ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠳᠡᠳᠬᠦᠬᠦ ᠪᠡᠭᠡᠵᠢᠩ ᠤᠨ ᠲᠣᠮᠢᠯᠠᠭᠰᠠᠨ ᠺᠠᠳ᠋ᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠠᠵᠢᠯᠯᠠᠭ᠎ᠠ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 24 ᠤ ᠡᠳᠦᠷ᠂ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠳᠡᠳᠬᠦᠬᠦ ᠪᠡᠭᠡᠵᠢᠩ ᠤᠨ ᠲᠣᠮᠢᠯᠠᠭᠰᠠᠨ ᠺᠠᠳ᠋ᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠰᠣᠳᠤᠯᠤᠨ ᠰᠤᠷᠤᠯᠴᠠᠬᠤ ᠠᠵᠢᠯᠯᠠᠭ᠎ᠠ ᠬᠢᠴᠢᠶᠡᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠢᠩᠭᠠᠨ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠪᠠᠶᠠᠷ ᠤᠨ ᠦᠭᠡ ᠬᠡᠯᠡᠪᠡ᠃

1.webp.png

      ᠡᠨᠡ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠪᠣᠯ ᠲᠥᠪ ᠤᠨ ᠵᠣᠬᠢᠶᠠᠨ ᠪᠠᠶᠢᠭᠤᠯᠬᠤ

ᠬᠡᠯᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ

ᠲᠡᠳᠬᠦᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠪᠡᠭᠡᠵᠢᠩ ᠤᠨ ᠬᠠᠪᠰᠤᠷᠤᠨ

ᠲᠡᠳᠬᠦᠬᠦ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠤᠨ᠂ ᠪᠡᠭᠡᠵᠢᠩ ᠥᠪᠥᠷ ᠮᠣᠩᠭᠤᠯ ᠤᠨ ᠰᠤᠷᠭᠠᠨ

ᠬᠥᠮᠦᠵᠢᠯ ᠤᠨ ᠬᠠᠮᠵᠢᠯᠴᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠭᠦᠨᠵᠡᠭᠡᠶᠢᠷᠡᠭᠦᠯᠵᠦ᠂ ᠪᠡᠭᠡᠵᠢᠩ ᠤᠨ

ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠰᠤᠷᠭᠠᠭᠤᠯᠢ ᠡᠷᠬᠢᠯᠡᠬᠦ ᠲᠤᠷᠰᠢᠯᠭ᠎ᠠ ᠶᠢ ᠭᠠᠵᠠᠷ ᠣᠷᠣᠨ ᠤ

ᠪᠠᠶᠢᠳᠠᠯ ᠳᠤ ᠨᠢ ᠲᠣᠬᠢᠷᠠᠭᠤᠯᠤᠨ ᠲᠤᠰᠠᠯᠠᠮᠵᠢ ᠬᠦᠷᠲᠡᠬᠦ ᠭᠠᠵᠠᠷ ᠣᠷᠣᠨ ᠳᠤ ᠠᠭᠤᠰᠬᠠᠵᠤ᠂ ᠥᠪᠥᠷ ᠮᠣᠩᠭᠤᠯ ᠤᠨ

ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠰᠤᠳᠤᠯᠤᠨ

ᠰᠤᠷᠤᠯᠴᠠᠬᠤ ᠠᠵᠢᠯᠯᠠᠭ᠎ᠠ ᠨᠠᠢᠮᠠᠨ ᠡᠳᠦᠷ ᠤᠨ ᠬᠤᠭᠤᠴᠠᠭ᠎ᠠ ᠲᠠᠢ᠂ ᠲᠤᠰᠬᠠᠢ ᠰᠡᠳᠦᠪᠲᠦ ᠮᠡᠳᠡᠭᠦᠯᠦᠯᠲᠡ᠂ ᠠᠬᠤᠢ

ᠲᠠᠯᠠᠪᠠᠢ ᠶᠢᠨ ᠵᠢᠭᠠᠨ ᠰᠤᠷᠭᠠᠯᠲᠠ ᠪᠠ ᠬᠠᠮᠲᠤ ᠳᠤ ᠪᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ

ᠶᠠᠪᠤᠭᠳᠠᠭᠤᠯᠵᠤ᠂ ᠪᠠᠰᠠ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ︽ᠪᠦᠯᠬᠦᠮ

ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠠᠬᠤᠢ ᠲᠠᠯᠠᠪᠠᠢ ᠶᠢᠨ ᠬᠤᠷᠠᠯ ᠢ ᠡᠷᠬᠢᠯᠡᠵᠦ᠂ ᠰᠤᠷᠭᠠᠨ

ᠬᠥᠮᠦᠵᠢᠯ ᠢᠶᠠᠷ ᠬᠠᠪᠰᠤᠷᠤᠨ ᠲᠡᠳᠬᠦᠬᠦ ᠠᠵᠢᠯ ᠤᠨ ᠲᠤᠷᠰᠢᠯᠭ᠎ᠠ ᠪᠠ ᠠᠷᠭ᠎ᠠ ᠪᠠᠷᠢᠯ ᠢ ᠰᠣᠯᠢᠯᠴᠠᠨ ᠬᠤᠪᠢᠶᠠᠯᠴᠠᠪᠠ᠃

   

2.webp.png

      ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠤᠷᠭᠠᠨ ᠬᠥᠮᠦᠵᠢᠯ ᠤᠨ

ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠠᠵᠢᠯ  ᠢ ᠥᠷᠨᠢᠭᠦᠯᠦᠭᠰᠡᠨ ᠠᠴᠠ

ᠨᠠᠭᠠᠰᠢ᠂ ᠪᠡᠭᠡᠵᠢᠩ ᠬᠤᠲᠠ ᠡᠬᠢ ᠪᠠᠶᠠᠯᠢᠭ ᠢᠶᠠᠨ ᠭᠦᠢᠴᠡᠳ ᠳᠠᠶᠢᠴᠢᠯᠠᠨ᠂ ᠰᠢᠯᠢᠳᠡᠭ ᠴᠢᠳᠠᠪᠤᠷᠢᠲᠠᠨ ᠪᠠ

ᠭᠤᠣᠯᠯᠠᠭᠴᠢ ᠬᠦᠴᠦᠨ ᠢ ᠲᠣᠮᠢᠯᠠᠵᠤ᠂ ᠮᠠᠨ ᠤ ᠣᠷᠣᠨ ᠳᠤ ᠢᠷᠡᠭᠦᠯᠦᠨ ᠰᠤᠷᠭᠠᠨ ᠬᠥᠮᠦᠵᠢᠯ ᠢ ᠳᠡᠮᠵᠢᠵᠦ

ᠬᠠᠪᠰᠤᠷᠤᠨ ᠲᠡᠳᠬᠦᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠳᠤ

ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠣᠨᠴᠠᠭᠠᠶᠢᠯᠠᠨ ᠥᠷᠭᠡᠨ ᠣᠯᠠᠨ ᠬᠠᠪᠰᠤᠷᠤᠨ ᠲᠡᠳᠬᠦᠬᠦ ᠺᠠᠳ᠋ᠷ᠂

ᠪᠠᠭᠰᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ ᠠᠵᠢᠯᠯᠠᠵᠤ᠂ ᠦᠨᠡᠨ ᠬᠦ ᠠᠳᠬᠤᠨ

ᠪᠣᠳᠠᠲᠠᠢ ᠠᠵᠢᠯᠯᠠᠬᠤ ᠪᠠᠷ ᠬᠠᠪᠰᠤᠷᠴᠤ᠂ ᠴᠢᠩ ᠰᠡᠳᠬᠢᠯ ᠦᠨᠡᠨ ᠰᠠᠨᠠᠭ᠎ᠠ ᠠᠴᠠ ᠪᠠᠨ ᠳᠡᠳᠬᠦᠵᠦ᠂ ᠥᠪᠥᠷ

ᠮᠣᠩᠭᠤᠯ ᠤᠨ ︽ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠪᠠᠶᠢᠭᠤᠯᠤᠯᠲᠠ ᠶᠢ ᠬᠦᠴᠦᠲᠡᠢ

ᠠᠬᠢᠭᠤᠯᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠦᠬᠦ ᠣᠷᠣᠨ ᠤ ᠰᠤᠷᠭᠠᠨ

ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ︽ᠪᠦᠯᠬᠦᠮ ᠪᠠᠶᠢᠭᠤᠯᠬᠤ          

ᠮᠠᠶ᠋ᠢᠭ︾ ᠢᠶᠠᠷ ᠬᠠᠪᠰᠤᠷᠤᠨ ᠲᠡᠳᠬᠦᠬᠦ ᠳᠤ ᠲᠤᠯᠭᠠᠷᠠᠵᠤ ᠪᠠᠶᠢᠭ᠎ᠠ ᠰᠢᠨ᠎ᠡ ᠡᠭᠦᠷᠭᠡ ᠶᠢ ᠭᠦᠨᠵᠡᠭᠡᠢ ᠲᠠᠨᠢᠵᠤ᠂ ᠰᠤᠷᠭᠠᠨ

ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠪᠠ ᠦᠢᠯᠡ

ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠲᠠᠢ ᠤᠬᠠᠮᠰᠠᠷ ᠠᠴᠠ ᠪᠠᠨ ᠨᠢᠭᠡᠳᠭᠡᠨ᠂

ᠪᠦᠯᠬᠦᠮ ᠪᠠᠶᠢᠭᠤᠯᠵᠤ ᠬᠠᠪᠰᠤᠷᠤᠨ ᠲᠡᠳᠬᠦᠬᠦ ᠶᠢᠨ ︽ᠨᠡᠮᠡᠬᠦ ᠦᠢᠯᠡᠳᠦᠯ︾ ᠤᠨ ᠠᠵᠢᠯᠯᠠᠭ᠎ᠠ ᠶᠢ ︽ᠦᠷᠡᠵᠢᠭᠦᠯᠬᠦ

ᠦᠢᠯᠡᠳᠦᠯ︾ ᠤᠨ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ᠃ ᠤᠯᠤᠰ ᠲᠥᠷᠥ ᠶᠢ ᠡᠷᠬᠢᠮᠯᠡᠵᠦ᠂ ᠲᠥᠷᠥ ᠶᠢᠨ

ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠭᠦᠷᠭᠡᠯᠡᠭᠴᠢ︾ ᠪᠣᠯᠬᠤ ᠬᠡᠷᠡᠭᠲᠡᠢ᠃ ᠬᠠᠪᠰᠤᠷᠤᠨ ᠲᠡᠳᠬᠦᠬᠦ ᠠᠵᠢᠯ ᠢ

ᠢᠮᠠᠭᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ ᠳᠡᠭᠡᠷ᠎ᠡ ᠲᠥᠪᠯᠡᠷᠡᠭᠦᠯᠵᠦ᠂ ᠰᠣᠯᠢᠯᠴᠠᠭ᠎ᠠ ᠬᠠᠮᠵᠢᠯᠴᠠᠭᠠᠨ ᠤ ︽ᠰᠡᠳᠬᠢᠯ ᠤᠨ ᠬᠥᠭᠦᠷᠭᠡ︾ ᠪᠣᠯᠵᠤ᠂

ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠶᠠᠪᠤᠯᠴᠠᠭ᠎ᠠ ᠶᠢ ᠨᠢᠭᠲᠠᠷᠠᠭᠤᠯᠬᠤ᠂

