2035 ᠣᠨ ᠪᠣᠯᠲᠠᠯ᠎ᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ | ᠨᠠᠮ ᠤᠨ ᠲᠥᠪ ᠬᠤᠷᠢᠶ᠎ᠠ ᠠᠴᠠ ᠳᠤᠷᠠᠳᠤᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ | ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ︾ ᠭᠡᠵᠦ ᠲᠣᠳᠣᠷᠬᠠᠢ | ᠳᠤᠷᠠᠳᠴᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠨ ᠮᠠᠨᠳᠤᠭᠤᠯᠬᠤ ᠠᠭᠤᠤ | ᠦᠢᠯᠡᠰ ᠲᠠᠬᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠲᠤᠪᠤᠶᠢᠯᠭᠠᠪᠠ᠃ ᠲᠤᠰ ᠡᠳᠦᠷ ᠠᠴᠠ | ᠡᠬᠢᠯᠡᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ | ᠰᠢᠷᠭᠠᠭᠤ ᠬᠠᠲᠠᠭᠤᠵᠢᠯᠲᠠᠢ ᠡᠷᠡᠮᠡᠬᠡᠶᠢᠯᠡᠨ ᠤᠷᠤᠭᠰᠢᠯᠠᠵᠤ ᠰᠤᠷᠭᠠᠨ ᠬᠥᠮᠥᠵᠢᠯ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠰᠤᠭᠠᠢ︾ ᠭᠡᠬᠦ ᠳᠠᠪᠴᠠᠩ ᠭᠠᠷᠭᠠᠵᠤ᠂ ᠪᠦᠬᠦ | ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠶᠡᠭᠡ ᠪᠠᠷ | ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠶᠢ | ᠳᠡᠯᠭᠡᠨ ᠦᠵᠡᠭᠦᠯᠵᠦ᠂ ᠥᠷᠭᠡᠨ ᠣᠯᠠᠨ ᠺᠠᠳ᠋ᠷ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | | | ᠰᠢᠨ᠎ᠡ ᠰᠣᠷᠭᠤᠭ ᠮᠥᠷᠲᠡᠭᠡᠨ ᠠᠮᠢᠳᠤᠯᠢᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠢ ᠪᠣᠢ ᠪᠣᠯᠭᠠᠵᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠲᠥᠯᠥᠨ | ᠵᠢᠯᠣᠭᠤᠳᠴᠤ ︽ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠪᠠ︾ | | ︽ᠲᠠᠷᠢᠶᠠᠨ ᠵᠠᠬ᠎ᠠ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠬᠤᠪᠢᠰᠬᠠᠯᠲᠤ | ᠲᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠠᠬᠠᠮᠠᠳ | ᠴᠡᠷᠢᠭ ᠤᠨ ᠬᠤᠪᠢᠰᠬᠠᠯ ᠤᠨ ᠦᠯᠢᠭᠡᠷ ᠢ ᠰᠣᠨᠣᠰᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠁ | ᠣᠶᠢᠷ᠎ᠠ ᠶᠢᠨ ᠵᠢᠯ᠂ ᠤᠯᠠᠭᠠᠨᠴᠠᠪ ᠬᠤᠲᠠ ᠶᠢᠨ ᠬᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ | ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠬᠠᠮᠲᠤ ᠶᠢᠨ ᠴᠣᠭᠴᠠ ᠶᠢ ᠢᠳᠡᠪᠬᠢᠲᠡᠢ ᠠᠬᠢᠭᠤᠯᠵᠤ᠂ ︽ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ︾ ᠪᠣᠯᠤᠨ ︽ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ︾ ᠶᠢᠨ ᠬᠠᠮᠵᠢᠨ | ᠬᠥᠮᠦᠨ ᠬᠥᠮᠦᠵᠢᠭᠦᠯᠬᠦ ᠶᠢ ᠠᠬᠢᠭᠤᠯᠵᠤ᠂ ᠬᠡᠰᠡᠭ ᠪᠦᠯᠦᠭ ᠰᠢᠨ᠎ᠡ ᠰᠣᠷᠭᠤᠭ ᠮᠥᠷᠲᠡᠭᠡᠨ ᠠᠮᠢᠳᠤᠯᠢᠭ ᠶᠡᠭᠡ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠢ ᠪᠠᠶᠢᠭᠤᠯᠵᠤ᠂ ᠪᠦᠬᠦ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠬᠥᠲᠦᠯᠦᠨ ᠵᠢᠯᠣᠭᠤᠳᠴᠤ ︽ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ | ᠰᠠᠶᠢᠲᠤᠷ ᠠᠯᠬᠤᠭᠤᠯᠪᠠ︾᠃ | | | | | ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠦᠢᠯᠡᠳᠦᠯᠭᠡ ᠶᠢᠨ ᠠᠵᠢᠯᠯᠠᠭ᠎ᠠ | | | 1. ᠰᠢᠰᠲ᠋ᠧᠮ ᠲᠠᠢ ᠲᠥᠯᠥᠪᠯᠡᠬᠦ ᠳᠤ ᠠᠩᠬᠠᠷᠤᠯ ᠢᠶᠠᠨ ᠬᠠᠨᠳᠤᠭᠤᠯᠤᠨ ᠶᠡᠭᠡ ᠳᠡᠭᠡᠳᠦ ᠰᠤᠷᠭᠠᠭᠤᠯᠢ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ | ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠪᠠ | ᠦᠵᠡᠯ ᠰᠠᠭᠭᠠ ᠤᠯᠤᠰ ᠲᠥᠷᠥ ᠶᠢ ᠨᠢᠭᠡ ᠴᠣᠭᠴᠠᠵᠢᠭᠤᠯᠬᠤ ᠶᠢ ᠬᠠᠮᠳᠤᠷᠠᠨ ᠪᠠᠶᠢᠭᠤᠯᠬᠤ ᠬᠤᠯᠪᠣᠭ᠎ᠠ ᠶᠢ | ᠪᠠᠶᠢᠭᠤᠯᠪᠠ᠃ ︽ᠤᠯᠠᠭᠠᠨᠴᠠᠪ ᠬᠤᠲᠠ ᠶᠢᠨ ᠰᠢᠨ᠎ᠡ ᠴᠠᠭ ᠦᠶ᠎ᠡ ᠶᠢᠨ ᠶᠡᠭᠡ ᠳᠡᠭᠡᠳᠦ ᠰᠤᠷᠭᠠᠭᠤᠯᠢ᠂ ᠳᠤᠮᠳᠠᠳᠤ | ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠯᠠᠭᠠᠨᠴᠠᠪ | ᠬᠤᠲᠠ ᠶᠢᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠵᠢᠯᠣᠭᠤᠳᠬᠤ ᠵᠥᠪᠯᠡᠯ ᠢ | ᠪᠠᠶᠢᠭᠤᠯᠤᠨ᠂ ᠤᠯᠠᠭᠠᠨᠴᠠᠪ ᠬᠤᠲᠠ ᠳᠤ ᠰᠠᠭᠤᠭ᠎ᠠ 3 ᠶᠡᠭᠡ ᠳᠡᠭᠡᠳᠦ ᠰᠤᠷᠭᠠᠭᠤᠯᠢ ᠲᠠᠢ ᠤᠯᠠᠭᠠᠨᠴᠠᠪ ᠬᠤᠲᠠ ᠶᠢᠨ | ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠬᠠᠮᠲᠤ ᠶᠢᠨ ᠴᠣᠭᠴᠠ ᠶᠢ ᠬᠠᠮᠲᠤᠷᠠᠨ | ᠪᠠᠶᠢᠭᠤᠯᠬᠤ ᠬᠡᠯᠡᠯᠴᠡᠭᠡᠷ ᠲᠣᠭᠲᠠᠵᠤ᠂ ᠭᠤᠷᠪᠠᠨ ᠨᠢᠭᠡ ᠴᠣᠭᠴᠠᠵᠢᠭᠤᠯᠤᠭᠰᠠᠨ ᠬᠠᠮᠲᠤ ᠶᠢᠨ ᠴᠣᠭᠴᠠ ᠶᠢ ᠵᠣᠬᠢᠶᠠᠨ | ᠪᠠᠶᠢᠭᠤᠯᠵᠤ᠂ ᠠᠯᠬᠤᠮ ᠳᠠᠷᠠᠭ᠎ᠠ ᠲᠠᠢ ᠤᠷᠤᠭᠰᠢᠯᠠᠭᠰᠠᠨ᠂ ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠭᠰᠡᠨ ︽ᠶᠡᠭᠡ ᠦᠵᠡᠯ | ᠰᠠᠨᠠᠭ᠎ᠠ ᠤᠯᠤᠰ ᠲᠥᠷᠥ︾ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ᠃ | ︽ᠶᠡᠭᠡ ᠦᠵᠡᠯ ᠰᠠᠨᠠᠭ᠎ᠠ ᠤᠯᠤᠰ ᠲᠥᠷᠥ︾ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ | ᠭᠠᠵᠠᠷ ᠢ ᠪᠠᠶᠢᠭᠤᠯᠪᠠ᠃ ᠵᠢᠨᠢᠩ ᠲᠣᠭᠤᠷᠢᠭ ᠤᠨ ᠬᠤᠪᠢᠰᠬᠠᠯ ᠤᠨ ᠳᠤᠷᠠᠰᠬᠠᠯ ᠤᠨ ᠣᠷᠳᠣᠨ᠂ ᠵᠢᠨᠢᠩ ᠪᠠᠭᠰᠢ ᠶᠢᠨ | ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ᠂ ᠯᠢᠶᠠᠩᠴᠧᠩ ᠰᠢᠶᠠᠨ ᠤ ᠾᠧ | ᠯᠦᠩ ᠤᠨ ᠬᠤᠪᠢᠰᠬᠠᠯ ᠤᠨ ᠠᠵᠢᠯᠯᠠᠭᠠᠨ ᠤ ᠬᠠᠭᠤᠴᠢᠨ ᠪᠠᠭᠤᠷᠢ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ | ︽ᠶᠡᠭᠡ ᠦᠵᠡᠯ ᠰᠠᠨᠠᠭ᠎ᠠ ᠤᠯᠤᠰ ᠲᠥᠷᠥ︾ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ | 3 ᠶᠢ ᠪᠠᠶᠢᠭᠤᠯᠵᠤ᠂ ᠬᠤᠪᠢᠰᠬᠠᠯ ᠤᠨ ᠦᠯᠢᠭᠡᠷ ᠰᠣᠨᠣᠰᠬᠤ᠂ ᠬᠤᠪᠢᠰᠬᠠᠯ ᠤᠨ ᠰᠣᠩᠭᠤᠳᠠᠭ ᠺᠢᠨᠣ᠋ ᠦᠵᠡᠬᠦ᠂ | ᠬᠤᠪᠢᠰᠬᠠᠯ ᠤᠨ ᠰᠣᠩᠭᠤᠳᠠᠭ ᠳᠠᠭᠤᠤ ᠳᠠᠭᠤᠯᠠᠬᠤ᠂ ᠨᠢᠭᠡ ᠤᠳᠠᠭ᠎ᠠ ᠬᠤᠪᠢᠰᠬᠠᠯ ᠤᠨ ᠭᠤᠣᠯ ᠰᠡᠳᠦᠪᠲᠦ ᠶᠠᠷᠢᠶ᠎ᠠ | ᠢᠯᠡᠳᠬᠡᠯ ᠤᠨ ᠤᠷᠤᠯᠳᠤᠭᠠᠨ ᠥᠷᠨᠢᠭᠦᠯᠬᠦ᠂ ᠨᠢᠭᠡ ᠤᠳᠠᠭ᠎ᠠ ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ︾ ᠡᠷᠬᠢᠯᠡᠬᠦ ᠵᠡᠷᠭᠡ ᠠᠵᠢᠯᠯᠠᠭᠠᠨ ᠤ ᠠᠴᠢᠶᠠᠯᠠᠪᠤᠷᠢ ᠪᠠᠷ ᠳᠠᠮᠵᠢᠭᠤᠯᠤᠨ᠂ ︽ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠨᠠᠮ ᠤᠨ ᠣᠯᠠᠨ ᠲᠦᠮᠡᠨᠴᠢ | ᠱᠤᠭᠤᠮ ᠤᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠪᠦᠬᠦ ᠬᠤᠲᠠ ᠶᠢᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ︽ᠠᠬᠤᠢ ᠪᠠᠶᠢᠳᠠᠯ ᠳᠤ | ᠰᠣᠭᠲᠤᠭᠤᠷᠠᠮ᠎ᠠ ᠮᠠᠶ᠋ᠢᠭᠲᠤ︾ ᠶᠠᠪᠤᠬᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ 1200 | ᠭᠠᠷᠤᠢ ᠤᠳᠠᠭ᠎ᠠ ᠥᠷᠨᠢᠭᠦᠯᠵᠦ᠂ ᠰᠤᠷᠭᠠᠭᠤᠯᠢ ᠶᠢᠨ ︽ᠪᠢᠴᠢᠯ ᠬᠢᠴᠢᠶᠡᠯ ᠤᠨ ᠲᠠᠩᠬᠢᠮ︾ ᠪᠣᠯᠤᠨ ᠨᠡᠶᠢᠭᠡᠮ ᠤᠨ | ︽ᠲᠣᠮᠣ ᠬᠢᠴᠢᠶᠡᠯ ᠤᠨ ᠲᠠᠩᠬᠢᠮ︾ ᠢ ᠣᠷᠭᠠᠨᠢᠭ ᠢᠶᠠᠷ ᠨᠡᠪᠲᠡᠷᠡᠭᠦᠯᠬᠦ ᠶᠢ ᠠᠬᠢᠭᠤᠯᠪᠠ᠃ ᠪᠡᠭᠡᠵᠢᠩ ᠥᠪᠥᠷ | ᠮᠣᠩᠭᠤᠯ ᠤᠨ ᠵᠠᠯᠠᠭᠤᠴᠤᠳ ᠪᠠᠭᠠᠴᠤᠳ ᠤᠨ ︽ᠵᠣᠷᠢᠭ ᠢᠶᠠᠨ ᠬᠥᠪᠴᠢᠯᠡᠨ ᠰᠤᠳᠤᠯᠤᠨ ᠰᠤᠷᠤᠯᠴᠠᠬᠤ︾᠂ ︽ᠠᠨᠠᠷ | ᠤᠨ ᠦᠷ᠎ᠡ ᠬᠤᠷᠠᠨ ᠴᠤᠭᠯᠠᠷᠠᠵᠤ ᠰᠡᠳᠬᠢᠯ ᠨᠢᠭᠡᠳᠦᠨ ᠢᠷᠡᠭᠡᠳᠦᠢ ᠵᠦᠭ ᠲᠡᠮᠡᠦᠯᠬᠦ︾᠂ ︽ᠦᠨᠳᠦᠰᠦᠲᠡᠨ ᠨᠦᠭᠦᠳ | ᠪᠦᠯᠬᠦᠮᠳᠡᠨ ᠨᠢᠭᠡᠨ ᠭᠡᠷ ᠤᠨ ᠬᠢᠨ ᠮᠡᠲᠦ ᠳᠣᠲᠣᠨᠣ︾᠂ ︽ᠪᠡᠭᠡᠵᠢᠩ ᠥᠪᠥᠷ ᠮᠣᠩᠭᠤᠯ ᠤᠨ ᠵᠠᠯᠠᠭᠤᠴᠤᠳ | ᠪᠠᠭᠠᠴᠤᠳ ᠬᠤᠷᠰᠢᠶᠠᠯᠠᠨ᠂ ᠭᠠᠷ ᠬᠤᠯᠪᠣᠯᠴᠠᠬᠤ︾ ᠵᠡᠷᠭᠡ ᠡᠯ᠎ᠡ ᠲᠥᠷᠥᠯ ᠤᠨ ᠲᠣᠭᠤᠷᠢᠨ ᠦᠵᠡᠵᠦ ᠣᠶᠢᠯᠠᠭᠠᠬᠤ᠂ | ᠰᠤᠷᠤᠯᠴᠠᠵᠤ ᠰᠣᠯᠢᠯᠴᠠᠬᠤ᠂ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠶᠢ 80 ᠭᠠᠷᠤᠢ ᠲᠠᠯᠠᠪᠤᠷ ᠥᠷᠨᠢᠭᠦᠯᠵᠦ᠂ | 18600 ᠭᠠᠷᠤᠢ ᠵᠠᠯᠠᠭᠤᠴᠤᠳ ᠪᠠᠭᠠᠴᠤᠳ ᠢ ᠬᠠᠮᠤᠷᠪᠠ᠃ | | | | | ᠤᠯᠠᠭᠠᠨᠴᠠᠪ ᠬᠤᠲᠠ ᠶᠢᠨ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ | | | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠷᠭᠠᠨ | ᠬᠥᠮᠦᠵᠢᠯ ᠤᠨ ᠦᠵᠡᠭᠳᠡᠯᠲᠦ ᠬᠢᠴᠢᠶᠡᠯ ᠤᠨ ᠭᠡᠷ︾ ᠢ ᠪᠠᠶᠢᠭᠤᠯᠪᠠ᠃ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ︽ᠬᠢᠴᠢᠶᠡᠯ︾ ᠤᠨ ᠰᠢᠨᠵᠢ ᠴᠢᠨᠠᠷ | ᠲᠤ ᠠᠩᠬᠠᠷᠤᠯ ᠢᠶᠠᠨ ᠬᠠᠨᠳᠤᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠥᠲᠦᠭᠡᠨ | ᠪᠠᠶᠢᠭᠤᠯᠬᠤ ᠲᠤᠬᠠᠢ ᠲᠣᠭᠲᠠᠭᠠᠯ︾ ᠳᠤ ᠳᠤᠷᠠᠳᠤᠭᠰᠠᠨ 7 ᠵᠢᠱᠢᠶᠡᠴᠢ ᠪᠣᠯᠬᠤ ᠬᠠᠷᠠᠯᠲᠠ ᠪᠠ ᠡᠭᠦᠷᠭᠡ ᠶᠢᠨ | ᠲᠣᠭᠤᠷᠢᠨ ᠳᠤ ︽ᠵᠢᠷᠭᠤᠭᠠᠨ ᠦᠭᠡ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠲᠣᠳᠣᠷᠬᠠᠢ | ᠶᠠᠷᠢᠵᠤ᠂ ᠣᠯᠠᠨ ᠬᠠᠷᠠᠭᠠᠰᠤ᠂ ᠣᠯᠠᠨ ᠳᠠᠪᠬᠤᠷᠭ᠎ᠠ᠂ ᠪᠣᠰᠤᠭ᠎ᠠ ᠴᠣᠭᠴᠠ ᠠᠴᠠ ︽ᠶᠡᠭᠡ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ︾ ᠢ ᠪᠦᠲᠦᠮᠵᠢᠲᠡᠢ ᠰᠠᠶᠢᠲᠤᠷ ᠬᠡᠷᠡᠭᠯᠡᠵᠦ᠂ ︽ᠲᠤᠷᠰᠢᠯᠲᠠ ᠶᠢᠨ ᠴᠡᠭ ᠤᠷᠢᠳ ᠢᠶᠠᠷ | ᠬᠡᠷᠡᠭᠵᠢᠭᠦᠯᠵᠦ᠂ ᠠᠯᠬᠤᠮ ᠠᠯᠬᠤᠮ ᠢᠶᠠᠷ ᠳᠡᠯᠭᠡᠷᠡᠭᠦᠯᠬᠦ︾ ᠠᠷᠭ᠎ᠠ ᠪᠠᠷ ᠶᠠᠪᠤᠭᠳᠠᠭᠤᠯᠵᠤ᠂ 5 ᠶᠡᠭᠡ ᠳᠡᠭᠡᠳᠦ | ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ︵ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠪᠡᠭᠡᠵᠢᠩ ᠤᠨ | ᠨᠠᠢᠮᠠᠳᠤᠭᠠᠷ ᠳᠤᠮᠳᠠᠳᠤ ᠪᠠᠭ᠎ᠠ ᠰᠤᠷᠭᠠᠭᠤᠯᠢ ᠶᠢᠨ ᠤᠯᠠᠭᠠᠨᠴᠠᠪ ᠲᠠᠬᠢ ᠬᠤᠪᠢᠶᠠᠷᠢ ᠰᠤᠷᠭᠠᠭᠤᠯᠢ᠂ ᠤᠯᠠᠭᠠᠨᠴᠠᠪ | ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠤᠯᠠᠭᠠᠨᠴᠠᠪ ᠬᠤᠲᠠ ᠶᠢᠨ ᠮᠣᠩᠭᠤᠯ | ᠦᠨᠳᠦᠰᠦᠲᠡᠨ ᠤ ᠪᠠᠭ᠎ᠠ ᠰᠤᠷᠭᠠᠭᠤᠯᠢ᠂ ᠵᠢᠨᠢᠩ ᠲᠣᠭᠤᠷᠢᠭ ᠤᠨ ᠪᠢᠨ ᠬᠣ᠋ ᠪᠠᠭ᠎ᠠ ᠰᠤᠷᠭᠠᠭᠤᠯᠢ︶ ᠶᠢ ᠰᠣᠩᠭᠤᠨ | ᠲᠤᠷᠰᠢᠯᠲᠠ ᠶᠢᠨ ᠰᠤᠷᠭᠠᠭᠤᠯᠢ ᠶᠢᠨ ᠬᠤᠪᠢ ᠪᠠᠷ ︽ᠲᠠᠯᠠᠪᠤᠷ ᠲᠠᠢ᠂ ᠠᠭᠤᠯᠭ᠎ᠠ ᠲᠠᠢ᠂ ᠠᠭᠤᠯᠤᠭᠳᠠᠬᠤᠨ ᠲᠠᠢ᠂ ᠦᠷ᠎ᠡ | ᠪᠦᠲᠦᠮᠵᠢ ᠲᠠᠢ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠷᠭᠠᠨ | ᠬᠥᠮᠦᠵᠢᠯ ᠤᠨ ᠦᠵᠡᠭᠳᠡᠯᠲᠦ ᠬᠢᠴᠢᠶᠡᠯ ᠤᠨ ᠲᠠᠩᠬᠢᠮ ᠢ ᠪᠠᠶᠢᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠬᠢᠨ | ᠪᠡᠶᠡᠴᠢᠯᠡᠨ ᠣᠶᠢᠯᠠᠭᠠᠬᠤ ᠬᠡᠯᠪᠡᠷᠢ ᠪᠠ ᠠᠬᠤᠢ ᠲᠠᠯᠠᠪᠠᠢ ᠳᠤ ᠰᠣᠭᠲᠤᠭᠤᠷᠠᠮ᠎ᠠ ᠬᠡᠯᠪᠡᠷᠢ ᠪᠠᠷ ᠦᠵᠡᠯ ᠰᠠᠨᠠᠭ᠎ᠠ ᠤᠯᠤᠰ | ᠲᠥᠷᠦ ᠶᠢᠨ ᠬᠢᠴᠢᠶᠡᠯ ᠤᠨ ᠦᠵᠡᠭᠳᠡᠯᠲᠦ ᠵᠢᠭᠠᠨ ᠰᠤᠷᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠢ | ᠬᠥᠲᠥᠯᠥᠨ ᠵᠢᠯᠣᠭᠤᠳᠴᠤ ︽ᠦᠵᠡᠬᠦ︾᠂ ︽ᠰᠣᠨᠣᠰᠬᠤ︾᠂ ︽ᠰᠣᠨᠢᠷᠬᠠᠬᠤ︾᠂ ︽ᠣᠩᠰᠢᠬᠤ︾᠂ ︽ᠶᠠᠷᠢᠬᠤ︾᠂ | ︽ᠲᠣᠭᠯᠠᠬᠤ︾ ᠵᠡᠷᠭᠡ ᠰᠢᠨ᠎ᠡ ᠰᠣᠷᠭᠤᠭ ᠮᠥᠷᠲᠡᠭᠡᠨ ᠠᠮᠢᠳᠤᠯᠢᠭ ᠪᠡᠶᠡᠴᠢᠯᠡᠨ ᠣᠶᠢᠯᠠᠭᠠᠯᠲᠠ ᠪᠠᠷ ᠳᠠᠮᠵᠢᠭᠤᠯᠤᠨ᠂ | ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠡᠬᠡ ᠣᠷᠣᠨᠴᠢ ᠦᠵᠡᠯ ᠤᠨ | ᠬᠥᠮᠦᠵᠢᠯ ᠪᠠ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠤᠬᠠᠮᠰᠠᠷ ᠠᠴᠠ ᠪᠠᠨ ᠭᠥᠷᠳᠡᠪᠡ᠃ | | | | | ᠬᠤᠪᠢᠰᠬᠠᠯ ᠤᠨ ᠦᠯᠢᠭᠡᠷ ᠰᠡᠳᠬᠢᠯ ᠢ ᠤᠮᠳᠠᠯᠠᠨ᠎ᠠ | | | 2. ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠬᠠᠨᠳᠤᠭᠤᠯᠤᠨ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ | ᠬᠥᠮᠦᠨ ᠬᠥᠮᠦᠵᠢᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠪᠦᠷᠢᠨ ᠭᠦᠢᠴᠡᠳ | ᠲᠣᠬᠢᠷᠠᠭᠤᠯᠪᠠ ᠃ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠪᠠᠭᠰᠢ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭ᠎ᠠ ᠰᠤᠷᠭᠠᠭᠤᠯᠢ ᠶᠢᠨ | ᠳᠣᠣᠷ᠎ᠠ᠂ ᠳᠤᠮᠳᠠ ᠠᠩᠭᠢ ᠳᠤ ᠵᠣᠬᠢᠬᠤ ᠲᠣᠭᠠᠨ ᠤ ᠲᠤᠰᠬᠠᠢ ᠲᠤᠰᠢᠶᠠᠯᠲᠤ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠪᠠᠭᠰᠢ ᠲᠣᠬᠢᠷᠠᠭᠤᠯᠬᠤ ᠶᠢ ᠦᠨᠡᠨ ᠬᠦ ᠪᠠᠲᠤᠯᠠᠵᠤ᠂ ᠪᠠᠭ᠎ᠠ ᠰᠤᠷᠭᠠᠭᠤᠯᠢ ᠶᠢᠨ ᠳᠡᠭᠡᠷ᠎ᠡ ᠣᠨ ᠤ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠲᠤᠰᠬᠠᠢ ᠳᠤᠰᠢᠶᠠᠯᠲᠤ ᠪᠠᠭᠰᠢ ᠪᠠᠷ ᠭᠤᠣᠯ ᠪᠣᠯᠭᠠᠬᠤ ᠶᠢᠨ | ᠬᠠᠮᠲᠤ ᠲᠤᠰᠬᠠᠢ ᠲᠤᠰᠢᠶᠠᠯᠲᠤ ᠪᠠᠭᠰᠢ ᠶᠢ ᠲᠣᠬᠢᠷᠠᠭᠤᠯᠬᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠪᠥᠷᠢᠨ ᠭᠦᠢᠴᠡᠳ ᠲᠣᠬᠢᠷᠠᠭᠤᠯᠪᠠ᠃ ᠣᠳᠣ᠂ ᠪᠦᠬᠦ ᠬᠤᠲᠠ ᠶᠢᠨ | ᠳᠤᠮᠳᠠᠳᠤ ᠪᠠᠭ᠎ᠠ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ 1290 ᠪᠠᠶᠢᠵᠤ᠂ | ᠡᠭᠦᠨ ᠳᠤ ᠪᠠᠭ᠎ᠠ ᠰᠤᠷᠭᠠᠭᠤᠯᠢ ᠶᠢᠨ ᠪᠠᠭᠰᠢ 809᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ | 278᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ 203 ᠪᠤᠢ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠭᠰᠢ ᠶᠢᠨ ᠳᠤᠰᠬᠠᠢ ᠮᠡᠷᠭᠡᠵᠢᠯ ᠤᠨ ᠬᠡᠪ | ᠴᠢᠨᠠᠷ ᠢ ᠳᠡᠭᠡᠭᠰᠢᠯᠡᠭᠦᠯᠪᠡ ᠃ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠵᠢᠯᠣᠭᠤᠳᠬᠤ ᠵᠥᠪᠯᠡᠯ ᠤᠨ ᠲᠤᠰᠬᠠᠢ | ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠲᠦᠷᠦᠭᠦᠯᠡᠨ᠂ ᠵᠢᠭᠠᠨ ᠰᠤᠷᠭᠠᠯᠲᠠ ᠶᠢ ᠵᠣᠯᠭᠠᠭᠤᠯᠬᠤ᠂ ᠵᠢᠭᠠᠨ | ᠰᠤᠷᠭᠠᠯᠲᠠ ᠶᠢᠨ ᠠᠷᠭ᠎ᠠ ᠶᠢ ᠰᠤᠳᠤᠯᠬᠤ ᠵᠡᠷᠭᠡ ᠶᠢᠨ ᠲᠣᠭᠤᠷᠢᠨ ᠳᠤ ᠡᠯ᠎ᠡ ᠰᠤᠷᠤᠯᠭ᠎ᠠ ᠶᠢᠨ ᠱᠠᠲᠤᠨ ᠤ ᠦᠵᠡᠯ | ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠭ᠎ᠠ ᠶᠢ ᠠᠬᠢᠭᠤᠯᠵᠤ᠂ | ᠰᠤᠷᠤᠯᠭ᠎ᠠ ᠶᠢᠨ ᠱᠠᠲᠤ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ︽ᠣᠯᠠᠨ ᠢᠶᠠᠷ ᠢᠶᠠᠨ ᠬᠢᠴᠢᠶᠡᠯ ᠰᠣᠨᠣᠰᠬᠤ᠂ ᠣᠯᠠᠨ ᠢᠶᠠᠷ ᠢᠶᠠᠨ ᠪᠠᠶᠢᠴᠠᠭᠠᠨ ᠰᠣᠳᠤᠯᠬᠤ︾᠂ | ᠬᠠᠮᠲᠤ ᠳᠤ ᠪᠠᠨ ᠬᠢᠴᠢᠶᠡᠯ ᠪᠡᠯᠡᠳᠬᠡᠬᠦ᠂ ᠳᠠᠭᠤᠷᠢᠶᠠᠯ ᠦᠵᠡᠭᠦᠯᠵᠦ ᠲᠣᠭᠤᠷᠢᠨ ᠦᠵᠡᠵᠦ ᠳᠡᠯᠭᠡᠨ ᠦᠵᠡᠭᠦᠯᠬᠦ | ᠬᠢᠴᠢᠶᠡᠯ ᠵᠡᠷᠭᠡ ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂ ᠴᠢᠨᠠᠷᠯᠢᠭ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ 3᠂ ᠰᠢᠯᠢᠳᠡᠭ ᠳᠠᠭᠤᠷᠢᠶᠠᠯ ᠦᠵᠡᠭᠦᠯᠬᠦ ᠬᠢᠴᠢᠶᠡᠯ ᠤᠨ ᠫᠷᠣᠭ᠍ᠷᠠᠮ 9 ᠶᠢ ᠪᠣᠢ ᠪᠣᠯᠭᠠᠪᠠ᠃ | ᠪᠦᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ︽ᠠᠯᠲᠠᠨ ᠬᠢᠴᠢᠶᠡᠯ︾ ᠢ ᠳᠡᠯᠭᠡᠨ ᠦᠵᠡᠭᠦᠯᠵᠦ ᠰᠣᠯᠢᠯᠴᠠᠬᠤ | ᠠᠵᠢᠯᠯᠠᠭ᠎ᠠ ᠶᠢ ᠡᠷᠬᠢᠯᠡᠵᠦ᠂ 85 ︽ᠠᠨᠠᠷ ᠤᠯᠠᠭᠠᠨ︾᠂ ︽ᠰᠠᠨᠰᠠᠷ ᠤᠨ ᠠᠶᠠᠯᠠᠯ ᠬᠥᠬᠡ︾᠂ ︽ᠤᠮᠠᠷᠠᠲᠤ ᠬᠢᠯᠢ | ᠨᠣᠭᠤᠭᠠᠨ︾ ᠵᠡᠷᠭᠡ ᠰᠢᠷᠢᠰ ᠦᠵᠡᠯ ᠰᠠᠨᠠᠭ᠎ᠠ ᠤᠯᠤᠰ ᠲᠥᠷᠥ ᠶᠢᠨ ︽ᠠᠯᠲᠠᠨ ᠬᠢᠴᠢᠶᠡᠯ︾ ᠢ ᠪᠠᠶᠢᠭᠤᠯᠤᠭᠰᠠᠨ | ᠪᠥᠭᠡᠳ 20 ᠰᠢᠯᠢᠳᠡᠭ ︽ᠠᠯᠲᠠᠨ ᠬᠢᠴᠢᠶᠡᠯ︾ ᠢ ᠰᠣᠩᠭᠤᠨ ᠤᠯᠠᠭᠠᠨᠴᠠᠪ ᠰᠤᠷᠭᠠᠨ ᠬᠥᠮᠦᠵᠢᠯ ᠤᠨ ᠣᠯᠠᠨ | ᠨᠡᠶᠢᠲᠡ ᠶᠢᠨ ᠲᠠᠪᠴᠠᠩ ᠳᠤ ᠨᠡᠪᠲᠡᠷᠡᠭᠦᠯᠵᠦ᠂ ᠪᠦᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠪᠠᠭᠰᠢ ᠯᠠᠪᠯᠠᠵᠤ ᠰᠤᠷᠤᠯᠴᠠᠬᠤ ᠳᠤ ᠳᠥᠭᠦᠮ ᠦᠵᠡᠭᠦᠯᠪᠡ᠃ ᠤᠯᠤᠰ ᠤᠨ ᠳᠡᠰ ᠤᠨ ᠪᠣᠯᠪᠠᠰᠤᠷᠠᠭᠤᠯᠬᠤ | ᠲᠥᠯᠥᠪᠯᠡᠭᠡ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠵᠡᠷᠭᠡ ᠠᠷᠭ᠎ᠠ | ᠵᠠᠮ ᠢ ᠠᠰᠢᠭᠯᠠᠨ᠂ ᠪᠦᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠢ | ᠰᠦᠯᠵᠢᠶᠡᠨ ᠭᠠᠳᠠᠨ᠎ᠠ 1 ᠤᠳᠠᠭ᠎ᠠ᠂ ᠰᠦᠯᠵᠢᠶᠡᠨ ᠳᠤ 8 ᠤᠳᠠᠭ᠎ᠠ ᠪᠣᠯᠪᠠᠰᠤᠷᠠᠭᠤᠯᠪᠠ᠃ ᠬᠤᠶᠠᠳᠤᠭᠠᠷ | ᠬᠤᠭᠤᠴᠠᠭᠠᠨ ᠤ ᠪᠦᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠵᠢᠭᠠᠨ | ᠰᠤᠷᠭᠠᠯᠲᠠ ᠶᠢᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ᠂ ᠪᠦᠬᠦ ᠬᠤᠲᠠ ᠠᠴᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ 5 ᠪᠠᠭᠰᠢ ᠶᠢ ᠰᠣᠩᠭᠤᠨ | ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢᠨ | ᠦᠵᠡᠭᠦᠯᠭᠡ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠣᠨᠴᠠ ᠳᠡᠰ ᠤᠨ ᠱᠠᠩᠨᠠᠯ 1᠂ ᠨᠢᠭᠡᠳᠦᠭᠡᠷ | ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ ᠱᠠᠩᠨᠠᠯ 3 ᠶᠢ ᠭᠥᠷᠳᠡᠪᠡ᠃ | 3. ᠬᠢᠴᠢᠶᠡᠯ ᠤᠨ ᠬᠠᠮᠢᠶᠠᠷᠤᠯᠲᠠ ᠳᠤ ᠠᠩᠬᠠᠷᠤᠯ ᠢᠶᠠᠨ ᠬᠠᠨᠳᠤᠭᠤᠯᠤᠨ ᠰᠢᠨᠵᠢᠯᠡᠭᠡᠨ ᠤ | ᠰᠠᠯᠠᠭ᠎ᠠ ᠳᠤ ᠠᠭᠤᠰᠬᠠᠬᠤ ᠶᠢ ᠪᠠᠷᠢᠮᠲᠠᠯᠠᠵᠤ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠥᠷᠭᠡᠳᠭᠡᠪᠡ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠡᠯ᠎ᠡ ᠲᠥᠷᠥᠯ ᠤᠨ ᠬᠢᠴᠢᠶᠡᠯ ᠤᠨ ᠵᠢᠭᠠᠨ ᠰᠤᠷᠭᠠᠯᠲᠠ ᠳᠤ | ᠢᠳᠡᠪᠬᠢᠲᠡᠢ ᠪᠥᠭᠡᠳ ᠣᠷᠭᠠᠨᠢᠭ ᠢᠶᠠᠷ ᠠᠭᠤᠰᠬᠠᠵᠤ᠂ ︽ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ︾ ᠠᠴᠠ | ᠭᠠᠷᠳᠠᠵᠤ᠂ ᠪᠤᠰᠤᠳ ᠬᠢᠴᠢᠶᠡᠯ ᠳᠤ ᠠᠭᠤᠯᠤᠭᠳᠠᠵᠤ ᠪᠠᠶᠢᠭ᠎ᠠ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠢᠯᠡᠷᠡᠭᠦᠯᠦᠨ᠂ ᠦᠵᠡᠯ ᠰᠠᠨᠠᠭ᠎ᠠ ᠤᠯᠤᠰ ᠲᠥᠷᠥ ᠶᠢᠨ ᠪᠣᠰᠤ ᠬᠢᠴᠢᠶᠡᠯ ᠪᠣᠯᠤᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠵᠡᠷᠭᠡ ᠪᠠᠷ ᠠᠳᠬᠤᠵᠤ᠂ ᠬᠠᠷᠢᠯᠴᠠᠨ ᠠᠬᠢᠭᠤᠯᠵᠤ ᠬᠠᠷᠢᠯᠴᠠᠨ | ᠳᠠᠪᠰᠢᠬᠤ ᠦᠢᠯᠡᠳᠦᠯ ᠢ ᠪᠦᠷᠢᠯᠳᠦᠭᠦᠯᠪᠡ᠃ ︽ᠶᠣᠰᠣ ᠰᠤᠷᠲᠠᠬᠤᠨ ᠤ ᠬᠥᠮᠦᠵᠢᠯ ᠤᠨ ᠲᠠᠪᠴᠠᠩ︾᠂ ︽ᠠᠨᠠᠷ ᠤᠨ | ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ ᠤᠨ ᠲᠠᠩᠬᠢᠮ︾᠂ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠶᠢᠯᠤᠮᠵᠢ︾ ᠶᠢ | ᠰᠠᠶᠢᠲᠤᠷ ᠠᠰᠢᠭᠯᠠᠵᠤ᠂ ᠪᠦᠬᠦ ᠬᠤᠲᠠ ᠶᠢᠨ ᠬᠡᠦᠬᠡᠳ ᠤᠨ ᠴᠡᠴᠡᠷᠯᠢᠭ ᠲᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠤᠷᠠᠨ ᠵᠢᠷᠤᠭ 6688 ᠢᠵᠢ᠂ ᠪᠠᠭ᠎ᠠ | ᠰᠤᠷᠭᠠᠭᠤᠯᠢ ᠳᠤ 4087 ᠢᠵᠢ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠬᠥᠮᠦᠵᠢᠯ ᠢ ︽ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ | ᠣᠷᠣᠭᠤᠯᠬᠤ᠂ ᠲᠠᠷᠢᠬᠢ ᠲᠣᠯᠣᠭᠠᠢ ᠳᠤ ᠨᠢ ᠣᠷᠣᠭᠤᠯᠬᠤ︾ ᠶᠢ ᠠᠬᠢᠭᠤᠯᠵᠤ᠂ ᠦᠯᠢᠭᠡᠷ ᠶᠠᠷᠢᠬᠤ ᠠᠷᠭ᠎ᠠ ᠪᠠᠷ | ᠶᠣᠰᠣ ᠤᠴᠢᠷ ᠢ ᠭᠦᠨᠵᠡᠭᠡᠢ ᠶᠠᠷᠢᠵᠤ᠂ ᠨᠡᠪᠲᠡᠷᠬᠡᠢ ᠶᠠᠷᠢᠵᠤ᠂ ᠠᠮᠢᠳᠤᠯᠢᠭ ᠶᠠᠷᠢᠪᠠ᠃ | ᠵᠡᠪᠰᠡᠭ ᠤᠨ ᠡᠷᠳᠡᠮ᠂ ᠰᠢ ᠳᠠᠭᠤᠷᠢᠯᠢᠭ᠂ ᠮᠢᠭᠮᠡᠨ ᠰᠢᠲᠠᠷ᠎ᠠ᠂ ᠤᠷᠠᠨ ᠪᠢᠴᠢᠯᠭᠡ᠂ ᠰᠣᠩᠭᠤᠳᠠᠭ ᠰᠣᠶᠤᠯ ᠵᠡᠷᠭᠡ | ᠰᠤᠷᠭᠠᠭᠤᠯᠢ ᠶᠢᠨ ᠬᠢᠴᠢᠶᠡᠯ ᠢ ᠨᠡᠭᠡᠭᠡᠬᠦ ᠪᠠᠷ ᠳᠠᠮᠵᠢᠭᠤᠯᠤᠨ᠂ ᠰᠤᠷᠤᠭᠴᠢᠳ ᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠪᠠᠷ ᠬᠥᠮᠦᠵᠢᠭᠦᠯᠵᠦ᠂ ᠰᠣᠶᠣᠯ ᠤᠨ ᠤᠬᠠᠮᠰᠠᠷ ᠪᠠ ᠰᠣᠶᠣᠯ ᠤᠨ | ᠢᠲᠡᠭᠡᠯ ᠢ ᠨᠡᠮᠡᠭᠳᠡᠭᠦᠯᠦᠨ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ | ᠰᠠᠨᠠᠭ᠎ᠠ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠪᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ | ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠢ ᠴᠢᠳᠠᠪᠤᠷᠢᠲᠠᠨ ᠬᠥᠮᠦᠵᠢᠭᠦᠯᠬᠦ ᠪᠦᠬᠦ ᠶᠠᠪᠤᠴᠠ ᠳᠤ | ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠱᠠᠲᠤ ᠶᠢ ᠨᠡᠪᠲᠡᠷᠡᠭᠦᠯᠦᠨ᠂ ᠭᠡᠷ ᠪᠦᠯᠢ᠂ | ᠰᠤᠷᠭᠠᠭᠤᠯᠢ᠂ ᠨᠡᠶᠢᠭᠡᠮ ᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠰᠤᠷᠤᠭᠴᠢᠳ ᠲᠤ ᠳᠤᠮᠳᠠᠳᠤ ᠶᠢᠨ | ᠦᠨᠳᠦᠰᠦᠲᠡᠨ ᠤ ᠣᠯᠠᠨ ᠡᠰᠢᠵᠢᠭᠦᠯᠦᠭᠰᠡᠨ ᠰᠣᠶᠣᠯ ᠪᠠ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ | ᠨᠡᠩ ᠭᠦᠨᠵᠡᠭᠡᠢ ᠣᠶᠢᠯᠠᠭᠠᠭᠤᠯᠵᠤ᠂ ᠰᠤᠷᠤᠭᠴᠢᠳ ᠤᠨ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ ᠡᠬᠡ | ᠣᠷᠣᠨᠴᠢ ᠰᠡᠳᠬᠢᠯᠭᠡ ᠶᠢ ᠬᠥᠭᠵᠢᠭᠡᠪᠡ᠃ ᠣᠳᠣ᠂ ᠪᠦᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ︵ᠰᠤᠷᠭᠠᠭᠤᠯᠢ︶ 1᠂ ᠳᠤᠮᠳᠠᠳᠤ | ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠠᠭᠤᠷᠢᠶᠠᠯ ᠦᠵᠡᠭᠦᠯᠬᠦ ᠰᠤᠷᠭᠠᠭᠤᠯᠢ 2 ᠢ | ᠪᠠᠶᠢᠭᠤᠯᠪᠠ᠃ | | | |