ᠲᠠᠩᠬᠢᠰ | | | | ᠰᠢᠨ᠎ᠡ ᠮᠡᠳᠡᠯᠭᠡ ᠲᠠᠰᠤᠷᠠᠯᠲᠠ ᠦᠭᠡᠢ ᠨᠡᠮᠡᠭᠳᠡᠵᠦ᠂ ᠬᠠᠭᠤᠴᠢᠨ ᠮᠡᠳᠡᠯᠭᠡ ᠲᠠᠰᠤᠷᠠᠯᠲᠠ ᠦᠭᠡᠢ ᠰᠢᠭᠰᠢᠭᠳᠡᠵᠦ | ᠪᠠᠶᠢᠭ᠎ᠠ ᠦᠨᠦ ᠡᠷᠢᠨ ᠳᠤ ᠡᠯ᠎ᠡ ᠵᠦᠢᠯ ᠤᠨ ᠰᠢᠨ᠎ᠡ ᠠᠰᠠᠭᠤᠳᠠᠯ ᠲᠠᠰᠤᠷᠠᠯᠲᠠ ᠦᠭᠡᠢ ᠢᠯᠡᠷᠡᠵᠦ ᠪᠠᠶᠢᠨ᠎ᠠ᠂ ᠡᠳᠡᠭᠡᠷ | ᠠᠰᠠᠭᠤᠳᠠᠯ ᠢ ᠰᠢᠢᠳᠪᠦᠷᠢᠯᠡᠶ᠎ᠡ ᠭᠡᠪᠡᠯ ᠡᠷᠬᠡᠪᠰᠢ ᠨᠡᠶᠢᠭᠡᠮ ᠤᠨ ᠬᠤᠪᠢᠷᠠᠯᠲᠠ ᠳᠤ ᠵᠤᠬᠢᠴᠠᠵᠤ᠂ ᠨᠡᠶᠢᠭᠡᠮ ᠤᠨ | ᠬᠦᠭᠵᠢᠯᠲᠡ ᠲᠠᠢ ᠵᠤᠬᠢᠴᠠᠭᠰᠡᠨ ᠰᠡᠳᠬᠢᠬᠦᠢ ᠶᠢᠨ ᠴᠢᠳᠠᠪᠤᠷᠢ ᠲᠠᠢ᠂ ᠬᠦᠮᠦᠨ ᠤ ᠬᠦᠴᠦᠨ ᠤ ᠡᠬᠢ ᠪᠠᠶᠠᠯᠢᠭ ᠤᠨ | ᠦᠢᠯᠡᠳᠦᠯ ᠴᠢᠳᠠᠪᠤᠷᠢ ᠶᠢ ᠨᠡᠩ ᠰᠠᠶᠢᠨ ᠪᠠᠳᠠᠷᠠᠭᠤᠯᠵᠤ ᠴᠢᠳᠠᠳᠠᠭ ᠴᠢᠳᠠᠪᠤᠷᠢᠳᠠᠨ ᠢ ᠬᠦᠮᠦᠵᠢᠭᠦᠯᠬᠦ | ᠴᠢᠬᠤᠯᠠᠲᠠᠢ᠃ ᠡᠶᠢᠮᠦ ᠠᠴᠠ ᠰᠤᠷᠭᠠᠨ ᠬᠦᠮᠦᠵᠢᠯ ᠵᠢᠭᠠᠨ ᠰᠤᠷᠭᠠᠯᠲᠠ ᠳᠤ ᠪᠠᠭᠰᠢ ᠠᠴᠠ ᠮᠡᠳᠡᠯᠭᠡ ᠶᠢ | ᠤᠯᠠᠮᠵᠢᠯᠠᠬᠤ ᠪᠠᠷ ᠪᠠᠷᠠᠬᠤ ᠦᠭᠡᠢ ᠪᠠᠰᠠ ᠨᠡᠩ ᠰᠠᠶᠢᠨ ᠦᠷ᠎ᠡ ᠠᠰᠢᠭᠯᠠᠮᠵᠢᠳᠠᠢ ᠵᠢᠭᠠᠨ ᠰᠤᠷᠭᠠᠯᠲᠠ ᠶᠢᠨ ᠠᠷᠭ᠎ᠠ | ᠠᠪᠴᠠᠯ ᠢᠶᠠᠷ ᠰᠤᠷᠤᠭᠴᠢᠳ ᠤᠨ ᠭᠤᠣᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠵᠦ᠂ ᠨᠡᠶᠢᠭᠡᠮ ᠤᠨ ᠬᠦᠭᠵᠢᠯᠲᠠ ᠳᠤ | ᠲᠤᠬᠢᠷᠠᠭᠰᠡᠨ ᠴᠢᠳᠠᠪᠤᠷᠢᠳᠠᠨ ᠢ ᠬᠦᠮᠦᠵᠢᠬᠦᠯᠬᠦ ᠬᠡᠷᠡᠭᠳᠠᠢ᠃ ᠳᠡᠭᠡᠳᠦ ᠳᠤᠮᠳᠠᠳᠤ ᠶᠢᠨ ᠹᠢᠽᠢᠺ ᠤᠨ ᠵᠢᠭᠠᠨ | ᠰᠤᠷᠭᠠᠯᠲᠠ ᠳᠤ᠂ ᠪᠠᠭᠰᠢ ᠭᠤᠣᠯᠯᠠᠭᠴᠢ ᠬᠡᠪ ᠪᠤᠯᠪᠠᠰᠤᠷᠠᠯ ᠤᠨ ᠤᠶᠢᠯᠠᠭᠠᠭᠳᠠᠬᠤᠨ ᠢᠶᠠᠨ ᠬᠦᠨᠵᠡᠭᠡᠶᠢᠷᠡᠭᠦᠯᠵᠦ᠂ | ᠲᠡᠭᠦᠨ ᠢ ᠪᠠᠨ ᠵᠢᠭᠠᠨ ᠰᠤᠷᠭᠠᠯᠲᠠ ᠶᠢᠨ ᠳᠤᠮᠳᠠ ᠨᠡᠩ ᠰᠠᠶᠢᠨ ᠢᠶᠠᠷ ᠢᠯᠡᠷᠡᠭᠦᠯᠬᠦ ᠬᠡᠷᠡᠭᠳᠠᠢ᠃ ᠲᠤᠰ ᠦᠭᠦᠯᠡᠯ ᠳᠤ | ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠵᠢᠭᠠᠨ ᠰᠤᠷᠭᠠᠯᠲᠠ ᠶᠢᠨ | ᠵᠢᠱᠢᠶ᠎ᠡ ᠲᠠᠢ ᠤᠶᠠᠯᠳᠤᠭᠤᠯᠤᠨ᠂ ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠢ | ᠬᠦᠮᠦᠵᠢᠭᠦᠯᠬᠦ ᠠᠷᠭ᠎ᠠ ᠠᠪᠴᠠᠯ ᠢ ᠰᠦᠪᠡᠭᠴᠢᠯᠡᠨ᠂ ᠳᠡᠭᠡᠳᠦ ᠳᠤᠮᠳᠠᠳᠤ ᠶᠢᠨ ᠹᠢᠽᠢᠺ ᠤᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠤᠭᠴᠢᠳ ᠤᠨ ᠹᠢᠽᠢᠺ ᠤᠨ ᠬᠢᠴᠢᠶᠡᠯ ᠲᠦᠷᠦᠯ ᠤᠨ ᠭᠤᠤᠯᠯᠠᠭᠴᠢ ᠬᠡᠪ | ᠪᠤᠯᠪᠠᠰᠤᠷᠠᠯ ᠢ ᠬᠦᠮᠦᠵᠢᠭᠦᠯᠬᠦ ᠳᠤ ᠬᠡᠳᠦᠨ ᠰᠠᠨᠠᠭᠤᠯᠤᠮᠵᠢ ᠬᠠᠩᠭᠠᠭᠰᠡᠨ ᠪᠠᠶᠢᠨ᠎ᠠ᠃ | ᠨᠢᠭᠡ᠂ ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ | ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠨᠢ ᠳᠤᠤᠷᠠᠬᠢ ᠳᠦᠷᠪᠡᠨ ᠠᠭᠤᠯᠭ᠎ᠠ ᠶᠢ | ᠪᠠᠭᠲᠠᠭᠠᠨ᠎ᠠ᠃ ᠨᠢᠭᠡ ᠳᠤ᠂ ᠹᠢᠽᠢᠺ ᠤᠨ ᠤᠶᠢᠯᠠᠭᠠᠭᠳᠠᠬᠤᠨ — ᠹᠢᠽᠢᠺ ᠤᠨ ᠤᠬᠠᠭᠠᠨ ᠤ ᠬᠠᠷᠠᠭᠠᠰᠤ ᠠᠴᠠ | ᠪᠦᠳᠦᠭᠰᠡᠨ ᠪᠤᠳᠠᠰ᠂ ᠬᠦᠳᠡᠯᠭᠡᠭᠡᠨ ᠪᠤᠯᠤᠨ ᠬᠠᠷᠢᠯᠴᠠᠨ ᠦᠢᠯᠡᠴᠢᠯᠡᠯ᠂ ᠡᠨᠧᠷᠭᠢ ᠵᠡᠷᠭᠡ ᠶᠢᠨ ᠲᠤᠬᠠᠢ ᠦᠨᠳᠦᠰᠦᠨ | ᠲᠠᠨᠢᠯᠲᠠ᠂ ᠹᠢᠽᠢᠺ ᠤᠨ ᠤᠬᠠᠭᠳᠠᠬᠤᠨ ᠪᠤᠯᠤᠨ ᠵᠢᠮ᠎ᠡ ᠬᠠᠤᠯᠢ ᠶᠢᠨ ᠲᠠᠷᠢᠬᠢᠨ ᠲᠠᠬᠢ ᠪᠤᠯᠪᠠᠰᠤᠷᠠᠭᠤᠯᠤᠯᠲᠠ ᠪᠠ | ᠳᠡᠭᠡᠭᠰᠢᠯᠡᠭᠦᠯᠦᠯᠲᠡ᠂ ᠹᠢᠽᠢᠺ ᠤᠨ ᠤᠬᠠᠭᠠᠨ ᠤ ᠬᠠᠷᠠᠭᠠᠰᠤ ᠠᠴᠠ ᠪᠠᠶᠢᠭᠠᠯᠢ ᠶᠢᠨ ᠦᠵᠡᠭᠳᠡᠯ ᠢ ᠲᠠᠶᠢᠯᠪᠤᠷᠢᠯᠠᠬᠤ ᠪᠠ | ᠪᠤᠳᠠᠳᠤ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠮᠦᠨ᠃ ᠬᠤᠶᠠᠷ ᠲᠤ᠂ ᠰᠢᠨᠵᠢᠯᠡᠬᠦ ᠤᠬᠠᠭᠠᠨ ᠤ ᠰᠡᠳᠬᠢᠬᠦᠢ | — ᠰᠢᠨᠵᠢᠯᠡᠬᠦ ᠤᠬᠠᠭᠠᠨ ᠤ ᠰᠡᠳᠬᠢᠬᠦᠢ ᠪᠤᠯ ᠹᠢᠽᠢᠺ ᠤᠨ ᠬᠠᠷᠠᠭᠠᠰᠤ ᠠᠴᠠ ᠪᠤᠰᠤᠤᠨᠴᠢ ᠬᠡᠷᠡᠭ ᠪᠤᠳᠠᠰ ᠤᠨ ᠮᠦᠨ | ᠴᠢᠨᠠᠷ ᠤᠨ ᠰᠢᠨᠵᠢ ᠴᠢᠨᠠᠷ᠂ ᠳᠤᠲᠤᠭᠠᠳᠤ ᠵᠢᠮ᠎ᠡ ᠶᠤᠰᠤ ᠵᠢᠴᠢ ᠬᠤᠭᠤᠷᠤᠨᠳᠤᠬᠢ ᠬᠠᠷᠢᠴᠠᠭᠠᠨ ᠤ ᠲᠤᠬᠠᠢ | ᠲᠠᠨᠢᠯᠲᠠ ᠶᠢᠨ ᠠᠷᠭ᠎ᠠ ᠮᠠᠶ᠋ᠢᠭ ᠮᠦᠨ᠂ ᠲᠡᠷᠡ ᠨᠢ ᠪᠤᠳᠠᠳᠤ ᠲᠤᠷᠰᠢᠯᠭ᠎ᠠ ᠳᠤ ᠰᠠᠭᠤᠷᠢᠯᠠᠨ ᠹᠢᠽᠢᠺ ᠤᠨ ᠵᠠᠭᠪᠤᠷ ᠢ | ᠪᠠᠶᠢᠭᠤᠯᠬᠤ ᠪᠠ ᠹᠢᠽᠢᠺ ᠤᠨ ᠵᠠᠭᠪᠤᠷ ᠢ ᠬᠡᠶᠢᠰᠪᠦᠷᠢᠯᠡᠨ ᠬᠤᠷᠢᠶᠠᠩᠭᠤᠶᠢᠯᠠᠬᠤ ᠶᠠᠪᠤᠴᠠ ᠮᠦᠨ᠃ ᠪᠠᠰᠠ ᠵᠠᠳᠠᠯᠵᠤ | ᠬᠤᠷᠢᠶᠠᠩᠭᠤᠶᠢᠯᠠᠬᠤ᠂ ᠵᠦᠢᠴᠢᠯᠡᠨ ᠨᠤᠲᠠᠯᠬᠤ ᠵᠡᠷᠭᠡ ᠠᠷᠭ᠎ᠠ ᠶᠢᠨ ᠰᠢᠨᠵᠢᠯᠡᠬᠦ ᠤᠬᠠᠭᠠᠨ ᠤ ᠬᠦᠷᠢᠶ᠎ᠡ | ᠬᠡᠪᠴᠢᠶᠡᠨ ᠲᠠᠬᠢ ᠪᠤᠳᠠᠳᠠᠢ ᠬᠡᠷᠡᠭᠯᠡᠯᠲᠡ᠂ ᠪᠤᠳᠠᠳᠤ ᠬᠡᠷᠡᠭ ᠤᠨ ᠭᠡᠷᠡᠴᠢ ᠪᠠᠷᠢᠮᠲᠠ ᠪᠠ ᠰᠢᠨᠵᠢᠯᠡᠬᠦ ᠤᠬᠠᠭᠠᠨᠴᠢ | ᠵᠦᠢᠴᠢᠯᠡᠯ ᠳᠤ ᠰᠠᠭᠤᠷᠢᠯᠠᠨ ᠠᠳᠠᠯᠢ ᠪᠤᠰᠤ ᠦᠵᠡᠯᠲᠡ ᠪᠤᠯᠤᠨ ᠳ᠋ᠦᠩᠨᠡᠯᠲᠡ ᠳᠤ ᠰᠡᠵᠢᠭᠯᠡᠯ ᠪᠠ ᠰᠢᠬᠦᠮᠵᠢᠯᠡᠯ | ᠳᠤᠷᠠᠳᠴᠤ᠂ ᠰᠢᠯᠭᠠᠨ ᠪᠠᠶᠢᠴᠠᠭᠠᠬᠤ ᠪᠠ ᠵᠠᠰᠠᠪᠤᠷᠢᠯᠠᠵᠤ᠂ ᠡᠭᠦᠨ ᠤ ᠤᠯᠠᠮ ᠠᠴᠠ ᠪᠦᠲᠦᠭᠡᠯᠴᠢ ᠴᠢᠨᠠᠷ ᠲᠠᠢ | ᠦᠵᠡᠯᠲᠡ ᠶᠢ ᠳᠤᠷᠠᠳᠬᠤ ᠴᠢᠳᠠᠪᠤᠷᠢ ᠪᠠ ᠵᠠᠩ ᠴᠢᠨᠠᠷ ᠢ ᠵᠢᠭᠠᠨ᠎ᠠ᠃ ᠭᠤᠷᠪᠠ ᠳᠤ᠂ ᠰᠢᠨᠵᠢᠯᠡᠬᠦ ᠤᠬᠠᠭᠠᠨ ᠤ | ᠰᠦᠪᠡᠭᠴᠢᠯᠡᠯᠲᠡ — ᠰᠢᠨᠵᠢᠯᠡᠬᠦ ᠤᠬᠠᠭᠠᠨ ᠤ ᠰᠦᠪᠡᠭᠴᠢᠯᠡᠯᠲᠡ ᠪᠤᠯ ᠠᠵᠢᠭᠯᠠᠯᠲᠠ ᠪᠠ ᠲᠤᠷᠰᠢᠯᠲᠠ ᠳᠤ | ᠰᠠᠭᠤᠷᠢᠯᠠᠨ ᠹᠢᠽᠢᠺ ᠤᠨ ᠠᠰᠠᠭᠤᠳᠠᠯ ᠢ ᠳᠤᠷᠠᠳᠬᠤ᠂ ᠲᠠᠭᠠᠮᠠᠭᠯᠠᠯ ᠪᠠ ᠵᠢᠱᠢᠯᠲᠡ ᠬᠢᠬᠦ᠂ ᠲᠤᠷᠰᠢᠯᠲᠠ ᠬᠢᠬᠦ ᠪᠠ | ᠲᠦᠰᠦᠯ ᠲᠤᠭᠲᠠᠭᠠᠬᠤ᠂ ᠮᠡᠳᠡᠭᠡ ᠵᠠᠩᠭᠢ ᠶᠢ ᠤᠯᠬᠤ ᠪᠠ ᠰᠢᠢᠳᠪᠦᠷᠢᠯᠡᠬᠦ᠂ ᠭᠡᠷᠡᠴᠢ ᠪᠠᠷᠢᠮᠲᠠ ᠳᠤ ᠦᠨᠳᠦᠰᠦᠯᠡᠨ | ᠳ᠋ᠦᠩᠨᠡᠯᠲᠡ ᠬᠢᠵᠦ ᠲᠠᠶᠢᠯᠪᠤᠷᠢᠯᠠᠬᠤ ᠵᠢᠴᠢ ᠰᠢᠨᠵᠢᠯᠡᠬᠦ ᠤᠬᠠᠭᠠᠨ ᠤ ᠰᠦᠪᠡᠭᠴᠢᠯᠡᠯᠲᠡ ᠶᠢᠨ ᠶᠠᠪᠤᠴᠠ ᠪᠠ ᠦᠷ᠎ᠡ | ᠳ᠋ᠦᠩ ᠢ ᠰᠤᠯᠢᠯᠴᠠᠬᠤ᠂ ᠦᠨᠡᠯᠡᠬᠦ᠂ ᠡᠷᠬᠢᠴᠡᠭᠦᠯᠦᠨ ᠲᠤᠩᠭᠠᠬᠤ ᠵᠡᠷᠭᠡ ᠴᠢᠳᠠᠪᠤᠷᠢ ᠶᠢ ᠵᠢᠭᠠᠨ᠎ᠠ᠃ ᠳᠦᠷᠪᠡ ᠳᠤ᠂ | ᠰᠢᠨᠵᠢᠯᠡᠬᠦ ᠤᠬᠠᠭᠠᠨᠴᠢ ᠤᠪᠤᠷ ᠬᠢᠭᠡᠳ ᠬᠠᠷᠢᠭᠤᠴᠠᠯᠭ᠎ᠠ — ᠰᠢᠨᠵᠢᠯᠡᠬᠦ ᠤᠬᠠᠭᠠᠨᠴᠢ ᠤᠪᠤᠷ ᠬᠢᠭᠡᠳ | ᠬᠠᠷᠢᠭᠤᠴᠠᠯᠭ᠎ᠠ ᠪᠤᠯ ᠰᠢᠨᠵᠢᠯᠡᠬᠦ ᠤᠬᠠᠭᠠᠨ ᠤ ᠮᠦᠨ ᠴᠢᠨᠠᠷ ᠢ ᠲᠠᠨᠢᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠨᠡᠶᠢᠭᠡᠮ᠂ ᠤᠷᠴᠢᠨ ᠲᠤᠭᠤᠷᠢᠨ ᠤ ᠬᠠᠷᠢᠴᠠᠭ᠎ᠠ ᠶᠢ ᠲᠠᠨᠢᠬᠰᠡᠨ ᠰᠠᠭᠤᠷᠢᠨ ᠳᠡᠭᠡᠷ᠎ᠡ ᠠᠭᠠᠵᠢᠮ ᠢᠶᠠᠷ ᠪᠦᠷᠢᠯᠳᠦᠭᠰᠡᠨ | ᠪᠠᠶᠢᠭᠠᠯᠢ ᠶᠢ ᠬᠠᠶᠢᠨ ᠰᠦᠪᠡᠭᠴᠢᠯᠡᠬᠦ ᠳᠤᠲᠤᠭᠠᠳᠤ ᠬᠦᠳᠡᠯᠭᠡᠬᠦ ᠬᠦᠴᠦ᠂ ᠨᠠᠷᠢᠨ ᠬᠢᠨᠠᠮᠠᠭᠠᠢ᠂ ᠦᠨᠡᠨ ᠠᠴᠠ ᠵᠦᠪ ᠢ | ᠡᠷᠢᠬᠦ ᠪᠠ ᠭᠤᠶᠢᠪᠢᠰᠢ ᠦᠭᠡᠢ ᠪᠠᠷᠢᠮᠲᠠᠯᠠᠬᠤ ᠰᠢᠨᠵᠢᠯᠡᠬᠦ ᠤᠬᠠᠭᠠᠨᠴᠢ ᠤᠪᠤᠷ ᠵᠢᠴᠢ ᠶᠤᠰᠤ ᠰᠤᠷᠲᠠᠬᠤᠨ ᠤ | ᠳᠦᠷᠢᠮᠵᠢᠯ ᠢ ᠵᠢᠷᠦᠮᠯᠡᠬᠤ᠂ ᠤᠷᠴᠢᠨ ᠲᠤᠭᠤᠷᠢᠨ ᠢ ᠬᠠᠮᠠᠭᠠᠯᠠᠬᠤ ᠪᠠ ᠦᠷᠬᠦᠯᠵᠢᠯᠡᠬᠦ᠋ᠢᠴᠡ ᠬᠦᠭᠵᠢᠯᠲᠡ ᠶᠢ | ᠲᠦᠯᠬᠢᠨ ᠠᠬᠢᠭᠤᠯᠬᠤ ᠬᠠᠷᠢᠭᠤᠴᠠᠯᠭᠠᠳᠤ ᠰᠡᠳᠬᠢᠯᠭᠡ ᠶᠢ ᠵᠢᠭᠠᠨ᠎ᠠ᠃ | ᠬᠤᠶᠠᠷ᠂ ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠤᠨ ᠬᠦᠮᠦᠵᠢᠭᠦᠯᠦᠯᠲᠡ ᠶᠢᠨ | ᠤᠳᠤᠬᠢ ᠪᠠᠶᠢᠳᠠᠯ | 1. ᠹᠢᠽᠢᠺ ᠤᠨ ᠤᠬᠠᠭᠳᠠᠬᠤᠨ ᠤ ᠲᠠᠯ᠎ᠠ ᠪᠠᠷ᠄ ᠰᠤᠷᠤᠭᠴᠢᠳ ᠤᠨ ᠹᠢᠽᠢᠺ ᠤᠨ ᠤᠬᠠᠭᠳᠠᠬᠤᠨ ᠤ | ᠡᠵᠡᠮᠰᠢᠯᠲᠡ ᠶᠡᠷᠦᠩᠭᠡᠢ ᠳᠤ ᠪᠠᠨ ᠨᠡᠯᠢᠶᠡᠳ ᠬᠦᠨᠵᠡᠭᠡᠢ᠂ ᠭᠡᠪᠡᠴᠦ ᠵᠠᠷᠢᠮ ᠤᠬᠠᠭᠳᠠᠬᠤᠨ ᠤ ᠡᠵᠡᠮᠰᠢᠯᠲᠡ ᠨᠢ | ᠤᠨᠤᠪᠴᠢᠳᠠᠢ ᠪᠢᠰᠢ᠃ ᠡᠨᠡ ᠨᠢ ᠵᠢᠭᠠᠨ ᠰᠤᠷᠭᠠᠯᠲᠠ ᠶᠢᠨ ᠶᠠᠪᠤᠴᠠ ᠳᠤ ᠪᠠᠭᠰᠢ ᠠᠴᠠ ᠹᠢᠽᠢᠺ ᠤᠨ ᠤᠬᠠᠭᠳᠠᠬᠤᠨ ᠢ | ᠰᠤᠷᠤᠭᠴᠢᠳ ᠲᠤ ᠡᠵᠡᠮᠰᠢᠭᠦᠯᠭᠦ ᠶᠢ ᠭᠦᠢᠴᠡᠳ ᠴᠢᠬᠤᠯᠠᠴᠢᠯᠠᠭᠰᠡᠨ ᠦᠭᠡᠢ ᠶᠢ ᠬᠠᠷᠠᠭᠤᠯᠤᠨ᠎ᠠ᠃ | 2. ᠰᠡᠳᠬᠢᠬᠦᠢ ᠶᠢᠨ ᠬᠦᠮᠦᠵᠢᠭᠦᠯᠦᠯ ᠤᠨ ᠲᠠᠯ᠎ᠠ ᠪᠠᠷ᠄ ᠳᠡᠭᠡᠳᠦ ᠳᠤᠮᠳᠠᠳᠤ ᠶᠢᠨ ᠹᠢᠽᠢᠺ ᠤᠨ ᠵᠢᠭᠠᠨ | ᠰᠤᠷᠭᠠᠯᠲᠠ ᠶᠢᠨ ᠳᠤᠮᠳᠠ ᠤᠯᠠᠩᠬᠢ ᠪᠠᠭᠰᠢ᠂ ᠰᠤᠷᠤᠭᠴᠢᠳ ᠤᠨ ᠰᠡᠳᠬᠢᠬᠦᠢ ᠶᠢᠨ ᠬᠦᠭᠵᠢᠯᠲᠡ ᠶᠢ ᠤᠮᠳᠤᠭᠠᠶᠢᠯᠠᠵᠤ᠂ | ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠭᠦ ᠵᠠᠪᠰᠢᠶᠠᠨ ᠤᠯᠭᠤᠳᠠᠭ ᠦᠭᠡᠢ᠃ ᠦᠨᠡᠨ ᠳᠤ ᠪᠠᠨ ᠰᠢᠨᠵᠢᠯᠡᠬᠦ | ᠤᠬᠠᠭᠠᠨ ᠤ ᠰᠦᠪᠡᠭᠴᠢᠯᠡᠯ ᠤᠨ ᠵᠤᠷᠢᠭ ᠰᠠᠨᠠᠭ᠎ᠠ ᠪᠠᠶᠢᠮᠠᠨᠵᠢᠨ ᠰᠠᠶ᠋ᠢ ᠰᠤᠷᠤᠯᠴᠠᠯᠭ᠎ᠠ ᠶᠢᠨ ᠦᠷ᠎ᠡ ᠠᠰᠢᠭ ᠪᠤᠯᠤᠨ | ᠰᠤᠷᠤᠯᠴᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠨ᠎ᠠ᠃ | 3. ᠲᠤᠷᠰᠢᠯᠲᠠ ᠰᠦᠪᠡᠭᠴᠢᠯᠡᠯᠲᠡ ᠶᠢᠨ ᠴᠢᠳᠠᠪᠤᠷᠢ ᠶᠢᠨ ᠬᠦᠮᠦᠵᠢᠭᠦᠯᠦᠯᠲᠡ ᠶᠢᠨ ᠲᠠᠯ᠎ᠠ ᠪᠠᠷ᠄ | ᠲᠤᠷᠰᠢᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠢᠢᠯᠠᠬᠤ ᠡᠮᠬᠢᠳᠬᠡᠬᠦ ᠲᠠᠯ᠎ᠠ ᠪᠠᠷ ᠪᠤᠯᠪᠠᠰᠤᠷᠠᠩᠭᠤᠢ ᠪᠤᠰᠤ ᠠᠴᠠ | ᠲᠤᠷᠰᠢᠯᠲᠠ ᠶᠢᠨ ᠦᠷ᠎ᠡ ᠳ᠋ᠦᠩ ᠳᠤ ᠨᠦᠯᠦᠭᠡ ᠠᠪᠴᠢᠷᠠᠳᠠᠭ᠃ | 4. ᠰᠢᠨᠵᠢᠯᠡᠬᠦ ᠤᠬᠠᠭᠠᠨᠴᠢ ᠤᠪᠤᠷ ᠪᠠ ᠬᠠᠷᠢᠭᠤᠴᠠᠯᠭ᠎ᠠ ᠶᠢᠨ ᠲᠠᠯ᠎ᠠ ᠪᠠᠷ᠄ ᠰᠢᠯᠭᠠᠯᠲᠠ ᠳᠤ ᠵᠤᠷᠢᠭᠤᠯᠤᠭᠰᠡᠨ | ᠰᠤᠷᠭᠠᠨ ᠬᠦᠮᠦᠵᠢᠯ ᠤᠨ ᠨᠦᠯᠦᠭᠡ ᠠᠴᠠ ᠪᠤᠯᠵᠤ ᠪᠠᠭᠰᠢ ᠶᠢᠨ ᠵᠢᠭᠠᠨ ᠰᠤᠷᠭᠠᠯᠲᠠ ᠨᠢ ᠰᠢᠯᠭᠠᠬᠤ ᠮᠡᠳᠡᠯᠭᠡ ᠶᠢ | ᠲᠠᠶᠢᠯᠪᠤᠷᠢᠯᠠᠬᠤ ᠪᠠᠷ ᠭᠤᠤᠯ ᠪᠤᠯᠭᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨᠴᠢ ᠤᠪᠤᠷ ᠪᠤᠯᠤᠨ | ᠬᠠᠷᠢᠭᠤᠴᠠᠯᠭ᠎ᠠ ᠶᠢᠨ ᠬᠦᠮᠦᠵᠢᠭᠦᠯᠦᠯᠲᠡ ᠶᠢ ᠶᠡᠷᠦ ᠳᠤ ᠪᠠᠨ ᠤᠮᠳᠤᠭᠠᠶᠢᠯᠠᠳᠠᠭ᠃ | ᠭᠤᠷᠪᠠ᠂ ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠵᠢᠭᠠᠨ | ᠰᠤᠷᠭᠠᠯᠲᠠ ᠶᠢᠨ ᠵᠢᠱᠢᠶ᠎ᠡ | 1. ᠠᠭᠤᠯᠭ᠎ᠠ ᠶᠢᠨ ᠵᠠᠳᠠᠯᠤᠯᠲᠠ | ᠦᠷᠦᠯᠲᠠ ᠶᠢᠨ ᠬᠦᠴᠦ ᠪᠤᠯ ᠳᠡᠭᠡᠳᠦ ᠳᠤᠮᠳᠠᠳᠤ ᠶᠢᠨ ᠹᠢᠽᠢᠺ ᠤᠨ ᠴᠢᠬᠤᠯᠠ ᠤᠬᠠᠭᠳᠠᠬᠤᠨ᠂ ᠲᠤᠰ | ᠤᠬᠠᠭᠳᠠᠬᠤᠨ ᠤ ᠲᠤᠬᠠᠢ ᠵᠦᠪ ᠤᠨᠤᠪᠴᠢᠳᠠᠢ ᠡᠵᠡᠮᠰᠢᠯᠲᠡ ᠨᠢ ᠬᠤᠶᠢᠰᠢᠳᠠ ᠶᠢᠨ ᠰᠤᠷᠤᠯᠴᠠᠯᠭ᠎ᠠ ᠳᠤ ᠰᠠᠭᠤᠷᠢ | ᠲᠠᠯᠪᠢᠳᠠᠭ᠃ ᠲᠤᠰ ᠠᠭᠤᠯᠭ᠎ᠠ ᠳᠤ ᠭᠤᠯᠭᠤᠯᠲᠠ ᠶᠢᠨ ᠦᠷᠦᠯᠲᠡ ᠶᠢᠨ ᠬᠦᠴᠦᠨ ᠤ ᠰᠤᠳᠤᠯᠤᠯᠲᠠ᠂ | ᠦᠷᠦᠯᠲᠡ ᠶᠢᠨ ᠬᠦᠴᠦᠨ ᠤ ᠶᠡᠭᠡ ᠪᠠᠭ᠎ᠠ ᠶᠢ ᠪᠤᠳᠤᠬᠤ᠂ ᠦᠷᠦᠯᠲᠡ ᠶᠢᠨ ᠬᠦᠴᠦᠨ ᠤ ᠴᠢᠭᠯᠡᠯ ᠤᠨ ᠮᠠᠭᠠᠳᠯᠠᠯᠲᠠ | ᠵᠡᠷᠭᠡ ᠶᠢ ᠪᠠᠭᠲᠠᠭᠠᠨ᠎ᠠ᠃ ᠵᠢᠭᠠᠨ ᠰᠤᠷᠭᠠᠯᠲᠠ ᠶᠢᠨ ᠶᠠᠪᠤᠴᠠ ᠳᠤ ᠪᠠᠭᠰᠢ ᠠᠴᠠ ᠵᠢᠭᠠᠬᠤ ᠠᠷᠭ᠎ᠠ ᠶᠢᠨ | ᠬᠡᠷᠡᠭᠯᠡᠯᠲᠡ ᠪᠠᠨ ᠠᠩᠬᠠᠷᠴᠤ᠂ ᠰᠤᠷᠤᠭᠴᠢᠳ ᠲᠤ ᠦᠷᠦᠯᠲᠡ ᠶᠢᠨ ᠬᠦᠴᠦ ᠶᠢ ᠦᠪᠡᠷ ᠢᠶᠠᠷ ᠨᠢ ᠮᠡᠳᠡᠭᠦᠯᠬᠦ ᠶᠢ | ᠪᠠᠳᠤᠯᠠᠨ᠎ᠠ᠃ ᠠᠩᠬ᠎ᠠ ᠳᠤᠮᠳᠠᠳᠤ ᠶᠢᠨ ᠹᠢᠽᠢᠺ ᠤᠨ ᠰᠤᠷᠤᠯᠴᠠᠯᠭ᠎ᠠ ᠳᠤ ᠰᠤᠷᠤᠭᠴᠢᠳ ᠬᠡᠳᠦ᠋ᠢᠪᠡᠷ ᠦᠷᠦᠯᠲᠡ ᠶᠢᠨ | ᠬᠦᠴᠦ ᠶᠢ ᠰᠤᠷᠤᠯᠴᠠᠭᠰᠡᠨ ᠪᠤᠯᠪᠠᠴᠤ ᠲᠡᠷᠡ ᠨᠢ ᠵᠦᠪᠬᠡᠨ ᠦᠷᠦᠯᠲᠡ ᠶᠢᠨ ᠬᠦᠴᠦᠨ ᠤ ᠲᠤᠬᠠᠢ ᠦᠩᠭᠡᠨ | ᠲᠠᠯ᠎ᠠ ᠶᠢᠨ ᠲᠠᠨᠢᠯᠲᠠ ᠲᠡᠳᠦᠢ ᠶᠤᠮ᠃ ᠳᠡᠭᠡᠳᠦ ᠳᠤᠮᠳᠠᠳᠤ ᠶᠢᠨ ᠱᠠᠳᠤᠨ ᠳᠤ ᠤᠤᠯ ᠤᠨ ᠰᠤᠷᠤᠭᠰᠠᠨ ᠮᠡᠳᠡᠯᠭᠡ ᠶᠢᠨ | ᠰᠠᠭᠤᠷᠢᠨ ᠳᠡᠭᠡᠷ᠎ᠡ ᠦᠷᠦᠯᠲᠡ ᠶᠢᠨ ᠬᠦᠴᠦᠨ ᠳᠤ ᠲᠤᠭ᠎ᠠ ᠬᠡᠮᠵᠢᠶᠡᠨ ᠤ ᠲᠠᠯ᠎ᠠ ᠶᠢᠨ ᠰᠤᠳᠤᠯᠤᠯᠲᠠ ᠬᠢᠵᠦ᠂ | ᠰᠤᠷᠤᠭᠴᠢᠳ ᠤᠤᠯ ᠤᠨ ᠰᠤᠷᠤᠯᠴᠠᠭᠰᠡᠨ ᠲᠤᠭᠠᠨ ᠤ ᠤᠬᠠᠭᠠᠨ ᠤ ᠮᠡᠳᠡᠯᠭᠡ ᠪᠠᠨ ᠠᠰᠢᠬᠯᠡᠨ ᠲᠤᠭ᠎ᠠ ᠪᠠᠷᠢᠮᠲᠠ ᠶᠢ | ᠡᠮᠬᠢᠳᠬᠡᠬᠦ᠂ ᠵᠠᠳᠠᠯᠬᠤ ᠶᠠᠪᠤᠴᠠ ᠪᠠᠷ ᠳᠠᠮᠵᠢᠨ ᠦᠷᠦᠯᠲᠡ ᠶᠢᠨ ᠬᠦᠴᠦᠨ ᠤ ᠲᠤᠬᠠᠢ ᠬᠦᠨᠵᠡᠭᠡᠢ ᠤᠶᠢᠯᠠᠭᠠᠯᠲᠠ ᠲᠠᠢ | ᠪᠤᠯᠤᠨ᠎ᠠ᠃ | 2. ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠤᠨ ᠤᠶᠢᠯᠠᠭᠠᠭᠳᠠᠬᠤᠨ ᠳᠤᠤᠷᠠᠬᠢ ᠵᠢᠭᠠᠨ ᠰᠤᠷᠭᠠᠯᠲᠠ ᠶᠢᠨ | ᠬᠠᠷᠠᠯᠲᠠ | ᠹᠢᠽᠢᠺ ᠤᠨ ᠵᠢᠭᠠᠨ ᠰᠤᠷᠭᠠᠯᠲᠠ ᠶᠢ ᠵᠦᠪᠬᠡᠨ ᠮᠡᠳᠡᠯᠭᠡ ᠪᠠᠷ ᠰᠢᠵᠢᠮ ᠪᠤᠯᠭᠠᠨ ᠦᠷᠨᠢᠭᠦᠯᠪᠡᠯ᠂ ᠵᠢᠭᠠᠨ | ᠰᠤᠷᠭᠠᠯᠲᠠ ᠶᠢᠨ ᠲᠦᠰᠦᠪᠯᠡᠯ ᠨᠢ ᠵᠦᠪᠬᠡᠨ ᠮᠡᠳᠡᠯᠭᠡ ᠳᠤ ᠲᠦᠪᠯᠡᠷᠡᠨ᠂ ᠵᠦᠪᠬᠡᠨ ᠰᠤᠷᠤᠭᠴᠢᠳ ᠤᠨ ᠮᠡᠳᠡᠯᠭᠡ | ᠤᠯᠬᠤ ᠶᠢ ᠯᠡ ᠠᠩᠬᠠᠷᠤᠨ᠂ ᠹᠢᠽᠢᠺ ᠤᠨ ᠬᠢᠴᠢᠶᠡᠯ ᠲᠦᠷᠦᠯ ᠤᠨ ᠭᠤᠤᠯᠯᠠᠭᠴᠢ ᠬᠡᠪ ᠪᠤᠯᠪᠠᠰᠤᠷᠠᠯ ᠤᠨ | ᠬᠦᠮᠦᠵᠢᠭᠦᠯᠦᠯᠲᠡ ᠤᠮᠳᠤᠭᠠᠶᠢᠯᠠᠭᠳᠠᠳᠠᠭ᠃ ᠡᠶᠢᠮᠦ ᠠᠴᠠ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠤᠨ | ᠤᠶᠢᠯᠠᠭᠠᠭᠳᠠᠬᠤᠨ ᠢ ᠹᠢᠽᠢᠺ ᠤᠨ ᠵᠢᠭᠠᠨ ᠰᠤᠷᠭᠠᠯᠲᠠ ᠶᠢᠨ ᠬᠠᠷᠠᠯᠲᠠ ᠳᠤ ᠨᠡᠪᠴᠢᠭᠦᠯᠵᠦ᠂ ᠵᠢᠭᠠᠨ ᠰᠤᠷᠭᠠᠯᠲᠠ ᠶᠢᠨ | ᠬᠠᠷᠠᠯᠲᠠ ᠶᠢᠨ ᠰᠢᠰᠲ᠋ᠧᠮ ᠢ ᠳᠠᠬᠢᠨ ᠴᠤᠭᠴᠠᠯᠠᠨ᠎ᠠ᠃ ᠡ᠊ᠨᠡ ᠬᠦ ᠶᠠᠪᠤᠴᠠ ᠳᠤ᠂ ᠹᠢᠽᠢᠺ ᠤᠨ ᠵᠢᠭᠠᠨ ᠰᠤᠷᠭᠠᠯᠲᠠ ᠶᠢᠨ | ᠬᠠᠷᠠᠯᠲᠠ ᠶᠢ ᠳᠤᠤᠷᠠᠬᠢ ᠳᠦᠷᠪᠡᠨ ᠲᠠᠯ᠎ᠠ ᠪᠠᠷ ᠬᠤᠷᠢᠶᠠᠩᠭᠤᠶᠢᠯᠠᠵᠤ ᠪᠤᠯᠤᠨ᠎ᠠ᠃ ᠨᠢᠭᠡ ᠳᠤ᠂ ᠹᠢᠽᠢᠺ ᠤᠨ | ᠤᠬᠠᠭᠳᠠᠬᠤᠨ ᠢ ᠤᠢᠢᠯᠠᠭᠠᠬᠤ ᠴᠢᠳᠠᠪᠤᠷᠢ ᠶᠢᠨ ᠭᠦᠮᠦᠵᠢᠭᠦᠯᠤᠯᠳᠠ᠃ ᠪᠠᠭᠰᠢ ᠠᠴᠠ ᠰᠤᠷᠤᠭᠴᠢᠳ ᠢ ᠬᠠᠪᠰᠤᠷᠤᠨ | ᠦᠷᠦᠯᠲᠡ ᠶᠢᠨ ᠬᠦᠴᠦᠨ ᠤ ᠤᠬᠠᠭᠳᠠᠬᠤᠨ ᠢ ᠤᠢᠢᠯᠠᠭᠠᠭᠤᠯᠤᠨ᠂ ᠦᠷᠦᠯᠲᠡ ᠶᠢᠨ ᠬᠦᠴᠦᠨ ᠤ ᠡᠭᠦᠰᠬᠦ ᠨᠦᠭᠦᠴᠡᠯ᠂ | ᠢᠯᠡᠷᠬᠡᠶᠢᠯᠡᠯ ᠪᠤᠯᠤᠨ ᠲᠦᠷᠦᠯ ᠵᠦᠢᠯ ᠢ ᠲᠠᠨᠢᠭᠤᠯᠬᠤ ᠶᠠᠪᠤᠴᠠ ᠳᠤ ᠦᠷᠦᠯᠲᠡ ᠶᠢᠨ ᠬᠦᠴᠦ ᠶᠢ ᠠᠰᠢᠭᠯᠠᠨ | ᠠᠮᠢᠳᠤᠷᠠᠯ ᠳᠤᠮᠳᠠᠬᠢ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃ ᠬᠤᠶᠠᠷ ᠲᠤ᠂ ᠰᠢᠨᠵᠢᠯᠡᠬᠦ ᠤᠬᠠᠭᠠᠨᠴᠢ | ᠰᠡᠳᠬᠢᠬᠦᠢ ᠶᠢᠨ ᠬᠦᠮᠦᠵᠢᠭᠦᠯᠦᠯᠳᠠ᠃ ᠪᠠᠭᠰᠢ ᠠᠴᠠ ᠹᠢᠽᠢᠺ ᠤᠨ ᠲᠤᠷᠰᠢᠯᠲᠠ ᠶᠢ ᠵᠤᠬᠢᠶᠠᠨ ᠪᠠᠶᠢᠭᠤᠯᠵᠤ | ᠦᠷᠨᠢᠭᠦᠯᠦᠨ᠂ ᠰᠢᠨᠵᠢᠯᠡᠬᠦ ᠤᠬᠠᠭᠠᠨᠴᠢ ᠰᠡᠳᠬᠢᠬᠦᠢ ᠶᠢᠨ ᠬᠦᠮᠦᠵᠢᠬᠦᠯᠦᠯ ᠤᠨ ᠠᠬᠤᠢ ᠤᠷᠴᠢᠨ ᠢ | ᠪᠦᠷᠢᠯᠳᠦᠭᠦᠯᠦᠨ᠎ᠡ᠃ ᠢᠯᠡᠩᠭᠤᠶ᠎ᠠ ᠭᠤᠯᠭᠤᠯᠲᠠ ᠶᠢᠨ ᠦᠷᠦᠯᠲᠡ ᠶᠢᠨ ᠬᠦᠴᠦᠨ ᠤ ᠶᠡᠭᠡ ᠪᠠᠭ᠎ᠠ ᠶᠢ ᠰᠦᠪᠡᠭᠴᠢᠯᠡᠬᠦ | ᠦᠶᠡᠰ ᠰᠤᠷᠤᠭᠴᠢᠳ ᠢ ᠰᠡᠵᠢᠭᠯᠡᠭᠦᠯᠵᠦ ᠪᠠᠰᠠ ᠰᠢᠭᠦᠮᠵᠢᠯᠡᠬᠦᠯᠵᠦ ᠴᠢᠳᠠᠭᠰᠡᠨ ᠪᠠᠶᠢᠬᠤ ᠬᠡᠷᠡᠭᠳᠠᠢ᠃ ᠭᠤᠷᠪᠠ ᠳᠤ᠂ | ᠲᠤᠷᠰᠢᠯᠲᠠ ᠰᠦᠪᠡᠭᠴᠢᠯᠡᠯᠲᠡ ᠶᠢᠨ ᠴᠢᠳᠠᠪᠤᠷᠢ ᠶᠢᠨ ᠬᠦᠮᠦᠵᠢᠭᠦᠯᠤᠯᠳᠠ᠃ ᠵᠢᠭᠠᠨ ᠰᠤᠷᠭᠠᠯᠲᠠ ᠶᠢᠨ ᠳᠤᠮᠳᠠ᠂ | ᠪᠠᠭᠰᠢ ᠠᠴᠠ ᠰᠤᠷᠤᠭᠴᠢᠳ ᠢ ᠲᠤᠷᠰᠢᠯᠲᠠ ᠰᠦᠪᠡᠭᠴᠢᠯᠡᠯᠲᠡ ᠶᠢᠨ ᠶᠠᠪᠤᠴᠠ ᠳᠤ ᠪᠤᠳᠠᠳᠠᠢ ᠤᠷᠤᠯᠴᠠᠭᠤᠯᠤᠨ᠂ | ᠰᠤᠷᠤᠭᠴᠢᠳ ᠤᠨ ᠲᠤᠷᠰᠢᠯᠲᠠ ᠰᠦᠪᠡᠭᠴᠢᠯᠡᠯᠲᠡ ᠶᠢᠨ ᠴᠢᠳᠠᠪᠤᠷᠢ ᠶᠢ ᠬᠦᠮᠦᠵᠢᠭᠦᠯᠦᠨ᠎ᠡ᠃ ᠳᠦᠷᠪᠡ ᠳᠤ᠂ | ᠰᠢᠨᠵᠢᠯᠡᠬᠦ ᠤᠬᠠᠭᠠᠨᠴᠢ ᠤᠪᠤᠷ ᠪᠠ ᠬᠠᠷᠢᠭᠤᠴᠠᠯᠭ᠎ᠠ ᠶᠢᠨ ᠬᠦᠮᠦᠵᠢᠭᠦᠯᠦᠯᠲᠡ᠃ ᠪᠠᠭᠰᠢ ᠠᠴᠠ ᠠᠭᠤᠯᠭ᠎ᠠ ᠳᠤ | ᠬᠠᠷᠠᠭᠠᠯᠵᠠᠭᠰᠡᠨ ᠵᠢᠭᠠᠨ ᠰᠤᠷᠭᠠᠯᠲᠠ ᠶᠢᠨ ᠠᠬᠤᠢ ᠤᠷᠴᠢᠨ ᠢ ᠪᠦᠷᠢᠯᠳᠦᠭᠦᠯᠵᠦ᠂ ᠦᠷᠦᠯᠲᠡ ᠶᠢᠨ ᠬᠦᠴᠦᠨ ᠤ | ᠬᠡᠷᠡᠭᠯᠡᠯᠲᠡ ᠶᠢᠨ ᠦᠨ᠎ᠡ ᠦᠷᠳᠡᠭ ᠤᠨ ᠲᠤᠬᠠᠢ ᠰᠤᠷᠤᠭᠴᠢᠳ ᠲᠤ ᠤᠬᠠᠭᠤᠯᠤᠨ ᠲᠡᠳᠡᠨ ᠤ ᠰᠢᠨᠵᠢᠯᠡᠬᠦ ᠤᠬᠠᠭᠠᠨᠴᠢ | ᠤᠪᠤᠷ ᠪᠤᠯᠤᠨ ᠬᠠᠷᠢᠭᠤᠴᠠᠯᠭᠠᠳᠤ ᠰᠡᠳᠬᠢᠯᠭᠡ ᠶᠢ ᠬᠦᠮᠦᠵᠢᠭᠦᠯᠦᠨ᠎ᠡ᠃ | 3. ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠳᠤ ᠰᠠᠭᠤᠷᠢᠯᠠᠭᠰᠡᠨ ᠵᠢᠭᠠᠨ ᠰᠤᠷᠭᠠᠯᠲᠠ ᠶᠢᠨ ᠶᠠᠪᠤᠴᠠ | ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠤᠨ ᠤᠶᠢᠯᠠᠭᠠᠭᠳᠠᠬᠤᠨ ᠢ ᠹᠢᠽᠢᠺ ᠤᠨ ᠵᠢᠭᠠᠨ ᠰᠤᠷᠭᠠᠯᠲᠠ ᠶᠢᠨ | ᠬᠠᠷᠠᠯᠲᠠ ᠳᠤ ᠪᠠᠨ ᠨᠡᠪᠴᠢᠭᠦᠯᠬᠦ ᠨᠢ ᠠᠩᠬᠠᠨ ᠤ ᠠᠯᠬᠤᠮ ᠪᠠᠶᠢᠵᠤ ᠪᠠᠰᠠ ᠲᠡᠭᠦᠨ ᠢ ᠪᠠᠨ ᠵᠢᠭᠠᠨ ᠰᠤᠷᠭᠠᠯᠲᠠ ᠶᠢᠨ | ᠶᠠᠪᠤᠴᠠ ᠲᠠᠢ ᠪᠠᠨ ᠪᠤᠳᠠᠳᠠᠢ ᠤᠶᠠᠯᠳᠤᠭᠤᠯᠪᠠᠯ ᠰᠠᠶ᠋ᠢ ᠬᠠᠮᠤᠭ ᠤᠨ ᠰᠠᠶᠢᠨ ᠹᠢᠽᠢᠺ ᠤᠨ ᠭᠤᠤᠯᠯᠠᠭᠴᠢ ᠬᠡᠪ | ᠪᠤᠯᠪᠠᠰᠤᠷᠠᠯ ᠤᠨ ᠠᠬᠤᠢ ᠤᠷᠴᠢᠨ ᠢ ᠪᠦᠷᠢᠯᠳᠦᠭᠦᠯᠵᠦ ᠴᠢᠳᠠᠭᠰᠡᠨ ᠳᠤ ᠲᠤᠭᠠᠴᠠᠭᠳᠠᠨ᠎ᠠ᠃ ᠡᠨᠡ ᠬᠦ ᠬᠠᠷᠠᠯᠲᠠ ᠶᠢ | ᠪᠡᠶᠡᠯᠡᠭᠦᠯᠬᠦ ᠳᠤ ᠪᠠᠭᠰᠢ ᠠᠴᠠ ᠵᠢᠭᠠᠨ ᠰᠤᠷᠭᠠᠯᠲᠠ ᠶᠢᠨ ᠶᠠᠪᠤᠴᠠ ᠪᠠᠨ ᠰᠢᠯᠢᠳᠡᠭᠵᠢᠭᠦᠯᠬᠦ ᠴᠢᠬᠤᠯᠠᠳᠠᠢ᠃ | ᠰᠢᠨ᠎ᠡ ᠬᠢᠴᠢᠶᠡᠯ ᠤᠨ ᠡᠬᠢᠯᠡᠯᠲᠡ | ᠪᠠᠭᠰᠢ ᠠᠴᠠ ᠲᠤᠭᠯᠠᠭᠠᠮ ᠤᠨ ᠠᠷᠭ᠎ᠠ ᠪᠠᠷ ᠠᠬᠤᠢ ᠤᠷᠴᠢᠨ ᠢ ᠪᠤᠢ ᠪᠤᠯᠭᠠᠵᠤ ᠰᠢᠨ᠎ᠠ ᠬᠢᠴᠢᠶᠡᠯ ᠳᠤ | ᠬᠦᠳᠦᠯᠦᠨᠡ᠃ ᠠᠩᠬᠢ ᠠᠴᠠ ᠨᠢᠭᠡ ᠬᠦᠳᠡᠷ ᠪᠡᠶ᠎ᠡ ᠲᠠᠢ ᠰᠤᠷᠤᠭᠴᠢ ᠪᠤᠯᠤᠨ ᠨᠢᠭᠡ ᠨᠠᠮᠬᠠᠨ ᠪᠡᠶ᠎ᠡ ᠲᠠᠢ | ᠰᠤᠷᠤᠭᠴᠢ ᠶᠢ ᠡᠷᠢᠵᠦ ᠳᠡᠭᠡᠰᠦ ᠲᠠᠲᠠᠬᠤ ᠤᠷᠤᠯᠳᠤᠭᠠᠨ ᠶᠠᠪᠤᠭᠳᠠᠭᠤᠯᠤᠨ᠎ᠠ᠃ ᠤᠷᠤᠯᠳᠤᠭᠠᠨ ᠡᠭᠢᠯᠡᠬᠦ ᠦᠶᠡᠰ | ᠪᠦᠭᠦᠳᠡᠭᠡᠷ ᠯᠠᠪᠳᠠᠢ ᠬᠦᠳᠡᠷ ᠪᠡᠶ᠎ᠡ ᠲᠠᠢ ᠰᠤᠷᠤᠭᠴᠢ ᠢᠯᠠᠨ᠎ᠠ ᠭᠡᠵᠦ ᠦᠵᠡᠨ᠎ᠡ᠃ ᠭᠡᠳᠡᠯ᠎ᠡ ᠤᠷᠤᠯᠳᠤᠭᠠᠨ ᠤ | ᠳ᠋ᠦᠩ ᠳᠤ ᠬᠦᠳᠡᠷ ᠪᠡᠶ᠎ᠡ ᠲᠠᠢ ᠰᠤᠷᠤᠭᠴᠢ ᠢᠯᠠᠭᠳᠠᠭᠰᠠᠨ ᠪᠠᠶᠢᠨ᠎ᠠ᠃ ᠡᠨᠡ ᠦᠶᠡᠰ ᠰᠤᠷᠤᠭᠴᠢᠳ | ᠤᠷᠤᠯᠳᠤᠭᠠᠨ ᠳᠤ ᠰᠡᠵᠢᠭᠯᠡᠯ ᠲᠦᠷᠦᠨ᠎ᠡ᠂ ᠪᠠᠭᠰᠢ ᠠᠴᠠ ᠡᠨᠡ ᠬᠦ ᠰᠡᠵᠢᠭᠯᠡᠯ ᠤᠨ ᠳᠤᠮᠳᠠ ᠰᠢᠨ᠎ᠠ ᠬᠢᠴᠢᠶᠡᠯ ᠳᠤ ᠪᠠᠨ | ᠬᠦᠳᠦᠯᠵᠦ ᠤᠷᠤᠨ᠎ᠠ᠃ ᠳᠡᠭᠡᠷᠡᠬᠢ ᠠᠬᠤᠢ ᠤᠷᠴᠢᠨ ᠨᠢ ᠰᠤᠷᠤᠭᠴᠢᠳ ᠤᠨ ᠠᠩᠬᠠᠷᠤᠯ ᠢ ᠲᠠᠲᠠᠵᠤ᠂ ᠪᠠᠰᠠ ᠲᠠᠨᠢᠨ | ᠮᠡᠳᠡᠭᠦᠢ ᠶᠢᠨ ᠮᠦᠷᠭᠦᠯᠳᠦᠭᠡᠨ ᠨᠢ ᠰᠤᠷᠤᠭᠴᠢᠳ ᠢ ᠨᠢᠳᠤᠨ ᠡᠮᠦᠨᠡᠬᠢ ᠦᠵᠡᠭᠳᠡᠯ ᠳᠤ ᠰᠡᠵᠢᠭ ᠲᠦᠷᠦᠭᠦᠯᠵᠦ᠂ | ᠦᠷᠬᠦᠯᠵᠢᠯᠡᠨ ᠰᠦᠪᠡᠭᠴᠢᠯᠡᠬᠦ ᠬᠦᠰᠡᠯ ᠢ ᠪᠤᠢ ᠪᠤᠯᠭᠠᠨ᠎ᠠ᠃ | ᠰᠢᠨ᠎ᠡ ᠬᠢᠴᠢᠶᠡᠯ ᠤᠨ ᠵᠢᠭᠠᠨ ᠰᠤᠷᠭᠠᠯᠲᠠ ᠶᠢᠨ ᠲᠠᠯ᠎ᠠ ᠳᠤ | ᠲᠠᠶᠢᠪᠤᠩ ᠦᠷᠦᠯᠲᠡ ᠶᠢᠨ ᠬᠦᠴᠦᠨ ᠤ ᠵᠢᠭᠠᠨ ᠰᠤᠷᠭᠠᠯᠲᠠ ᠶᠢᠨ ᠶᠠᠪᠤᠴᠠ ᠳᠤ ᠪᠠᠭᠰᠢ ᠠᠴᠠ | ᠬᠠᠷᠠᠭᠠᠯᠵᠠᠭᠰᠡᠨ ᠵᠢᠭᠠᠨ ᠰᠤᠷᠭᠠᠯᠲᠠ ᠶᠢᠨ ᠬᠦᠳᠡᠯᠭᠡᠭᠡᠨ ᠢ ᠦᠷᠨᠢᠭᠦᠯᠵᠦ ᠪᠤᠯᠤᠨ᠎ᠠ᠃ ᠨᠢᠭᠡᠳᠦᠭᠡᠷ ᠬᠦᠳᠡᠯᠭᠡᠭᠡᠨ᠄ | ᠰᠤᠷᠤᠭᠴᠢᠳ ᠦᠷᠦᠯᠲᠡ ᠶᠢᠨ ᠬᠦᠴᠦᠨ ᠤ ᠤᠬᠠᠭᠳᠠᠬᠤᠨ ᠪᠠ ᠲᠦᠷᠦᠯ ᠵᠦᠢᠯ ᠤᠨ ᠲᠤᠬᠠᠢ ᠡᠷᠬᠢᠴᠡᠭᠦᠯᠦᠨ | ᠰᠡᠳᠬᠢᠬᠦᠢ ᠶᠢᠨ ᠬᠦᠳᠦᠯᠪᠦᠷᠢ ᠵᠢᠷᠤᠭ ᠢ ᠵᠢᠷᠤᠨ᠎ᠠ᠃ ᠬᠤᠶᠠᠳᠤᠭᠠᠷ ᠬᠦᠳᠡᠯᠭᠡᠭᠡᠨ᠄ ᠨᠢᠭᠡ ᠰᠤᠷᠤᠭᠴᠢ ᠲᠠᠶᠢᠰᠠᠨ ᠳᠤ | ᠭᠠᠷᠴᠤ ᠳᠠᠪᠬᠤᠷᠯᠠᠨ ᠲᠠᠯᠪᠢᠭᠰᠠᠨ ᠨᠢᠭᠡ ᠤᠪᠤᠭ᠎ᠠ ᠳᠡᠪᠲᠡᠷ ᠤᠨ ᠳᠤᠮᠳᠠ ᠪᠠᠶᠢᠷᠢ ᠠᠴᠠ ᠨᠢᠭᠡ ᠬᠡᠰᠡᠭ ᠴᠠᠭᠠᠰᠤ ᠶᠢ | ᠬᠠᠮᠤᠭ ᠤᠨ ᠪᠠᠭ᠎ᠠ ᠬᠦᠴᠦ ