ᠣᠷᠳᠣᠰ ᠬᠤᠳᠠ ᠪᠠᠭᠰᠢ ᠨᠠᠷ ᠲᠤ ᠲᠣᠬᠢᠷᠠᠭᠰᠠᠨ ᠲᠤᠰᠬᠠᠢ ᠠᠭᠠᠷ ᠤᠨ ᠠᠶᠠᠯᠠᠯ ᠤᠨ ᠦᠢᠯᠡᠳᠬᠦᠨ ᠢ ᠡᠭᠦᠳᠴᠦ ᠪᠠᠭᠰᠢ ᠶᠢ  ᠬᠦᠨᠳᠦᠯᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠪᠠ
ᠨᠡᠶᠢᠲᠡᠯᠡᠭᠰᠡᠨ ᠴᠠᠭ᠄
2024/8/29
      8 ᠰᠠᠷ᠎ᠠ ᠶᠢᠨ 15 ᠤ ᠡᠳᠦᠷ᠂ ᠣᠷᠳᠣᠰ ᠬᠤᠳᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠥᠷᠭᠡᠨ ᠣᠯᠠᠨ ᠪᠠᠭᠰᠢ ᠨᠠᠷ ᠲᠤ ᠳᠣᠭᠢᠷᠬᠠᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠭᠠᠷ ᠤᠨ ᠠᠶᠠᠯᠠᠯ ᠤᠨ ᠦᠢᠯᠡᠳᠭᠦᠨ ᠢ ᠨᠡᠶᠢᠲᠡᠯᠡᠪᠡ᠃ ᠨᠢᠭᠡ ᠳᠤ᠂ ︽ᠣᠷᠳᠣᠰ ᠬᠤᠲᠠ ᠶᠢᠨ ᠪᠠᠭᠰᠢ ᠳᠤ ᠬᠦᠷᠭᠡᠬᠦ           ᠪᠡᠯᠡᠭ︾ ᠭᠡᠬᠦ ᠲᠥᠷᠥᠯ ᠵᠦᠢᠯ᠃ ᠲᠤᠰ ᠲᠥᠷᠥᠯ ᠵᠦᠢᠯ ᠨᠢ ᠪᠠᠭᠰᠢ ᠨᠢᠰᠬᠡᠯ ᠳᠤ ᠰᠠᠭᠤᠬᠤ ᠶᠢ ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ︽ᠭᠤᠷᠪᠠᠨ ᠲᠤᠰᠬᠠᠢ ᠲᠠᠪᠤᠨ ᠰᠢᠯᠢᠳᠡᠭ ᠨᠢᠭᠡ ᠶᠢ ᠬᠤᠪᠢᠶᠠᠯᠴᠠᠬᠤ︾ ᠦᠢᠯᠡᠴᠢᠯᠡᠭᠡ ︵ᠲᠤᠰᠬᠠᠢ ᠯᠠᠩᠭᠦᠢ᠂ ᠲᠤᠰᠬᠠᠢ ᠵᠠᠮ᠂ ᠲᠤᠰᠬᠠᠢ ᠢᠯᠡᠷᠬᠡᠶᠢᠯᠡᠯ᠂ ᠤᠷᠢᠳ ᠢᠶᠠᠷ ᠰᠠᠭᠤᠳᠠᠯ ᠰᠣᠩᠭᠤᠬᠤ᠂ ᠤᠷᠢᠳ ᠢᠶᠠᠷ ᠭᠠᠷ ᠬᠦᠢᠴᠡᠳᠭᠡᠯ ᠬᠢᠬᠦ᠂ ᠤᠷᠢᠳ ᠢᠶᠠᠷ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠤᠷᠢᠳ ᠢᠶᠠᠷ ᠨᠢᠰᠬᠡᠯ ᠳᠤ ᠭᠠᠷᠬᠤ᠂ ᠤᠷᠢᠳ ᠢᠶᠠᠷ ᠪᠠᠲᠤᠯᠠᠬᠤ᠂ ᠶᠠᠭᠤᠮ᠎ᠠ ᠬᠤᠳᠠᠯᠳᠤᠨ ᠠᠪᠬᠤ ᠳᠤ ᠨᠤᠭᠤᠯᠤᠨ ᠪᠣᠳᠤᠬᠤ ᠶᠢ ᠳᠤᠰᠬᠠᠢ ᠭᠦᠷᠲᠡᠬᠦ︶ ᠪᠠᠷ ᠳᠠᠮᠵᠢᠭᠤᠯᠤᠨ᠂ ᠪᠠᠭᠰᠢ ᠨᠠᠷ ᠨᠡᠩ ᠳᠥᠭᠦᠮ ᠳᠥᠲᠡ᠂ ᠨᠡᠩ ᠲᠠᠭᠠᠯᠠᠮᠵᠢᠲᠠᠢ ᠶᠠᠪᠤᠵᠤ ᠰᠠᠭᠤᠬᠤ ᠶᠢ ᠪᠡᠶᠡᠴᠢᠯᠡᠨ ᠣᠶᠢᠯᠠᠭᠠᠪᠠ᠃ ᠬᠤᠶᠠᠷ ᠲᠤ᠂ ︽ᠬᠦᠰᠡᠯ ᠢᠶᠠᠨ ᠲᠡᠷᠭᠡᠯᠰᠢᠭᠦᠯᠬᠦ ᠠᠶᠠᠯᠠᠯ·ᠲᠠᠨ ᠲᠠᠢ ᠬᠠᠮᠲᠤ︾ ᠭᠡᠬᠦ ᠬᠠᠮᠠᠭᠠᠯᠠᠬᠤ ᠲᠥᠯᠥᠪᠯᠡᠭᠡ᠃ ᠲᠤᠰ ᠲᠥᠯᠥᠪᠯᠡᠭᠡ ᠶᠢ ᠬᠤᠶᠠᠷ ᠬᠤᠲᠠ ᠶᠢᠨ ᠬᠤᠭᠤᠷᠤᠨᠳᠤ ᠣᠴᠢᠵᠤ ᠢᠷᠡᠬᠦ ᠬᠡᠷᠡᠭᠴᠡᠭᠡ ᠪᠦᠬᠦᠢ ᠣᠶᠤᠲᠠᠨ ᠵᠢᠴᠢ ᠪᠠᠭᠰᠢ ᠨᠠᠷ ᠲᠤ ᠴᠢᠭᠯᠡᠭᠦᠯᠦᠨ᠂ ᠡᠷᠬᠡ ᠢᠶᠠᠨ ᠠᠮᠢᠯᠠᠭᠤᠯᠤᠭᠰᠠᠨ ᠤ ᠳᠠᠷᠠᠭ᠎ᠠ ᠨᠡᠶᠢᠲᠡᠯᠡᠭᠰᠡᠨ ᠲᠡᠭᠡᠭᠡᠪᠦᠷᠢ ᠶᠢᠨ ᠦᠨ᠎ᠡ ᠶᠢ 2.5 ᠪᠠᠷ ᠨᠤᠭᠤᠯᠤᠨ ᠪᠣᠳᠣᠭᠰᠠᠨ ᠣᠴᠢᠵᠤ ᠢᠷᠡᠬᠦ ᠪᠢᠯᠧᠲ ᠢ 8 ᠤᠳᠠᠭ᠎ᠠ᠂ ᠨᠡᠶᠢᠲᠡᠯᠡᠭᠰᠡᠨ ᠲᠡᠭᠡᠭᠡᠪᠦᠷᠢ ᠶᠢᠨ ᠦᠨ᠎ᠡ ᠶᠢ 5 ᠪᠠᠷ ᠨᠤᠭᠤᠯᠤᠨ ᠪᠣᠳᠣᠭᠰᠠᠨ ᠣᠴᠢᠵᠤ ᠢᠷᠡᠬᠦ ᠪᠢᠯᠧᠲ ᠢ 2 ᠤᠳᠠᠭ᠎ᠠ ᠬᠦᠷᠲᠡᠵᠦ ᠪᠣᠯᠤᠨ᠎ᠠ᠃ ᠣᠶᠤᠲᠠᠨ ᠬᠡᠷᠡᠭᠯᠡᠭᠴᠢᠳ ᠺᠣᠳ᠋ ᠢ ᠰᠢᠷᠪᠢᠵᠦ ᠳᠠᠩᠰᠠᠯᠠᠭᠤᠯᠪᠠᠯ ᠳᠤᠮᠳᠠᠳᠤ ᠤᠯᠤᠰ ᠤᠨ ᠬᠤᠯᠪᠣᠭᠠᠲᠤ ᠠᠶᠠᠯᠠᠯ ᠤᠨ ᠺᠣᠮᠫᠠᠨᠢ ᠶᠢᠨ ᠬᠡᠰᠢᠭᠦᠨ ᠢᠶᠠᠷ ᠭᠡᠷᠡᠴᠢᠯᠡᠭᠦᠯᠵᠦ᠂ 7 ᠡᠳᠦᠷ ᠤᠨ ᠳᠣᠲᠣᠷ᠎ᠠ ᠣᠷᠳᠣᠰ ᠤᠨ ᠣᠷᠣᠵᠤ ᠭᠠᠷᠬᠤ ᠠᠶᠠᠯᠠᠯ ᠤᠨ ᠱᠤᠭᠤᠮ ᠤᠨ 5 ᠪᠠᠷ ᠨᠤᠭᠤᠯᠤᠨ ᠪᠣᠳᠣᠬᠤ ᠨᠢᠰᠬᠡᠯ ᠤᠨ ᠪᠢᠯᠧᠲ ᠢ ᠣᠯᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号