ᠬᠦᠴᠦ ᠪᠠᠨ ᠬᠠᠮᠲᠤᠳᠬᠠᠨ ︽ᠬᠤᠣᠰ ᠲᠡᠷᠢᠭᠦᠨ︾ ᠤ ᠪᠠᠶᠢᠭᠤᠯᠤᠯᠲᠠ ᠶᠢ ᠠᠬᠢᠭᠤᠯᠤᠶ᠎ᠠ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠢᠩᠬᠢᠮ ᠤᠨ ᠬᠤᠭᠤᠷᠣᠨᠳᠣᠬᠢ ᠬᠤᠯᠪᠤᠭᠠᠲᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/26
      8 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠲᠡᠷᠢᠭᠦᠨ  ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠤᠯᠪᠤᠭᠠᠲᠤ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ  ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳ᠋ᠦᠩᠨᠡᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠵᠠᠳᠠᠯᠵᠤ ᠰᠣᠳᠤᠯᠤᠨ ᠮᠠᠭᠠᠳᠯᠠᠵᠤ᠂ ᠡᠯ᠎ᠡ ᠲᠠᠯ᠎ᠠ ᠶᠢᠨ ᠬᠠᠮ ᠬᠦᠴᠦᠨ ᠢ ᠨᠢᠭᠲᠠᠷᠠᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ            ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

1.webp.png

      ᠬᠤᠷᠠᠯ ᠠᠴᠠ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ

ᠰᠤᠷᠭᠠᠭᠤᠯᠢ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ

ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2024 - 2027 ᠣᠨ︶︾ ᠶᠢᠨ

ᠭᠤᠣᠯᠳᠠᠯᠭ᠎ᠠ ᠲᠠᠢ ᠡᠭᠦᠷᠭᠡ ᠶᠢᠨ ᠠᠬᠢᠴᠠ᠂ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠪᠡᠯᠡ ᠮᠥᠩᠭᠦᠨ ᠤ

ᠬᠡᠷᠡᠭᠯᠡᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠢᠭᠦᠨ ᠤ ᠰᠢᠨᠵᠢᠯᠡᠭᠡᠨ ᠤ ᠰᠠᠯᠠᠭᠠᠨ ᠤ

ᠪᠠᠶᠢᠭᠤᠯᠤᠯᠲᠠ ᠶᠢᠨ ᠲᠢᠩᠬᠢᠮ ᠤᠨ ᠬᠤᠭᠤᠷᠣᠨᠳᠣᠬᠢ ᠬᠤᠯᠪᠤᠭᠠᠲᠤ ᠬᠤᠷᠠᠯ ᠤᠨ ᠡᠯ᠎ᠡ ᠪᠦᠷᠢᠯᠳᠦᠬᠦᠨ

ᠨᠢᠭᠡᠴᠢ ᠶᠢᠨ ᠬᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ

ᠰᠠᠨᠠᠯ ᠢᠶᠠᠨ ᠰᠣᠯᠢᠯᠴᠠᠪᠠ᠃

      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠲᠥᠷᠦᠯ ᠵᠦᠢᠯ ᠢ

ᠳᠣᠭᠲᠠᠭᠠᠨ ᠪᠠᠶᠢᠭᠤᠯᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︽ᠬᠤᠣᠰ

ᠲᠡᠷᠢᠭᠦᠨ︾ ᠤ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠴᠠ᠂

ᠦᠨᠡᠯᠡᠬᠦ ᠠᠷᠭ᠎ᠠ ᠶᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢ ᠵᠦᠢ

ᠵᠣᠬᠢᠰᠲᠠᠢ ᠪᠠᠶᠢᠷᠢ ᠳᠣᠭᠲᠠᠭᠠᠬᠤ᠂ ᠥᠪᠡᠷᠮᠢᠴᠡ ᠣᠨᠴᠠᠯᠢᠭ ᠲᠠᠢ ᠡᠷᠬᠢᠯᠡᠬᠦ᠂ ᠦᠷ᠎ᠡ ᠪᠦᠲᠦᠮᠵᠢ ᠲᠠᠢ ᠡᠷᠬᠢᠯᠡᠬᠦ ᠶᠢ

ᠬᠥᠲᠥᠯᠥᠨ ᠵᠢᠯᠣᠭᠤᠳᠴᠤ ᠳᠡᠮᠵᠢᠪᠡ᠃ ᠪᠦᠬᠦ ᠣᠷᠣᠨ ᠤ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠠᠶᠢᠷᠢᠰᠢᠭᠤᠯᠤᠯᠲᠠ ᠡᠳᠦᠷ ᠢᠷᠡᠬᠦᠶ᠎ᠡ ᠰᠢᠯᠢᠳᠡᠭᠵᠢᠵᠦ᠂ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠢᠯᠡᠳᠲᠡ

ᠳᠡᠭᠡᠭᠰᠢᠯᠡᠨ᠂ ᠪᠦᠬᠦ ᠣᠷᠣᠨ ᠤ ᠳ᠋ᠣᠺᠲ᠋ᠣᠷ ᠪᠠ ᠮᠠᠰᠲ᠋ᠧᠷ ᠤᠨ ᠡᠷᠬᠡ ᠣᠯᠭᠤᠬᠤ ᠴᠡᠭ ᠴᠡᠷᠢᠭ ᠤᠨ ᠶᠠᠪᠤᠳᠠᠯ ᠤᠨ

ᠤᠬᠠᠭᠠᠨ ᠠᠴᠠ ᠭᠠᠳᠠᠨᠠᠬᠢ 13 ᠰᠢᠨᠵᠢᠯᠡᠭᠡᠨ ᠤ ᠰᠠᠯᠠᠭᠠᠨ ᠤ ᠲᠥᠷᠥᠯ ᠢ ᠬᠠᠮᠤᠷᠴᠤ᠂ ᠪᠦᠬᠦ ᠣᠷᠣᠨ ᠤ ᠠᠵᠤ

ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠰᠢᠨᠵᠢᠯᠡᠭᠡᠨ ᠤ ᠰᠠᠯᠠᠭᠠᠨ ᠤ ᠪᠠᠶᠢᠷᠢᠰᠢᠯᠠᠭᠤᠯᠤᠯᠲᠠ ᠶᠢ

ᠦᠨᠳᠦᠰᠦᠨ ᠳᠤ ᠪᠠᠨ ᠪᠦᠷᠢᠯᠳᠦᠭᠦᠯᠪᠡ᠃ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ

ᠳᠦᠷᠢᠮᠲᠦ ᠰᠤᠷᠭᠠᠭᠤᠯᠢ ᠳᠤ ᠪᠠᠶᠢᠭ᠎ᠠ ᠰᠤᠳᠤᠯᠬᠤ ᠰᠤᠷᠤᠭᠴᠢ ᠶᠢᠨ ᠲᠤᠭ᠎ᠠ 3.47 ᠲᠦᠮᠡ ᠬᠦᠷᠴᠦ᠂ 2016

ᠣᠨ ᠤ ᠬᠢ ᠠᠴᠠ 87.6% ᠨᠡᠮᠡᠭᠳᠡᠪᠡ︔ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠮᠠᠰᠲ᠋ᠧᠷ ᠤᠨ

ᠰᠤᠳᠤᠯᠬᠤ ᠰᠤᠷᠤᠭᠴᠢ ᠶᠢᠨ ᠲᠤᠭ᠎ᠠ 2.4 ᠲᠦᠮᠡ ᠳᠤ ᠬᠦᠷᠴᠦ᠂ ᠰᠤᠷᠭᠠᠭᠤᠯᠢ ᠳᠤ ᠪᠠᠶᠢᠭ᠎ᠠ ᠰᠤᠳᠤᠯᠬᠤ

ᠰᠤᠷᠤᠭᠴᠢ ᠶᠢᠨ 59.8% ᠶᠢ ᠡᠵᠡᠯᠡᠵᠦ᠂ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠪᠠ ᠪᠦᠲᠦᠴᠡ ᠶᠢ

ᠦᠷᠭᠦᠯᠵᠢᠯᠡᠨ ᠰᠢᠯᠢᠳᠡᠭᠵᠢᠭᠦᠯᠪᠡ ᠭᠡᠵᠦ ᠵᠢᠭᠠᠵᠤ ᠭᠠᠷᠭᠠᠵᠠᠢ᠃

      ᠬᠤᠷᠠᠯ ᠠᠴᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ

ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠡᠷᠢᠭᠦᠨ ᠵᠡᠷᠭᠡ ᠶᠢᠨ ᠴᠢᠳᠠᠪᠤᠷᠢᠲᠠᠨ ᠢ ᠬᠥᠮᠥᠵᠢᠭᠦᠯᠬᠦ

ᠡᠨᠡ ᠬᠦ ᠭᠤᠣᠯ ᠡᠭᠦᠷᠭᠡ ᠶᠢ ᠤᠯᠠᠮ ᠨᠢᠭᠡ ᠠᠯᠬᠤᠮ ᠲᠣᠪᠤᠶᠢᠯᠭᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂

ᠲᠥᠷᠥᠯ ᠬᠤᠪᠢᠶᠠᠨ ᠪᠠᠶᠢᠭᠤᠯᠬᠤ ᠶᠢ ᠪᠠᠷᠢᠮᠲᠠᠯᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ

ᠪᠠᠳᠠᠷᠠᠭᠤᠯᠬᠤ ᠶᠢ ᠪᠠᠷᠢᠮᠲᠠᠯᠠᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂

ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨᠲᠤ ᠮᠠᠶ᠋ᠢᠭ ᠤᠨ ᠴᠢᠨᠠᠷᠯᠢᠭ ᠬᠥᠭᠵᠢᠯᠲᠡ ᠶᠢ

ᠠᠬᠢᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ

ᠴᠢᠬᠤᠯᠠᠴᠢᠯᠠᠪᠠ᠃

      ᠬᠤᠷᠠᠯ ᠠᠴᠠ᠂ ᠡᠯ᠎ᠡ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ

ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ

ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠨ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ

ᠰᠡᠳᠬᠢᠮᠵᠢ ᠪᠠᠨ ᠲᠣᠳᠣᠷᠬᠠᠶᠢᠯᠠᠬᠤ ᠬᠡᠷᠡᠭᠲᠡᠢ︔ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ

ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠢᠷᠢ

ᠲᠦᠪᠰᠢᠨ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠬᠡᠷᠡᠭᠲᠡᠢ︔ ᠪᠠᠭᠰᠢ ᠶᠢᠨ ᠡᠩᠨᠡᠭᠡ ᠶᠢ ᠪᠤᠶᠢᠵᠢᠭᠤᠯᠬᠤ ᠶᠢ

ᠴᠢᠬᠤᠯᠠᠴᠢᠯᠠᠵᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ

ᠬᠦᠴᠦᠨ ᠢ ᠴᠢᠩᠭᠠᠳᠬᠠᠬᠤ ᠬᠡᠷᠡᠭᠲᠡᠢ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ

ᠴᠢᠬᠤᠯᠠᠴᠢᠯᠠᠵᠤ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠬᠢᠴᠢᠶᠡᠯ  ᠢ ᠨᠢᠭᠡ ᠴᠣᠭᠴᠠᠵᠢᠭᠤᠯᠬᠤ

ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠳᠡᠮᠵᠢᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ

ᠪᠡᠶᠡᠯᠡᠭᠦᠯᠵᠦ᠂ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ

ᠬᠡᠷᠡᠭᠲᠡᠢ ᠭᠡᠵᠦ ᠱᠠᠭᠠᠷᠳᠠᠪᠠ᠃

 

2.webp.png

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠪᠠᠶᠢᠭᠤᠯᠤᠮᠵᠢ

ᠣᠷᠣᠨ ᠲᠣᠭᠠᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ

ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ

ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂

ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠬᠤᠯᠪᠣᠭᠠᠲᠤ ᠬᠤᠷᠠᠯ ᠤᠨ ᠬᠤᠪᠢᠳᠠᠨ ᠬᠠᠮᠢᠶᠠᠷᠴᠤ ᠪᠠᠶᠢᠭ᠎ᠠ

ᠤᠳᠤᠷᠢᠳᠤᠯᠭ᠎ᠠ ᠵᠢᠴᠢ ᠬᠤᠯᠪᠣᠭᠠᠴᠢᠨ᠂ ᠲᠡᠷᠢᠭᠦᠨ ᠤ ᠰᠢᠨᠵᠢᠯᠡᠭᠡᠨ ᠤ  ᠰᠠᠯᠠᠭᠠᠨ ᠤ ᠪᠠᠶᠢᠭᠤᠯᠤᠯᠲᠠ ᠶᠢᠨ 9 ᠶᠡᠭᠡ

ᠳᠡᠭᠡᠳᠦ ᠰᠤᠷᠭᠠᠭᠤᠯᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠭᠠᠵᠠᠷ

ᠲᠠᠰᠤᠭ ᠤᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号