2035 ᠣᠨ ᠪᠣᠯᠲᠠᠯ᠎ᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ | ᠨᠠᠮ ᠤᠨ ᠲᠥᠪ ᠬᠤᠷᠢᠶ᠎ᠠ ᠠᠴᠠ ᠳᠤᠷᠠᠳᠤᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ | ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ︾ ᠭᠡᠵᠦ ᠲᠣᠳᠣᠷᠬᠠᠢ | ᠳᠤᠷᠠᠳᠴᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠨ ᠮᠠᠨᠳᠤᠭᠤᠯᠬᠤ ᠠᠭᠤᠤ | ᠦᠢᠯᠡᠰ ᠲᠠᠬᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠲᠤᠪᠤᠶᠢᠯᠭᠠᠪᠠ᠃ ᠲᠤᠰ ᠡᠳᠦᠷ ᠠᠴᠠ | ᠡᠬᠢᠯᠡᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ | ᠰᠢᠷᠭᠠᠭᠤ ᠬᠠᠲᠠᠭᠤᠵᠢᠯᠲᠠᠢ ᠡᠷᠡᠮᠡᠬᠡᠶᠢᠯᠡᠨ ᠤᠷᠤᠭᠰᠢᠯᠠᠵᠤ ᠰᠤᠷᠭᠠᠨ ᠬᠥᠮᠥᠵᠢᠯ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠰᠤᠭᠠᠢ︾ ᠭᠡᠬᠦ ᠳᠠᠪᠴᠠᠩ ᠭᠠᠷᠭᠠᠵᠤ᠂ ᠪᠦᠬᠦ | ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠶᠡᠭᠡ ᠪᠠᠷ | ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠶᠢ | ᠳᠡᠯᠭᠡᠨ ᠦᠵᠡᠭᠦᠯᠵᠦ᠂ ᠥᠷᠭᠡᠨ ᠣᠯᠠᠨ ᠺᠠᠳ᠋ᠷ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | | | | | | ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ ᠪᠠᠷ ᠪᠤᠭᠤᠲᠤ | ᠬᠤᠲᠠ ᠶᠢᠨ ᠬᠢᠨ ᠬᠦᠴᠦ ᠪᠠᠨ ᠬᠠᠮᠲᠤᠳᠬᠠᠨ ᠤᠷᠤᠭᠰᠢᠯᠠᠨᠠᠮ | | 2023 ᠣᠨ ᠳᠤ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠤᠷᠭᠠᠨ | ᠬᠥᠮᠦᠵᠢᠯ ᠤᠨ ᠥᠨᠳᠦᠷᠯᠢᠭ ᠢ ᠪᠦᠬᠦ ᠲᠠᠯ᠎ᠠ ᠪᠠᠷ ᠪᠠᠶᠢᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ | ᠥᠳᠲᠡᠷ ᠲᠦᠷᠭᠡᠨ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ | ᠰᠤᠷᠭᠠᠨ ᠬᠥᠮᠦᠵᠢᠯ ᠤᠨ ᠠᠵᠢᠯ ᠢ ᠤᠷᠢᠳ ᠡᠮᠦᠨ᠎ᠡ ᠭᠠᠷᠤᠭ᠎ᠠ ᠦᠭᠡᠢ ᠴᠢᠬᠤᠯᠠ ᠪᠠᠶᠢᠷᠢᠨ ᠳᠤ ᠲᠠᠯᠪᠢᠵᠤ᠂ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠳᠤ | ᠠᠩᠬᠠᠷᠤᠯ ᠢᠶᠠᠨ ᠬᠠᠨᠳᠤᠭᠤᠯᠤᠨ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ | ᠬᠠᠷᠠᠯᠲᠠ ᠶᠢ ᠲᠣᠳᠣᠷᠬᠠᠶᠢᠯᠠᠵᠤ᠂ ᠵᠢᠷᠤᠭ ᠲᠥᠰᠦᠪ ᠢ ᠰᠠᠶᠢᠲᠤᠷ ᠵᠢᠷᠤᠭᠯᠠᠪᠠ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠪᠡᠶᠡᠯᠡᠭᠦᠯᠵᠦ᠂ ᠰᠤᠷᠭᠠᠨ | ᠬᠥᠮᠦᠵᠢᠯ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠪᠠ᠃ ᠨᠢᠭᠡ ᠵᠢᠯ ᠤᠨ ᠲᠤᠷᠰᠢ᠂ ᠪᠦᠬᠦ | ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢᠨ᠎ᠡ ᠶᠢ ᠡᠭᠦᠳᠬᠦ ᠠᠪᠢᠶᠠᠰ ᠪᠢᠯᠢᠭ ᠢᠶᠠᠨ ᠲᠠᠰᠤᠷᠠᠯᠲᠠ | ᠥᠬᠡᠶ ᠪᠠᠳᠠᠷᠠᠭᠤᠯᠵᠤ᠂ ᠴᠢᠨᠠᠷᠯᠢᠭ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ᠂ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠴᠢᠳᠠᠪᠤᠷᠢᠲᠠᠨ | ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ | ᠠᠭᠤᠰᠤᠯᠴᠠᠭ᠎ᠠ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠬᠦ ᠬᠤᠲᠠ ᠶᠢᠨ ᠰᠤᠷᠭᠠᠨ | ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠠᠷᠠᠳ ᠣᠯᠠᠨ ᠳᠤ ᠨᠡᠩ ᠲᠥᠪ ᠭᠤᠣᠯᠴᠢ᠂ | ᠨᠡᠩ ᠰᠢᠯᠢᠳᠡᠭ ᠰᠠᠶᠢᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠪᠠ᠃ | ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠢᠲᠡᠭᠡᠯ | ᠪᠢᠰᠢᠷᠡᠯ ᠤᠨ ᠰᠠᠭᠤᠷᠢ ᠶᠢ ᠪᠠᠲᠤᠳᠬᠠᠪᠠ | ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠤᠭᠰᠠᠨ ᠠᠴᠠ ᠨᠠᠭᠠᠰᠢ᠂ ᠪᠤᠭᠤᠲᠤ ᠬᠤᠲᠠ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠥᠷᠨᠢᠭᠦᠯᠵᠦ᠂ | ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ | ᠪᠠᠶᠢᠭᠤᠯᠤᠯᠲᠠ ᠶᠢ ᠠᠬᠢᠭᠤᠯᠬᠤ ᠶᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠴᠢᠬᠤᠯᠠ ᠭᠠᠷᠳᠠᠴᠠ | ᠪᠣᠯᠭᠠᠪᠠ᠃ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠤᠯᠪᠣᠭᠠᠲᠤ ᠴᠣᠭᠴᠠ 8 ᠶᠢ | ᠵᠣᠬᠢᠶᠠᠨ ᠪᠠᠶᠢᠭᠤᠯᠵᠤ᠂ 525 ᠰᠢᠯᠢᠳᠡᠭ ᠬᠡᠷᠡᠭ ᠤᠨ ᠵᠢᠱᠢᠶ᠎ᠡ ᠶᠢ ᠬᠠᠮᠤᠷᠤᠭᠰᠠᠨ ᠦᠵᠡᠯ ᠰᠠᠨᠠᠭ᠎ᠠ ᠤᠯᠤᠰ | ᠲᠥᠷᠥ ᠶᠢᠨ ᠰᠢᠯᠢᠳᠡᠭ ᠪᠦᠲᠦᠭᠡᠭᠳᠡᠬᠦᠨ ᠤ ᠬᠥᠮᠥᠷᠭᠡ ᠶᠢ ᠪᠠᠶᠢᠭᠤᠯᠤᠨ᠂ 50 ᠰᠢᠯᠢᠳᠡᠭ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ᠂ ᠥᠭᠦᠯᠡᠯ᠂ ᠬᠢᠴᠢᠶᠡᠯ ᠤᠨ ᠵᠢᠱᠢᠶ᠎ᠡ ᠶᠢ ᠪᠠᠭᠲᠠᠭᠠᠭᠰᠠᠨ ᠨᠢᠭᠡ ᠴᠣᠭᠴᠠᠵᠢᠭᠤᠯᠤᠭᠰᠠᠨ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠠᠪᠴᠠᠩ ᠢ ᠪᠠᠶᠢᠭᠤᠯᠵᠤ᠂ ᠪᠠᠭᠰᠢ ᠨᠠᠷ ᠲᠤ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠲᠠᠶᠢᠯᠪᠤᠷᠢᠯᠠᠬᠤ ᠡᠯᠪᠡᠭ ᠪᠠᠶᠠᠯᠢᠭ ᠬᠢᠴᠢᠶᠡᠯ ᠤᠨ ᠡᠬᠢ | ᠪᠠᠶᠠᠯᠢᠭ ᠢ ᠨᠥᠭᠡᠴᠡᠯᠡᠭᠰᠡᠨ ᠪᠠᠶᠢᠨ᠎ᠠ᠃ | ︽ᠪᠢᠳᠡ ᠡᠬᠡ ᠣᠷᠣᠨᠴᠢ ᠦᠵᠡᠯ ᠰᠠᠨᠠᠭ᠎ᠠ ᠶᠢ ᠪᠣᠢ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠠᠯᠤᠰ ᠬᠡᠳᠦ ᠶᠢᠨ ᠵᠣᠷᠢᠯᠲᠠ ᠶᠢ ᠪᠣᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠲᠡᠷᠭᠡᠯᠰᠢᠭᠦᠯᠬᠦ ᠳᠤ ᠯᠠᠪᠳᠠᠭᠤᠨ ᠪᠠᠲᠤᠲᠠᠢ ᠪᠠᠷ ᠬᠦᠴᠦᠨ | ᠴᠢᠳᠠᠯ ᠢᠶᠠᠨ ᠡᠷᠭᠦᠨ᠎ᠡ ᠁︾ ᠴᠢᠩ ᠱᠠᠨ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠰᠤᠳᠤᠯᠭᠠᠨ ᠤ ᠲᠥᠪ ᠤᠨ ᠵᠣᠬᠢᠶᠠᠨ ᠪᠠᠶᠢᠭᠤᠯᠤᠭᠰᠠᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠱᠠᠲᠤᠨ ᠤ ᠲᠣᠭᠤᠷᠢᠨ ᠦᠵᠡᠵᠦ | ᠳᠡᠯᠭᠡᠨ ᠦᠵᠡᠭᠦᠯᠬᠦ ᠬᠢᠴᠢᠶᠡᠯ ᠳᠡᠭᠡᠷ᠎ᠡ᠂ ᠪᠤᠭᠤᠲᠤ ᠬᠤᠲᠠ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠠᠩ ᠬᠠᠢ ᠶᠠᠨ ᠰᠡᠳᠬᠢᠬᠦᠢ ᠶᠢᠨ ᠤᠳᠤᠷᠢᠳᠤᠮᠵᠢ ᠵᠢᠷᠤᠭ᠂ | ᠦᠯᠢᠭᠡᠷ ᠶᠠᠷᠢᠬᠤ᠂ ᠸᠢᠳᠢᠣ᠋ ᠪᠠᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠰᠤᠷᠤᠭᠴᠢᠳ ᠲᠠᠢ ᠦᠢᠯᠡᠳᠦᠯᠴᠡᠬᠦ | ᠬᠢᠴᠢᠶᠡᠯ ᠣᠷᠣᠵᠤ᠂ ᠪᠠᠭᠰᠢ ᠰᠤᠷᠤᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃ | ᠡᠶᠢᠮᠦᠷᠬᠦᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠵᠢᠭᠠᠨ | ᠰᠤᠷᠭᠠᠯᠲᠠ ᠶᠢᠨ ᠳᠤᠷᠰᠢᠯᠭ᠎ᠠ ᠰᠣᠯᠢᠯᠴᠠᠬᠤ ᠦᠵᠡᠭᠦᠯᠭᠡ ᠪᠤᠭᠤᠲᠤ ᠬᠤᠲᠠ ᠳᠤ ᠨᠢᠭᠡᠨᠲᠡ ᠪᠠᠶᠢᠩᠭᠤᠵᠢᠪᠠ᠃ | ᠣᠶᠢᠷ᠎ᠠ ᠶᠢᠨ ᠵᠢᠯ᠂ ᠪᠤᠭᠤᠲᠤ ᠬᠤᠲᠠ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠣᠳᠣ ᠪᠣᠯᠲᠠᠯ᠎ᠠ᠂ ᠪᠦᠬᠦ ᠬᠤᠲᠠ ᠳᠤ ᠦᠵᠡᠯ ᠰᠠᠨᠠᠭ᠎ᠠ | ᠤᠯᠤᠰ ᠲᠥᠷᠥ ᠶᠢᠨ ᠪᠠᠭᠰᠢ 3170 ᠬᠥᠮᠦᠨ ︵ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠪᠠᠭᠰᠢ 332 | ᠬᠥᠮᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠪᠠᠭᠰᠢ 990 ᠬᠥᠮᠦᠨ᠂ ᠳᠤᠮᠳᠠᠳᠤ ᠪᠠᠭ᠎ᠠ | ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠪᠠᠭᠰᠢ 1848 ᠬᠥᠮᠦᠨ︶ ᠪᠠᠶᠢᠵᠤ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠶᠡᠭᠡ ᠰᠤᠷᠭᠠᠭᠤᠯᠢ ᠨᠢᠭᠡᠨᠲᠡ | ᠱᠠᠭᠠᠷᠳᠠᠯᠭ᠎ᠠ ᠶᠣᠰᠣᠭᠠᠷ ᠦᠵᠡᠯ ᠰᠠᠨᠠᠭ᠎ᠠ ᠤᠯᠤᠰ ᠲᠥᠷᠥ ᠶᠢᠨ ᠳᠤᠰᠬᠠᠢ ᠪᠠᠭᠰᠢ ᠶᠢ ᠪᠦᠷᠢᠨ ᠭᠦᠢᠴᠡᠳ | ᠳᠣᠭᠢᠷᠠᠭᠤᠯᠪᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠵᠢᠭᠠᠨ ᠰᠤᠷᠭᠠᠯᠲᠠ ᠶᠢᠨ | ᠴᠢᠳᠠᠪᠤᠷᠢ ᠶᠢᠨ ᠤᠷᠤᠯᠳᠤᠭᠠᠨ᠂ ᠰᠢᠯᠢᠳᠡᠭ ᠵᠢᠭᠠᠨ ᠰᠤᠷᠭᠠᠯᠲᠠ ᠶᠢᠨ ᠲᠥᠰᠦᠯ ᠢ ᠰᠢᠯᠭᠠᠷᠠᠭᠤᠯᠬᠤ ᠵᠡᠷᠭᠡ | ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠨᠡᠷᠡᠲᠦ ᠪᠠᠭᠰᠢ ᠶᠢᠨ | ᠠᠵᠢᠯ ᠤᠨ ᠭᠠᠵᠠᠷ ᠢ ᠪᠠᠶᠢᠭᠤᠯᠵᠤ᠂ ᠭᠤᠣᠯᠯᠠᠭᠴᠢ ᠪᠠᠭᠰᠢ ᠶᠢᠨ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠂ ᠨᠡᠩ ᠣᠯᠠᠨ ᠪᠠᠭᠰᠢ ᠦᠰᠦᠨ ᠪᠤᠶᠢᠵᠢᠵᠤ ᠳᠠᠪᠰᠢᠪᠠ᠃ ᠡᠯ᠎ᠡ ᠲᠠᠯ᠎ᠠ ᠶᠢᠨ ᠪᠠᠭᠰᠢ ᠶᠢᠨ | ᠬᠦᠴᠦᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ︽ᠤᠯᠤᠰ ᠲᠥᠷᠥ ᠡᠷᠡᠰ ᠴᠢᠩᠭ᠎ᠠ᠂ ᠬᠠᠶᠢᠷ᠎ᠠ | ᠰᠡᠳᠬᠢᠯᠭᠡ ᠭᠦᠨ ᠵᠤᠵᠠᠭᠠᠨ᠂ ᠰᠡᠳᠬᠢᠮᠵᠢ ᠰᠢᠨ᠎ᠡ᠂ ᠬᠠᠷᠠᠭᠠᠰᠤ ᠥᠷᠭᠡᠨ᠂ ᠪᠡᠶ᠎ᠡ ᠪᠠᠨ ᠴᠢᠩᠭ᠎ᠠ ᠱᠠᠭᠠᠷᠳᠠᠳᠠᠭ᠂ ᠵᠠᠩ | ᠴᠢᠨᠠᠷ ᠲᠥᠪ ᠴᠢᠬᠡᠴᠢ︾ ᠥᠨᠳᠥᠷ ᠬᠡᠪ ᠪᠣᠯᠪᠠᠰᠤᠷᠠᠯ ᠲᠠᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠪᠠ᠃ | | | | | ᠪᠤᠭᠤᠲᠤ ᠬᠤᠲᠠ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠠᠩ ᠬᠠᠢ ᠶᠠᠨ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠦᠢᠯᠡᠳᠦᠯᠴᠡᠬᠦ ᠬᠢᠴᠢᠶᠡᠯ ᠣᠷᠣᠪᠠ | | ᠪᠤᠭᠤᠲᠤ ᠬᠤᠲᠠ ᠪᠠᠰᠠ ᠦᠵᠡᠯ ᠰᠠᠨᠠᠭ᠎ᠠ ᠤᠯᠤᠰ ᠲᠥᠷᠥ ᠶᠢᠨ ᠦᠢᠯᠡᠳᠦᠯᠭᠡ ᠶᠢᠨ ᠵᠢᠭᠠᠨ | ᠰᠤᠷᠭᠠᠯᠲᠠ ᠶᠢᠨ ᠬᠢᠴᠢᠶᠡᠯ ᠢ ᠢᠳᠡᠪᠬᠢᠲᠡᠢ ᠥᠷᠭᠡᠳᠬᠡᠵᠦ᠂ ᠬᠤᠲᠠ ᠶᠢᠨ ᠱᠠᠲᠤᠨ ᠤ ᠪᠠᠭᠠᠴᠤᠳ ᠤᠨ ᠬᠤᠰᠢᠭᠤᠴᠢ | ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ 61᠂ | ᠬᠤᠲᠠ ᠶᠢᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ︵ᠴᠡᠭ︶ 32 ᠢ ᠪᠠᠶᠢᠭᠤᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ︽ᠪᠦᠬᠦ ᠣᠷᠣᠨ ᠤ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠳᠠᠭᠤᠷᠢᠶᠠᠮᠠᠯ ᠦᠨᠡᠨ ᠵᠢᠭᠠᠨ ᠰᠤᠷᠭᠠᠯᠲᠠ ᠶᠢᠨ ᠲᠥᠪ︾ ᠢ ᠪᠠᠶᠢᠭᠤᠯᠵᠤ᠂ ᠬᠤᠲᠠ ᠶᠢᠨ ᠳᠠᠩᠰᠠ | ᠡᠪᠬᠡᠮᠡᠯ ᠤᠨ ᠣᠷᠳᠣᠨ᠂ ᠪᠤᠭᠤᠲᠤ ᠶᠢᠨ ᠤᠯᠠᠭᠠᠨ ᠵᠡᠭᠡᠯᠢ ᠵᠡᠷᠭᠡ ᠪᠠᠶᠢᠷᠢ ᠲᠠᠯᠠᠪᠤᠷ ᠲᠤ ︽ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ︾ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠳᠤᠯᠭᠠᠨ ᠤ ᠠᠵᠢᠯᠯᠠᠭ᠎ᠠ ᠶᠢ | ᠥᠷᠨᠢᠭᠦᠯᠬᠦ ᠳᠤ ᠪᠠᠶᠢᠷᠢ ᠲᠠᠯᠠᠪᠤᠷ ᠨᠥᠬᠦᠴᠡᠯ ᠡᠭᠦᠳᠴᠦ ᠥᠭᠪᠡ᠃ ᠦᠵᠡᠯ ᠰᠠᠨᠠᠭ᠎ᠠ ᠤᠯᠤᠰ ᠲᠥᠷᠥ ᠶᠢᠨ | ᠦᠢᠯᠡᠳᠦᠯᠭᠡ ᠶᠢᠨ ᠵᠢᠭᠠᠨ ᠰᠤᠷᠭᠠᠯᠲᠠ ᠶᠢ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ | ᠬᠢᠴᠢᠶᠡᠯ ᠳᠤ ᠣᠷᠣᠭᠤᠯᠵᠤ᠂ ᠪᠤᠭᠤᠲᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠭᠡᠮ ᠤᠨ | ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠲᠥᠪ ᠲᠤ ︽ᠪᠤᠭᠤᠲᠤ ᠬᠤᠲᠠ ᠶᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠤᠨ ᠰᠤᠷᠤᠯᠴᠠᠬᠤ | ᠦᠢᠯᠡᠳᠦᠯᠭᠡ ᠶᠢᠨ ᠰᠠᠭᠤᠷᠢᠨ ᠭᠠᠵᠠᠷ︾ ᠢ ᠪᠠᠶᠢᠭᠤᠯᠪᠠ᠃ 2023 ᠣᠨ ᠳᠤ᠂ ᠪᠤᠭᠤᠲᠤ ᠬᠤᠲᠠ ᠰᠤᠷᠭᠠᠨ | ᠬᠥᠮᠦᠵᠢᠯ ᠤᠨ ᠶᠠᠮᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ | ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ | ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠢ ᠶᠢᠨ ᠡᠩᠨᠡᠭᠡᠨ ᠳᠤ ᠵᠢᠭᠰᠠᠭᠠᠭᠳᠠᠪᠠ᠃ | ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠵᠤ᠂ ᠴᠠᠭ ᠦᠶ᠎ᠡ ᠶᠢᠨ ᠪᠠᠭᠠᠴᠤᠤᠯ ᠢ ᠬᠥᠮᠥᠵᠢᠭᠦᠯᠪᠡ | ᠥᠩᠭᠡᠷᠡᠭᠰᠡᠨ ᠨᠢᠭᠡ ᠵᠢᠯ ᠪᠣᠯ ᠪᠤᠭᠤᠲᠤ ᠬᠤᠲᠠ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠥᠰᠦᠨ ᠪᠣᠶᠢᠵᠢᠭᠰᠠᠨ ᠨᠢᠭᠡ ᠵᠢᠯ᠂ ᠴᠢᠩᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠪᠦᠯᠦᠭᠯᠡᠯ ᠪᠠᠶᠢᠭᠤᠯᠤᠭᠳᠠᠭᠰᠠᠨ ᠨᠢ ᠰᠤᠷᠭᠠᠭᠤᠯᠢ ᠳᠤ ᠠᠮᠢᠵᠢᠷᠠᠯ ᠤᠨ ᠬᠦᠴᠦᠨ ᠪᠢᠯᠬᠠᠭᠤᠯᠪᠠ᠃ | ᠴᠢᠩᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠠᠴᠠ ᠰᠣᠩᠭᠤᠨ ᠲᠣᠮᠢᠯᠠᠭᠰᠠᠨ 27 ᠭᠤᠣᠯᠯᠠᠭᠴᠢ | ᠪᠠᠭᠰᠢ ᠪᠤᠭᠤᠲᠤ ᠬᠤᠲᠠ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠨᠢᠭᠡᠳᠦᠭᠡᠷ ᠣᠨ ᠤ ᠪᠠᠭᠰᠢ ᠶᠢᠨ ᠪᠦᠯᠬᠦᠮ ᠢ ᠲᠡᠭᠦᠯᠳᠡᠷᠵᠢᠭᠦᠯᠵᠦ᠂ ᠠᠨᠠᠢ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠨᠠᠢ ᠰᠤᠷᠭᠠᠭᠤᠯᠢ ᠶᠢᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃ | ︽ᠡᠬᠢᠨ ᠳᠤ ᠪᠠᠨ ᠬᠤᠲᠠ ᠶᠢᠨ ᠪᠤᠰᠤᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠣᠴᠢᠵᠤ | ᠰᠤᠷᠤᠯᠴᠠᠶ᠎ᠠ ᠭᠡᠵᠦ ᠪᠣᠳᠣᠵᠤ ᠪᠠᠶᠢᠭᠰᠠᠨ᠂ ᠠᠪᠤ ᠡᠵᠢ ᠴᠢᠩᠱᠠᠨ ᠲᠣᠭᠤᠷᠢᠭ ᠤᠨ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠠᠶᠢᠭᠤᠯᠤᠭᠳᠠᠭᠰᠠᠨ ᠢ ᠰᠣᠨᠣᠰᠤᠭᠠᠳ ᠪᠣᠳᠣᠯ ᠢᠶᠠᠨ | ᠬᠤᠪᠢᠷᠠᠭᠤᠯᠪᠠ︾᠃ 2023 ᠣᠨ ᠳᠤ᠂ ᠵᠠᠩ ᠢᠦᠢ ᠰᠢᠤᠸᠠᠨ ᠴᠤᠤᠶᠠᠩ ᠵᠠᠮ ᠤᠨ ᠪᠠᠭ᠎ᠠ ᠰᠤᠷᠭᠠᠭᠤᠯᠢ ᠠᠴᠠ | ᠲᠡᠭᠦᠰᠴᠦ᠂ ᠪᠠᠭ᠎ᠠ ᠰᠤᠷᠭᠠᠭᠤᠯᠢ ᠲᠠᠢ ᠵᠠᠰᠠᠮᠠᠯ ᠵᠠᠮ ᠠᠯᠤᠰᠯᠠᠭᠰᠠᠨ ᠪᠤᠭᠤᠲᠤ ᠬᠤᠲᠠ ᠶᠢᠨ ᠬᠤᠷᠢᠨ ᠨᠢᠭᠡᠳᠦᠭᠡᠷ | ᠳᠤᠮᠳᠠᠳᠤ ᠰᠤᠷᠭᠠᠭᠤᠯᠢ ᠳᠤ ᠳᠠᠪᠰᠢᠨ ᠣᠷᠣᠪᠠ᠃ | ︽ᠭᠡᠷ ᠤᠨ ᠡᠭᠦᠳᠡᠨ ᠳᠤ ᠪᠠᠨ ᠡᠶᠢᠮᠦ ᠰᠠᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠷᠲᠡᠭᠰᠡᠨ | ᠮᠠᠨ ᠤ ᠬᠤᠶᠠᠷ ᠬᠡᠦᠬᠡᠳ ᠲᠤᠶᠢᠯ ᠤᠨ ᠠᠵᠠ ᠲᠠᠢ ᠬᠡᠦᠬᠡᠳ︾ ᠭᠡᠪᠡ᠃ ᠵᠠᠩ ᠢᠦᠢ ᠰᠢᠤᠸᠠᠨ ᠳᠡᠭᠦᠦ ᠲᠠᠢ ᠪᠠᠨ | ᠭᠡᠷ ᠤᠨ ᠢᠶᠠᠨ ᠡᠭᠦᠳᠡᠨ ᠳᠤ ᠳᠤᠷᠠᠲᠠᠢ ᠰᠤᠷᠭᠠᠭᠤᠯᠢ ᠳᠤ ᠪᠠᠨ ᠣᠷᠣᠵᠤ᠂ ᠠᠪᠤ ᠡᠵᠢ ᠶᠢᠨ ᠬᠢᠨᠢ ᠰᠤᠷᠭᠠᠨ | ᠬᠥᠮᠦᠵᠢᠯ ᠤᠨ ᠲᠤᠬᠠᠢ ᠰᠠᠶᠢᠨ ᠰᠠᠶᠢᠬᠠᠨ ᠬᠦᠰᠡᠯ ᠪᠡᠶᠡᠯᠡᠭᠳᠡᠪᠡ᠃ | 2021 ᠣᠨ ᠳᠤ᠂ ᠪᠤᠭᠤᠲᠤ ᠬᠤᠲᠠ ︽ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ | ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ︵2021 | - 2025 ᠣᠨ︶︾ ᠢ ᠨᠡᠶᠢᠲᠡᠯᠡᠵᠦ᠂ ᠰᠠᠨᠠᠯ ᠢ ᠬᠡᠷᠡᠭᠵᠢᠭᠦᠯᠦᠭᠰᠡᠨ ᠠᠴᠠ ᠨᠠᠭᠠᠰᠢ᠂ ᠰᠤᠷᠭᠠᠭᠤᠯᠢ ᠡᠷᠬᠢᠯᠡᠬᠦ | ᠪᠦᠯᠦᠭᠯᠡᠯ 22 ᠢ ᠪᠠᠶᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠬᠠᠷᠢᠯᠴᠠᠨ ᠬᠠᠪᠰᠤᠷᠬᠤ ᠬᠠᠮᠲᠤ ᠶᠢᠨ ᠴᠣᠭᠴᠠ 72᠂ ᠪᠦᠷᠢᠯᠳᠦᠬᠦᠨ ᠰᠤᠷᠭᠠᠭᠤᠯᠢ 200 ᠶᠢ | ᠪᠠᠶᠢᠭᠤᠯᠤᠨ᠂ 10 ᠲᠦᠮᠡ ᠭᠠᠷᠤᠢ ᠰᠤᠷᠤᠭᠴᠢᠳ ᠲᠤ ᠠᠰᠢᠭ ᠬᠦᠷᠲᠡᠭᠡᠵᠦ᠂ ᠴᠢᠨᠠᠷᠯᠢᠭ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠨ ᠪᠦᠰᠡ᠂ ᠬᠤᠲᠠ | ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠲᠠᠰᠤᠷᠠᠯᠲᠠ ᠥᠬᠡᠶ ᠪᠠᠭᠠᠰᠬᠠᠪᠠ᠃ ᠣᠯᠠᠨ ᠰᠤᠷᠭᠠᠭᠤᠯᠢ | ᠬᠠᠮᠵᠢᠯᠴᠠᠬᠤ᠂ ᠣᠷᠣᠨ ᠪᠦᠰᠡ ᠶᠢᠨ ᠬᠢᠨ ᠪᠦᠯᠬᠦᠮ ᠪᠠᠶᠢᠭᠤᠯᠬᠤ᠂ ᠰᠤᠷᠤᠭᠴᠢ ᠬᠤᠯᠪᠣᠭ᠎ᠠ ᠪᠠᠶᠢᠭᠤᠯᠬᠤ᠂ | ᠰᠤᠷᠤᠯᠭ᠎ᠠ ᠶᠢᠨ ᠱᠠᠲᠤ ᠠᠯᠤᠰᠯᠠᠨ ᠬᠤᠯᠪᠣᠭᠠᠯᠠᠬᠤ᠂ ᠨᠠᠶᠢᠳᠠᠨ ᠬᠠᠮᠢᠶᠠᠷᠤᠭᠤᠯᠬᠤ᠂ ᠣᠯᠠᠨ ᠬᠠᠤᠯᠢ ᠶᠢᠨ ᠡᠷᠬᠡᠲᠦ | ᠬᠥᠮᠦᠨ ᠬᠤᠷᠰᠢᠶᠠᠯᠠᠬᠤ᠂ ᠭᠠᠭᠴᠠ ᠬᠠᠤᠯᠢ ᠶᠢᠨ ᠡᠷᠬᠡᠲᠦ ᠬᠥᠮᠦᠨ ᠣᠯᠠᠨ ᠰᠤᠷᠭᠠᠭᠤᠯᠢ ᠶᠢᠨ ᠲᠣᠭᠤᠷᠢᠭ᠂ ᠶᠢᠰᠦᠨ | ᠵᠢᠯ ᠤᠨ ᠳᠦᠷᠢᠮᠲᠦ ᠰᠤᠷᠭᠠᠭᠤᠯᠢ᠂ ᠠᠷᠪᠠᠨ ᠬᠤᠶᠠᠷ ᠵᠢᠯ ᠢ ᠨᠢᠭᠡ ᠴᠣᠭᠴᠠᠵᠢᠭᠤᠯᠬᠤ ᠳᠦᠷᠢᠮ ᠵᠡᠷᠭᠡ ᠣᠯᠠᠨ | ᠵᠦᠢᠯ ᠤᠨ ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠵᠠᠭᠪᠤᠷ ᠢᠶᠠᠷ ᠦᠨᠳᠦᠰᠦᠨ ᠠᠷᠭ᠎ᠠ ᠵᠠᠮ ᠪᠣᠯᠭᠠᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠥᠯᠦᠭᠵᠢᠭᠦᠯᠦᠨ ᠬᠥᠮᠥᠵᠢᠭᠦᠯᠬᠦ ᠶᠢ ᠠᠬᠢᠭᠤᠯᠤᠨ᠂ ᠪᠠᠭᠤᠷᠠᠢ ᠰᠤᠷᠭᠠᠭᠤᠯᠢ ᠶᠢ | ᠴᠢᠨᠠᠷᠯᠢᠭ ᠣᠨᠴᠠᠯᠢᠭᠲᠤ ᠰᠤᠷᠭᠠᠭᠤᠯᠢ ᠪᠣᠯᠭᠠᠨ ᠬᠤᠪᠢᠷᠠᠭᠤᠯᠬᠤ ᠶᠢ ᠠᠬᠢᠭᠤᠯᠪᠠ᠃ | | | | | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠱᠢ ᠵᠢᠢ ᠰᠤᠷᠭᠠᠨ | ᠬᠥᠮᠦᠵᠢᠯ ᠤᠨ ᠪᠦᠯᠦᠭᠯᠡᠯ ᠢ ᠪᠠᠶᠢᠭᠤᠯᠬᠤ ᠡᠬᠢᠯᠡᠯᠲᠡ ᠶᠢᠨ ᠶᠣᠰᠣᠯᠠᠯ | | | ᠡᠭᠦᠨ ᠠᠴᠠ ᠭᠠᠳᠠᠨ᠎ᠠ᠂ ᠪᠤᠭᠤᠲᠤ ᠬᠤᠲᠠ ᠪᠠᠰᠠ ᠲᠤᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ | ᠬᠤᠲᠠ ᠬᠥᠳᠡᠭᠡ ᠶᠢᠨ ᠵᠥᠷᠢᠶ᠎ᠡ ᠶᠢ ᠪᠠᠭᠠᠰᠬᠠᠨ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠬᠤᠷᠰᠢᠶᠠᠯᠠᠨ ᠬᠥᠭᠵᠢᠬᠦ ᠶᠢ ᠠᠬᠢᠭᠤᠯᠬᠤ | ᠵᠢᠯᠣᠭᠤᠳᠬᠤ ᠰᠠᠨᠠᠯ︾ ᠢ ᠨᠡᠶᠢᠲᠡᠯᠡᠵᠦ᠂ ᠭᠤᠣᠯ ᠬᠤᠲᠠ ᠲᠣᠭᠤᠷᠢᠭ ᠪᠣᠯᠤᠨ ᠮᠠᠯᠵᠢᠬᠤ ᠲᠠᠷᠢᠶᠠᠯᠠᠬᠤ ᠬᠤᠰᠢᠭᠤ | ᠰᠢᠶᠠᠨ ᠲᠣᠭᠤᠷᠢᠭ ᠤᠨ ᠰᠤᠷᠭᠠᠭᠤᠯᠢ ᠬᠤᠷᠰᠢᠶᠠᠯᠠᠨ ᠬᠠᠪᠰᠤᠷᠤᠨ ᠲᠡᠳᠬᠦᠬᠦ ᠲᠣᠭᠲᠠᠴᠠ ᠶᠢ ᠶᠡᠭᠡ ᠪᠠᠷ ᠠᠬᠢᠭᠤᠯᠪᠠ᠃ | ᠤᠷᠢᠳ ᠬᠤᠵᠢᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 5 ᠰᠢᠶᠠᠩ ᠪᠠᠯᠭᠠᠰᠤᠨ ᠤ ᠳᠤᠮᠳᠠᠳᠤ | ᠰᠤᠷᠭᠠᠭᠤᠯᠢ᠂ ᠬᠥᠳᠡᠭᠡ ᠲᠣᠰᠬᠤᠨ ᠤ 16 ᠪᠠᠭ᠎ᠠ ᠰᠤᠷᠭᠠᠭᠤᠯᠢ ᠶᠢ ᠡᠮᠬᠢ ᠵᠢᠷᠤᠮ ᠲᠠᠢ ᠬᠠᠰᠤᠵᠤ ᠨᠡᠶᠢᠯᠡᠭᠦᠯᠪᠡ᠃ | ᠡᠭᠦᠨ ᠤ ᠬᠠᠮᠲᠤ᠂ ᠬᠥᠳᠡᠭᠡ ᠲᠣᠰᠬᠤᠨ ᠤ ᠭᠠᠵᠠᠷ ᠣᠷᠣᠨ ᠪᠣᠯᠤᠨ ᠪᠠᠭᠤᠷᠠᠢ ᠰᠤᠷᠭᠠᠭᠤᠯᠢ ᠳᠠᠬᠢ ᠪᠡᠯᠡ | ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠤᠨ᠂ ᠰᠤᠷᠭᠠᠭᠤᠯᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠣᠳᠣᠬᠢᠴᠢᠯᠠᠭᠰᠠᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠲᠣᠬᠢᠷᠠᠭᠤᠯᠤᠨ᠂ ᠬᠥᠳᠡᠭᠡ | ᠲᠣᠰᠬᠤᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠠᠬᠢᠨ ᠪᠠᠶᠢᠭᠤᠯᠪᠠ᠃ ᠪᠠᠭᠰᠢ ᠶᠢᠨ | ᠠᠵᠢᠯ ᠤᠨ ᠪᠠᠶᠢᠷᠢ ᠰᠣᠯᠢᠯᠴᠠᠬᠤ᠂ ᠰᠤᠷᠭᠠᠨ ᠬᠥᠮᠦᠵᠢᠯ ᠢ ᠬᠥᠳᠡᠭᠡ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠥᠳᠡᠭᠡ ᠲᠣᠰᠬᠤᠨ ᠤ ᠭᠠᠵᠠᠷ ᠣᠷᠣᠨ ᠪᠣᠯᠤᠨ | ᠪᠠᠭᠤᠷᠠᠢ ᠰᠤᠷᠭᠠᠭᠤᠯᠢ ᠲᠡᠶᠢᠰᠢ ᠬᠡᠯᠪᠡᠶᠢᠯᠭᠡᠪᠡ᠃ ᠰᠢᠶᠠᠨ ᠤ ᠬᠡᠪᠴᠢᠶᠡᠨ ᠤ ᠬᠤᠯᠪᠣᠭ᠎ᠠ ᠳᠠᠬᠢ ᠰᠢᠯᠢᠳᠡᠭ ᠳᠤᠮᠳᠠᠳᠤ | ᠪᠠᠭ᠎ᠠ ᠰᠤᠷᠭᠠᠭᠤᠯᠢ ᠶᠢ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠯᠤᠭ᠎ᠠ 100% ᠪᠠᠷ | ᠳ᠋ᠦᠩᠨᠡᠨ ᠬᠠᠷᠭᠤᠭᠤᠯᠬᠤ ᠨᠣᠷᠮ᠎ᠠ ᠶᠢ ᠪᠡᠶᠡᠯᠡᠭᠦᠯᠵᠦ᠂ ᠢᠵᠢᠯ ᠠᠯᠬᠤᠮᠲᠤ ᠵᠢᠭᠠᠨ ᠰᠤᠷᠭᠠᠯᠲᠠ᠂ ᠢᠵᠢᠯ ᠠᠯᠬᠤᠮᠲᠤ | ᠬᠢᠴᠢᠶᠡᠯ᠂ ᠢᠵᠢᠯ ᠠᠯᠬᠤᠮᠲᠤ ᠠᠵᠢᠯᠯᠠᠭ᠎ᠠ᠂ ᠡᠬᠢ ᠪᠠᠶᠠᠯᠢᠭ ᠢ ᠬᠤᠪᠢᠶᠠᠯᠴᠠᠬᠤ᠂ ᠬᠤᠲᠠ ᠬᠥᠳᠡᠭᠡ᠂ ᠣᠷᠣᠨ ᠪᠦᠰᠡ᠂ | ᠰᠤᠷᠭᠠᠭᠤᠯᠢ ᠶᠢᠨ ᠬᠤᠭᠤᠷᠣᠨᠳᠣ ᠪᠠᠨ ᠠᠭᠤᠰᠤᠯᠴᠠᠨ ᠬᠠᠮᠵᠢᠨ ᠬᠥᠭᠵᠢᠭᠦᠯᠬᠦ ᠰᠤᠷᠭᠠᠨ ᠬᠥᠮᠦᠵᠢᠯ ᠤᠨ ᠰᠢᠨ᠎ᠡ | ᠪᠠᠶᠢᠳᠠᠯ ᠢ ᠪᠦᠷᠢᠯᠳᠦᠭᠦᠯᠪᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠭᠪᠤᠷ ᠢ ᠰᠢᠯᠢᠳᠡᠭᠵᠢᠭᠦᠯᠵᠦ᠂ ᠤᠯᠤᠰ ᠢᠶᠠᠨ | ᠬᠦᠴᠦᠷᠬᠡᠭᠵᠢᠭᠦᠯᠬᠦ ᠶᠢ ᠪᠠᠬᠢᠵᠢᠭᠦᠯᠪᠡ | ︽ᠰᠤᠷᠭᠠᠭᠤᠯᠢ ᠲᠡᠭᠦᠰᠪᠡᠯ ᠠᠵᠢᠯ ᠣᠯᠴᠢᠬᠠᠨ᠎ᠠ᠂ ᠲᠡᠷᠡ ᠮᠥᠷᠲᠡᠭᠡᠨ 5000 - 6000 ᠲᠥᠭᠦᠷᠢᠭ ᠤᠨ | ᠴᠠᠯᠢᠩ ᠣᠯᠤᠨ᠎ᠠ᠂ ᠪᠢ ᠲᠤᠬᠠᠢ ᠶᠢᠨ ᠦᠶ᠎ᠡ ᠳᠤ ᠪᠤᠭᠤᠲᠤ ᠶᠢᠨ ᠶᠡᠭᠡ ᠰᠤᠷᠭᠠᠭᠤᠯᠢ ᠳᠤ ᠣᠷᠣᠬᠤ ᠶᠢ | ᠰᠣᠩᠭᠤᠭᠰᠠᠨ ᠢᠶᠠᠨ ᠠᠵᠠ ᠵᠠᠪᠰᠢᠶᠠᠨ ᠭᠡᠵᠦ ᠪᠣᠳᠤᠵᠤ ᠪᠠᠶᠢᠨ᠎ᠠ᠃ ᠲᠡᠷᠡ ᠮᠥᠷᠲᠡᠭᠡᠨ ᠰᠤᠷᠭᠠᠭᠤᠯᠢ ᠬᠠᠨᠳᠤᠯᠭᠠᠲᠠᠢ | ᠰᠤᠷᠤᠯᠴᠠᠭᠤᠯᠤᠨ ᠪᠣᠯᠪᠠᠰᠤᠷᠠᠭᠤᠯᠤᠭᠰᠠᠨ ᠠᠴᠠ ᠪᠢ ᠮᠠᠰᠢ ᠲᠦᠷᠭᠡᠨ ᠢᠶᠠᠷ ᠠᠵᠢᠯ ᠳᠤ ᠪᠠᠨ ᠲᠠᠰᠴᠤ᠂ ᠬᠢᠷᠢ | ᠲᠡᠩᠴᠡᠭᠰᠡᠨ ᠭᠤᠣᠯᠯᠠᠭᠴᠢ ᠠᠵᠢᠯᠲᠠᠨ ᠪᠣᠯᠤᠭᠰᠠᠨ ᠶᠤᠮ︾ ᠭᠡᠪᠡ᠃ ᠢᠦᠢ ᠰᠢᠨ ᠮᠢᠶᠣᠣ ᠪᠣᠯ ᠪᠤᠭᠤᠲᠤ ᠶᠢᠨ | ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠬᠡᠬᠤᠲᠠ ᠨᠤᠲᠤᠭ ᠲᠠᠢ | ᠲᠡᠭᠦᠰᠦᠭᠰᠡᠨ ᠰᠤᠷᠤᠭᠴᠢ᠂ ᠲᠡᠭᠦᠰᠦᠭᠰᠡᠨ ᠤ ᠳᠠᠷᠠᠭ᠎ᠠ ᠰᠢᠨ ᠶᠤᠸᠠᠨ ᠴᠠᠬᠢᠭᠤᠷ ᠤᠨ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠳᠤ ᠠᠵᠢᠯᠯᠠᠨ᠂ ᠺᠣᠮᠫᠠᠨᠢ ᠶᠢᠨ ᠰᠢᠯᠢᠳᠡᠭ ᠰᠠᠶᠢᠨ ᠬᠥᠭᠵᠢᠯᠲᠡ ᠶᠢᠨ ᠪᠠᠶᠢᠳᠠᠯ᠂ ᠲᠡᠭᠦᠨ ᠤ ᠠᠵᠢᠯ | ᠮᠡᠷᠭᠡᠵᠢᠯ ᠤᠨ ᠠᠮᠢᠳᠤᠷᠠᠯ ᠤᠨ ᠵᠠᠮ ᠤᠨ ᠬᠦᠰᠡᠯ ᠢ ᠬᠥᠪᠴᠢᠯᠡᠪᠡ᠃ | ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠰᠤᠷᠤᠭᠴᠢᠳ ᠢᠲᠡᠭᠡᠯ ᠲᠡᠭᠦᠯᠳᠡᠷ ᠣᠮᠤᠭ | ᠵᠣᠷᠢᠭ ᠢᠶᠠᠷ ᠥᠭᠡᠷᠡᠴᠢᠯᠡᠯᠲᠡ ᠶᠢᠨ ᠵᠠᠮ ᠳᠤ ᠠᠯᠬᠤᠨ ᠣᠷᠣᠵᠤ ᠪᠣᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠳᠤ ᠪᠤᠭᠤᠲᠤ ᠬᠤᠲᠠ ᠴᠢᠨᠠᠷᠯᠢᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ | ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ᠂ ᠪᠤᠭᠤᠲᠤ ᠬᠤᠲᠠ ᠣᠷᠣᠨ | ᠨᠤᠲᠤᠭ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠤᠪᠣᠷ ᠰᠢᠷᠣᠢ᠂ | ᠴᠠᠬᠢᠭᠤᠷ ᠲᠠᠯᠠᠰᠲᠤ᠂ ᠣᠳᠣ ᠦᠶ᠎ᠡ ᠶᠢᠨ ᠲᠣᠨᠤᠭᠯᠠᠯ᠂ ᠰᠦᠨ ᠤ ᠦᠢᠯᠡᠰ ᠵᠡᠷᠭᠡ ᠳᠤ ᠬᠤᠯᠪᠤᠭᠳᠠᠬᠤ ᠠᠵᠤ | ᠦᠢᠯᠡᠰ ᠤᠨ ᠳᠡᠭᠡᠳᠦ ᠰᠤᠷᠭᠠᠭᠤᠯᠢ ᠶᠢ 20 ᠭᠠᠷᠤᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠤᠷᠠᠨ ᠳᠠᠷᠬᠠᠨ ᠤ ᠳᠡᠭᠡᠳᠦ ᠰᠤᠷᠭᠠᠭᠤᠯᠢ 2 ᠢ ᠪᠠᠶᠢᠭᠤᠯᠤᠨ᠂ ᠪᠤᠭᠤᠲᠤ ᠬᠤᠲᠠ ᠶᠢᠨ ᠠᠵᠤ ᠦᠢᠯᠡᠰ ᠤᠨ ᠣᠨᠴᠠᠯᠢᠭ | ᠢ ᠦᠨᠳᠦᠰᠦᠯᠡᠨ᠂ ᠮᠠᠰᠢᠨ ᠦᠢᠯᠡᠳᠬᠦ᠂ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ᠂ ᠮᠠᠰᠢᠨ ᠲᠡᠷᠭᠡ | ᠰᠡᠯᠪᠢᠨ ᠵᠠᠰᠠᠬᠤ ᠵᠡᠷᠭᠡ ᠲᠤᠰᠬᠠᠢ ᠮᠡᠷᠭᠡᠵᠢᠯ ᠢ ᠲᠣᠬᠢᠷᠠᠭᠤᠯᠵᠤ᠂ ᠠᠵᠤ ᠠᠬᠤᠶᠢᠯᠠᠯ ᠳᠤ ᠶᠡᠭᠡ ᠬᠡᠮᠵᠢᠶᠡᠨ ᠤ ᠤᠷ᠎ᠠ | ᠴᠢᠳᠠᠪᠤᠷᠢᠲᠤ ᠴᠢᠳᠠᠪᠤᠷᠢᠲᠠᠨ ᠬᠥᠮᠥᠵᠢᠭᠦᠯᠪᠡ᠃ | | | | | ᠮᠠᠰᠢᠨ ᠴᠠᠬᠢᠯᠭᠠᠨ ᠤ ᠰᠤᠷᠭᠠᠭᠤᠯᠢ ᠶᠢᠨ ᠰᠤᠷᠤᠭᠴᠢᠳ ᠤᠷ᠎ᠠ | ᠴᠢᠳᠠᠪᠤᠷᠢ ᠶᠢᠨ ᠤᠷᠤᠯᠳᠤᠭᠠᠨ ᠳᠤ ᠣᠷᠣᠯᠴᠠᠵᠤ ᠪᠠᠶᠢᠭ᠎ᠠ ᠨᠢ | | ᠡᠭᠦᠨ ᠤ ᠬᠠᠮᠲᠤ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠪᠡ᠃ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ | ᠰᠢᠨ᠎ᠡ ᠶᠢ ᠡᠭᠦᠳᠦᠨ᠂ ᠲᠤᠰ ᠭᠠᠵᠠᠷ ᠤᠨ ᠪᠣᠳᠠᠲᠤ ᠪᠠᠶᠢᠳᠠᠯ ᠳᠤ ᠪᠠᠨ ᠰᠠᠭᠤᠷᠢᠯᠠᠵᠤ᠂ ᠠᠵᠤ ᠦᠢᠯᠡᠰ ᠤᠨ ᠬᠡᠷᠡᠭᠴᠡᠭᠡ | ᠪᠣᠯᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ | ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠨᠢᠭᠡ ᠪᠦᠯᠦᠭ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠰᠡᠨ ᠪᠤᠶᠤ | ᠡᠷᠬᠢᠯᠡᠬᠦ ᠶᠢ ᠵᠣᠭᠰᠣᠭᠠᠵᠤ᠂ 43 ᠵᠠᠬᠢᠶᠠᠯᠠᠭ᠎ᠠ ᠶᠢᠨ ᠠᠩᠭᠢ ᠶᠢ ᠰᠢᠨ᠎ᠡ ᠪᠠᠷ ᠨᠡᠮᠡᠨ᠂ ᠵᠠᠬᠢᠶᠠᠯᠠᠭ᠎ᠠ ᠶᠢᠨ ᠠᠩᠭᠢ 150᠂ | ᠵᠠᠬᠢᠶᠠᠯᠠᠭ᠎ᠠ ᠶᠢᠨ ᠠᠩᠭᠢ ᠶᠢᠨ ᠰᠤᠷᠤᠭᠴᠢ 4000 ᠰᠢᠬᠠᠮ ᠪᠣᠯᠪᠠ᠃ ᠪᠣᠬᠢᠷᠲᠤᠯ ᠦᠭᠡᠢ ᠬᠤᠪᠣᠷ ᠰᠢᠷᠣᠢ᠂ ᠲᠠᠯᠠᠰᠲᠤ | ᠴᠠᠬᠢᠭᠤᠷ ᠤᠨ ᠬᠡᠷᠡᠯ ᠴᠡᠨᠡᠭ᠂ ᠣᠳᠣ ᠦᠶ᠎ᠡ ᠶᠢᠨ ᠲᠣᠨᠤᠭᠯᠠᠯ ᠦᠢᠯᠡᠳᠬᠦ ᠬᠤᠲᠠ ᠶᠢᠨ ᠬᠡᠪᠴᠢᠶᠡᠨ ᠤ ᠠᠵᠤ | ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ 3 ᠶᠢ ᠵᠣᠬᠢᠶᠠᠨ ᠪᠠᠶᠢᠭᠤᠯᠪᠠ᠃ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠠᠬᠢᠭᠤᠯᠵᠤ᠂ ᠮᠡᠷᠭᠡᠵᠢᠯ ᠢ ᠰᠤᠳᠤᠯᠤᠨ | ᠨᠡᠭᠡᠭᠡᠬᠦ᠂ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠬᠠᠮᠲᠤᠷᠠᠨ ᠪᠠᠶᠢᠭᠤᠯᠵᠤ᠂ ᠣᠳᠣ ᠦᠶ᠎ᠡ ᠶᠢᠨ ᠱᠠᠪᠢᠯᠠᠬᠤ | ᠳᠦᠷᠢᠮᠲᠦ᠂ ᠵᠠᠬᠢᠶᠠᠯᠠᠭ᠎ᠠ ᠶᠢᠨ ᠮᠠᠶ᠋ᠢᠭ ᠤᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠰᠦᠪᠡᠭᠴᠢᠯᠡᠵᠦ᠂ ᠰᠤᠷᠭᠠᠭᠤᠯᠢ | ᠪᠠ ᠠᠵᠤ ᠠᠬᠤᠶᠢᠯᠠᠯ ᠬᠠᠮᠵᠢᠯᠴᠠᠨ ᠬᠥᠮᠦᠨ ᠬᠥᠮᠦᠵᠢᠭᠦᠯᠬᠦ ᠶᠢ ᠪᠡᠶᠡᠯᠡᠭᠦᠯᠪᠡ᠃ | | | | | ᠬᠤᠭᠤᠯᠠ ᠬᠢᠬᠦ ᠮᠡᠷᠭᠡᠵᠢᠯ ᠤᠨ ᠵᠢᠭᠠᠬᠤ ᠶᠢ ᠰᠤᠳᠤᠯᠬᠤ | ᠲᠠᠰᠤᠭ ᠤᠨ ᠳᠠᠳᠤᠯᠭ᠎ᠠ ᠪᠣᠯᠪᠠᠰᠤᠷᠠᠯ ᠤᠨ ᠳᠠᠰᠤᠭ | | ᠠᠵᠢᠯ ᠮᠡᠷᠭᠡᠵᠢᠯ ᠤᠨ ᠰᠤᠷᠭᠠᠨ ᠭᠦᠢᠮᠣᠵᠢᠯ ᠤᠨ ᠥᠭᠡᠷᠡᠴᠢᠯᠡᠯᠲᠡ ᠶᠢᠨ ᠰᠢᠨ᠎ᠡ ᠡᠷᠡᠨ ᠳᠤ᠂ ᠪᠤᠭᠤᠲᠤ ᠬᠤᠲᠠ | ᠠᠮᠢᠵᠢᠷᠠᠯ ᠤᠨ ᠬᠦᠴᠦᠨ ᠢᠶᠠᠷ ᠪᠢᠯᠬᠠᠷᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠤᠰ ᠭᠠᠵᠠᠷ ᠣᠷᠣᠨ ᠤ | ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠭᠪᠤᠷ ᠤᠨ | ᠰᠢᠨ᠎ᠡ ᠶᠢ ᠳᠠᠰᠤᠷᠠᠯᠲᠠ ᠦᠭᠡᠢ ᠡᠭᠦᠳᠴᠦ᠂ ᠡᠯ᠎ᠡ ᠲᠥᠷᠥᠯ ᠤᠨ ᠬᠥᠮᠦᠵᠢᠭᠦᠯᠬᠦ ᠵᠠᠭᠪᠤᠷ ᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠣᠷᠣᠨ | ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠦᠢᠯᠡᠳᠦᠯ ᠢ ᠡᠳᠦᠷ ᠢᠷᠡᠬᠦᠶ᠎ᠡ | ᠲᠣᠪᠤᠶᠢᠯᠭᠠᠪᠠ᠃ | ᠪᠤᠭᠤᠲᠤ ᠬᠤᠲᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ | ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ | ᠬᠥᠮᠦᠵᠢᠯ ᠤᠨ ᠥᠨᠳᠦᠷᠯᠢᠭ ᠪᠤᠭᠤᠲᠤ ᠬᠤᠲᠠ ᠶᠢᠨ ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠴᠦ᠂ | ᠥᠭᠡᠷᠡᠴᠢᠯᠡᠯᠲᠡ ᠶᠢᠨ ᠵᠠᠮ ᠢᠶᠠᠷ ᠡᠷᠡᠮᠡᠬᠡᠶᠢᠯᠡᠨ ᠤᠷᠤᠭᠰᠢᠯᠠᠨᠠᠮ᠃ | | | |