ᠬᠦᠰᠡᠯ ᠨᠠᠶᠢᠳᠠᠯᠭ᠎ᠠ ᠶᠢ ᠪᠠᠲᠤ ᠴᠠᠭᠡᠵᠢᠯᠡᠨ ᠰᠢᠷᠭᠠᠭᠤ ᠬᠠᠲᠠᠭᠤᠵᠢᠯᠲᠠᠢ ᠡᠷᠡᠮᠡᠬᠡᠶᠢᠯᠡᠨ ᠤᠷᠤᠭᠰᠢᠯᠠᠵᠤ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠰᠤᠭᠠᠢ — ᠤᠯᠠᠭᠠᠨᠴᠠᠪ ᠬᠤᠲᠠ᠄ ᠰᠢᠨ᠎ᠡ ᠰᠣᠷᠭᠤᠭ ᠮᠥᠷᠲᠡᠭᠡᠨ ᠠᠮᠢᠳᠤᠯᠢᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠣᠢ ᠪᠣᠯᠭᠠᠵᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠲᠥᠯᠥᠨ ᠵᠢᠯᠣᠭᠤᠳᠴᠤ ︽ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠪᠠ︾
ᠨᠡᠶᠢᠲᠡᠯᠡᠭᠰᠡᠨ ᠴᠠᠭ᠄
2024/8/30
      2035 ᠣᠨ ᠪᠣᠯᠲᠠᠯ᠎ᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠳᠤᠷᠠᠳᠤᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ︾ ᠭᠡᠵᠦ ᠲᠣᠳᠣᠷᠬᠠᠢ ᠳᠤᠷᠠᠳᠴᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠨ ᠮᠠᠨᠳᠤᠭᠤᠯᠬᠤ ᠠᠭᠤᠤ ᠦᠢᠯᠡᠰ ᠲᠠᠬᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠲᠤᠪᠤᠶᠢᠯᠭᠠᠪᠠ᠃ ᠲᠤᠰ ᠡᠳᠦᠷ ᠠᠴᠠ ᠡᠬᠢᠯᠡᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠰᠢᠷᠭᠠᠭᠤ ᠬᠠᠲᠠᠭᠤᠵᠢᠯᠲᠠᠢ ᠡᠷᠡᠮᠡᠬᠡᠶᠢᠯᠡᠨ ᠤᠷᠤᠭᠰᠢᠯᠠᠵᠤ ᠰᠤᠷᠭᠠᠨ ᠬᠥᠮᠥᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠰᠤᠭᠠᠢ︾ ᠭᠡᠬᠦ ᠳᠠᠪᠴᠠᠩ ᠭᠠᠷᠭᠠᠵᠤ᠂ ᠪᠦᠬᠦ ᠣᠷᠣᠨ  ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠶᠢ ᠳᠡᠯᠭᠡᠨ ᠦᠵᠡᠭᠦᠯᠵᠦ᠂ ᠥᠷᠭᠡᠨ ᠣᠯᠠᠨ ᠺᠠᠳ᠋ᠷ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃      ᠰᠢᠨ᠎ᠡ ᠰᠣᠷᠭᠤᠭ ᠮᠥᠷᠲᠡᠭᠡᠨ ᠠᠮᠢᠳᠤᠯᠢᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ       ᠬᠢᠴᠢᠶᠡᠯ ᠢ ᠪᠣᠢ ᠪᠣᠯᠭᠠᠵᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠲᠥᠯᠥᠨ       ᠵᠢᠯᠣᠭᠤᠳᠴᠤ ︽ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠪᠠ︾         ︽ᠲᠠᠷᠢᠶᠠᠨ ᠵᠠᠬ᠎ᠠ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠬᠤᠪᠢᠰᠬᠠᠯᠲᠤ ᠲᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠠᠬᠠᠮᠠᠳ ᠴᠡᠷᠢᠭ ᠤᠨ ᠬᠤᠪᠢᠰᠬᠠᠯ ᠤᠨ ᠦᠯᠢᠭᠡᠷ ᠢ ᠰᠣᠨᠣᠰᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠁ ᠣᠶᠢᠷ᠎ᠠ ᠶᠢᠨ ᠵᠢᠯ᠂ ᠤᠯᠠᠭᠠᠨᠴᠠᠪ ᠬᠤᠲᠠ ᠶᠢᠨ ᠬᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠬᠠᠮᠲᠤ ᠶᠢᠨ ᠴᠣᠭᠴᠠ ᠶᠢ ᠢᠳᠡᠪᠬᠢᠲᠡᠢ ᠠᠬᠢᠭᠤᠯᠵᠤ᠂ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠪᠣᠯᠤᠨ ︽ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ︾ ᠶᠢᠨ ᠬᠠᠮᠵᠢᠨ ᠬᠥᠮᠦᠨ ᠬᠥᠮᠦᠵᠢᠭᠦᠯᠬᠦ ᠶᠢ ᠠᠬᠢᠭᠤᠯᠵᠤ᠂ ᠬᠡᠰᠡᠭ ᠪᠦᠯᠦᠭ ᠰᠢᠨ᠎ᠡ ᠰᠣᠷᠭᠤᠭ ᠮᠥᠷᠲᠡᠭᠡᠨ ᠠᠮᠢᠳᠤᠯᠢᠭ ᠶᠡᠭᠡ ᠦᠵᠡᠯ ᠰᠠᠨᠠᠭ᠎ᠠ ᠤᠯᠤᠰ ᠲᠥᠷᠥ  ᠶᠢᠨ ᠬᠢᠴᠢᠶᠡᠯ ᠤᠨ ᠲᠠᠩᠬᠢᠮ ᠢ ᠪᠠᠶᠢᠭᠤᠯᠵᠤ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠬᠥᠲᠦᠯᠦᠨ ᠵᠢᠯᠣᠭᠤᠳᠴᠤ ︽ᠬᠥᠮᠦᠨ  ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠪᠠ︾᠃   

1.webp.png

            ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ

             ᠦᠢᠯᠡᠳᠦᠯᠭᠡ ᠶᠢᠨ ᠠᠵᠢᠯᠯᠠᠭ᠎ᠠ

    

      1. ᠰᠢᠰᠲ᠋ᠧᠮ ᠲᠠᠢ ᠲᠥᠯᠥᠪᠯᠡᠬᠦ ᠳᠤ ᠠᠩᠬᠠᠷᠤᠯ ᠢᠶᠠᠨ ᠬᠠᠨᠳᠤᠭᠤᠯᠤᠨ ᠶᠡᠭᠡ ᠳᠡᠭᠡᠳᠦ ᠰᠤᠷᠭᠠᠭᠤᠯᠢ 

      ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ

      ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠪᠠ

      ᠦᠵᠡᠯ ᠰᠠᠭᠭ᠎ᠠ ᠤᠯᠤᠰ ᠲᠥᠷᠥ ᠶᠢ ᠨᠢᠭᠡ ᠴᠣᠭᠴᠠᠵᠢᠭᠤᠯᠬᠤ ᠶᠢ ᠬᠠᠮᠳᠤᠷᠠᠨ ᠪᠠᠶᠢᠭᠤᠯᠬᠤ ᠬᠤᠯᠪᠣᠭ᠎ᠠ ᠶᠢ

ᠪᠠᠶᠢᠭᠤᠯᠪᠠ᠃ ︽ᠤᠯᠠᠭᠠᠨᠴᠠᠪ ᠬᠤᠲᠠ ᠶᠢᠨ ᠰᠢᠨ᠎ᠡ ᠴᠠᠭ ᠦᠶ᠎ᠡ ᠶᠢᠨ ᠶᠡᠭᠡ ᠳᠡᠭᠡᠳᠦ ᠰᠤᠷᠭᠠᠭᠤᠯᠢ᠂ ᠳᠤᠮᠳᠠᠳᠤ

ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ

ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠯᠠᠭᠠᠨᠴᠠᠪ

ᠬᠤᠲᠠ ᠶᠢᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠵᠢᠯᠣᠭᠤᠳᠬᠤ ᠵᠥᠪᠯᠡᠯ ᠢ

ᠪᠠᠶᠢᠭᠤᠯᠤᠨ᠂ ᠤᠯᠠᠭᠠᠨᠴᠠᠪ ᠬᠤᠲᠠ ᠳᠤ ᠰᠠᠭᠤᠭ᠎ᠠ 3 ᠶᠡᠭᠡ ᠳᠡᠭᠡᠳᠦ ᠰᠤᠷᠭᠠᠭᠤᠯᠢ ᠲᠠᠢ ᠤᠯᠠᠭᠠᠨᠴᠠᠪ ᠬᠤᠲᠠ ᠶᠢᠨ

ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠬᠠᠮᠲᠤ ᠶᠢᠨ ᠴᠣᠭᠴᠠ ᠶᠢ ᠬᠠᠮᠲᠤᠷᠠᠨ

ᠪᠠᠶᠢᠭᠤᠯᠬᠤ ᠬᠡᠯᠡᠯᠴᠡᠭᠡᠷ ᠲᠣᠭᠲᠠᠵᠤ᠂ ᠭᠤᠷᠪᠠᠨ ᠨᠢᠭᠡ ᠴᠣᠭᠴᠠᠵᠢᠭᠤᠯᠤᠭᠰᠠᠨ ᠬᠠᠮᠲᠤ ᠶᠢᠨ ᠴᠣᠭᠴᠠ ᠶᠢ ᠵᠣᠬᠢᠶᠠᠨ

ᠪᠠᠶᠢᠭᠤᠯᠵᠤ᠂ ᠠᠯᠬᠤᠮ ᠳᠠᠷᠠᠭ᠎ᠠ ᠲᠠᠢ ᠤᠷᠤᠭᠰᠢᠯᠠᠭᠰᠠᠨ᠂ ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠭᠰᠡᠨ ︽ᠶᠡᠭᠡ ᠦᠵᠡᠯ

ᠰᠠᠨᠠᠭ᠎ᠠ ᠤᠯᠤᠰ ᠲᠥᠷᠥ︾ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ᠃

      ︽ᠶᠡᠭᠡ ᠦᠵᠡᠯ ᠰᠠᠨᠠᠭ᠎ᠠ ᠤᠯᠤᠰ ᠲᠥᠷᠥ︾ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ

ᠭᠠᠵᠠᠷ ᠢ ᠪᠠᠶᠢᠭᠤᠯᠪᠠ᠃ ᠵᠢᠨᠢᠩ ᠲᠣᠭᠤᠷᠢᠭ ᠤᠨ ᠬᠤᠪᠢᠰᠬᠠᠯ ᠤᠨ ᠳᠤᠷᠠᠰᠬᠠᠯ ᠤᠨ ᠣᠷᠳᠣᠨ᠂ ᠵᠢᠨᠢᠩ ᠪᠠᠭᠰᠢ ᠶᠢᠨ

ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ᠂ ᠯᠢᠶᠠᠩᠴᠧᠩ ᠰᠢᠶᠠᠨ ᠤ ᠾᠧ

ᠯᠦᠩ ᠤᠨ ᠬᠤᠪᠢᠰᠬᠠᠯ ᠤᠨ ᠠᠵᠢᠯᠯᠠᠭᠠᠨ ᠤ ᠬᠠᠭᠤᠴᠢᠨ ᠪᠠᠭᠤᠷᠢ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ

︽ᠶᠡᠭᠡ ᠦᠵᠡᠯ ᠰᠠᠨᠠᠭ᠎ᠠ ᠤᠯᠤᠰ ᠲᠥᠷᠥ︾ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ

3 ᠶᠢ ᠪᠠᠶᠢᠭᠤᠯᠵᠤ᠂ ᠬᠤᠪᠢᠰᠬᠠᠯ ᠤᠨ ᠦᠯᠢᠭᠡᠷ ᠰᠣᠨᠣᠰᠬᠤ᠂ ᠬᠤᠪᠢᠰᠬᠠᠯ ᠤᠨ ᠰᠣᠩᠭᠤᠳᠠᠭ ᠺᠢᠨᠣ᠋ ᠦᠵᠡᠬᠦ᠂

ᠬᠤᠪᠢᠰᠬᠠᠯ ᠤᠨ ᠰᠣᠩᠭᠤᠳᠠᠭ ᠳᠠᠭᠤᠤ ᠳᠠᠭᠤᠯᠠᠬᠤ᠂ ᠨᠢᠭᠡ ᠤᠳᠠᠭ᠎ᠠ ᠬᠤᠪᠢᠰᠬᠠᠯ ᠤᠨ ᠭᠤᠣᠯ ᠰᠡᠳᠦᠪᠲᠦ ᠶᠠᠷᠢᠶ᠎ᠠ

ᠢᠯᠡᠳᠬᠡᠯ ᠤᠨ ᠤᠷᠤᠯᠳᠤᠭᠠᠨ ᠥᠷᠨᠢᠭᠦᠯᠬᠦ᠂ ᠨᠢᠭᠡ ᠤᠳᠠᠭ᠎ᠠ ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ︾ ᠡᠷᠬᠢᠯᠡᠬᠦ ᠵᠡᠷᠭᠡ ᠠᠵᠢᠯᠯᠠᠭᠠᠨ ᠤ ᠠᠴᠢᠶᠠᠯᠠᠪᠤᠷᠢ ᠪᠠᠷ ᠳᠠᠮᠵᠢᠭᠤᠯᠤᠨ᠂ ︽ᠨᠠᠮ ᠤᠨ

ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠨᠠᠮ ᠤᠨ ᠣᠯᠠᠨ ᠲᠦᠮᠡᠨᠴᠢ

ᠱᠤᠭᠤᠮ ᠤᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠪᠦᠬᠦ ᠬᠤᠲᠠ ᠶᠢᠨ

ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ︽ᠠᠬᠤᠢ ᠪᠠᠶᠢᠳᠠᠯ ᠳᠤ

ᠰᠣᠭᠲᠤᠭᠤᠷᠠᠮ᠎ᠠ ᠮᠠᠶ᠋ᠢᠭᠲᠤ︾ ᠶᠠᠪᠤᠬᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ 1200

ᠭᠠᠷᠤᠢ ᠤᠳᠠᠭ᠎ᠠ ᠥᠷᠨᠢᠭᠦᠯᠵᠦ᠂ ᠰᠤᠷᠭᠠᠭᠤᠯᠢ ᠶᠢᠨ ︽ᠪᠢᠴᠢᠯ ᠬᠢᠴᠢᠶᠡᠯ ᠤᠨ ᠲᠠᠩᠬᠢᠮ︾ ᠪᠣᠯᠤᠨ ᠨᠡᠶᠢᠭᠡᠮ ᠤᠨ

︽ᠲᠣᠮᠣ ᠬᠢᠴᠢᠶᠡᠯ ᠤᠨ ᠲᠠᠩᠬᠢᠮ︾ ᠢ ᠣᠷᠭᠠᠨᠢᠭ ᠢᠶᠠᠷ ᠨᠡᠪᠲᠡᠷᠡᠭᠦᠯᠬᠦ ᠶᠢ ᠠᠬᠢᠭᠤᠯᠪᠠ᠃ ᠪᠡᠭᠡᠵᠢᠩ ᠥᠪᠥᠷ

ᠮᠣᠩᠭᠤᠯ ᠤᠨ ᠵᠠᠯᠠᠭᠤᠴᠤᠳ ᠪᠠᠭᠠᠴᠤᠳ ᠤᠨ ︽ᠵᠣᠷᠢᠭ ᠢᠶᠠᠨ ᠬᠥᠪᠴᠢᠯᠡᠨ ᠰᠤᠳᠤᠯᠤᠨ ᠰᠤᠷᠤᠯᠴᠠᠬᠤ︾᠂ ︽ᠠᠨᠠᠷ

 ᠤᠨ ᠦᠷ᠎ᠡ ᠬᠤᠷᠠᠨ ᠴᠤᠭᠯᠠᠷᠠᠵᠤ ᠰᠡᠳᠬᠢᠯ ᠨᠢᠭᠡᠳᠦᠨ ᠢᠷᠡᠭᠡᠳᠦᠢ ᠵᠦᠭ ᠲᠡᠮᠡᠦᠯᠬᠦ︾᠂ ︽ᠦᠨᠳᠦᠰᠦᠲᠡᠨ ᠨᠦᠭᠦᠳ

ᠪᠦᠯᠬᠦᠮᠳᠡᠨ ᠨᠢᠭᠡᠨ ᠭᠡᠷ ᠤᠨ ᠬᠢᠨ ᠮᠡᠲᠦ ᠳᠣᠲᠣᠨᠣ︾᠂ ︽ᠪᠡᠭᠡᠵᠢᠩ ᠥᠪᠥᠷ ᠮᠣᠩᠭᠤᠯ ᠤᠨ ᠵᠠᠯᠠᠭᠤᠴᠤᠳ

ᠪᠠᠭᠠᠴᠤᠳ ᠬᠤᠷᠰᠢᠶᠠᠯᠠᠨ᠂ ᠭᠠᠷ ᠬᠤᠯᠪᠣᠯᠴᠠᠬᠤ︾ ᠵᠡᠷᠭᠡ ᠡᠯ᠎ᠡ ᠲᠥᠷᠥᠯ ᠤᠨ ᠲᠣᠭᠤᠷᠢᠨ ᠦᠵᠡᠵᠦ ᠣᠶᠢᠯᠠᠭᠠᠬᠤ᠂

ᠰᠤᠷᠤᠯᠴᠠᠵᠤ ᠰᠣᠯᠢᠯᠴᠠᠬᠤ᠂ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠶᠢ 80 ᠭᠠᠷᠤᠢ ᠲᠠᠯᠠᠪᠤᠷ ᠥᠷᠨᠢᠭᠦᠯᠵᠦ᠂

18600 ᠭᠠᠷᠤᠢ ᠵᠠᠯᠠᠭᠤᠴᠤᠳ ᠪᠠᠭᠠᠴᠤᠳ ᠢ ᠬᠠᠮᠤᠷᠪᠠ᠃

       

