ᠬᠦᠰᠡᠯ ᠨᠠᠶᠢᠳᠠᠯᠭ᠎ᠠ ᠶᠢ ᠪᠠᠲᠤ ᠴᠠᠭᠡᠵᠢᠯᠡᠨ ᠰᠢᠷᠭᠠᠭᠤ ᠬᠠᠲᠠᠭᠤᠵᠢᠯᠲᠠᠢ ᠡᠷᠡᠮᠡᠬᠡᠶᠢᠯᠡᠨ ᠤᠷᠤᠭᠰᠢᠯᠠᠵᠤ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠰᠤᠭᠠᠢ — ᠮᠠᠨ ᠤ ᠣᠷᠣᠨ ᠰᠤᠷᠤᠭᠴᠢᠳ ᠬᠡᠦᠬᠡᠳ ᠤᠨ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠶᠢ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/30
      2035 ᠣᠨ ᠪᠣᠯᠲᠠᠯ᠎ᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠳᠤᠷᠠᠳᠤᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ︾ ᠭᠡᠵᠦ ᠲᠣᠳᠣᠷᠬᠠᠢ ᠳᠤᠷᠠᠳᠴᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠨ ᠮᠠᠨᠳᠤᠭᠤᠯᠬᠤ ᠠᠭᠤᠤ ᠦᠢᠯᠡᠰ ᠲᠠᠬᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠲᠤᠪᠤᠶᠢᠯᠭᠠᠪᠠ᠃ ᠲᠤᠰ ᠡᠳᠦᠷ ᠠᠴᠠ ᠡᠬᠢᠯᠡᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠰᠢᠷᠭᠠᠭᠤ ᠬᠠᠲᠠᠭᠤᠵᠢᠯᠲᠠᠢ ᠡᠷᠡᠮᠡᠬᠡᠶᠢᠯᠡᠨ ᠤᠷᠤᠭᠰᠢᠯᠠᠵᠤ ᠰᠤᠷᠭᠠᠨ ᠬᠥᠮᠥᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠰᠤᠭᠠᠢ︾ ᠭᠡᠬᠦ ᠳᠠᠪᠴᠠᠩ ᠭᠠᠷᠭᠠᠵᠤ᠂ ᠪᠦᠬᠦ ᠣᠷᠣᠨ‌‍ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠶᠢ ᠳᠡᠯᠭᠡᠨ ᠦᠵᠡᠭᠦᠯᠵᠦ᠂ ᠥᠷᠭᠡᠨ ᠣᠯᠠᠨ ᠺᠠᠳ᠋ᠷ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃      ︽ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠵᠤ᠂ ᠵᠠᠰᠠᠭ ᠵᠠᠬᠢᠷᠭᠠᠨ ᠤ ᠦᠢᠯᠡᠳᠦᠯ ᠪᠠ ᠣᠯᠠᠨ ᠲᠦᠮᠡᠨ ᠳᠤ ᠦᠢᠯᠡᠴᠢᠯᠡᠬᠦ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ ᠰᠤᠷᠭᠠᠭᠤᠯᠢ ᠳᠤ ᠣᠷᠣᠬᠤ ᠮᠠᠲ᠋ᠧᠷᠢᠶᠠᠯ ᠢ ᠲᠠᠰᠤᠷᠠᠯᠲᠠ ᠥᠬᠡᠶ ᠳᠥᠭᠦᠮᠴᠢᠯᠡᠵᠦ᠂ ᠮᠡᠳᠡᠭᠡ ᠵᠠᠩᠭᠢ ᠶᠢ ᠬᠠᠮᠲᠤ ᠳᠤ ᠪᠠᠨ ᠬᠤᠪᠢᠶᠠᠯᠴᠠᠬᠤ ᠶᠢ ᠴᠢᠩᠭᠠᠳᠬᠠᠨ᠂ ᠰᠤᠷᠭᠠᠭᠤᠯᠢ ᠳᠤ ᠣᠷᠣᠬᠤ ᠶᠠᠪᠤᠴᠠ ᠶᠢ ᠰᠢᠯᠢᠳᠡᠭᠵᠢᠭᠦᠯᠵᠦ᠂ ᠰᠦᠯᠵᠢᠶᠡᠨ ᠳᠤ ᠭᠦᠢᠴᠡᠳᠬᠡᠬᠦ ᠶᠢ ᠠᠬᠢᠭᠤᠯᠤᠨ᠂ ᠬᠡᠦᠬᠡᠳ ᠤᠨ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠶᠢᠨ ᠭᠦᠢᠴᠡᠳᠬᠡᠬᠦ ᠴᠤᠪᠤᠷᠠᠯ ᠢ ᠨᠡᠩ ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ ᠪᠣᠯᠭᠠᠪᠠ᠃ ᠣᠳᠣ ᠪᠣᠯᠲᠠᠯ᠎ᠠ᠂ ᠪᠦᠬᠦ ᠣᠷᠣᠨ ᠤ 12 ᠠᠶᠢᠮᠠᠭ ᠬᠤᠲᠠ ᠶᠢᠨ ︽  ᠬᠡᠦᠬᠡᠳ ᠤᠨ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠤᠨ ᠰᠢᠰᠲ᠋ᠧᠮ ᠢ ᠨᠢᠭᠡᠨᠲᠡ ᠪᠠᠶᠢᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠵᠠᠯᠭᠠᠵᠤ᠂ ᠪᠦᠬᠦ ᠣᠷᠣᠨ ᠤ ᠬᠡᠦᠬᠡᠳ ᠤᠨ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠶᠢ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠵᠦ᠂ ᠣᠳᠣ ᠨᠢᠭᠡᠨᠲᠡ ᠭᠦᠢᠴᠡᠳᠬᠡᠭᠰᠡᠨ ᠵᠦᠢᠯ 20.3 ᠲᠥᠮᠡ ᠪᠣᠢ᠃ ᠪᠣᠳᠠᠲᠠᠢ ᠠᠷᠭ᠎ᠠ ᠬᠡᠮᠵᠢᠶ᠎ᠡ ᠶᠢ ᠬᠠᠮᠲᠤ ᠳᠤ ᠪᠠᠨ ᠦᠵᠡᠵᠡᠭᠡᠶ᠎ᠡ -      ᠭᠦᠢᠴᠡᠳᠭᠡᠬᠦ ᠵᠦᠢᠯ ᠤᠨ ᠭᠤᠣᠯ ᠡᠯᠧᠮᠧᠨ᠋ᠲ ᠢ ᠲᠣᠭᠲᠠᠭᠠᠵᠤ᠂ ᠭᠦᠢᠴᠡᠳᠭᠡᠬᠦ ᠵᠦᠢᠯ ᠢ ᠰᠢᠢᠳᠪᠦᠷᠢᠯᠡᠬᠦ ᠴᠤᠪᠤᠷᠠᠯ ᠢ ᠴᠣᠮᠬᠠᠳᠬᠠᠪᠠ      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠ ᠲᠣᠮᠣ ᠳ᠋ᠠᠶᠢᠲ᠋ᠠ ᠶᠢᠨ ᠲᠥᠪ ᠬᠠᠮᠲᠤᠷᠠᠨ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠰᠤᠷᠭᠠᠭᠤᠯᠢ ᠳᠤ ᠣᠷᠣᠬᠤ ᠭᠦᠢᠴᠡᠳᠬᠡᠬᠦ ᠵᠦᠢᠯ ᠤᠨ ᠴᠤᠪᠤᠷᠠᠯ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠡᠷᠡᠭᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠮᠢᠶ᠎ᠠ ᠪᠦᠬᠦᠢ ᠠᠵᠢᠯ ᠲᠥᠷᠥᠯ ᠤᠨ ᠲᠤᠭ᠎ᠠ ᠪᠠᠷᠢᠮᠲᠠ ᠶᠢᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠪᠠᠶᠢᠴᠠᠭᠠᠨ ᠰᠤᠳᠤᠯᠵᠤ ᠤᠶᠢᠯᠠᠭᠠᠨ᠂ ︽ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠢ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ ᠤᠨ ᠨᠠᠷᠢᠨ ᠬᠠᠭᠤᠳᠠᠰᠤ ᠪᠠ ᠲᠤᠬᠠᠶᠢᠯᠠᠭᠰᠠᠨ ᠠᠵᠢᠯ ᠤᠨ ᠴᠤᠪᠤᠷᠠᠯ ᠵᠡᠷᠭᠡ ᠭᠤᠣᠯ ᠵᠦᠢᠯ ᠢ ᠲᠣᠭᠲᠠᠭᠠᠵᠤ᠂ ᠡᠯ᠎ᠡ ᠭᠠᠵᠠᠷ ᠤᠨ ᠎ ᠬᠢᠨ ᠴᠤᠪᠤᠷᠠᠯ ᠢ ᠴᠣᠮᠬᠠᠳᠬᠠᠬᠤ᠂ ᠭᠤᠶᠤᠴᠢᠯᠠᠬᠤ ᠮᠠᠲ᠋ᠧᠷᠢᠶᠠᠯ ᠢ ᠪᠠᠭᠠᠰᠬᠠᠬᠤ᠂ ᠣᠯᠠᠨ ᠭᠦᠢᠴᠡᠳᠭᠡᠬᠦ ᠵᠦᠢᠯ ᠢ ᠠᠯᠢ ᠴᠢᠳᠠᠬᠤ ᠪᠠᠷ ᠨᠡᠶᠢᠯᠡᠭᠦᠯᠦᠨ ᠭᠦᠢᠴᠡᠳᠬᠡᠬᠦ ᠶᠢ ᠠᠬᠢᠭᠤᠯᠪᠠ᠃ ᠣᠳᠣ᠂ ᠡᠯ᠎ᠡ ᠭᠠᠵᠠᠷ ᠤᠨ ᠰᠤᠷᠭᠠᠭᠤᠯᠢ ᠳᠤ ᠣᠷᠣᠬᠤ ᠪᠠᠷ ᠭᠤᠶᠤᠴᠢᠯᠠᠬᠤ ᠶᠠᠪᠤᠴᠠ ᠴᠥᠮ ᠢᠯᠡᠳᠲᠡ ᠰᠢᠯᠢᠳᠡᠭᠵᠢᠵᠦ᠂ ᠡᠭᠦᠨ ᠳᠤ᠂ ᠣᠷᠳᠣᠰ ᠬᠤᠲᠠ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ᠂ ᠡᠷᠦᠬᠡ ᠠᠮᠠ ᠶᠢᠨ ᠳᠠᠩᠰᠠ ᠶᠢᠨ ᠮᠡᠳᠡᠭᠡ ᠵᠠᠩᠭᠢ᠂ ᠦᠯᠦ ᠬᠥᠳᠡᠯᠬᠦ ᠬᠥᠷᠥᠩᠭᠡ ᠶᠢᠨ ᠮᠡᠳᠡᠭᠡ ᠵᠠᠩᠭᠢ ᠪᠤᠶᠤ ᠭᠡᠷ ᠬᠤᠳᠠᠯᠳᠤᠨ ᠠᠪᠬᠤ ᠳᠤ ᠰᠦᠯᠵᠢᠶᠡᠨ ᠳᠤ ᠳᠣᠭᠲᠠᠭᠰᠠᠨ ᠭᠡᠷ᠎ᠡ᠂ ᠤᠷᠤᠭ ᠤᠨ ᠦᠨᠡᠮᠯᠡᠯ ᠤᠨ ᠮᠡᠳᠡᠭᠡ ᠵᠠᠩᠭᠢ᠂ ᠵᠡᠮᠳᠡᠭ ᠬᠡᠦᠬᠡᠳ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠵᠡᠷᠭᠡ 5 ᠵᠦᠢᠯ ᠢ ᠲᠥᠪᠯᠡᠷᠡᠭᠦᠯᠵᠦ᠂ ᠪᠠᠶᠠᠨᠨᠠᠭᠤᠷ ᠬᠤᠲᠠ ᠤᠤᠯ ᠤᠨ ᠲᠤᠰᠢᠶᠠᠬᠤ ᠴᠢᠬᠤᠯᠠᠲᠠᠢ 10 ᠬᠤᠪᠢ ᠮᠠᠲ᠋ᠧᠷᠢᠶᠠᠯ ᠢ 3 ᠬᠤᠪᠢ ᠪᠣᠯᠭᠠᠨ ᠪᠠᠭᠠᠰᠬᠠᠪᠠ᠃      ᠬᠥᠨᠳᠡᠯᠡᠨ ᠴᠢᠭᠯᠡᠯ ᠢᠶᠠᠷ ᠬᠠᠮᠵᠢᠯᠴᠠᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠪᠡᠶᠡᠯᠡᠭᠦᠯᠪᠡ      ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ ᠵᠡᠷᠭᠡ 8 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠨᠢᠭᠡ ᠶᠠᠪᠤᠳᠠᠯ ᠤᠨ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠠᠵᠢᠯ ᠤᠨ ᠬᠠᠷᠠᠯᠲᠠ ᠵᠢᠴᠢ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠭᠦᠢᠴᠡᠳᠭᠡᠬᠦ ᠵᠦᠢᠯ ᠢ ᠭᠦᠢᠴᠡᠳᠬᠡᠬᠦ ᠭᠤᠭᠴᠤᠭ᠎ᠠ ᠶᠢ ᠤᠯᠠᠮ ᠨᠢᠭᠡ ᠠᠯᠬᠤᠮ ᠴᠣᠮᠬᠠᠳᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠠᠬᠤᠢ ᠲᠠᠯᠠᠪᠠᠢ ᠳᠤ ᠵᠣᠯᠭᠠᠭᠤᠯᠬᠤ᠂ ᠸᠢᠳᠢᠣ᠋ ᠬᠤᠷᠠᠯ᠂ ᠤᠲᠠᠰᠤ ᠪᠠᠷ ᠨᠡᠪᠲᠡᠷᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠢ ᠭᠦᠢᠴᠡᠳᠬᠡᠬᠦ ᠶᠠᠪᠤᠴᠠ ᠳᠤ ᠮᠡᠳᠡᠭᠡ ᠵᠠᠩᠭᠢ ᠲᠠᠢ ᠬᠤᠯᠪᠣᠭᠳᠠᠭᠰᠠᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠤᠪᠢᠶᠠᠯᠴᠠᠨ ᠡᠳ᠋ᠯᠡᠵᠦ᠂ ᠳᠡᠭᠡᠷ᠎ᠡ ᠬᠠᠭᠠᠰ ᠵᠢᠯ ᠳᠤ ᠡᠯ᠎ᠡ ᠠᠶᠢᠮᠠᠭ ᠬᠤᠲᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢ ᠬᠠᠮᠲᠤ ᠳᠤ ᠪᠠᠨ ᠬᠤᠪᠢᠶᠠᠯᠴᠠᠨ ᠡᠳ᠋ᠯᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠵᠠᠯᠭᠠᠭᠠᠳᠠᠰᠤ ᠪᠤᠶᠤ ᠬᠢᠨᠠᠨ ᠰᠢᠯᠭᠠᠬᠤ ᠵᠠᠯᠭᠠᠭᠠᠳᠠᠰᠤ ᠶᠢ 86 ᠤᠳᠠᠭ᠎ᠠ ᠭᠤᠶᠤᠴᠢᠯᠠᠵᠤ᠂ ᠡᠷᠦᠬᠡ ᠠᠮᠠ ᠶᠢᠨ ᠳᠠᠩᠰᠠ ᠪᠣᠯᠤᠨ ᠣᠷᠣᠰᠢᠨ ᠰᠠᠭᠤᠬᠤ ᠦᠨᠡᠮᠯᠡᠯ᠂ ᠤᠷᠤᠭ ᠳᠠᠩᠰᠠᠯᠠᠭᠤᠯᠬᠤ᠂ ᠨᠡᠶᠢᠭᠡᠮ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠲᠡᠮᠳᠡᠭᠯᠡᠯ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ᠂ ᠲᠠᠸᠠᠷ ᠤᠨ ᠭᠡᠷ ᠪᠠᠶᠢᠰᠢᠩ ᠤᠨ ᠬᠤᠳᠠᠯᠳᠤᠭᠠᠨ ᠤ ᠭᠡᠷ᠎ᠡ ᠶᠢ ᠰᠦᠯᠵᠢᠶᠡᠨ  ᠳᠤ ᠪᠦᠷᠢᠳᠬᠡᠨ ᠳᠠᠩᠰᠠᠯᠠᠭᠤᠯᠬᠤ᠂ ᠡᠵᠡᠩᠨᠡᠯᠲᠡ ᠶᠢᠨ ᠦᠨᠡᠮᠯᠡᠯ ᠵᠡᠷᠭᠡ 18 ᠲᠥᠷᠥᠯ ᠤᠨ ᠮᠡᠳᠡᠭᠡ ᠵᠠᠩᠭᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠰᠠᠯᠠᠭ᠎ᠠ ᠮᠥᠴᠢᠷ ᠠᠯᠤᠰᠯᠠᠨ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠶᠢ ᠪᠡᠶᠡᠯᠡᠭᠦᠯᠵᠦ᠂ ᠭᠡᠷ ᠤᠨ ᠠᠬᠠᠮᠠᠳ ᠤᠨ ᠳᠠᠷᠤᠭᠠᠰᠤ ᠶᠢ ᠳᠠᠬᠢᠨ ᠬᠥᠩᠭᠡᠷᠡᠭᠦᠯᠪᠡ᠃      ᠭᠤᠯᠳᠤ ᠪᠠᠷ ᠬᠤᠯᠪᠤᠯᠳᠤᠨ ᠬᠥᠳᠡᠯᠦᠯᠴᠡᠬᠦ ᠶᠢ ᠴᠢᠩᠭᠠᠳᠬᠠᠵᠤ᠂ ︽ᠨᠢᠭᠡ ᠯᠡ ᠰᠦᠯᠵᠢᠶ᠎ᠡ ᠎ ᠪᠠᠷ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠪᠡ      ᠡᠯ᠎ᠡ ᠠᠶᠢᠮᠠᠭ ᠬᠤᠲᠠ ᠶᠢᠨ ᠥᠩᠭᠡᠷᠡᠭᠰᠡᠨ ᠤ ︽ᠨᠢᠭᠡ ᠳᠠᠷᠤᠪᠴᠢ ᠪᠠᠷ ᠬᠡᠦᠬᠡᠳ ᠤᠨ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ︾ ᠰᠢᠰᠲ᠋ᠧᠮ ᠤᠨ ᠳᠠᠩᠰᠠᠯᠠᠭᠤᠯᠬᠤ ᠣᠷᠤᠴᠠ ᠨᠢᠭᠡᠳᠦᠯ ᠦᠭᠡᠢ᠂ ᠭᠦᠢᠴᠡᠳᠭᠡᠬᠦ ᠵᠦᠢᠯ ᠢ ᠵᠢᠭᠠᠵᠤ ᠳᠦᠷᠰᠦᠯᠡᠭᠰᠡᠨ ᠨᠢ ᠵᠢᠷᠤᠮᠵᠢᠯ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠣᠮᠣ ᠳ᠋ᠠᠶᠢᠲ᠋ᠠ ᠶᠢᠨ ᠲᠥᠪ ᠲᠠᠢ ᠬᠠᠮᠲᠤ ᠳᠤ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠲᠤ ᠣᠷᠣᠬᠤ ᠪᠠ ᠰᠤᠷᠭᠠᠭᠤᠯᠢ ᠳᠤ ᠣᠷᠣᠬᠤ ᠨᠢᠭᠡ ᠶᠠᠪᠤᠳᠠᠯ ᠤᠨ ᠮᠡᠷᠭᠡᠵᠢᠯ ᠤᠨ ᠲᠥᠰᠦᠯ︾᠎ ᠢ ᠲᠣᠭᠲᠠᠭᠠᠵᠤ᠂ ᠪᠦᠬᠦ ᠣᠷᠣᠨ ᠤ 12 ᠠᠶᠢᠮᠠᠭ ᠬᠤᠲᠠ ᠶᠢᠨ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠬᠠᠩᠭᠠᠬᠤ ᠶᠢ ᠠᠬᠢᠭᠤᠯᠵᠤ᠂ ᠰᠢᠰᠲ᠋ᠧᠮ ᠤᠨ  ᠵᠠᠯᠭᠠᠭᠠᠳᠠᠰᠤ ᠶᠢ ᠵᠣᠯᠭᠠᠭᠤᠯᠬᠤ ᠶᠢ ᠪᠡᠶᠡᠯᠡᠭᠦᠯᠦᠨ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ︽ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠤᠨ ᠲᠤᠰᠬᠠᠢ ᠪᠤᠯᠤᠩ ᠭᠠᠷᠭᠠᠵᠤ᠂ ᠭᠦᠢᠴᠡᠳᠭᠡᠬᠦ ᠵᠦᠢᠯ ᠢ ᠵᠢᠭᠠᠨ ᠵᠢᠯᠣᠭᠤᠳᠬᠤ᠂ ᠨᠡᠷ᠎ᠡ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠵᠢᠴᠢ ᠬᠡᠦᠬᠡᠳ ᠤᠨ ᠴᠡᠴᠡᠷᠯᠢᠭ ᠲᠤ ᠡᠯᠰᠡᠭᠳᠡᠭᠰᠡᠨ ᠵᠡᠷᠭᠡ ᠴᠢᠳᠠᠮᠵᠢ ᠶᠢᠨ ᠪᠦᠬᠦ ᠶᠠᠪᠤᠴᠠ ᠶᠢ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠪᠡ᠃      ᠳᠠᠷᠠᠭ᠎ᠠ ᠠᠯᠬᠤᠮ ᠳᠤ᠂ ᠥᠪᠥᠷ ᠮᠣᠩᠭᠤᠯ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠮᠤᠵᠢ ᠶᠢᠨ ᠱᠠᠲᠤᠨ ᠤ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠴᠢᠨᠠᠷ ᠴᠢᠨᠰᠠᠭ᠎ᠠ ᠶᠢ ᠪᠦᠬᠦ ᠲᠠᠯ᠎ᠠ ᠎ ᠪᠠᠷ ᠳᠡᠭᠡᠭᠰᠢᠯᠡᠭᠦᠯᠦᠨ᠂ ᠲᠣᠭᠠᠵᠢᠭᠤᠯᠤᠯᠲᠠ ᠪᠠᠷ ᠰᠤᠷᠤᠭᠴᠢ ᠡᠯᠰᠡᠬᠦ ᠳᠦᠷᠢᠮ ᠢ ᠥᠭᠡᠷᠡᠴᠢᠯᠡᠵᠦ᠂ ᠰᠦᠯᠵᠢᠶᠡᠨ ᠳᠤ ᠭᠦᠢᠴᠡᠳᠬᠡᠬᠦ ᠶᠠᠪᠤᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠤᠨ ᠦᠷ᠎ᠡ ᠪᠦᠲᠦᠮᠵᠢ ᠶᠢ ᠦᠨᠡᠨ ᠬᠦ ᠪᠠᠳᠠᠷᠠᠭᠤᠯᠵᠤ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠪᠠ᠃   
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号