ᠨᠥᠬᠦᠷᠯᠡᠯ ᠢ ᠵᠤᠵᠠᠭᠠᠳᠬᠠᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠤᠷᠭᠠᠨ

ᠬᠥᠮᠦᠵᠢᠯ ᠤᠨ ᠥᠭᠡᠷᠡᠴᠢᠯᠡᠯᠲᠡ ᠶᠢᠨ ︽ᠬᠤᠰᠢᠭᠤᠴᠢᠯᠠᠭᠴᠢ︾ ᠪᠣᠯᠬᠤ ᠬᠡᠷᠡᠭᠲᠡᠢ᠃ ᠥᠪᠡᠷ ᠤᠨ ᠰᠢᠨᠵᠢᠯᠡᠭᠡᠨ ᠤ

ᠰᠠᠯᠠᠭᠠᠨ ᠤ ᠲᠤᠰᠬᠠᠢ ᠮᠡᠷᠭᠡᠵᠢᠯ ᠪᠠ ᠪᠦᠯᠬᠦᠮ ᠨᠡᠶᠢᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂

ᠨᠡᠶᠢᠰᠯᠡᠯ  ᠤᠨ ᠰᠤᠷᠭᠠᠨ ᠬᠥᠮᠦᠵᠢᠯ ᠤᠨ ᠲᠡᠷᠢᠭᠦᠨ ᠤ ᠣᠶᠢᠯᠠᠭᠠᠭᠳᠠᠬᠤᠨ᠂ ᠳᠠᠪᠠᠭᠤᠯᠢᠭ ᠡᠬᠢ ᠪᠠᠶᠠᠯᠢᠭ  ᠢ          

ᠬᠠᠪᠰᠤᠷᠤᠨ ᠲᠡᠳᠬᠦᠬᠦ ᠭᠠᠵᠠᠷ ᠣᠷᠣᠨ ᠳᠤ ᠠᠭᠤᠰᠬᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠪᠠ ᠬᠢᠴᠢᠶᠡᠯ ᠤᠨ

ᠥᠭᠡᠷᠡᠴᠢᠯᠡᠯᠲᠡ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠵᠠᠭᠪᠤᠷ ᠤᠨ ᠰᠢᠨ᠎ᠡ ᠶᠢ ᠡᠭᠦᠳᠬᠦ ᠳᠤ ᠦᠨ᠎ᠡ

ᠥᠷᠲᠡᠭ ᠲᠠᠢ ᠦᠵᠡᠯ ᠰᠠᠨᠠᠭ᠎ᠠ ᠪᠠ ᠠᠷᠭ᠎ᠠ ᠪᠠᠷᠢᠯ ᠢ ᠬᠠᠩᠭᠠᠨ ᠬᠥᠲᠥᠯᠥᠨ ᠳᠠᠭᠠᠭᠤᠯᠵᠤ᠂ ᠬᠠᠪᠰᠤᠷᠤᠨ ᠲᠡᠳᠬᠦᠬᠦ

ᠭᠠᠵᠠᠷ ᠣᠷᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ

ᠠᠬᠢᠭᠤᠯᠬᠤ ᠬᠡᠷᠡᠭᠲᠡᠢ᠃ ᠰᠣᠯᠢᠯᠴᠠᠭ᠎ᠠ ᠶᠢ ᠴᠢᠬᠤᠯᠠᠴᠢᠯᠠᠵᠤ᠂ ᠪᠠᠭᠰᠢ ᠶᠢᠨ ᠬᠥᠭᠵᠢᠯᠲᠡ ᠶᠢᠨ          

︽ᠳᠠᠭᠠᠭᠤᠯᠤᠭᠴᠢ︾ ᠪᠣᠯᠬᠤ ᠬᠡᠷᠡᠭᠲᠡᠢ᠃ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ  ᠢ ᠭᠦᠢᠴᠡᠳ

ᠪᠠᠳᠠᠷᠠᠭᠤᠯᠵᠤ᠂ ᠴᠢᠨᠠᠷᠯᠢᠭ ᠳᠠᠭᠤᠷᠢᠶᠠᠯ ᠦᠵᠡᠭᠦᠯᠬᠦ ᠬᠢᠴᠢᠶᠡᠯ᠂ ᠦᠨ᠎ᠡ ᠥᠷᠲᠡᠭᠲᠦ ᠰᠣᠨᠣᠰᠤᠨ ᠦᠨᠡᠯᠡᠬᠦ ᠬᠢᠴᠢᠶᠡᠯ᠂

ᠡᠯᠪᠡᠭ ᠪᠠᠶᠠᠯᠢᠭ ᠰᠢᠨᠵᠢᠯᠡᠭᠡᠨ ᠤ ᠰᠠᠯᠠᠭᠠᠨ ᠤ ᠠᠵᠢᠯᠯᠠᠭ᠎ᠠ ᠵᠡᠷᠭᠡ ᠪᠠᠷ ᠳᠠᠮᠵᠢᠭᠤᠯᠤᠨ᠂ ᠲᠤᠰ ᠭᠠᠵᠠᠷ ᠣᠷᠣᠨ ᠤ

ᠪᠠᠭᠰᠢ ᠶᠢ ᠬᠠᠪᠰᠤᠷᠤᠨ ᠵᠢᠯᠣᠭᠤᠳᠴᠤ᠂ ᠥᠳᠲᠡᠷ ᠲᠦᠷᠭᠡᠨ ᠥᠰᠦᠨ ᠪᠤᠶᠢᠵᠢᠬᠤ ᠪᠠ ᠥᠪᠡᠷ ᠢ ᠪᠠᠨ

ᠳᠡᠭᠡᠭᠰᠢᠯᠡᠭᠦᠯᠬᠦ ᠶᠢ ᠪᠡᠶᠡᠯᠡᠭᠦᠯᠵᠦ᠂ ᠬᠠᠪᠰᠤᠷᠤᠨ ᠲᠡᠳᠬᠦᠬᠦ ᠭᠠᠵᠠᠷ ᠣᠷᠣᠨ ᠤ ᠰᠤᠷᠭᠠᠨ ᠬᠥᠮᠦᠵᠢᠯ ᠤᠨ ᠦᠢᠯᠡᠰ ᠲᠤ

ᠨᠢᠭᠡᠨ ᠵᠠᠶᠢᠯᠠᠭᠤᠯᠵᠤ ᠪᠣᠯᠤᠰᠢ ᠦᠭᠡᠢ ᠰᠢᠯᠢᠳᠡᠭ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ          

ᠱᠠᠭᠠᠷᠳᠠᠪᠠ᠃

      ᠡᠨᠡ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠢᠩᠭᠠᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ

ᠰᠤᠷᠭᠠᠨ ᠬᠥᠮᠦᠵᠢᠯ ᠤᠨ ᠴᠢᠳᠠᠪᠤᠷᠢᠲᠠᠨ ᠢ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠳᠡᠳᠬᠦᠬᠦ

ᠪᠡᠭᠡᠵᠢᠩ ᠬᠤᠲᠠ ᠤᠨ ᠲᠣᠮᠢᠯᠠᠭᠰᠠᠨ ᠵᠠᠬᠢᠷᠤᠯ᠂ ᠪᠠᠭᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ᠂ ᠬᠢᠩᠭᠠᠨ ᠠᠶᠢᠮᠠᠭ ᠤᠨ ᠵᠠᠬᠢᠷᠭ᠎ᠠ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂

ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ 70 ᠭᠠᠷᠤᠢ ᠬᠥᠮᠦᠨ ᠠᠩᠭᠢ ᠡᠬᠢᠯᠡᠬᠦ ᠶᠣᠰᠣᠯᠠᠯ ᠳᠤ

ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号