2.webp.png

            ᠤᠯᠠᠭᠠᠨᠴᠠᠪ ᠬᠤᠲᠠ ᠶᠢᠨ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ

            ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ

      ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠷᠭᠠᠨ

ᠬᠥᠮᠦᠵᠢᠯ ᠤᠨ ᠦᠵᠡᠭᠳᠡᠯᠲᠦ ᠬᠢᠴᠢᠶᠡᠯ ᠤᠨ ᠭᠡᠷ︾ ᠢ ᠪᠠᠶᠢᠭᠤᠯᠪᠠ᠃ ᠬᠤᠲᠠ ᠶᠢᠨ ᠰᠤᠷᠭᠠᠨ ᠬᠥᠮᠦᠵᠢᠯ ᠤᠨ

ᠲᠣᠪᠴᠢᠶ᠎ᠠ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ︽ᠬᠢᠴᠢᠶᠡᠯ︾ ᠤᠨ ᠰᠢᠨᠵᠢ ᠴᠢᠨᠠᠷ

 ᠲᠤ ᠠᠩᠬᠠᠷᠤᠯ ᠢᠶᠠᠨ ᠬᠠᠨᠳᠤᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠥᠲᠦᠭᠡᠨ

ᠪᠠᠶᠢᠭᠤᠯᠬᠤ ᠲᠤᠬᠠᠢ ᠲᠣᠭᠲᠠᠭᠠᠯ︾ ᠳᠤ ᠳᠤᠷᠠᠳᠤᠭᠰᠠᠨ 7 ᠵᠢᠱᠢᠶᠡᠴᠢ ᠪᠣᠯᠬᠤ ᠬᠠᠷᠠᠯᠲᠠ ᠪᠠ ᠡᠭᠦᠷᠭᠡ ᠶᠢᠨ

ᠲᠣᠭᠤᠷᠢᠨ ᠳᠤ ︽ᠵᠢᠷᠭᠤᠭᠠᠨ ᠦᠭᠡ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠲᠣᠳᠣᠷᠬᠠᠢ

ᠶᠠᠷᠢᠵᠤ᠂ ᠣᠯᠠᠨ ᠬᠠᠷᠠᠭᠠᠰᠤ᠂ ᠣᠯᠠᠨ ᠳᠠᠪᠬᠤᠷᠭ᠎ᠠ᠂ ᠪᠣᠰᠤᠭ᠎ᠠ ᠴᠣᠭᠴᠠ  ᠠᠴᠠ ︽ᠶᠡᠭᠡ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ︾ ᠢ ᠪᠦᠲᠦᠮᠵᠢᠲᠡᠢ ᠰᠠᠶᠢᠲᠤᠷ ᠬᠡᠷᠡᠭᠯᠡᠵᠦ᠂ ︽ᠲᠤᠷᠰᠢᠯᠲᠠ ᠶᠢᠨ ᠴᠡᠭ ᠤᠷᠢᠳ ᠢᠶᠠᠷ

ᠬᠡᠷᠡᠭᠵᠢᠭᠦᠯᠵᠦ᠂ ᠠᠯᠬᠤᠮ ᠠᠯᠬᠤᠮ ᠢᠶᠠᠷ ᠳᠡᠯᠭᠡᠷᠡᠭᠦᠯᠬᠦ︾ ᠠᠷᠭ᠎ᠠ ᠪᠠᠷ ᠶᠠᠪᠤᠭᠳᠠᠭᠤᠯᠵᠤ᠂ 5 ᠶᠡᠭᠡ ᠳᠡᠭᠡᠳᠦ

ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ︵ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠪᠡᠭᠡᠵᠢᠩ ᠤᠨ

ᠨᠠᠢᠮᠠᠳᠤᠭᠠᠷ ᠳᠤᠮᠳᠠᠳᠤ ᠪᠠᠭ᠎ᠠ ᠰᠤᠷᠭᠠᠭᠤᠯᠢ ᠶᠢᠨ ᠤᠯᠠᠭᠠᠨᠴᠠᠪ ᠲᠠᠬᠢ ᠬᠤᠪᠢᠶᠠᠷᠢ ᠰᠤᠷᠭᠠᠭᠤᠯᠢ᠂ ᠤᠯᠠᠭᠠᠨᠴᠠᠪ

ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠤᠯᠠᠭᠠᠨᠴᠠᠪ ᠬᠤᠲᠠ ᠶᠢᠨ ᠮᠣᠩᠭᠤᠯ

ᠦᠨᠳᠦᠰᠦᠲᠡᠨ ᠤ ᠪᠠᠭ᠎ᠠ ᠰᠤᠷᠭᠠᠭᠤᠯᠢ᠂ ᠵᠢᠨᠢᠩ ᠲᠣᠭᠤᠷᠢᠭ ᠤᠨ ᠪᠢᠨ ᠬᠣ᠋ ᠪᠠᠭ᠎ᠠ ᠰᠤᠷᠭᠠᠭᠤᠯᠢ︶ ᠶᠢ ᠰᠣᠩᠭᠤᠨ

ᠲᠤᠷᠰᠢᠯᠲᠠ ᠶᠢᠨ ᠰᠤᠷᠭᠠᠭᠤᠯᠢ ᠶᠢᠨ ᠬᠤᠪᠢ ᠪᠠᠷ ︽ᠲᠠᠯᠠᠪᠤᠷ ᠲᠠᠢ᠂ ᠠᠭᠤᠯᠭ᠎ᠠ ᠲᠠᠢ᠂ ᠠᠭᠤᠯᠤᠭᠳᠠᠬᠤᠨ ᠲᠠᠢ᠂ ᠦᠷ᠎ᠡ

ᠪᠦᠲᠦᠮᠵᠢ ᠲᠠᠢ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠷᠭᠠᠨ

ᠬᠥᠮᠦᠵᠢᠯ ᠤᠨ ᠦᠵᠡᠭᠳᠡᠯᠲᠦ ᠬᠢᠴᠢᠶᠡᠯ ᠤᠨ ᠲᠠᠩᠬᠢᠮ ᠢ ᠪᠠᠶᠢᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠬᠢᠨ

ᠪᠡᠶᠡᠴᠢᠯᠡᠨ ᠣᠶᠢᠯᠠᠭᠠᠬᠤ ᠬᠡᠯᠪᠡᠷᠢ ᠪᠠ ᠠᠬᠤᠢ ᠲᠠᠯᠠᠪᠠᠢ ᠳᠤ ᠰᠣᠭᠲᠤᠭᠤᠷᠠᠮ᠎ᠠ ᠬᠡᠯᠪᠡᠷᠢ ᠪᠠᠷ ᠦᠵᠡᠯ ᠰᠠᠨᠠᠭ᠎ᠠ ᠤᠯᠤᠰ

ᠲᠥᠷᠦ ᠶᠢᠨ ᠬᠢᠴᠢᠶᠡᠯ ᠤᠨ ᠦᠵᠡᠭᠳᠡᠯᠲᠦ ᠵᠢᠭᠠᠨ ᠰᠤᠷᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠢ

ᠬᠥᠲᠥᠯᠥᠨ ᠵᠢᠯᠣᠭᠤᠳᠴᠤ ︽ᠦᠵᠡᠬᠦ︾᠂ ︽ᠰᠣᠨᠣᠰᠬᠤ︾᠂ ︽ᠰᠣᠨᠢᠷᠬᠠᠬᠤ︾᠂ ︽ᠣᠩᠰᠢᠬᠤ︾᠂ ︽ᠶᠠᠷᠢᠬᠤ︾᠂          

︽ᠲᠣᠭᠯᠠᠬᠤ︾ ᠵᠡᠷᠭᠡ ᠰᠢᠨ᠎ᠡ ᠰᠣᠷᠭᠤᠭ ᠮᠥᠷᠲᠡᠭᠡᠨ ᠠᠮᠢᠳᠤᠯᠢᠭ ᠪᠡᠶᠡᠴᠢᠯᠡᠨ ᠣᠶᠢᠯᠠᠭᠠᠯᠲᠠ ᠪᠠᠷ ᠳᠠᠮᠵᠢᠭᠤᠯᠤᠨ᠂

ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠡᠬᠡ ᠣᠷᠣᠨᠴᠢ ᠦᠵᠡᠯ ᠤᠨ

ᠬᠥᠮᠦᠵᠢᠯ ᠪᠠ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠤᠬᠠᠮᠰᠠᠷ ᠠᠴᠠ ᠪᠠᠨ ᠭᠥᠷᠳᠡᠪᠡ᠃

       

3.webp.png

              ᠬᠤᠪᠢᠰᠬᠠᠯ ᠤᠨ ᠦᠯᠢᠭᠡᠷ ᠰᠡᠳᠬᠢᠯ ᠢ ᠤᠮᠳᠠᠯᠠᠨ᠎ᠠ

      2. ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ  ᠬᠠᠨᠳᠤᠭᠤᠯᠤᠨ ᠦᠵᠡᠯ ᠰᠠᠨᠠᠭ᠎ᠠ

      ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ

      ᠬᠥᠮᠦᠨ ᠬᠥᠮᠦᠵᠢᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ

      ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠪᠦᠷᠢᠨ ᠭᠦᠢᠴᠡᠳ

ᠲᠣᠬᠢᠷᠠᠭᠤᠯᠪᠠ ᠃ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ

ᠪᠠᠭᠰᠢ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭ᠎ᠠ ᠰᠤᠷᠭᠠᠭᠤᠯᠢ ᠶᠢᠨ

ᠳᠣᠣᠷ᠎ᠠ᠂ ᠳᠤᠮᠳᠠ ᠠᠩᠭᠢ ᠳᠤ ᠵᠣᠬᠢᠬᠤ ᠲᠣᠭᠠᠨ  ᠤ ᠲᠤᠰᠬᠠᠢ ᠲᠤᠰᠢᠶᠠᠯᠲᠤ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠭᠰᠢ ᠲᠣᠬᠢᠷᠠᠭᠤᠯᠬᠤ ᠶᠢ ᠦᠨᠡᠨ ᠬᠦ ᠪᠠᠲᠤᠯᠠᠵᠤ᠂ ᠪᠠᠭ᠎ᠠ ᠰᠤᠷᠭᠠᠭᠤᠯᠢ ᠶᠢᠨ ᠳᠡᠭᠡᠷ᠎ᠡ ᠣᠨ ᠤ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠲᠤᠰᠬᠠᠢ ᠳᠤᠰᠢᠶᠠᠯᠲᠤ ᠪᠠᠭᠰᠢ ᠪᠠᠷ ᠭᠤᠣᠯ ᠪᠣᠯᠭᠠᠬᠤ ᠶᠢᠨ

ᠬᠠᠮᠲᠤ ᠲᠤᠰᠬᠠᠢ ᠲᠤᠰᠢᠶᠠᠯᠲᠤ ᠪᠠᠭᠰᠢ ᠶᠢ ᠲᠣᠬᠢᠷᠠᠭᠤᠯᠬᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂

ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ  ᠶᠢᠨ ᠳᠤᠮᠳᠠᠳᠤ ᠰᠤᠷᠭᠠᠭᠤᠯᠢ ᠳᠤ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠪᠥᠷᠢᠨ ᠭᠦᠢᠴᠡᠳ ᠲᠣᠬᠢᠷᠠᠭᠤᠯᠪᠠ᠃ ᠣᠳᠣ᠂ ᠪᠦᠬᠦ ᠬᠤᠲᠠ ᠶᠢᠨ

ᠳᠤᠮᠳᠠᠳᠤ ᠪᠠᠭ᠎ᠠ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ 1290 ᠪᠠᠶᠢᠵᠤ᠂

ᠡᠭᠦᠨ ᠳᠤ ᠪᠠᠭ᠎ᠠ ᠰᠤᠷᠭᠠᠭᠤᠯᠢ ᠶᠢᠨ ᠪᠠᠭᠰᠢ 809᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ

278᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ 203 ᠪᠤᠢ᠃

      ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠭᠰᠢ ᠶᠢᠨ ᠳᠤᠰᠬᠠᠢ ᠮᠡᠷᠭᠡᠵᠢᠯ ᠤᠨ ᠬᠡᠪ

