᠵᠢᠵᠦ ᠬᠡᠷᠡᠭᠯᠡᠭᠡ ᠶᠢᠨ ᠲᠡᠮᠳᠡᠭᠲᠦ᠂ ᠪᠣᠬᠢᠷᠳᠤᠯ ᠦᠭᠡᠢ ᠶᠢᠨ | ᠬᠤᠪᠢ ᠬᠤᠷᠠᠮᠳᠤᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ︽ᠬᠠᠭᠤᠴᠢᠨ ᠢᠶᠠᠷ | ᠰᠢᠨ᠎ᠡ ᠶᠢ ᠰᠣᠯᠢᠬᠤ︾ ᠵᠡᠷᠭᠡ ᠠᠷᠭ᠎ᠠ ᠭᠡᠯᠪᠡᠷᠢ ᠶᠢ ᠬᠡᠷᠡᠭᠯᠡᠨ᠂ ᠬᠡᠷᠡᠭᠯᠡᠭᠴᠢᠳ ᠤᠨ ᠪᠣᠬᠢᠷᠳᠤᠯ ᠦᠭᠡᠢ ᠦᠢᠯᠡᠳᠬᠦᠨ | ᠬᠤᠳᠠᠯᠳᠤᠨ ᠠᠪᠬᠤ ᠶᠢ ᠬᠥᠲᠥᠯᠥᠨ ᠵᠢᠯᠣᠭᠤᠳᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠪᠣᠬᠢᠷᠳᠤᠯ ᠦᠭᠡᠢ | ᠣᠶᠤᠨᠴᠢ ᠭᠡᠷ ᠤᠨ ᠴᠠᠭᠢᠯᠭᠠᠨ ᠬᠡᠷᠡᠭᠰᠡᠯ᠂ ᠤᠰᠤ ᠠᠷᠪᠢᠯᠠᠬᠤ ᠪᠠᠭᠠᠵᠢ ᠬᠡᠷᠡᠭᠰᠡᠯ᠂ ᠡᠨᠧᠷᠭᠢ ᠠᠷᠪᠢᠯᠠᠬᠤ ᠵᠤᠤᠬ᠎ᠠ᠂ | ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠵᠦ᠂ ᠢᠵᠢ | ᠪᠦᠷᠢᠳᠦᠭᠦᠯᠬᠦ ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ ᠪᠠ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠨ᠎ᠠ᠃ ᠬᠡᠷᠡᠭᠯᠡᠭᠴᠢᠳ ᠤᠨ ᠪᠣᠬᠢᠷᠳᠤᠯ ᠦᠭᠡᠢ ᠡᠨᠧᠷᠭᠢ ᠶᠢᠨ ᠬᠡᠷᠡᠭᠯᠡᠭᠡ ᠪᠠᠨ | ᠥᠷᠭᠡᠳᠬᠡᠬᠦ ᠶᠢ ᠵᠣᠷᠢᠭᠵᠢᠭᠤᠯᠤᠨ᠎ᠠ᠃ | ᠶᠢᠰᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ | ᠦᠢᠯᠡᠳᠦᠯ ᠢ ᠪᠠᠳᠠᠷᠠᠭᠤᠯᠤᠨ᠎ᠠ | ︵ᠬᠤᠷᠢᠨ ᠨᠢᠭᠡ︶ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠷᠠᠭᠤᠯᠤᠨ᠎ᠠ᠃ ᠬᠤᠰᠢᠭᠤᠷᠠᠯ ᠬᠥᠲᠥᠯᠥᠨ | ᠳᠠᠭᠠᠭᠤᠯᠬᠤ ᠮᠡᠷᠭᠡᠵᠢᠯ᠂ ᠡᠭᠦᠳᠦᠯᠲᠡ ᠶᠢᠨ ᠴᠢᠨᠠᠷᠲᠠᠢ ᠮᠡᠷᠭᠡᠵᠢᠯ ᠢ ᠲᠥᠰᠥᠭᠡᠯᠡᠬᠦ᠂ ᠢᠯᠡᠷᠡᠭᠦᠯᠬᠦ᠂ ᠦᠨᠡᠯᠡᠨ ᠵᠢᠱᠢᠬᠦ | ᠪᠠ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠰᠢᠭᠤᠯᠵᠤ᠂ | ᠨᠢᠭᠡ ᠪᠦᠯᠦᠭ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠤᠯᠤᠰ ᠤᠨ ᠰᠢᠨ᠎ᠡ ᠶᠢ | ᠡᠭᠦᠳᠬᠦ ᠲᠠᠪᠴᠠᠩ ᠢ ᠵᠣᠬᠢᠬᠤ ᠬᠡᠮᠵᠢᠶᠡᠨ ᠳᠣᠲᠣᠷ᠎ᠠ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ ᠤᠯᠤᠰ ᠤᠨ | ᠭᠤᠣᠯᠳᠠᠭ᠎ᠠ ᠲᠠᠢ ᠲᠤᠷᠰᠢᠯᠲᠠ ᠶᠢᠨ ᠳᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠢᠭᠡ | ᠪᠦᠯᠦᠭ ᠤᠯᠤᠰ ᠤᠨ ᠴᠢᠬᠤᠯᠠ ᠶᠡᠭᠡ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ | ᠬᠡᠷᠡᠭᠵᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠤ | ᠰᠠᠭᠤᠷᠢ ᠰᠤᠳᠤᠯᠭᠠᠨ ᠢ ᠬᠦᠴᠦᠯᠡᠨ ᠴᠢᠩᠭᠠᠳᠬᠠᠵᠤ᠂ ᠡᠭᠦᠳᠦᠯᠲᠡ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ | ᠡᠭᠦᠳᠬᠦ ᠶᠢ ᠬᠥᠭᠵᠢᠭᠡᠨ᠎ᠡ᠃ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠶᠡᠭᠡ ᠳᠡᠭᠡᠳᠦ | ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠣᠶᠤᠨ ᠤ ᠰᠠᠭᠤᠷᠢ ᠶᠢ ᠪᠠᠬᠢᠵᠢᠭᠦᠯᠦᠨ᠎ᠡ᠃ | ︵ᠬᠤᠷᠢᠨ ᠬᠤᠶᠠᠷ︶ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ᠪᠣᠬᠢᠷᠳᠤᠯ | ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠤᠯᠪᠣᠭᠳᠠᠯ ᠪᠦᠬᠦᠢ | ᠮᠡᠷᠭᠡᠵᠢᠯ ᠢ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠬᠤᠯᠪᠣᠭᠳᠠᠯ ᠪᠦᠬᠦᠢ | ᠭᠤᠣᠯᠳᠠᠯᠭ᠎ᠠ ᠲᠠᠢ ᠲᠤᠰᠬᠠᠢ ᠲᠦᠷᠦᠯ ᠵᠦᠢᠯ ᠤᠨ ᠴᠢᠬᠤᠯᠠ ᠳᠡᠮᠵᠢᠯᠭᠡ ᠶᠢᠨ ᠴᠢᠭᠯᠡᠯ ᠪᠤᠯᠭᠠᠵᠤ᠂ ᠡᠨᠧᠷᠭᠢ ᠶᠢᠨ | ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ | ᠨᠡᠭᠦᠷᠡᠰᠦᠲᠥ᠋ᠷᠥᠭᠴᠢ ᠪᠠᠭᠠᠲᠠᠢ ᠨᠡᠭᠦᠷᠡᠰᠦᠳᠥ᠋ᠷᠦᠭᠴᠢ ᠦᠯᠦ ᠭᠠᠳᠠᠭᠰᠢᠯᠠᠭᠤᠯᠬᠤ ᠤᠷ᠎ᠠ ᠮᠡᠷᠭᠡᠰᠢᠯ ᠤᠨ ᠶᠠᠪᠤᠴᠠ ᠶᠢ | ᠲᠠᠭᠢᠨ ᠦᠢᠯᠡᠳᠬᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ᠂ ᠡᠬᠢ ᠪᠠᠶᠠᠯᠢᠭ ᠢ ᠠᠷᠪᠢᠯᠠᠨ ᠭᠠᠮᠨᠠᠵᠤ | ᠡᠷᠴᠢᠮᠵᠢᠭᠦᠯᠬᠦ ᠪᠠ ᠡᠷᠭᠢᠯᠳᠦᠭᠦᠯᠦᠨ ᠠᠰᠢᠭᠯᠠᠬᠤ᠂ ᠰᠢᠨ᠎ᠡ ᠪᠣᠬᠢᠷᠳᠤᠯ ᠪᠣᠳᠠᠰ ᠢ ᠵᠠᠰᠠᠬᠤ ᠵᠡᠷᠭᠡ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ | ᠳᠠᠭᠠᠭᠤᠯᠤᠭᠴᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠬᠤᠯᠪᠣᠭᠠᠲᠤ ᠴᠣᠭᠴᠠ ᠶᠢ ᠲᠦᠷᠦᠭᠦᠯᠡᠨ ᠪᠠᠶᠢᠭᠤᠯᠬᠤ ᠶᠢ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠤᠨ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠲᠤᠰᠠᠯᠠᠬᠤ | ᠡᠷᠴᠢᠮ ᠢ ᠴᠢᠩᠭᠠᠷᠠᠭᠤᠯᠤᠨ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠤᠯᠤᠰ ᠤᠨ | ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠳᠤ ᠣᠷᠤᠯᠴᠠᠬᠤ ᠶᠢ | ᠵᠣᠷᠢᠭᠵᠢᠭᠤᠯᠤᠨ᠎ᠠ᠃ | ︵ᠬᠤᠷᠢᠨ ᠭᠤᠷᠪᠠ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ | ᠥᠷᠨᠢᠭᠦᠯᠦᠨ᠎ᠡ᠃ ᠰᠢᠨ᠎ᠡ ᠶᠢ ᠡᠭᠦᠳᠬᠦ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ | ᠦᠵᠡᠭᠦᠯᠭᠦ ᠵᠠᠩᠭᠢᠯᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠲᠡᠰ | ᠳᠠᠪᠬᠤᠷᠭ᠎ᠠ ᠶᠢᠨ ᠲᠤᠷᠰᠢᠯᠲᠠ ᠶᠢ ᠥᠷᠨᠢᠭᠦᠯᠵᠦ᠂ ᠠᠵᠤ ᠦᠢᠯᠡᠳᠪᠦᠷᠢ᠂ ᠡᠨᠧᠷᠭᠢ᠂ ᠵᠠᠮ ᠲᠡᠭᠡᠭᠡᠪᠦᠷᠢ᠂ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ | ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ | ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ | ᠦᠵᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠵᠢᠱᠢᠶ᠎ᠡ ᠦᠵᠡᠭᠦᠯᠭᠦ | ᠬᠡᠷᠡᠭᠯᠡᠯᠲᠡ ᠪᠠ ᠳᠡᠯᠭᠡᠷᠡᠭᠦᠯᠦᠯᠲᠡ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠮᠡᠷᠭᠡᠵᠢᠯ ᠢ ᠦᠨᠡᠯᠡᠨ ᠵᠢᠱᠢᠬᠦ᠂ ᠠᠷᠠᠯᠵᠢᠶᠠᠯᠠᠬᠤ ᠰᠢᠰᠲ᠋ᠧᠮ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢᠨ ᠬᠥᠭᠵᠢᠯᠲᠡ ᠳᠤ | ᠠᠰᠢᠭᠲᠠᠢ ᠬᠤᠳᠠᠯᠳᠤᠭᠠᠨ ᠤ ᠵᠠᠭᠪᠤᠷ ᠢ ᠰᠦᠪᠡᠭᠴᠢᠯᠡᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠮᠡᠷᠭᠡᠵᠢᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠡᠭᠦᠳᠦᠨ ᠪᠦᠲᠦᠭᠡᠬᠦ᠂ ᠬᠠᠮᠠᠭᠠᠯᠠᠬᠤ᠂ ᠬᠡᠷᠡᠭᠯᠡᠬᠦ ᠶᠢ | ᠴᠢᠩᠭᠠᠳᠬᠠᠵᠤ᠂ ᠪᠦᠭᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠠᠷᠪᠠ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ | ︵ᠬᠤᠷᠢᠨ ᠳᠥᠷᠪᠡ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠡᠳ᠋ ᠤᠨ ᠵᠠᠰᠠᠭ | ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠬᠥᠭᠵᠢᠯᠲᠡ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠳᠤ ᠠᠰᠢᠭᠲᠠᠢ | ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠢᠨ᠎ᠡ | ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ᠂ ᠤᠯᠠᠮᠵᠢᠯᠠᠯᠲᠤ ᠠᠵᠢᠯ ᠲᠥᠷᠥᠯ ᠢ ᠥᠭᠡᠷᠡᠴᠢᠯᠡᠨ ᠲᠠᠰ | ᠳᠡᠪᠰᠢᠭᠦᠯᠬᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠠ | ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠬᠦ ᠵᠡᠷᠭᠡ | ᠬᠦᠷᠢᠶ᠎ᠡ ᠴᠠᠷᠠᠭ᠎ᠠ ᠶᠢᠨ ᠠᠵᠢᠯ ᠢ ᠳᠡᠮᠵᠢᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠤᠰᠤ | ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠡᠷᠭᠡ | ᠬᠥᠰᠬᠡ ᠶᠢᠨ ᠭᠠᠶᠢᠯᠢ ᠬᠥᠰᠬᠡ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠭᠠᠶᠢᠯᠢ ᠶᠢᠨ | ᠳᠦᠷᠢᠮ ᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠰᠦᠢᠳᠬᠡᠯ ᠤᠨ ᠭᠠᠶᠢᠯᠢ ᠶᠢ ᠥᠭᠡᠷᠡᠴᠢᠯᠡᠬᠦ ᠶᠢ | ᠪᠦᠭᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠬᠤᠷᠢᠶᠠᠬᠤ ᠰᠢᠰᠲ᠋ᠧᠮ ᠢ | ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠬᠠᠮᠢᠶ᠎ᠠ ᠪᠦᠬᠦᠢ | ᠭᠠᠶᠢᠯᠢ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ᠎ᠠ᠃ | ︵ᠬᠤᠷᠢᠨ ᠲᠠᠪᠤ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠮᠥᠩᠭᠦᠨ ᠭᠦᠢᠯᠭᠡᠭᠡᠨ ᠤ | ᠪᠠᠭᠠᠵᠢ ᠶᠢ ᠪᠠᠶᠠᠯᠢᠭᠵᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ | ᠪᠠᠭᠠᠵᠢ ᠶᠢ ᠬᠡᠷᠡᠭᠵᠢᠭᠦᠯᠬᠦ ᠬᠤᠭᠤᠴᠠᠭ᠎ᠠ ᠶᠢ 2027 ᠣᠨ ᠤ ᠡᠴᠦᠰ ᠪᠤᠯᠲᠠᠯ᠎ᠠ ᠤᠷᠲᠤᠳᠬᠠᠨ᠎ᠠ᠃ ᠭᠡᠯᠪᠡᠷᠢ ᠪᠠᠨ | ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠮᠵᠢᠯᠠᠯᠲᠤ ᠠᠵᠢᠯ | ᠲᠥᠷᠥᠯ ᠤᠨ ᠬᠦᠷᠢᠶ᠎ᠡ ᠴᠠᠷᠠᠭ᠎ᠠ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠲᠡᠶᠢᠰᠢ ᠭᠡᠯᠪᠡᠷᠢ ᠪᠠᠨ | ᠬᠤᠪᠢᠷᠠᠭᠤᠯᠬᠤ ᠳᠤ ᠵᠦᠢ ᠵᠣᠬᠢᠰᠲᠠᠢ ᠴᠢᠬᠤᠯᠠ ᠪᠦᠬᠦᠢ ᠮᠥᠩᠭᠦᠨ ᠭᠦᠢᠯᠭᠡᠭᠡᠨ ᠤ ᠳᠡᠮᠵᠢᠯᠭᠡ | ᠬᠠᠩᠭᠠᠨ᠎ᠠ᠃ ᠪᠠᠩᠬᠢ ᠶᠢ ᠵᠣᠷᠢᠭᠵᠢᠭᠤᠯᠵᠤ ᠲᠦᠭᠰᠢᠭᠦᠷᠢ ᠶᠢ ᠵᠦᠢ ᠵᠣᠬᠢᠰᠲᠠᠢ ᠦᠨᠡᠯᠡᠨ ᠵᠢᠱᠢᠭᠰᠡᠨ ᠰᠠᠭᠤᠷᠢᠨ | ᠳᠡᠭᠡᠷ᠎ᠡ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠪᠣᠬᠢᠷᠳᠤᠯ ᠦᠭᠡᠢ ᠲᠡᠶᠢᠰᠢ ᠲᠣᠬᠢᠷᠠᠭᠤᠯᠤᠯᠲᠠ ᠬᠢᠬᠦ ᠶᠢ | ᠬᠥᠲᠥᠯᠥᠨ ᠵᠢᠯᠤᠭᠤᠳᠴᠤ᠂ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ ᠴᠢᠨᠠᠷᠲᠠᠢ ᠪᠡᠯᠡ | ᠬᠤᠷᠠᠮᠳᠤᠭᠤᠯᠬᠤ ᠪᠠᠲᠤᠯᠠᠭ᠎ᠠ ᠶᠢᠨ ᠪᠠᠶᠢᠭᠤᠯᠤᠮᠵᠢ ᠪᠠᠷ ᠳᠠᠮᠵᠢᠭᠤᠯᠤᠨ ᠪᠣᠬᠢᠷᠳᠤᠯ ᠦᠭᠡᠢ ᠢᠲᠡᠭᠡᠮᠵᠢᠲᠦ | ᠵᠢᠭᠡᠯᠡᠯᠭᠡ ᠶᠢᠨ ᠬᠥᠭᠵᠢᠯᠲᠡ ᠶᠢ ᠳᠡᠮᠵᠢᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠣᠯᠠᠨ | ᠵᠦᠢᠯ ᠤᠨ ᠠᠷᠭ᠎ᠠ ᠭᠡᠯᠪᠡᠷᠢ ᠪᠠᠷ ᠳᠠᠮᠵᠢᠭᠤᠯᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠬᠤᠷᠠᠮᠳᠤᠭᠤᠯᠬᠤ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ | ᠰᠲ᠋ᠣᠺ ᠤᠨ ᠡᠷᠬᠡ ᠶᠢᠨ ᠪᠡᠯᠡ ᠬᠤᠷᠠᠮᠳᠤᠭᠤᠯᠬᠤ᠂ ᠪᠣᠬᠢᠷᠳᠤᠯ ᠦᠭᠡᠢ ᠪᠡᠯᠡ ᠬᠤᠷᠠᠮᠳᠤᠭᠤᠯᠬᠤ ᠲᠦᠷᠢᠶᠡᠰᠦᠯᠡᠭᠦᠯᠬᠦ᠂ | ᠪᠣᠬᠢᠷᠳᠤᠯ ᠦᠭᠡᠢ ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠢᠳᠡᠪᠬᠢᠲᠡᠢ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠡᠭᠦᠰᠦᠮᠡᠯ ᠪᠠᠭᠠᠵᠢ ᠶᠢᠨ ᠰᠢᠨ᠎ᠡ ᠶᠢ | ᠡᠭᠦᠳᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠣᠬᠢᠷᠳᠤᠯ ᠦᠭᠡᠢ ᠳᠠᠭᠠᠳᠬᠠᠯ ᠢ ᠬᠥᠭᠵᠢᠭᠦᠯᠵᠦ᠂ ᠵᠥᠷᠢᠶᠡᠲᠦ | ᠳᠠᠭᠠᠳᠬᠠᠯ ᠤᠨ ᠰᠦᠢᠳᠬᠡᠯ ᠤᠨ ᠨᠤᠷᠮ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠬᠤᠷᠢᠨ ᠵᠢᠷᠭᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠪᠡᠯᠡ | ᠣᠷᠣᠭᠤᠯᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ᠃ ᠪᠡᠯᠡ ᠣᠷᠣᠭᠤᠯᠤᠯᠲᠠ ᠶᠢᠨ ᠲᠣᠭᠲᠠᠴᠠ ᠶᠢᠨ | ᠰᠢᠨ᠎ᠡ ᠶᠢ ᠡᠭᠦᠳᠬᠦ ᠪᠠ ᠰᠢᠯᠢᠳᠡᠭᠵᠢᠭᠦᠯᠵᠦ᠂ ᠡᠯ᠎ᠡ ᠲᠦᠷᠦᠯ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠪᠡᠯᠡ ᠣᠷᠣᠭᠤᠯᠤᠯᠲᠠ ᠶᠢᠨ ᠬᠠᠷᠢᠴᠠᠯ ᠢᠶᠠᠨ | ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠨᠢ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ᠂ ᠡᠬᠢ ᠪᠠᠶᠠᠯᠢᠭ ᠢ | ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠳᠠᠬᠢ ᠭᠤᠣᠯᠳᠠᠯᠭ᠎ᠠ ᠲᠠᠢ ᠲᠥᠷᠥᠯ ᠵᠦᠢᠯ ᠳᠤ ᠢᠳᠡᠪᠬᠢᠲᠡᠢ | ᠳᠡᠮᠵᠢᠯᠭᠡ ᠦᠵᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠲᠥᠷᠥᠯ ᠵᠦᠢᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ ᠳᠤ | ᠣᠷᠤᠯᠴᠠᠬᠤ ᠶᠢ ᠬᠥᠲᠥᠯᠥᠨ ᠵᠢᠯᠤᠭᠤᠳᠬᠤ ᠪᠠ ᠵᠢᠷᠤᠮᠵᠢᠭᠤᠯᠵᠤ᠂ ᠨᠡᠶᠢᠭᠡᠮ ᠤᠨ ᠬᠥᠷᠥᠩᠭᠡ ᠶᠢᠨ ᠵᠠᠬ᠎ᠠ | ᠳᠡᠯᠭᠡᠭᠦᠷᠴᠢᠯᠡᠭᠰᠡᠨ ᠠᠷᠭ᠎ᠠ ᠭᠡᠯᠪᠡᠷᠢ ᠪᠠᠷ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ | ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ | ᠨᠡᠶᠢᠴᠡᠬᠦ ᠰᠢᠨ᠎ᠡ ᠡᠨᠧᠷᠭᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠬᠠᠮᠢᠶ᠎ᠠ ᠪᠦᠬᠦᠢ ᠲᠥᠷᠥᠯ ᠵᠦᠢᠯ ᠤᠨ ᠰᠠᠭᠤᠷᠢ ᠲᠥᠬᠦᠭᠡᠷᠦᠮᠵᠢ ᠶᠢᠨ ᠬᠦᠷᠢᠶ᠎ᠡ | ᠴᠠᠷᠠᠭ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ | ︵REITs︶ ᠲᠠᠷᠬᠠᠭᠠᠬᠤ ᠶᠢ ᠳᠡᠮᠵᠢᠨ᠎ᠡ᠃ | ︵ᠬᠤᠷᠢᠨ ᠳᠣᠯᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠴᠠᠭᠢᠯᠭᠠᠨ ᠬᠦᠴᠦᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢᠳᠤᠯᠢᠭ ᠴᠢᠨᠠᠷᠲᠠᠢ ᠴᠠᠭᠢᠯᠭᠠᠨ ᠡᠭᠦᠰᠬᠡᠭᠴᠢ ᠶᠢᠨ ᠰᠢᠰᠲ᠋ᠧᠮ ᠲᠠᠢ | ᠲᠣᠬᠢᠷᠠᠭᠤᠯᠬᠤ ᠦᠨ᠎ᠡ ᠬᠠᠩᠰᠢ ᠶᠢᠨ ᠲᠣᠭᠲᠠᠴᠠ ᠳᠤ ᠣᠷᠤᠯᠴᠠᠬᠤ ᠶᠢ ᠲᠡᠭᠦᠯᠳᠡᠷᠵᠢᠭᠦᠯᠦᠨ ᠵᠣᠷᠢᠭᠵᠢᠭᠤᠯᠵᠤ᠂ | ᠨᠡᠭᠦᠷᠡᠰᠦ ᠴᠠᠭᠢᠯᠭᠠᠨ ᠤ ᠪᠠᠭᠲᠠᠭᠠᠮᠵᠢ ᠶᠢᠨ ᠴᠠᠭᠢᠯᠭᠠᠨ ᠤ ᠦᠨ᠎ᠡ ᠶᠢᠨ ᠲᠣᠭᠲᠠᠴᠠ ᠶᠢ ᠬᠡᠷᠡᠭᠵᠢᠭᠦᠯᠵᠦ᠂ ᠰᠢᠨ᠎ᠡ | ᠭᠡᠯᠪᠡᠷᠢ ᠶᠢᠨ ᠬᠠᠳᠠᠭᠠᠯᠠᠮᠵᠢ ᠡᠨᠧᠷᠭᠢ ᠶᠢᠨ ᠦᠨ᠎ᠡ ᠪᠦᠷᠢᠯᠳᠦᠬᠦ ᠲᠣᠭᠲᠠᠴᠠ ᠶᠢ ᠰᠤᠳᠤᠯᠤᠨ ᠪᠠᠶᠢᠭᠤᠯᠤᠨ | ᠪᠦᠷᠢᠨᠰᠢᠭᠦᠯᠵᠦ᠂ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠪᠠ ᠴᠠᠭ ᠬᠤᠪᠢᠶᠠᠭᠰᠠᠨ ᠴᠠᠭᠢᠯᠭᠠᠨ ᠤ | ᠦᠨ᠎ᠡ ᠶᠢᠨ ᠲᠦᠷᠦ ᠶᠢᠨ ᠪᠣᠳᠣᠯᠭ᠎ᠠ ᠶᠢ ᠪᠦᠷᠢᠨᠰᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ | ᠲᠦᠷᠦᠯ ᠤᠨ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠰᠠᠭᠤᠭᠠᠯᠢ ᠠᠷᠠᠳ ᠤᠨ | ᠤᠰᠤᠨ ᠤ ᠱᠠᠲᠤᠯᠢᠭ ᠦᠨ᠎ᠡ ᠬᠠᠩᠰᠢ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤ ᠵᠢᠴᠢ ᠣᠨᠴᠠ | ᠲᠥᠷᠥᠯ ᠳᠤ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠲᠤ ᠠᠬᠢᠭᠤᠯᠤᠨ ᠪᠤᠳᠤᠵᠤ | ᠦᠨ᠎ᠡ ᠨᠡᠮᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠰᠦᠢᠳᠬᠡᠯ | ᠬᠤᠷᠢᠶᠠᠬᠤ ᠵᠠᠭᠪᠤᠷ ᠢᠶᠠᠨ ᠲᠡᠭᠦᠯᠳᠡᠷᠵᠢᠭᠦᠯᠬᠦ ᠶᠢ ᠳᠡᠮᠵᠢᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ | ᠰᠦᠢᠳᠬᠡᠯ ᠬᠤᠷᠢᠶᠠᠬᠤ ᠠᠷᠭ᠎ᠠ ᠭᠡᠯᠪᠡᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ ᠶᠢ ᠤᠷᠮᠠᠰᠢᠭᠤᠯᠬᠤ | ᠲᠣᠭᠲᠠᠴᠠ ᠶᠢ ᠪᠠᠶᠢᠭᠤᠯᠤᠨ᠎ᠠ᠃ | ︵ᠬᠤᠷᠢᠨ ᠨᠠᠢᠮᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠬ᠎ᠠ ᠳᠡᠯᠭᠡᠭᠦᠷᠴᠢᠯᠡᠬᠦ | ᠲᠣᠭᠲᠠᠴᠠ ᠶᠢ ᠪᠦᠷᠢᠨᠰᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠠᠷᠠᠯᠵᠢᠶ᠎ᠠ ᠶᠢᠨ ᠳᠦᠷᠢᠮ ᠤᠨ ᠵᠢᠷᠤᠮᠵᠢᠯ ᠵᠢᠴᠢ | ᠳᠡᠩᠰᠡᠯᠡᠨ ᠲᠡᠮᠳᠡᠭᠯᠡᠬᠦ᠂ ᠬᠢᠮᠳᠠ ᠦᠨ᠎ᠡ ᠪᠠᠷ ᠬᠤᠳᠠᠯᠳᠤᠬᠤ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠵᠡᠷᠭᠡ ᠢᠵᠢ | ᠪᠦᠷᠢᠳᠦᠭᠦᠯᠦᠭᠰᠡᠨ ᠳᠦᠷᠢᠮ ᠢ ᠲᠡᠭᠦᠯᠳᠡᠷᠵᠢᠭᠦᠯᠦᠨ᠂ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠲᠤ | ᠰᠠᠭᠤᠷᠢᠯᠠᠭᠰᠠᠨ ᠪᠡᠯᠡ ᠬᠤᠷᠠᠮᠳᠤᠭᠤᠯᠬᠤ ᠪᠠᠭᠠᠵᠢ ᠶᠢ ᠰᠦᠪᠡᠭᠴᠢᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ | ᠬᠥᠨᠳᠡᠯᠡᠨ ᠴᠢᠭᠯᠡᠯ ᠤᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ | ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠪᠠ ᠰᠠᠶᠢᠨ ᠳᠤᠷ᠎ᠠ ᠠᠴᠠ ᠪᠠᠨ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠳᠦᠷᠢᠮ ᠢ ᠪᠦᠷᠢᠨᠰᠢᠭᠦᠯᠦᠨ᠂ ᠠᠷᠠᠯᠵᠢᠶᠠᠨ ᠤ ᠠᠵᠢᠯ ᠲᠦᠷᠦᠯ ᠤᠨ | ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠡᠮᠬᠢ ᠵᠢᠷᠤᠮ ᠲᠠᠢ ᠪᠠᠷ ᠥᠷᠭᠡᠳᠬᠡᠨ᠎ᠡ᠃ ᠪᠣᠬᠢᠷᠳᠤᠯ ᠦᠭᠡᠢ ᠴᠠᠭᠢᠯᠭᠠᠨ | ᠬᠦᠴᠦᠨ ᠤ ᠦᠨᠡᠮᠯᠡᠯ ᠤᠨ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠴᠠᠭᠢᠯᠭᠠᠨ᠂ | ᠪᠣᠬᠢᠷᠳᠤᠯ ᠦᠭᠡᠢ ᠦᠨᠡᠮᠯᠡᠯ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠵᠡᠷᠭᠡ ᠵᠠᠬ᠎ᠠ ᠳᠡᠯᠭᠡᠭᠦᠷᠴᠢᠯᠡᠭᠰᠡᠨ | ᠲᠣᠭᠲᠠᠴᠠ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ | ︵ᠬᠤᠷᠢ ᠶᠢᠰᠦ︶ ᠪᠣᠬᠢᠷᠳᠤᠯ ᠦᠭᠡᠢ ᠬᠥᠭᠵᠢᠯᠲᠡ ᠶᠢᠨ ᠪᠠᠷᠢᠮᠵᠢᠶ᠎ᠠ ᠶᠢᠨ ᠰᠢᠰᠲ᠋ᠧᠮ ᠢ | ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠰᠠᠭᠤᠷᠢ ᠨᠡᠶᠢᠳᠡᠮ | ᠬᠡᠷᠡᠭᠯᠡᠬᠦ ᠪᠠᠷᠢᠮᠵᠢᠶ᠎ᠠ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ | ᠠᠷᠢᠯᠭᠠᠬᠤ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠠᠬᠢᠭᠤᠯᠵᠤ᠂ ᠠᠵᠤ | ᠠᠬᠤᠶᠢᠯᠠᠯ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ | ᠮᠥᠷ ᠤᠨ ᠲᠣᠭᠠᠴᠠᠭ᠎ᠠ ᠬᠢᠬᠦ᠂ ᠮᠡᠳᠡᠭᠦᠯᠬᠦ᠂ ᠬᠢᠨᠠᠨ ᠪᠠᠶᠢᠴᠠᠭᠠᠬᠤ ᠵᠡᠷᠭᠡ ᠪᠠᠷᠢᠮᠵᠢᠶ᠎ᠠ ᠶᠢ ᠲᠣᠭᠲᠠᠭᠠᠨ᠎ᠠ᠃ ᠡᠨᠧᠷᠭᠢ | ᠠᠷᠪᠢᠯᠠᠬᠤ ᠪᠠᠷᠢᠮᠵᠢᠶ᠎ᠠ ᠶᠢ ᠰᠢᠨᠡᠳᠬᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠦᠢᠯᠡᠳᠬᠦᠨ ᠤ | ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠡᠨᠧᠷᠭᠢ ᠶᠢᠨ | ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠳᠠᠭᠢᠨ | ᠡᠭᠦᠰᠴᠦ ᠪᠤᠯᠬᠤ ᠡᠨᠧᠷᠭᠢ ᠶᠢᠨ ᠪᠠᠷᠢᠮᠵᠢᠶ᠎ᠠ ᠶᠢᠨ ᠰᠢᠰᠲ᠋ᠧᠮ ᠪᠠ ᠠᠵᠤ ᠦᠢᠯᠡᠳᠪᠦᠷᠢ ᠶᠢᠨ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠰᠤᠲᠥ᠋ᠷᠥᠭᠴᠢ | ᠡᠨᠧᠷᠭᠢ ᠶᠢ ︽ᠦᠢᠯᠡᠳᠴᠦ ᠬᠠᠳᠠᠭᠠᠯᠠᠵᠤ ᠲᠡᠭᠡᠭᠡᠪᠦᠷᠢᠯᠡᠵᠦ ᠬᠡᠷᠡᠭᠯᠡᠬᠦ︾ ᠪᠠᠷᠢᠮᠵᠢᠶ᠎ᠠ ᠶᠢ ᠪᠠᠶᠢᠭᠤᠯᠤᠨ | ᠪᠦᠷᠢᠨᠰᠢᠭᠦᠯᠦᠨ᠎ᠡ᠃ | ᠠᠷᠪᠠᠨ ᠨᠢᠭᠡ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠤᠯᠠᠨ ᠤᠯᠤᠰ ᠤᠨ | ᠬᠠᠮᠲᠤᠷᠠᠯᠴᠠᠭ᠎ᠠ ᠶᠢ ᠴᠢᠩᠭᠠᠳᠬᠠᠨ᠎ᠠ | ︵ᠭᠤᠴᠢ︶ ᠪᠦᠭᠦ ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠬᠢᠴᠠ ᠳᠤ | ᠣᠷᠣᠯᠴᠠᠨ᠎ᠠ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠲᠠᠯᠠᠢ ᠲᠠᠩᠭᠢᠰ ᠤᠨ ᠪᠣᠬᠢᠷᠳᠤᠯ ᠢ ᠵᠠᠰᠠᠬᠤ᠂ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠦᠯᠢᠶᠥᠦ ᠶᠢᠨ ᠪᠣᠬᠢᠷᠳᠤᠯ ᠢ ᠵᠠᠰᠠᠬᠤ ᠵᠡᠷᠭᠡ | ᠬᠦᠷᠢᠶ᠎ᠡ ᠴᠠᠷᠠᠭ᠎ᠠ ᠳᠠᠬᠢ ᠤᠯᠠᠨ ᠤᠯᠤᠰ ᠤᠨ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠲᠥᠪ | ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠦᠭᠦ ᠪᠥᠮᠪᠥᠷᠴᠡᠭ ᠤᠨ ᠣᠷᠴᠢᠨ | ᠲᠣᠭᠤᠷᠢᠨ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭ᠎ᠠ ᠵᠢᠴᠢ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠨ᠎ᠠ᠃ | ︵ᠭᠤᠴᠢᠨ ᠨᠢᠭᠡ︶ ᠲᠥᠷᠥ ᠶᠢᠨ ᠪᠣᠳᠣᠯᠭ᠎ᠠ ᠶᠢᠨ ᠰᠣᠯᠢᠯᠴᠠᠭ᠎ᠠ ᠪᠠ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠠᠨ ᠲᠠᠯᠠᠲᠤ ᠪᠠ ᠬᠤᠶᠠᠷ ᠲᠠᠯᠠᠲᠤ ᠶᠠᠷᠢᠯᠴᠠᠭ᠎ᠠ ᠬᠠᠮᠲᠤᠷᠠᠯᠴᠠᠭ᠎ᠠ ᠶᠢᠨ | ᠠᠷᠭ᠎ᠠ ᠵᠠᠮ ᠢ ᠥᠷᠭᠡᠳᠬᠡᠵᠦ᠂ ᠪᠣᠬᠢᠷᠳᠤᠯ ᠦᠭᠡᠢ ᠬᠥᠭᠵᠢᠯᠲᠡ ᠶᠢᠨ ᠬᠦᠷᠢᠶ᠎ᠡ ᠴᠠᠷᠠᠭ᠎ᠠ ᠳᠠᠬᠢ ᠤᠯᠠᠨ ᠲᠠᠯᠠᠲᠤ | ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠠᠨ ᠤᠯᠤᠰ ᠤᠨ | ᠲᠤᠷᠰᠢᠯᠭ᠎ᠠ ᠪᠠᠷ ᠢᠳᠡᠪᠬᠢᠲᠡᠢ ᠲᠣᠯᠢ ᠪᠣᠯᠭᠠᠨ᠎ᠠ᠃ ᠪᠣᠬᠢᠷᠳᠤᠯ ᠦᠭᠡᠢ ᠪᠡᠯᠡ ᠣᠷᠣᠭᠤᠯᠤᠯᠲᠠ ᠪᠠ ᠠᠷᠠᠯᠵᠢᠶᠠᠨ ᠤ | ᠬᠠᠮᠲᠤᠷᠠᠯᠴᠠᠭ᠎ᠠ ᠶᠢ ᠴᠢᠩᠭᠠᠳᠬᠠᠵᠤ᠂ ︽ᠪᠣᠬᠢᠷᠳᠤᠯ ᠦᠭᠡᠢ ᠲᠣᠷᠭᠠᠨ ᠵᠠᠮ︾ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠬᠤᠯᠪᠣᠭᠳᠠᠯ ᠪᠦᠬᠦᠢ ᠤᠯᠤᠰ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠢᠯᠢ ᠶᠢᠨ ᠭᠠᠳᠠᠨᠠᠬᠢ ᠲᠥᠷᠥᠯ ᠵᠦᠢᠯ ᠤᠨ ᠣᠷᠴᠢᠨ ᠲᠣᠭᠤᠷᠢᠨ ᠤ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠦᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠦᠢᠯᠡᠳᠬᠦᠨ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠶᠢᠨ ᠲᠤᠬᠠᠢ ᠮᠡᠷᠭᠡᠵᠢᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠭᠠᠳᠠᠭᠠᠳᠤ ᠶᠢᠨ ᠬᠢᠨ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠵᠦ᠂ ᠤᠯᠠᠨ | ᠤᠯᠤᠰ ᠤᠨ ᠬᠠᠮ ᠰᠢᠨᠵᠢᠯᠡᠬᠦ ᠤᠬᠠᠭᠠᠨ ᠤ ᠢᠨᠵᠧᠨᠧᠷᠢᠩ ᠳᠤ ᠢᠳᠡᠪᠬᠢᠲᠡᠢ ᠣᠷᠤᠯᠴᠠᠬᠤ ᠶᠢ | ᠵᠣᠷᠢᠭᠵᠢᠭᠤᠯᠤᠨ᠎ᠠ᠃ ᠪᠣᠬᠢᠷᠳᠤᠯ ᠦᠭᠡᠢ ᠪᠠᠶᠢᠬᠤ ᠪᠠᠷᠢᠮᠵᠢᠶ᠎ᠠ ᠬᠢᠭᠡᠳ ᠬᠢᠷᠢ ᠲᠡᠩᠴᠡᠯᠲᠡ ᠶᠢ ᠦᠨᠡᠯᠡᠨ ᠲᠣᠭᠲᠠᠭᠠᠬᠤ | ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠯᠠᠨ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠢ | ᠲᠣᠭᠲᠠᠭᠠᠵᠤ ᠵᠠᠰᠠᠪᠤᠷᠢ ᠣᠷᠣᠭᠤᠯᠬᠤ ᠳᠤ ᠣᠷᠣᠯᠴᠠᠵᠤ᠂ ᠭᠤᠣᠯ ᠪᠤᠯᠬᠤ ᠠᠷᠠᠯᠵᠢᠶᠠᠨ ᠤ ᠬᠠᠨᠢᠲᠠᠨ ᠯᠤᠭ᠎ᠠ | ᠨᠡᠭᠦᠷᠡᠰᠦᠲᠥ᠋ᠷᠥᠭᠴᠢ ᠶᠢᠨ ᠤᠯᠠ ᠮᠥᠷ ᠵᠡᠷᠭᠡ ᠳᠦᠷᠢᠮ ᠤᠨ ᠲᠠᠯ᠎ᠠ ᠪᠠᠷ ᠵᠣᠯᠭᠠᠯᠳᠤᠭᠤᠯᠤᠨ ᠬᠠᠷᠢᠯᠴᠠᠨ ᠮᠡᠳᠡᠷᠡᠬᠦ ᠶᠢ | ᠠᠬᠢᠭᠤᠯᠤᠨ᠎ᠠ᠃ | ᠠᠷᠪᠠᠨ ᠬᠤᠶᠠᠷ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠭᠤᠴᠢᠨ ᠬᠤᠶᠠᠷ︶ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ | ᠶᠢ ᠲᠦᠷᠭᠡᠳᠬᠡᠨ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ | ᠲᠤᠭᠤᠰᠢᠯᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠲᠣᠰ | ᠰᠠᠯᠠᠭ᠎ᠠ ᠮᠥᠴᠢᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠠᠬᠢ ᠭᠤᠣᠯᠳᠠᠯᠭ᠎ᠠ ᠲᠠᠢ | ᠡᠭᠦᠷᠭᠡ ᠪᠠᠨ ᠲᠣᠳᠣᠷᠬᠠᠶᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠢ᠂ ᠠᠷᠠᠳ ᠤᠨ | ᠪᠦᠯᠭᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠣᠰ ᠬᠦᠷᠢᠶ᠎ᠡ ᠴᠠᠷᠠᠭ᠎ᠠ ᠳᠠᠬᠢ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠢ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠪᠦᠭᠦ ᠲᠠᠯ᠎ᠠ ᠪᠠᠷ ᠬᠤᠪᠢᠷᠠᠭᠤᠯᠬᠤ | ᠰᠢᠨ᠎ᠡ ᠲᠣᠭᠲᠠᠴᠠ ᠶᠢ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ | ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠶᠡᠷᠦᠩᠬᠡᠶᠢᠯᠡᠨ ᠦᠨᠡᠯᠡᠵᠦ ᠬᠢᠨᠠᠨ ᠰᠢᠯᠭᠠᠬᠤ ᠳᠦᠷᠢᠮ ᠢ | ᠲᠣᠭᠲᠠᠭᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠦᠨᠡᠯᠡᠵᠦ ᠬᠢᠨᠠᠨ ᠰᠢᠯᠭᠠᠭᠰᠠᠨ | ᠦᠷ᠎ᠡ ᠳ᠋ᠦᠩ ᠤᠨ ᠬᠡᠷᠡᠭᠯᠡᠭᠡ ᠶᠢ ᠴᠢᠩᠭᠠᠳᠬᠠᠬᠤ ᠬᠡᠷᠡᠭᠲᠡᠢ᠃ ᠴᠢᠬᠤᠯᠠ ᠪᠠᠶᠢᠳᠠᠯ ᠳᠤ ᠴᠠᠭ ᠲᠤᠬᠠᠢ ᠳᠤᠨᠢ ᠲᠡᠰ | ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ | ᠮᠡᠳᠡᠭᠦᠯᠬᠦ ᠬᠡᠷᠡᠭᠲᠡᠢ᠃ | ︵ᠭᠤᠴᠢᠨ ᠭᠤᠷᠪᠠ︶ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ | ᠨᠢᠭᠡᠴᠢ ᠠᠮᠢ ᠠᠬᠤᠢ ᠣᠷᠴᠢᠨ ᠲᠣᠭᠤᠷᠢᠨ ᠤ ᠬᠠᠤᠯᠢ ᠶᠢᠨ ᠪᠢᠴᠢᠭ ᠪᠠ ᠡᠨᠧᠷᠭᠢ ᠶᠢᠨ ᠬᠠᠤᠯᠢ᠂ ᠡᠨᠧᠷᠭᠢ ᠶᠢ | ᠠᠷᠪᠢᠯᠠᠬᠤ ᠬᠠᠤᠯᠢ᠂ ᠴᠠᠭᠢᠯᠭᠠᠨ ᠬᠦᠴᠦᠨ ᠤ ᠬᠠᠤᠯᠢ᠂ ᠨᠡᠭᠦᠷᠡᠰᠦᠨ ᠤ ᠬᠠᠤᠯᠢ᠂ ᠳᠠᠭᠢᠨ ᠡᠭᠦᠰᠴᠦ ᠪᠤᠯᠬᠤ | ᠡᠨᠧᠷᠭᠢ ᠶᠢᠨ ᠬᠠᠤᠯᠢ᠂ ᠡᠷᠭᠢᠯᠲᠡᠲᠦ ᠠᠵᠤ ᠠᠬᠤᠢ ᠶᠢ ᠠᠬᠢᠭᠤᠯᠬᠤ ᠬᠠᠤᠯᠢ ᠵᠡᠷᠭᠡ ᠬᠠᠤᠯᠢ ᠲᠣᠭᠲᠠᠭᠠᠯ ᠢ | ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠠᠵᠢᠯ ᠢ ᠲᠦᠷᠭᠡᠯᠡᠨ ᠠᠬᠢᠭᠤᠯᠵᠤ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠰᠬᠠᠢ ᠬᠠᠤᠯᠢ ᠴᠠᠭᠠᠵᠠ ᠶᠢ ᠰᠤᠳᠤᠯᠤᠨ ᠲᠣᠭᠲᠠᠭᠠᠬᠤ | ᠬᠡᠷᠡᠭᠲᠡᠢ᠃ ᠢᠷᠭᠡᠨ ᠤ ᠬᠠᠤᠯᠢ ᠶᠢᠨ ᠪᠢᠴᠢᠭ ᠤᠨ ᠪᠣᠬᠢᠷᠳᠤᠯ ᠦᠭᠡᠢ ᠪᠠᠶᠢᠬᠤ ᠵᠠᠷᠴᠢᠮ ᠢ ᠨᠠᠶᠢᠳᠠᠪᠤᠷᠢᠵᠢᠭᠤᠯᠵᠤ᠂ | ᠢᠷᠭᠡᠨ ᠤ ᠬᠡᠷᠡᠭ ᠤᠨ ᠭᠤᠣᠯ ᠴᠣᠭᠴᠠ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ ᠶᠢ ᠬᠥᠲᠥᠯᠥᠨ ᠵᠢᠯᠣᠭᠤᠳᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠯᠤᠭ᠎ᠠ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠢ | ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠶᠢᠨ ᠵᠠᠷᠭᠤ᠂ ᠠᠮᠢ ᠠᠬᠤᠢ ᠣᠷᠴᠢᠨ ᠲᠣᠭᠤᠷᠢᠨ ᠪᠠ ᠡᠬᠢ | ᠪᠠᠶᠠᠯᠢᠭ ᠤᠨ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠤᠯᠢ | ᠶᠣᠰᠣᠭᠠᠷ ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠥᠭᠬᠦ ᠪᠠ ᠵᠠᠰᠠᠨ | ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | | |