ᠥᠪᠥᠷ ᠰᠤᠷᠭᠠᠨ ᠰᠢᠨᠵᠢᠯᠡᠬᠦ ᠭᠠᠳᠠᠭᠠᠳᠤ ᠪᠢᠴᠢᠭ ﹇2024﹈ 229 ᠳ᠋ᠦ᠋ᠭᠡᠷ ᠲᠣᠭᠠᠲᠤ | | | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠪᠡᠭᠡᠵᠢᠩ ᠥᠪᠥᠷ ᠮᠣᠩᠭᠤᠯ ᠤᠨ ᠰᠤᠷᠭᠠᠨ | ᠬᠥᠮᠦᠵᠢᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ | ᠬᠡᠯᠡᠯᠴᠡᠭᠡᠷ︾ ᠤᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠯᠠᠭᠴᠢ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ | ᠬᠠᠮᠤᠭ ᠤᠨ ᠰᠢᠨ᠎ᠡ ᠵᠢᠭᠠᠬᠤ ᠶᠢ ᠰᠣᠳᠤᠯᠬᠤ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ | ᠦᠵᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠡᠭᠡᠵᠢᠩ | ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠲᠠᠢ ᠬᠠᠮᠲᠤᠷᠠᠨ ᠬᠤᠶᠠᠳᠤᠭᠠᠷ ᠬᠤᠭᠤᠴᠠᠭᠠᠨ ᠤ ︽ᠲᠡᠮᠡᠭᠡᠨ | ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ︵ᠳᠣᠷᠣᠭᠰᠢ | ᠤᠷᠤᠯᠳᠤᠭᠠᠨ ᠭᠡᠵᠦ ᠳᠦᠭᠦᠮᠴᠢᠯᠡᠨ᠎ᠡ︶ ᠢ ᠭᠤᠣᠯᠯᠠᠨ ᠡᠷᠬᠢᠯᠡᠵᠦ᠂ ᠤᠷᠤᠯᠳᠤᠭᠠᠨ ᠢ ᠬᠥᠬᠡᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠪᠣᠯᠤᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂ | ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠬᠤᠣᠰ ᠰᠢᠯᠢᠳᠡᠭ ᠡᠭᠦᠯᠡᠨ ᠬᠥᠭᠦᠷᠭᠡ︾ ᠶᠢᠨ ᠲᠥᠷᠥᠯ | ᠵᠦᠢᠯ ᠤᠨ ᠳᠤᠭᠤᠶᠢᠯᠠᠩ ᠬᠠᠮᠵᠢᠨ ᠡᠷᠭᠢᠯᠡᠵᠦ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ | ᠬᠠᠮᠵᠢᠯᠴᠠᠭᠠᠨ ᠤ ᠣᠶᠤᠨᠴᠢ ᠲᠠᠪᠴᠠᠩ ︵ᠳᠣᠷᠣᠭᠰᠢ ᠲᠠᠪᠴᠠᠩ ᠭᠡᠵᠦ ᠳᠦᠭᠦᠮᠴᠢᠯᠡᠨ᠎ᠡ︶ ᠳᠡᠮᠵᠢᠪᠡ᠂ ᠡᠳᠦᠭᠡ | ᠬᠤᠯᠪᠣᠭᠳᠠᠯ ᠪᠦᠬᠦᠢ ᠵᠦᠢᠯ ᠢ ᠮᠡᠳᠡᠭᠳᠡᠶ᠎ᠡ᠃ | ᠨᠢᠭᠡ᠂ ᠤᠷᠤᠯᠳᠤᠭᠠᠨ ᠤ ᠴᠠᠭ | 2024 ᠣᠨ ᠤ 8 ᠰᠠᠷ᠎ᠠ ᠶᠢᠨ 23 - 10 ᠰᠠᠷ᠎ᠠ ᠶᠢᠨ 31 ᠤ ᠡᠳᠦᠷ᠃ | ᠬᠤᠶᠠᠷ᠂ ᠤᠷᠤᠯᠳᠤᠭᠠᠨ ᠤ ᠠᠭᠤᠯᠭ᠎ᠠ | ︵ᠨᠢᠭᠡ︶ ᠤᠷᠤᠯᠳᠤᠭᠠᠨ ᠳᠤ ᠣᠷᠣᠯᠴᠠᠬᠤ ᠡᠲᠡᠭᠡᠳ᠄ ᠡᠨᠡ ᠤᠳᠠᠭᠠᠨ ᠤ ᠤᠷᠤᠯᠳᠤᠭᠠᠨ ᠢ ᠪᠡᠭᠡᠵᠢᠩ ᠥᠪᠥᠷ | ᠮᠣᠩᠭᠤᠯ ᠤᠨ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠥᠬᠦ ᠰᠤᠷᠤᠯᠭ᠎ᠠ ᠶᠢᠨ ᠱᠠᠲᠤᠨ ᠤ ᠬᠡᠯᠡ ᠪᠢᠴᠢᠭ ᠪᠠ | ᠦᠵᠡᠯ ᠰᠠᠨᠠᠭ᠎ᠠ ᠤᠯᠤᠰ ᠲᠥᠷᠥ ︵ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︶ ᠶᠢᠨ ᠪᠠᠭᠰᠢ ᠨᠠᠷ ᠲᠤ | ᠬᠠᠨᠳᠤᠭᠤᠯᠪᠠ᠃ | ︵ᠬᠤᠶᠠᠷ︶ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠭᠤᠣᠯ ᠰᠡᠳᠦᠪ᠄ ᠤᠷᠤᠯᠳᠤᠭᠠᠨ ᠳᠤ | ᠣᠷᠣᠯᠴᠠᠬᠤ ᠪᠦᠲᠦᠭᠡᠯ ︽ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠢᠴᠢᠶᠡᠯ ᠲᠥᠷᠦᠯ ᠤᠨ | ᠵᠢᠭᠠᠨ ᠰᠤᠷᠭᠠᠯᠲᠠ ᠳᠤ ᠠᠭᠤᠰᠬᠠᠬᠤ︾ ᠪᠠᠷ ᠭᠤᠣᠯ ᠰᠢᠵᠢᠮ ᠪᠣᠯᠭᠠᠵᠤ᠂ ︽ᠬᠤᠶᠠᠷ ᠢ ᠬᠥᠩᠭᠡᠷᠡᠭᠦᠯᠬᠦ︾ ᠵᠢᠴᠢ | ᠰᠢᠨ᠎ᠡ ᠬᠢᠴᠢᠶᠡᠯ ᠤᠨ ᠪᠠᠷᠢᠮᠵᠢᠶᠠᠨ ᠤ ᠣᠶᠢᠯᠠᠭᠠᠭᠳᠠᠬᠤᠨ ᠤ ᠨᠠᠶᠢᠳᠠᠪᠤᠷᠢᠵᠢᠭᠤᠯᠤᠯᠲᠠ ᠳᠤ ᠢᠯᠡᠷᠡᠭᠦᠯᠵᠦ᠂ | ᠲᠣᠭᠠᠵᠢᠭᠰᠠᠨ ᠮᠡᠷᠭᠡᠵᠢᠯ ᠢ ᠬᠡᠷᠡᠭᠯᠡᠬᠦ ᠪᠠ ᠦᠨᠡᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ | ᠴᠢᠬᠤᠯᠠᠴᠢᠯᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ᠂ ᠡᠷᠡᠭᠦᠯ ᠥᠰᠦᠨ ᠪᠣᠶᠢᠵᠢᠯᠲᠠ ᠶᠢ | ᠠᠬᠢᠭᠤᠯᠤᠨ᠎ᠠ᠃ ᠤᠷᠤᠯᠳᠤᠭᠠᠨ ᠳᠤ ᠣᠷᠣᠯᠴᠠᠬᠤ ᠪᠦᠲᠦᠭᠡᠯ ᠡᠷᠬᠡᠪᠰᠢ ᠵᠣᠬᠢᠬᠤ ᠰᠤᠷᠤᠯᠭ᠎ᠠ ᠶᠢᠨ ᠱᠠᠲᠤᠨ ᠤ ᠬᠢᠴᠢᠶᠡᠯ | ᠲᠥᠷᠦᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠪᠣᠳᠠᠲᠠᠢ ᠪᠦᠲᠦᠭᠡᠯ ᠢ ᠪᠠᠭᠰᠢ | ᠥᠪᠡᠷ ᠤᠨ ᠵᠢᠭᠠᠵᠤ ᠪᠠᠶᠢᠭ᠎ᠠ ᠬᠢᠴᠢᠶᠡᠯ ᠲᠥᠷᠥᠯ ᠠᠴᠠ ᠰᠣᠩᠭᠤᠵᠤ ᠪᠣᠯᠤᠨ᠎ᠠ᠃ | ︵ᠭᠤᠷᠪᠠ ︶ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠱᠠᠭᠠᠷᠳᠠᠯᠭ᠎ᠠ᠄ ︵1︶ ᠡᠷᠬᠡᠪᠰᠢ ᠲᠤᠰ | ᠬᠥᠮᠦᠨ ᠤ ᠠᠩᠬᠠᠨ ᠤ ᠪᠥᠲᠦᠭᠡᠯ︔ ︵2︶ ᠢᠯᠡ ᠨᠡᠶᠢᠲᠡᠯᠡᠵᠦ ᠥᠩᠭᠡᠷᠡᠭᠰᠡᠨ ᠦᠭᠡᠢ︔ ︵3︶ ᠪᠤᠰᠤᠳ ᠡᠯ᠎ᠡ | ᠲᠥᠷᠥᠯ ᠤᠨ ᠤᠷᠤᠯᠳᠤᠭᠠᠨ ᠳᠤ ᠲᠤᠰᠬᠠᠢ ᠣᠷᠣᠯᠴᠠᠵᠤ ᠥᠩᠭᠡᠷᠡᠭᠰᠡᠨ ᠦᠭᠡᠢ᠂ ᠲᠤᠰᠬᠠᠶᠢᠯᠠᠨ ᠡᠨᠡ ᠤᠳᠠᠭᠠᠨ ᠤ | ᠤᠷᠤᠯᠳᠤᠭᠠᠨ ᠳᠤ ᠵᠣᠷᠢᠭᠤᠯᠤᠭᠰᠠᠨ ᠪᠦᠲᠦᠭᠡᠯ᠃ | ︵ᠲᠦᠷᠪᠡ︶ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠲᠤᠭ᠎ᠠ ᠬᠡᠮᠵᠢᠶ᠎ᠡ᠄ ᠤᠷᠤᠯᠳᠤᠭᠠᠨ ᠢ | ᠰᠤᠷᠤᠯᠭ᠎ᠠ ᠶᠢᠨ ᠱᠠᠲᠤᠨ ᠤ ᠬᠢᠴᠢᠶᠡᠯ ᠲᠥᠷᠥᠯ ᠢᠶᠠᠷ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠳᠤᠭᠤᠶᠢᠯᠠᠩ᠂ | ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠶᠢᠨ ᠳᠤᠭᠤᠶᠢᠯᠠᠩ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠳᠤᠭᠤᠶᠢᠯᠠᠩ ᠭᠡᠵᠦ ᠵᠢᠷᠭᠤᠭᠠᠨ ᠳᠤᠭᠤᠶᠢᠯᠠᠩ ᠬᠤᠪᠢᠶᠠᠨ᠎ᠠ᠃ ᠰᠤᠷᠭᠠᠭᠤᠯᠢ | ᠨᠢᠭᠡ ᠪᠦᠷᠢ ᠶᠢᠨ ᠳᠤᠰᠠᠭᠠᠷ ᠳᠤᠭᠤᠶᠢᠯᠠᠩ ᠤᠨ ᠲᠤᠰᠢᠶᠠᠬᠤ ᠪᠦᠲᠦᠭᠡᠯ ᠤᠨ ᠲᠤᠭ᠎ᠠ 1 ᠠᠴᠠ ᠬᠡᠲᠦᠷᠡᠵᠦ ᠪᠣᠯᠬᠤ | ᠦᠭᠡᠢ᠂ ᠰᠤᠷᠭᠠᠭᠤᠯᠢ ᠠᠯᠤᠰᠯᠠᠨ ᠳᠤᠭᠤᠶᠢᠯᠠᠩ ᠵᠣᠬᠢᠶᠠᠨ ᠪᠠᠶᠢᠭᠤᠯᠬᠤ ᠶᠢ ᠬᠦᠯᠢᠶᠡᠨ ᠠᠪᠬᠤ ᠦᠭᠡᠢ᠃ | ︵ᠲᠠᠪᠤ︶ ᠤᠷᠤᠯᠳᠤᠭᠠᠨ ᠤ ᠶᠠᠪᠤᠴᠠ | 1. ᠰᠦᠯᠵᠢᠶᠡᠨ ᠳᠤ ᠨᠡᠷ᠎ᠡ ᠮᠡᠳᠡᠭᠦᠯᠬᠦ᠃ 2024 ᠣᠨ ᠤ 8 ᠰᠠᠷ᠎ᠠ ᠶᠢᠨ 23 - 9 ᠰᠠᠷ᠎ᠠ ᠶᠢᠨ 8 ᠤ | ᠡᠳᠦᠷ ᠪᠣᠯᠲᠠᠯ᠎ᠠ᠂ ᠡᠯ᠎ᠡ ᠰᠤᠷᠭᠠᠭᠤᠯᠢ ᠨᠢᠭᠡᠴᠢ ᠶᠢᠨ ᠬᠡᠯᠪᠡᠷᠢ ᠪᠠᠷ ᠵᠣᠬᠢᠶᠠᠨ ᠪᠠᠶᠢᠭᠤᠯᠤᠨ ᠨᠡᠷ᠎ᠡ ᠮᠡᠳᠡᠭᠦᠯᠬᠦ ᠶᠢᠨ | ᠬᠠᠮᠲᠤ ᠨᠢᠭᠡ ᠤᠷᠤᠯᠳᠤᠭᠠᠨ ᠤ ᠬᠠᠷᠢᠭᠤᠴᠠᠯᠭᠠᠲᠠᠨ ᠢ ᠲᠣᠭᠲᠠᠭᠠᠵᠤ ᠬᠤᠶᠠᠷ ᠬᠡᠮᠵᠢᠯᠳᠦ ᠺᠣᠳ᠋ ᠢ ᠰᠢᠷᠪᠢᠨ ᠲᠤᠰ | ᠰᠤᠷᠭᠠᠭᠤᠯᠢ ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠲᠠᠭᠯᠠᠵᠤ᠂ ᠤᠷᠤᠯᠳᠤᠭᠠᠨ ᠳᠤ ᠣᠷᠣᠯᠴᠠᠬᠤ ᠠᠵᠢᠯ ᠤᠨ | ᠴᠤᠭᠯᠠᠷᠠᠯ ︵ᠳᠠᠭᠠᠯᠳᠤᠭᠤᠯᠤᠯ 1 ᠶᠢ ᠨᠠᠷᠢᠨ ᠦᠵᠡᠭᠡᠷᠡᠢ︶ ᠳᠤ ᠣᠷᠣᠬᠤ ᠶᠢᠨ ᠬᠠᠮᠲᠤ ︽ᠬᠤᠶᠠᠳᠤᠭᠠᠷ | ᠬᠤᠭᠤᠴᠠᠭᠠᠨ ᠤ ︿ᠲᠡᠮᠡᠭᠡᠨ ᠬᠤᠩᠬᠤ ᠬᠤᠨᠳᠠᠭᠠᠲᠤ﹀ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠤᠷᠤᠯᠳᠤᠭᠠᠨ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠬᠦᠰᠦᠨᠦᠭᠲᠦ︾ ᠶᠢ ᠳᠡᠭᠡᠭᠰᠢ ᠳᠠᠮᠵᠢᠭᠤᠯᠤᠨ᠂ | ᠰᠦᠯᠵᠢᠶᠡᠨ ᠳᠤ ᠨᠡᠷ᠎ᠡ ᠮᠡᠳᠡᠭᠦᠯᠬᠦ ᠶᠢ ᠪᠡᠶᠡᠯᠡᠭᠦᠯᠦᠨ᠎ᠡ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ | ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠡᠷᠬᠡᠪᠰᠢ ᠲᠤᠰ ᠤᠷᠤᠯᠳᠤᠭᠠᠨ ᠢ ᠬᠠᠷᠢᠭᠤᠴᠠᠬᠤ ᠰᠠᠯᠠᠭ᠎ᠠ ᠮᠥᠴᠢᠷ ᠢ | ᠲᠣᠳᠣᠷᠬᠠᠶᠢᠯᠠᠵᠤ᠂ ︽ᠬᠤᠶᠠᠳᠤᠭᠠᠷ ᠬᠤᠭᠤᠴᠠᠭᠠᠨ ᠤ ︿ᠲᠡᠮᠡᠭᠡᠨ ᠬᠤᠩᠬᠤ ᠬᠤᠨᠳᠠᠭᠠᠲᠤ﹀ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠬᠠᠷᠢᠯᠴᠠᠬᠤ ᠬᠦᠰᠦᠨᠦᠭᠲᠦ︾ ︵ᠳᠠᠭᠠᠯᠳᠤᠭᠤᠯᠤᠯ 3︶ ᠶᠢ | ᠲᠠᠭᠯᠠᠬᠤ ᠶᠢᠨ ᠬᠠᠮᠲᠤ 2024 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠠᠯᠪᠠᠨ ᠲᠠᠮᠠᠭ᠎ᠠ | ᠳᠠᠷᠤᠭᠰᠠᠨ ᠬᠠᠷᠢᠯᠴᠠᠬᠤ ᠬᠦᠰᠦᠨᠦᠭᠲᠦ ᠶᠢᠨ ᠰᠢᠷᠪᠢᠯᠲᠡ ᠶᠢ ᠵᠣᠬᠢᠶᠠᠨ ᠪᠠᠶᠢᠭᠤᠯᠬᠤ ᠵᠦᠪᠯᠡᠯ ᠤᠨ ᠢᠮᠧᠯ ᠳᠤ | ᠢᠯᠡᠭᠡᠨ᠎ᠡ᠃ | 2. ᠤᠷᠤᠯᠳᠤᠭᠠᠨ ᠳᠤ ᠣᠷᠣᠯᠴᠠᠬᠤ ᠪᠦᠲᠦᠭᠡᠯ ᠢ ᠳᠤᠰᠢᠶᠠᠬᠤ᠃ 2024 ᠣᠨ ᠤ 9 ᠰᠠᠷ᠎ᠠ ᠶᠢᠨ | 9 - 9 ᠰᠠᠷ᠎ᠠ ᠶᠢᠨ 18 ᠤ ᠡᠳᠦᠷ ᠪᠣᠯᠲᠠᠯ᠎ᠠ᠂ ᠤᠷᠤᠯᠳᠤᠭᠠᠨ ᠳᠤ ᠣᠷᠣᠯᠴᠠᠬᠤ ᠪᠠᠭᠰᠢ ᠨᠠᠷ ᠡᠷᠬᠡᠪᠰᠢ ᠨᠡᠷ᠎ᠡ | ᠮᠡᠳᠡᠭᠦᠯᠦᠭᠰᠡᠨ ᠭᠠᠷ ᠤᠲᠠᠰᠤᠨ ᠤ ᠨᠣᠮᠧᠷ ᠢᠶᠠᠷ ᠥᠪᠡᠷ ᠤᠨ ᠤᠷᠤᠯᠳᠤᠭᠠᠨ ᠳᠤ ᠣᠷᠣᠯᠴᠠᠬᠤ ᠪᠦᠲᠦᠭᠡᠯ ᠢᠶᠠᠨ | ᠳᠤᠰᠢᠶᠠᠨ᠎ᠠ᠃ ᠤᠷᠤᠯᠳᠤᠭᠠᠨ ᠳᠤ ᠣᠷᠣᠯᠴᠠᠬᠤ ᠪᠦᠲᠦᠭᠡᠯ ᠳᠤ ᠵᠢᠭᠠᠨ ᠰᠤᠷᠭᠠᠯᠲᠠ ᠶᠢᠨ ᠸᠢᠳᠢᠣ᠋ ᠵᠢᠴᠢ ᠢᠵᠢ | ᠪᠦᠷᠢᠳᠦᠭᠦᠯᠦᠭᠰᠡᠨ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠢ ᠪᠠᠭᠲᠠᠭᠠᠵᠤ᠂ ᠵᠢᠭᠠᠨ ᠰᠤᠷᠭᠠᠯᠲᠠ ᠶᠢᠨ ᠸᠢᠳᠢᠣ᠋ | ᠶᠢᠨ ᠠᠭᠤᠯᠭ᠎ᠠ ᠶᠢ ᠳᠠᠭᠠᠯᠳᠤᠭᠤᠯᠤᠯ 4 ᠳᠤ ᠨᠠᠷᠢᠨ ᠦᠵᠡᠵᠦ᠂ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠤᠨ | ᠠᠭᠤᠯᠭ᠎ᠠ ᠶᠢ ᠳᠠᠭᠠᠯᠳᠤᠭᠤᠯᠤᠯ 5 ᠳᠤ ᠨᠠᠷᠢᠨ ᠦᠵᠡᠵᠦ᠂ ᠵᠣᠬᠢᠶᠠᠯ ᠲᠤᠰᠢᠶᠠᠬᠤ ᠵᠦᠭᠯᠡᠭᠦᠷ ᠢ ᠳᠠᠭᠠᠯᠳᠤᠭᠤᠯᠤᠯ | 6 ᠳᠤ ᠨᠠᠷᠢᠨ ᠦᠵᠡᠭᠡᠷᠡᠢ᠃ | 3. ᠤᠷᠤᠯᠳᠤᠭᠠᠨ ᠤ ᠠᠩᠬᠠᠨ ᠤ ᠬᠢᠨᠠᠯᠲᠠ᠃ 2024 ᠣᠨ ᠤ 9 ᠰᠠᠷ᠎ᠠ ᠶᠢᠨ 18 ᠤ ᠡᠳᠦᠷ ᠠᠴᠠ | ᠡᠮᠦᠨ᠎ᠡ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ | ᠲᠣᠪᠴᠢᠶ᠎ᠠ ᠠᠩᠬᠠᠨ ᠤ ᠬᠢᠨᠠᠯᠲᠠ ᠬᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠬᠤ ᠪᠥᠭᠡᠳ | ᠵᠣᠬᠢᠶᠠᠨ ᠪᠠᠶᠢᠭᠤᠯᠬᠤ ᠵᠦᠪᠯᠡᠯ ᠲᠠᠢ ᠬᠠᠷᠢᠯᠴᠠᠵᠤ ᠲᠠᠪᠴᠠᠩ ᠤᠨ ᠳᠠᠩᠰᠠᠨ ᠤ ᠨᠣᠮᠧᠷ ᠢ ᠨᠡᠭᠡᠭᠡᠨ᠎ᠡ᠃ 2024 | ᠣᠨ ᠤ 9 ᠰᠠᠷ᠎ᠠ ᠶᠢᠨ 19 - 9 ᠰᠠᠷ᠎ᠠ ᠶᠢᠨ 26 ᠤ ᠡᠳᠦᠷ ᠪᠣᠯᠲᠠᠯ᠎ᠠ᠂ ᠠᠩᠬᠠᠨ ᠤ ᠬᠢᠨᠠᠯᠲᠠ ᠬᠢᠬᠦ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠷᠤᠯᠳᠤᠭᠠᠨ ᠤ ᠬᠢᠨᠠᠨ ᠳᠣᠭᠲᠠᠭᠠᠬᠤ ᠪᠠᠷᠢᠮᠵᠢᠶ᠎ᠠ ᠶᠢ ᠦᠨᠳᠦᠰᠦᠯᠡᠨ᠂ | ᠲᠠᠪᠴᠠᠩ ᠢᠶᠠᠷ ᠳᠠᠮᠵᠢᠭᠤᠯᠤᠨ ᠲᠤᠰ ᠠᠶᠢᠮᠠᠭ ᠬᠤᠲᠠ ᠶᠢᠨ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠢ ᠬᠢᠨᠠᠨ | ᠲᠣᠭᠲᠠᠭᠠᠵᠤ᠂ ᠰᠢᠯᠢᠳᠡᠭ ᠪᠦᠲᠦᠭᠡᠯ ᠢ ᠰᠢᠯᠭᠠᠷᠠᠭᠤᠯᠵᠤ ᠳᠠᠬᠢᠨ ᠬᠢᠨᠠᠯᠲᠠ ᠳᠤ ᠣᠷᠣᠭᠤᠯᠤᠨ᠎ᠠ᠂ ᠠᠩᠬᠠᠨ ᠤ | ᠬᠢᠨᠠᠯᠲᠠ ᠶᠢᠨ ᠵᠦᠭᠯᠡᠭᠦᠷ ᠢ ᠳᠠᠭᠠᠯᠳᠤᠭᠤᠯᠤᠯ 7 ᠳᠤ ᠨᠠᠷᠢᠨ ᠦᠵᠡᠭᠡᠷᠡᠢ᠃ ᠡᠯ᠎ᠡ ᠠᠶᠢᠮᠠᠭ ᠬᠤᠲᠠ ᠶᠢᠨ ᠳᠤᠰᠠᠭᠠᠷ | ᠳᠤᠭᠤᠶᠢᠯᠠᠩ ᠤᠨ ᠳᠠᠬᠢᠨ ᠬᠢᠨᠠᠯᠲᠠ ᠳᠤ ᠣᠷᠣᠯᠴᠠᠬᠤ ᠪᠦᠲᠦᠭᠡᠯ ᠤᠨ ᠲᠤᠭ᠎ᠠ ᠶᠢ ᠲᠤᠰ ᠠᠶᠢᠮᠠᠭ ᠬᠤᠲᠠ ᠶᠢᠨ | ᠵᠣᠬᠢᠬᠤ ᠰᠤᠷᠤᠯᠭ᠎ᠠ ᠶᠢᠨ ᠱᠠᠲᠤᠨ ᠤ ᠰᠤᠷᠭᠠᠭᠤᠯᠢ ᠶᠢᠨ ᠲᠣᠭᠠᠨ ᠤ ᠪᠦᠬᠦ ᠣᠷᠣᠨ ᠳᠤ ᠡᠵᠡᠯᠡᠬᠦ ᠬᠠᠷᠢᠴᠠᠯ ᠢᠶᠠᠷ | ᠬᠤᠪᠢᠶᠠᠷᠢᠯᠠᠵᠤ᠂ ᠪᠣᠳᠠᠲᠠᠢ ᠬᠤᠪᠢᠶᠠᠷᠢᠯᠠᠬᠤ ᠣᠷᠣᠨ ᠲᠤᠭ᠎ᠠ ᠶᠢ ᠳᠠᠭᠠᠯᠳᠤᠭᠤᠯᠤᠯ 8 ᠳᠤ ᠨᠠᠷᠢᠨ | ᠦᠵᠡᠭᠡᠷᠡᠢ᠃ ᠡᠯ᠎ᠡ ᠠᠶᠢᠮᠠᠭ ᠬᠤᠲᠠ ᠶᠢᠨ ᠬᠢᠨ ᠳᠠᠬᠢᠨ ᠬᠢᠨᠠᠬᠤ ᠳᠤ ᠣᠷᠣᠯᠴᠠᠬᠤ ᠪᠦᠲᠦᠭᠡᠯ ᠳᠤ ᠬᠤᠰᠢᠭᠤ ᠰᠢᠶᠠᠨ᠂ | ᠰᠢᠶᠠᠩ ᠪᠠᠯᠭᠠᠰᠤ ᠵᠢᠴᠢ ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠶᠢᠨ ᠪᠦᠲᠦᠭᠡᠯ ᠤᠨ ᠶᠡᠷᠦᠩᠬᠡᠢ ᠲᠤᠭ᠎ᠠ ᠶᠢ | 50% ᠠᠴᠠ ᠲᠣᠣᠷ᠎ᠠ ᠪᠠᠶᠢᠯᠭᠠᠵᠤ ᠪᠣᠯᠬᠤ ᠦᠭᠡᠢ ᠮᠥᠷᠲᠡᠭᠡᠨ ᠰᠢᠶᠠᠩ ᠪᠠᠯᠭᠠᠰᠤ ᠵᠢᠴᠢ ᠲᠠᠷᠢᠶᠠᠯᠠᠬᠤ ᠮᠠᠯᠵᠢᠬᠤ | ᠣᠷᠣᠨ ᠤ ᠰᠤᠷᠭᠠᠭᠤᠯᠢ ᠶᠢᠨ ᠪᠦᠲᠦᠭᠡᠯ ᠤᠨ ᠶᠡᠷᠦᠩᠬᠡᠢ ᠲᠤᠭ᠎ᠠ ᠶᠢ 20% ᠠᠴᠠ ᠲᠣᠣᠷ᠎ᠠ ᠪᠠᠶᠢᠯᠭᠠᠵᠤ ᠪᠣᠯᠬᠤ | ᠦᠭᠡᠢ᠃ ᠠᠩᠬᠠᠨ ᠤ ᠬᠢᠨᠠᠯᠲᠠ ᠶᠢᠨ ᠦᠷ᠎ᠡ ᠳ᠋ᠦᠩ ᠢ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ | ᠬᠥᠮᠦᠵᠢᠯ ᠪᠡᠶ᠎ᠡ ᠶᠢᠨ ᠲᠠᠮᠢᠷ︶ ᠤᠨ ᠳᠣᠪᠴᠢᠶᠠᠨ ᠤ ᠠᠯᠪᠠᠨ ᠰᠦᠯᠵᠢᠶᠡᠨ ᠳᠤ 3 ᠡᠳᠦᠷ ᠢᠯᠡ ᠨᠡᠶᠢᠲᠡᠯᠡᠨ᠎ᠡ᠃ | 4. ᠤᠷᠤᠯᠳᠤᠭᠠᠨ ᠤ ᠳᠠᠬᠢᠨ ᠬᠢᠨᠠᠯᠲᠠ᠃ 2024 ᠣᠨ ᠤ 9 ᠰᠠᠷ᠎ᠠ ᠶᠢᠨ 29 ᠤ ᠡᠳᠦᠷ ᠠᠴᠠ ᠡᠮᠦᠨ᠎ᠡ᠂ | ᠵᠣᠬᠢᠶᠠᠨ ᠪᠠᠶᠢᠭᠤᠯᠬᠤ ᠵᠦᠪᠯᠡᠯ ᠥᠪᠥᠷ ᠮᠣᠩᠭᠤᠯ ᠪᠣᠯᠤᠨ ᠪᠡᠭᠡᠵᠢᠩ ᠠᠴᠠ ᠢᠷᠡᠭᠰᠡᠨ ᠶᠡᠭᠡ ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠨᠢᠭᠡᠳᠦᠭᠡᠷ ᠹᠷᠣᠨᠲ ᠤᠨ ᠵᠢᠭᠠᠬᠤ ᠶᠢ ᠰᠤᠳᠤᠯᠤᠭᠴᠢ ᠪᠣᠯᠤᠨ ᠨᠡᠷᠡᠲᠦ | ᠪᠠᠭᠰᠢ ᠶᠢ ᠰᠢᠯᠭᠠᠷᠠᠭᠤᠯᠵᠤ ᠳᠠᠬᠢᠨ ᠬᠢᠨᠠᠯᠲᠠ ᠬᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠤᠨ᠎ᠠ᠃ 2024 ᠣᠨ ᠤ 9 ᠰᠠᠷ᠎ᠠ ᠶᠢᠨ 29 - 10 ᠰᠠᠷ᠎ᠠ ᠶᠢᠨ 15 ᠤ ᠡᠳᠦᠷ ᠪᠣᠯᠲᠠᠯ᠎ᠠ᠂ ᠳᠠᠬᠢᠨ | ᠬᠢᠨᠠᠯᠲᠠ ᠬᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠪᠴᠠᠩ ᠢᠶᠠᠷ ᠳᠠᠮᠵᠢᠭᠤᠯᠤᠨ ᠪᠡᠭᠡᠵᠢᠩ ᠥᠪᠥᠷ ᠮᠣᠩᠭᠤᠯ | ᠤᠨ ᠳᠠᠬᠢᠨ ᠬᠢᠨᠠᠯᠲᠠ ᠳᠤ ᠣᠷᠣᠬᠤ ᠪᠦᠲᠦᠭᠡᠯ ᠢ ᠬᠢᠨᠠᠨ ᠲᠣᠭᠲᠠᠭᠠᠵᠤ᠂ ᠨᠢᠭᠡᠳᠦᠭᠡᠷ ᠳᠡᠰ ᠤᠨ ᠱᠠᠩᠨᠠᠯ᠂ | ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ | ᠰᠢᠯᠭᠠᠷᠠᠭᠤᠯᠤᠨ᠎ᠠ᠃ ᠳᠠᠬᠢᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠠᠯᠪᠠᠨ ᠰᠦᠯᠵᠢᠶᠡᠨ ᠳᠤ 5 ᠡᠳᠦᠷ ᠢᠯᠡ ᠨᠡᠶᠢᠲᠡᠯᠡᠨ᠎ᠡ᠃ | 5. ᠠᠬᠤᠢ ᠲᠠᠯᠠᠪᠠᠢ ᠶᠢᠨ ᠦᠵᠡᠭᠦᠯᠭᠡ᠃ 2024 ᠣᠨ ᠤ 10 ᠰᠠᠷ᠎ᠠ ᠶᠢᠨ ᠬᠤᠷᠢᠳ ᠲᠤ᠂ ᠵᠣᠬᠢᠶᠠᠨ | ᠪᠠᠶᠢᠭᠤᠯᠬᠤ ᠺᠣᠮᠢᠰ ᠠᠴᠠ ᠨᠢᠭᠡᠳᠦᠭᠡᠷ ᠳᠡᠰ ᠤᠨ ᠱᠠᠩᠨᠠᠯ ᠤᠨ ᠰᠢᠯᠢᠳᠡᠭ ᠪᠦᠲᠦᠭᠡᠯ ᠢ ᠤᠷᠢᠵᠤ ᠠᠬᠤᠢ ᠲᠠᠯᠠᠪᠠᠢ ᠳᠤ | ᠳᠡᠯᠭᠡᠨ ᠦᠵᠡᠭᠦᠯᠵᠦ᠂ ᠲᠤᠰᠬᠠᠢ ᠮᠡᠷᠭᠡᠵᠢᠯᠲᠡᠨ ᠢ ᠤᠷᠢᠵᠤ ᠠᠬᠤᠢ ᠲᠠᠯᠠᠪᠠᠢ ᠳᠤ ᠦᠨᠡᠯᠡᠯᠲᠡ ᠬᠢᠯᠭᠡᠬᠦ ᠶᠢᠨ ᠬᠠᠮᠲᠤ | ᠱᠠᠩᠨᠠᠯ ᠣᠯᠤᠭᠰᠠᠨ ᠪᠠᠭᠰᠢ ᠶᠢᠨ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠪᠣᠳᠠᠲᠠᠢ | ᠲᠣᠬᠢᠷᠠᠭᠤᠯᠤᠯᠲᠠ ᠶᠢ ᠠᠰ ᠲᠤ ᠨᠢ ᠮᠡᠳᠡᠭᠳᠡᠨ᠎ᠡ᠃ | ᠭᠤᠷᠪᠠ᠂ ᠤᠷᠤᠯᠳᠤᠭᠠᠨ ᠤ ᠦᠷ᠎ᠡ ᠳ᠋ᠦᠩ | ᠡᠨᠡ ᠤᠳᠠᠭᠠᠨ ᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ | ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠳᠣᠭᠲᠠᠭᠠᠵᠤ᠂ ᠵᠣᠬᠢᠶᠠᠨ ᠪᠠᠶᠢᠭᠤᠯᠬᠤ ᠵᠦᠪᠯᠡᠯ | ᠤᠷᠤᠯᠳᠤᠭᠠᠨ ᠤ ᠪᠠᠶᠢᠳᠠᠯ ᠢ ᠦᠨᠳᠦᠰᠦᠯᠡᠨ ᠡᠴᠦᠰ ᠤᠨ ᠱᠠᠩᠨᠠᠯ ᠬᠦᠷᠲᠡᠬᠦ ᠬᠠᠷᠢᠴᠠᠯ ᠪᠠ ᠱᠠᠩᠨᠠᠯ ᠬᠦᠷᠲᠡᠬᠦ ᠨᠡᠷᠡᠰ ᠢ | ᠲᠣᠭᠲᠠᠭᠠᠨ᠎ᠠ᠃ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ | ᠱᠠᠩᠨᠠᠯ ᠬᠦᠷᠲᠡᠭᠰᠡᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠢᠷᠠᠭᠤ ᠠᠯᠳᠠᠷ ᠤᠨ ᠦᠨᠡᠮᠯᠡᠯ ᠢ ᠪᠡᠭᠡᠵᠢᠩ | ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠠᠴᠠ ᠬᠠᠮᠲᠤᠷᠠᠨ ᠳᠠᠷᠤᠮᠠᠯᠯᠠᠨ ᠲᠠᠷᠬᠠᠭᠠᠨ᠎ᠠ᠃ ᠡᠭᠦᠨ ᠠᠴᠠ ᠭᠠᠳᠠᠨ᠎ᠠ᠂ | ᠨᠢᠭᠡᠳᠦᠭᠡᠷ ᠳᠡᠰ ᠤᠨ ᠱᠠᠩᠨᠠᠯ ᠤᠨ ᠪᠦᠲᠦᠭᠡᠯ ᠤᠨ ᠰᠢᠯᠢᠳᠡᠭ ᠢ ᠰᠣᠩᠭᠤᠵᠤ ᠲᠠᠪᠴᠠᠩ ᠪᠠ ᠪᠦᠬᠦ ᠰᠦᠯᠵᠢᠶ᠎ᠡ ᠪᠠᠷ | ᠳᠡᠯᠭᠡᠷᠡᠭᠦᠯᠦᠨ ᠨᠡᠪᠲᠡᠷᠡᠭᠦᠯᠵᠦ᠂ ᠱᠠᠩᠨᠠᠯ ᠣᠯᠤᠭᠰᠠᠨ ᠰᠢᠯᠢᠳᠡᠭ ᠪᠠᠭᠰᠢ ᠪᠡᠭᠡᠵᠢᠩ ᠥᠪᠥᠷ ᠮᠣᠩᠭᠤᠯ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠬᠠᠮᠢᠶ᠎ᠠ ᠪᠦᠬᠦᠢ | ᠠᠵᠢᠯᠯᠠᠭ᠎ᠠ ᠳᠤ ᠤᠷᠢᠭᠳᠠᠨ ᠣᠷᠣᠯᠴᠠᠵᠤ ᠳᠡᠯᠭᠡᠨ ᠦᠵᠡᠭᠦᠯᠬᠦ ᠪᠣᠯᠤᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ ᠡᠨᠡ ᠤᠳᠠᠭᠠᠨ ᠤ ᠤᠷᠤᠯᠳᠤᠭᠠᠨ ᠪᠣᠯ ᠪᠡᠭᠡᠵᠢᠩ | ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠮᠲᠤᠷᠠᠨ ᠡᠷᠬᠢᠯᠡᠭᠰᠡᠨ | ᠲᠣᠮᠣ ᠬᠡᠯᠪᠡᠷᠢ ᠶᠢᠨ ᠤᠷᠤᠯᠳᠤᠭᠠᠨ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ | ︽ᠭᠤᠷᠪᠠᠨ ᠨᠢᠭᠡ · ᠭᠤᠷᠪᠠᠨ ᠠᠳᠠᠯᠢ︾ ᠰᠢᠨ᠎ᠡ ᠵᠠᠭᠪᠤᠷ ᠤᠨ ᠴᠢᠬᠤᠯᠠ ᠠᠭᠤᠯᠭ᠎ᠠ᠂ ᠪᠡᠭᠡᠵᠢᠩ ᠥᠪᠥᠷ | ᠮᠣᠩᠭᠤᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠴᠢᠬᠤᠯᠠ ᠲᠠᠪᠴᠠᠩ | ᠮᠥᠨ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ | ᠲᠣᠪᠴᠢᠶ᠎ᠠ ᠤᠷᠤᠯᠳᠤᠭᠠᠨ ᠤ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠤᠷᠤᠯᠳᠤᠭᠠᠨ ᠳᠤ ᠨᠡᠷ᠎ᠡ ᠮᠡᠳᠡᠭᠦᠯᠬᠦ ᠪᠠ ᠠᠩᠬᠠᠨ ᠤ ᠬᠢᠨᠠᠯᠲᠠ ᠬᠢᠬᠦ ᠠᠵᠢᠯ ᠢ ᠨᠠᠷᠢᠨ ᠬᠢᠨᠠᠮᠠᠭᠠᠢ ᠵᠣᠬᠢᠶᠠᠨ | ᠪᠠᠶᠢᠭᠤᠯᠵᠤ᠂ ᠤᠷᠤᠯᠳᠤᠭᠠᠨ ᠢ ᠴᠠᠭ ᠲᠤᠬᠠᠢ ᠳᠤ ᠨᠢ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠡᠩ ᠤᠨ ᠳᠤᠮᠳᠠᠳᠤ ᠪᠠᠭ᠎ᠠ ᠰᠤᠷᠭᠠᠭᠤᠯᠢ ᠳᠤ | ᠳᠠᠮᠵᠢᠭᠤᠯᠤᠨ ᠲᠠᠷᠬᠠᠭᠠᠵᠤ᠂ ᠤᠷᠤᠯᠳᠤᠭᠠᠨ ᠢ ᠤᠷᠤᠭᠰᠢᠲᠠᠢ ᠥᠷᠨᠢᠭᠦᠯᠬᠦ ᠶᠢ ᠦᠨᠡᠨ ᠬᠦ ᠪᠠᠲᠤᠯᠠᠬᠤ ᠪᠠᠲᠤᠯᠠᠨ᠎ᠠ᠃ | ︵ᠬᠤᠶᠠᠷ︶ ᠥᠷᠭᠡᠨ ᠬᠡᠪᠴᠢᠶᠡᠨ ᠳᠤ ᠰᠢᠯᠭᠠᠷᠠᠭᠤᠯᠤᠨ᠎ᠠ᠃ ᠡᠯ᠎ᠡ ᠡᠩ ᠤᠨ ᠳᠤᠮᠳᠠᠳᠤ ᠪᠠᠭ᠎ᠠ ᠰᠤᠷᠭᠠᠭᠤᠯᠢ | ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠠᠵᠠ ᠲᠣᠬᠢᠶᠠᠯ ᠢ ᠠᠳᠬᠤᠵᠤ᠂ | ᠤᠷᠤᠯᠳᠤᠭᠠᠨ ᠢᠶᠠᠷ ᠭᠠᠷᠳᠠᠴᠠ ᠪᠣᠯᠭᠠᠨ᠂ ᠲᠣᠭᠠᠵᠢᠭᠤᠯᠤᠭᠰᠠᠨ ᠴᠠᠭ ᠦᠶ᠎ᠡ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠤᠰ ᠰᠤᠷᠭᠠᠭᠤᠯᠢ ᠶᠢᠨ | ᠭᠤᠣᠯᠯᠠᠭᠴᠢ ᠪᠠᠭᠰᠢ ᠶᠢᠨ ᠡᠩᠨᠡᠭᠡ ᠶᠢ ᠬᠥᠮᠦᠵᠢᠭᠦᠯᠬᠦ ᠪᠠᠷ ᠬᠠᠷᠠᠯᠲᠠ ᠪᠣᠯᠭᠠᠨ᠂ ᠪᠠᠭᠰᠢ ᠶᠢ ᠢᠳᠡᠪᠬᠢᠲᠡᠢ ᠵᠣᠬᠢᠶᠠᠨ | ᠪᠠᠶᠢᠭᠤᠯᠤᠨ ᠤᠷᠤᠯᠳᠤᠭᠠᠨ ᠳᠤ ᠣᠷᠣᠯᠴᠠᠭᠤᠯᠵᠤ᠂ ᠪᠠᠭᠰᠢ ᠨᠠᠷ ᠤᠨ ᠤᠷᠤᠯᠳᠤᠭᠠᠨ ᠳᠤ ᠣᠷᠣᠯᠴᠠᠬᠤ ᠶᠢ | ᠵᠢᠯᠣᠭᠤᠳᠬᠤ ᠶᠢᠨ ᠬᠠᠮᠲᠤ ᠮᠡᠷᠭᠡᠵᠢᠯ᠂ ᠲᠠᠯᠠᠪᠤᠷ ᠵᠡᠷᠭᠡ ᠴᠢᠬᠤᠯᠠ ᠪᠦᠬᠦᠢ ᠳᠡᠮᠵᠢᠯᠭᠡ ᠬᠠᠩᠭᠠᠨ᠎ᠠ᠃ | ︵ᠭᠤᠷᠪᠠ︶ ᠪᠣᠭᠤᠮᠲᠠ ᠶᠢ ᠴᠢᠩᠭ᠎ᠠ ᠠᠳᠬᠤᠨ᠎ᠠ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ | ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠪᠣᠯᠤᠨ ᠡᠯ᠎ᠡ ᠡᠩ ᠤᠨ ᠳᠤᠮᠳᠠᠳᠤ ᠪᠠᠭ᠎ᠠ ᠰᠤᠷᠭᠠᠭᠤᠯᠢ | ᠤᠷᠤᠯᠳᠤᠭᠠᠨ ᠳᠤ ᠣᠷᠣᠯᠴᠠᠬᠤ ᠪᠠᠭᠰᠢ ᠶᠢᠨ ᠮᠣᠷᠠᠯ ᠰᠤᠷᠲᠠᠯ ᠪᠣᠯᠤᠨ ᠤᠷᠤᠯᠳᠤᠭᠠᠨ ᠳᠤ ᠣᠷᠣᠯᠴᠠᠬᠤ | ᠪᠦᠲᠦᠭᠡᠯ ᠤᠨ ᠠᠭᠤᠯᠭ᠎ᠠ ᠶᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠨ᠂ ᠪᠠᠭᠰᠢ ᠶᠢᠨ ᠮᠣᠷᠠᠯ | ᠰᠤᠷᠲᠠᠯ ᠢ ᠵᠦᠷᠢᠴᠡᠵᠦ ᠪᠣᠯᠬᠤ ᠦᠭᠡᠢ᠃ ᠳᠡᠭᠡᠭᠰᠢ ᠲᠤᠰᠢᠶᠠᠭᠰᠠᠨ ᠤᠷᠤᠯᠳᠤᠭᠠᠨ ᠳᠤ ᠣᠷᠣᠯᠴᠠᠬᠤ ᠪᠦᠲᠦᠭᠡᠯ | ᠡᠷᠬᠡᠪᠰᠢ ᠠᠩᠬᠠᠨ ᠤ ᠡᠭᠦᠳᠦᠯᠲᠡ ᠶᠢᠨ ᠴᠢᠨᠠᠷ᠂ ᠦᠨᠡᠨ ᠪᠣᠳᠠᠲᠤ ᠴᠢᠨᠠᠷ ᠢ ᠪᠠᠲᠤᠯᠠᠨ᠎ᠠ᠂ ᠬᠠᠭᠤᠯᠬᠤ ᠪᠤᠶᠤ | ᠪᠤᠰᠤᠳ ᠤᠨ ᠪᠦᠲᠦᠭᠡᠯ ᠢ ᠬᠤᠯᠠᠭᠠᠶᠢᠯᠠᠵᠤ ᠪᠣᠯᠬᠤ ᠦᠭᠡᠢ᠂ ᠬᠡᠷᠪᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ | ᠪᠤᠶᠤ ᠮᠡᠳᠡᠯᠭᠡ ᠶᠢᠨ ᠥᠮᠴᠢᠯᠡᠯ ᠤᠨ ᠡᠷᠬᠡ ᠳᠤ ᠬᠤᠯᠪᠣᠭᠳᠠᠬᠤ ᠵᠢᠭᠤᠷᠠᠯᠳᠤᠭᠠᠨ ᠲᠠᠢ ᠪᠣᠯ ᠤᠷᠤᠯᠳᠤᠭᠠᠨ ᠳᠤ | ᠣᠷᠣᠯᠴᠠᠬᠤ ᠪᠠᠭᠰᠢ ᠥᠪᠡᠷ ᠢᠶᠠᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠭᠤᠷᠮᠠᠭ ᠵᠣᠬᠢᠶᠠᠭᠰᠠᠨ ᠢ ᠣᠯᠵᠤ | ᠮᠡᠳᠡᠪᠡᠯ᠂ ᠵᠣᠬᠢᠶᠠᠨ ᠪᠠᠶᠢᠭᠤᠯᠬᠤ ᠵᠦᠪᠯᠡᠯ ᠲᠡᠳᠡᠨ ᠤ ᠤᠷᠤᠯᠳᠤᠭᠠᠨ ᠳᠤ ᠣᠷᠣᠯᠴᠠᠬᠤ ᠬᠢᠷᠢ ᠭᠡᠮ ᠢ ᠬᠦᠴᠦᠨ ᠦᠭᠡᠢ | ᠪᠣᠯᠭᠠᠬᠤ ᠶᠢᠨ ᠬᠠᠮᠲᠤ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠰᠤᠷᠭᠠᠨ ᠬᠥᠮᠥᠵᠢᠯ ︵ᠰᠤᠷᠭᠠᠨ ᠬᠥᠮᠦᠵᠢᠯ | ᠪᠡᠶ᠎ᠡ ᠶᠢᠨ ᠲᠠᠮᠢᠷ︶ ᠤᠨ ᠲᠣᠪᠴᠢᠶ᠎ᠠ ᠳᠤ ᠮᠡᠳᠡᠭᠳᠡᠨ᠎ᠡ᠃ | ᠵᠣᠬᠢᠶᠠᠨ ᠪᠠᠶᠢᠭᠤᠯᠬᠤ ᠵᠦᠪᠯᠡᠯ ᠤᠨ ᠬᠠᠷᠢᠯᠴᠠᠬᠤ ᠬᠥᠮᠦᠨ᠄ ᠯᠢ ᠢ ᠹᠧᠩ | ᠬᠠᠷᠢᠯᠴᠠᠬᠤ ᠤᠲᠠᠰᠤ᠄ 010-88512948᠂ 13699236693 | ᠢᠮᠧᠯ᠄ 3629@cnu.edu.cn | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠷᠢᠯᠴᠠᠬᠤ ᠬᠥᠮᠦᠨ᠄ ᠰᠢᠦᠢ ᠽᠢ | ᠵᠢᠶᠠᠨ᠂ ᠢᠦᠢ ᠵᠢᠶᠧ | ᠬᠠᠷᠢᠯᠴᠠᠬᠤ ᠤᠲᠠᠰᠤ᠄ 0471 - 2857134 | | | ᠳᠠᠭᠠᠯᠳᠤᠭᠤᠯᠤᠯ | 1. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠵᠢᠴᠢ ᠬᠠᠷᠢᠯᠴᠠᠬᠤ ᠬᠤᠶᠠᠷ ᠬᠡᠮᠵᠢᠯᠳᠦ ᠺᠣᠳ᠋ | 2. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠬᠦᠰᠦᠨᠦᠭᠲᠦ | 3. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠤ ᠬᠠᠷᠢᠯᠴᠠᠬᠤ ᠬᠦᠰᠦᠨᠦᠭᠲᠦ | 4. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠤᠨ ᠸᠢᠳᠢᠤ᠋ ᠶᠢᠨ ᠱᠠᠭᠠᠷᠳᠠᠯᠭ᠎ᠠ | 5. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠤ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠤᠨ ᠵᠠᠭᠪᠤᠷ | 6. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠢ ᠲᠤᠰᠢᠶᠠᠬᠤ ᠵᠦᠭᠯᠡᠭᠦᠷ | 7. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠤ ᠠᠩᠬᠠᠨ ᠤ ᠬᠢᠨᠠᠯᠲᠠ ᠶᠢᠨ ᠵᠦᠭᠯᠡᠭᠦᠷ | 8. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠤ ᠡᠯ᠎ᠡ ᠠᠶᠢᠮᠠᠭ ᠬᠤᠲᠠ ᠶᠢᠨ ᠳᠠᠬᠢᠨ ᠬᠢᠨᠠᠭᠰᠠᠨ ᠣᠷᠣᠨ ᠲᠤᠭ᠎ᠠ ᠶᠢᠨ | ᠬᠤᠪᠢᠶᠠᠷᠢᠯᠠᠯᠲᠠ ᠶᠢᠨ ᠬᠦᠰᠦᠨᠦᠭᠲᠦ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 8 ᠰᠠᠷ᠎ᠠ ᠶᠢᠨ 23 ᠤ ᠡᠳᠦᠷ | | | ᠳᠠᠭᠠᠯᠳᠤᠭᠤᠯᠤᠯ 1᠄ 1. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠵᠢᠴᠢ ᠬᠠᠷᠢᠯᠴᠠᠬᠤ ᠬᠤᠶᠠᠷ ᠬᠡᠮᠵᠢᠯᠳᠦ | ᠺᠣᠳ᠋ .docx | ᠳᠠᠭᠠᠯᠳᠤᠭᠤᠯᠤᠯ 2᠄ 2. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠬᠦᠰᠦᠨᠦᠭᠲᠦ . | docx | ᠳᠠᠭᠠᠯᠳᠤᠭᠤᠯᠤᠯ 3᠄ 3. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠬᠠᠷᠢᠯᠴᠠᠬᠤ ᠬᠦᠰᠦᠨᠦᠭᠲᠦ .docx | ᠳᠠᠭᠠᠯᠳᠤᠭᠤᠯᠤᠯ 4᠄ 4. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠤᠨ ᠸᠢᠳᠢᠤ᠋ ᠶᠢᠨ ᠱᠠᠭᠠᠷᠳᠠᠯᠭ᠎ᠠ .docx | ᠳᠠᠭᠠᠯᠳᠤᠭᠤᠯᠤᠯ 5᠄ 5. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠤᠨ ᠵᠠᠭᠪᠤᠷ . | docx | ᠳᠠᠭᠠᠯᠳᠤᠭᠤᠯᠤᠯ 6᠄ 6. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠢ ᠲᠤᠰᠢᠶᠠᠬᠤ ᠵᠦᠭᠯᠡᠭᠦᠷ .docx | ᠳᠠᠭᠠᠯᠳᠤᠭᠤᠯᠤᠯ 7᠄ 7. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠠᠩᠬᠠᠨ ᠤ ᠬᠢᠨᠠᠯᠲᠠ ᠶᠢᠨ ᠵᠦᠭᠯᠡᠭᠦᠷ .docx | ᠳᠠᠭᠠᠯᠳᠤᠭᠤᠯᠤᠯ 8᠄ 8. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠡᠯ᠎ᠡ ᠠᠶᠢᠮᠠᠭ ᠬᠤᠲᠠ ᠶᠢᠨ ᠳᠠᠬᠢᠨ ᠬᠢᠨᠠᠭᠰᠠᠨ ᠣᠷᠣᠨ | ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ .docx | | | |