ᠴᠢᠨᠠᠷ ᠢ ᠳᠡᠭᠡᠭᠰᠢᠯᠡᠭᠦᠯᠪᠡ ᠃ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠵᠢᠯᠣᠭᠤᠳᠬᠤ ᠵᠥᠪᠯᠡᠯ ᠤᠨ ᠲᠤᠰᠬᠠᠢ

ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠲᠦᠷᠦᠭᠦᠯᠡᠨ᠂ ᠵᠢᠭᠠᠨ ᠰᠤᠷᠭᠠᠯᠲᠠ ᠶᠢ ᠵᠣᠯᠭᠠᠭᠤᠯᠬᠤ᠂ ᠵᠢᠭᠠᠨ

ᠰᠤᠷᠭᠠᠯᠲᠠ ᠶᠢᠨ ᠠᠷᠭ᠎ᠠ ᠶᠢ ᠰᠤᠳᠤᠯᠬᠤ ᠵᠡᠷᠭᠡ ᠶᠢᠨ ᠲᠣᠭᠤᠷᠢᠨ ᠳᠤ ᠡᠯ᠎ᠡ ᠰᠤᠷᠤᠯᠭ᠎ᠠ ᠶᠢᠨ ᠱᠠᠲᠤᠨ ᠤ ᠦᠵᠡᠯ

ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠭ᠎ᠠ ᠶᠢ ᠠᠬᠢᠭᠤᠯᠵᠤ᠂

ᠰᠤᠷᠤᠯᠭ᠎ᠠ ᠶᠢᠨ ᠱᠠᠲᠤ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ︽ᠣᠯᠠᠨ ᠢᠶᠠᠷ ᠢᠶᠠᠨ ᠬᠢᠴᠢᠶᠡᠯ ᠰᠣᠨᠣᠰᠬᠤ᠂ ᠣᠯᠠᠨ ᠢᠶᠠᠷ ᠢᠶᠠᠨ ᠪᠠᠶᠢᠴᠠᠭᠠᠨ ᠰᠣᠳᠤᠯᠬᠤ︾᠂

ᠬᠠᠮᠲᠤ ᠳᠤ ᠪᠠᠨ ᠬᠢᠴᠢᠶᠡᠯ ᠪᠡᠯᠡᠳᠬᠡᠬᠦ᠂ ᠳᠠᠭᠤᠷᠢᠶᠠᠯ ᠦᠵᠡᠭᠦᠯᠵᠦ ᠲᠣᠭᠤᠷᠢᠨ ᠦᠵᠡᠵᠦ ᠳᠡᠯᠭᠡᠨ ᠦᠵᠡᠭᠦᠯᠬᠦ

ᠬᠢᠴᠢᠶᠡᠯ ᠵᠡᠷᠭᠡ ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂ ᠴᠢᠨᠠᠷᠯᠢᠭ ᠪᠠᠶᠢᠴᠠᠭᠠᠨ ᠰᠤᠳᠤᠯᠤᠯᠲᠠ ᠶᠢᠨ

ᠮᠡᠳᠡᠭᠦᠯᠦᠯᠲᠡ 3᠂ ᠰᠢᠯᠢᠳᠡᠭ ᠳᠠᠭᠤᠷᠢᠶᠠᠯ ᠦᠵᠡᠭᠦᠯᠬᠦ ᠬᠢᠴᠢᠶᠡᠯ ᠤᠨ ᠫᠷᠣᠭ᠍ᠷᠠᠮ 9 ᠶᠢ ᠪᠣᠢ ᠪᠣᠯᠭᠠᠪᠠ᠃

      ᠪᠦᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ︽ᠠᠯᠲᠠᠨ ᠬᠢᠴᠢᠶᠡᠯ︾ ᠢ ᠳᠡᠯᠭᠡᠨ ᠦᠵᠡᠭᠦᠯᠵᠦ ᠰᠣᠯᠢᠯᠴᠠᠬᠤ

ᠠᠵᠢᠯᠯᠠᠭ᠎ᠠ ᠶᠢ ᠡᠷᠬᠢᠯᠡᠵᠦ᠂ 85 ︽ᠠᠨᠠᠷ ᠤᠯᠠᠭᠠᠨ︾᠂ ︽ᠰᠠᠨᠰᠠᠷ ᠤᠨ ᠠᠶᠠᠯᠠᠯ ᠬᠥᠬᠡ︾᠂ ︽ᠤᠮᠠᠷᠠᠲᠤ ᠬᠢᠯᠢ          

ᠨᠣᠭᠤᠭᠠᠨ︾ ᠵᠡᠷᠭᠡ ᠰᠢᠷᠢᠰ ᠦᠵᠡᠯ ᠰᠠᠨᠠᠭ᠎ᠠ ᠤᠯᠤᠰ ᠲᠥᠷᠥ ᠶᠢᠨ ︽ᠠᠯᠲᠠᠨ ᠬᠢᠴᠢᠶᠡᠯ︾ ᠢ ᠪᠠᠶᠢᠭᠤᠯᠤᠭᠰᠠᠨ

ᠪᠥᠭᠡᠳ 20 ᠰᠢᠯᠢᠳᠡᠭ ︽ᠠᠯᠲᠠᠨ ᠬᠢᠴᠢᠶᠡᠯ︾ ᠢ ᠰᠣᠩᠭᠤᠨ ᠤᠯᠠᠭᠠᠨᠴᠠᠪ ᠰᠤᠷᠭᠠᠨ ᠬᠥᠮᠦᠵᠢᠯ ᠤᠨ ᠣᠯᠠᠨ

ᠨᠡᠶᠢᠲᠡ ᠶᠢᠨ ᠲᠠᠪᠴᠠᠩ ᠳᠤ ᠨᠡᠪᠲᠡᠷᠡᠭᠦᠯᠵᠦ᠂ ᠪᠦᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠭᠰᠢ ᠯᠠᠪᠯᠠᠵᠤ ᠰᠤᠷᠤᠯᠴᠠᠬᠤ ᠳᠤ ᠳᠥᠭᠦᠮ ᠦᠵᠡᠭᠦᠯᠪᠡ᠃ ᠤᠯᠤᠰ ᠤᠨ ᠳᠡᠰ ᠤᠨ ᠪᠣᠯᠪᠠᠰᠤᠷᠠᠭᠤᠯᠬᠤ

ᠲᠥᠯᠥᠪᠯᠡᠭᠡ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠵᠡᠷᠭᠡ ᠠᠷᠭ᠎ᠠ

ᠵᠠᠮ ᠢ ᠠᠰᠢᠭᠯᠠᠨ᠂ ᠪᠦᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠢ

ᠰᠦᠯᠵᠢᠶᠡᠨ ᠭᠠᠳᠠᠨ᠎ᠠ 1 ᠤᠳᠠᠭ᠎ᠠ᠂ ᠰᠦᠯᠵᠢᠶᠡᠨ ᠳᠤ 8 ᠤᠳᠠᠭ᠎ᠠ ᠪᠣᠯᠪᠠᠰᠤᠷᠠᠭᠤᠯᠪᠠ᠃ ᠬᠤᠶᠠᠳᠤᠭᠠᠷ

ᠬᠤᠭᠤᠴᠠᠭᠠᠨ ᠤ ᠪᠦᠬᠦ ᠬᠤᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠵᠢᠭᠠᠨ

ᠰᠤᠷᠭᠠᠯᠲᠠ ᠶᠢᠨ ᠦᠨᠳᠦᠰᠦᠨ ᠴᠢᠳᠠᠪᠤᠷᠢ ᠶᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠶᠢ ᠵᠣᠬᠢᠶᠠᠨ

ᠪᠠᠶᠢᠭᠤᠯᠵᠤ᠂ ᠪᠦᠬᠦ ᠬᠤᠲᠠ ᠠᠴᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ 5 ᠪᠠᠭᠰᠢ ᠶᠢ ᠰᠣᠩᠭᠤᠨ

ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢᠨ

ᠦᠵᠡᠭᠦᠯᠭᠡ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠣᠨᠴᠠ ᠳᠡᠰ ᠤᠨ ᠱᠠᠩᠨᠠᠯ 1᠂ ᠨᠢᠭᠡᠳᠦᠭᠡᠷ

ᠳᠡᠰ ᠤᠨ ᠱᠠᠩᠨᠠᠯ 1᠂ ᠭᠤᠷᠪᠠᠳᠤᠭᠠᠷ ᠳᠡᠰ ᠤᠨ ᠱᠠᠩᠨᠠᠯ 3 ᠶᠢ ᠭᠥᠷᠳᠡᠪᠡ᠃

      3. ᠬᠢᠴᠢᠶᠡᠯ ᠤᠨ ᠬᠠᠮᠢᠶᠠᠷᠤᠯᠲᠠ ᠳᠤ ᠠᠩᠬᠠᠷᠤᠯ ᠢᠶᠠᠨ ᠬᠠᠨᠳᠤᠭᠤᠯᠤᠨ ᠰᠢᠨᠵᠢᠯᠡᠭᠡᠨ ᠤ

      ᠰᠠᠯᠠᠭ᠎ᠠ ᠳᠤ ᠠᠭᠤᠰᠬᠠᠬᠤ ᠶᠢ ᠪᠠᠷᠢᠮᠲᠠᠯᠠᠵᠤ ᠦᠵᠡᠯ ᠰᠠᠨᠠᠭ᠎ᠠ ᠤᠯᠤᠰ ᠲᠥᠷᠥ ᠶᠢᠨ

      ᠬᠢᠴᠢᠶᠡᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠥᠷᠭᠡᠳᠭᠡᠪᠡ

      ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠡᠯ᠎ᠡ ᠲᠥᠷᠥᠯ ᠤᠨ ᠬᠢᠴᠢᠶᠡᠯ ᠤᠨ ᠵᠢᠭᠠᠨ ᠰᠤᠷᠭᠠᠯᠲᠠ ᠳᠤ

ᠢᠳᠡᠪᠬᠢᠲᠡᠢ ᠪᠥᠭᠡᠳ ᠣᠷᠭᠠᠨᠢᠭ ᠢᠶᠠᠷ  ᠠᠭᠤᠰᠬᠠᠵᠤ᠂ ︽ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ︾ ᠠᠴᠠ

ᠭᠠᠷᠳᠠᠵᠤ᠂ ᠪᠤᠰᠤᠳ ᠬᠢᠴᠢᠶᠡᠯ ᠳᠤ ᠠᠭᠤᠯᠤᠭᠳᠠᠵᠤ ᠪᠠᠶᠢᠭ᠎ᠠ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ

ᠬᠥᠮᠦᠵᠢᠯ ᠤᠨ ᠡᠬᠢ ᠪᠠᠶᠠᠯᠢᠭ ᠢ ᠢᠯᠡᠷᠡᠭᠦᠯᠦᠨ᠂ ᠦᠵᠡᠯ ᠰᠠᠨᠠᠭ᠎ᠠ ᠤᠯᠤᠰ ᠲᠥᠷᠥ ᠶᠢᠨ ᠪᠣᠰᠤ ᠬᠢᠴᠢᠶᠡᠯ ᠪᠣᠯᠤᠨ

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠵᠡᠷᠭᠡ ᠪᠠᠷ ᠠᠳᠬᠤᠵᠤ᠂ ᠬᠠᠷᠢᠯᠴᠠᠨ ᠠᠬᠢᠭᠤᠯᠵᠤ ᠬᠠᠷᠢᠯᠴᠠᠨ

ᠳᠠᠪᠰᠢᠬᠤ ᠦᠢᠯᠡᠳᠦᠯ ᠢ ᠪᠦᠷᠢᠯᠳᠦᠭᠦᠯᠪᠡ᠃ ︽ᠶᠣᠰᠣ ᠰᠤᠷᠲᠠᠬᠤᠨ ᠤ ᠬᠥᠮᠦᠵᠢᠯ ᠤᠨ ᠲᠠᠪᠴᠠᠩ︾᠂ ︽ᠠᠨᠠᠷ ᠤᠨ

ᠦᠷ᠎ᠡ ᠬᠥᠮᠦᠨ ᠬᠥᠮᠦᠵᠢᠭᠦᠯᠬᠦ ᠪᠢᠴᠢᠯ ᠬᠢᠴᠢᠶᠡᠯ ᠤᠨ ᠲᠠᠩᠬᠢᠮ︾᠂ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ

ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠶᠢᠯᠤᠮᠵᠢ︾ ᠶᠢ

ᠰᠠᠶᠢᠲᠤᠷ ᠠᠰᠢᠭᠯᠠᠵᠤ᠂ ᠪᠦᠬᠦ ᠬᠤᠲᠠ ᠶᠢᠨ ᠬᠡᠦᠬᠡᠳ ᠤᠨ ᠴᠡᠴᠡᠷᠯᠢᠭ ᠲᠤ ᠳᠤᠮᠳᠠᠳᠤ ᠶᠢᠨ ᠦᠨᠳᠦᠰᠦᠲᠡᠨ ᠤ

ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠤᠷᠠᠨ ᠵᠢᠷᠤᠭ 6688 ᠢᠵᠢ᠂ ᠪᠠᠭ᠎ᠠ

ᠰᠤᠷᠭᠠᠭᠤᠯᠢ ᠳᠤ 4087 ᠢᠵᠢ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤᠳᠬᠠᠬᠤ ᠬᠥᠮᠦᠵᠢᠯ ᠢ ︽ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ

ᠣᠷᠣᠭᠤᠯᠬᠤ᠂ ᠲᠠᠷᠢᠬᠢ ᠲᠣᠯᠣᠭᠠᠢ  ᠳᠤ ᠨᠢ ᠣᠷᠣᠭᠤᠯᠬᠤ︾ ᠶᠢ ᠠᠬᠢᠭᠤᠯᠵᠤ᠂ ᠦᠯᠢᠭᠡᠷ ᠶᠠᠷᠢᠬᠤ ᠠᠷᠭ᠎ᠠ ᠪᠠᠷ

ᠶᠣᠰᠣ ᠤᠴᠢᠷ ᠢ ᠭᠦᠨᠵᠡᠭᠡᠢ ᠶᠠᠷᠢᠵᠤ᠂ ᠨᠡᠪᠲᠡᠷᠬᠡᠢ ᠶᠠᠷᠢᠵᠤ᠂ ᠠᠮᠢᠳᠤᠯᠢᠭ ᠶᠠᠷᠢᠪᠠ᠃

      ᠵᠡᠪᠰᠡᠭ ᠤᠨ ᠡᠷᠳᠡᠮ᠂ ᠰᠢ ᠳᠠᠭᠤᠷᠢᠯᠢᠭ᠂ ᠮᠢᠭᠮᠡᠨ ᠰᠢᠲᠠᠷ᠎ᠠ᠂ ᠤᠷᠠᠨ ᠪᠢᠴᠢᠯᠭᠡ᠂ ᠰᠣᠩᠭᠤᠳᠠᠭ ᠰᠣᠶᠤᠯ ᠵᠡᠷᠭᠡ

ᠰᠤᠷᠭᠠᠭᠤᠯᠢ ᠶᠢᠨ ᠬᠢᠴᠢᠶᠡᠯ ᠢ ᠨᠡᠭᠡᠭᠡᠬᠦ ᠪᠠᠷ ᠳᠠᠮᠵᠢᠭᠤᠯᠤᠨ᠂ ᠰᠤᠷᠤᠭᠴᠢᠳ ᠢ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠪᠠᠷ ᠬᠥᠮᠦᠵᠢᠭᠦᠯᠵᠦ᠂ ᠰᠣᠶᠣᠯ ᠤᠨ ᠤᠬᠠᠮᠰᠠᠷ ᠪᠠ ᠰᠣᠶᠣᠯ ᠤᠨ

ᠢᠲᠡᠭᠡᠯ ᠢ ᠨᠡᠮᠡᠭᠳᠡᠭᠦᠯᠦᠨ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ

ᠰᠠᠨᠠᠭ᠎ᠠ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠪᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ

ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠢ ᠴᠢᠳᠠᠪᠤᠷᠢᠲᠠᠨ ᠬᠥᠮᠦᠵᠢᠭᠦᠯᠬᠦ ᠪᠦᠬᠦ ᠶᠠᠪᠤᠴᠠ ᠳᠤ

ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠱᠠᠲᠤ ᠶᠢ ᠨᠡᠪᠲᠡᠷᠡᠭᠦᠯᠦᠨ᠂ ᠭᠡᠷ ᠪᠦᠯᠢ᠂

ᠰᠤᠷᠭᠠᠭᠤᠯᠢ᠂ ᠨᠡᠶᠢᠭᠡᠮ ᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠰᠤᠷᠤᠭᠴᠢᠳ ᠲᠤ ᠳᠤᠮᠳᠠᠳᠤ ᠶᠢᠨ

ᠦᠨᠳᠦᠰᠦᠲᠡᠨ ᠤ ᠣᠯᠠᠨ ᠡᠰᠢᠵᠢᠭᠦᠯᠦᠭᠰᠡᠨ ᠰᠣᠶᠣᠯ ᠪᠠ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ

ᠨᠡᠩ ᠭᠦᠨᠵᠡᠭᠡᠢ ᠣᠶᠢᠯᠠᠭᠠᠭᠤᠯᠵᠤ᠂ ᠰᠤᠷᠤᠭᠴᠢᠳ ᠤᠨ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ  ᠡᠬᠡ

ᠣᠷᠣᠨᠴᠢ ᠰᠡᠳᠬᠢᠯᠭᠡ ᠶᠢ ᠬᠥᠭᠵᠢᠭᠡᠪᠡ᠃ ᠣᠳᠣ᠂ ᠪᠦᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ

ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ︵ᠰᠤᠷᠭᠠᠭᠤᠯᠢ︶ 1᠂ ᠳᠤᠮᠳᠠᠳᠤ

ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠠᠭᠤᠷᠢᠶᠠᠯ ᠦᠵᠡᠭᠦᠯᠬᠦ ᠰᠤᠷᠭᠠᠭᠤᠯᠢ 2 ᠢ

ᠪᠠᠶᠢᠭᠤᠯᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号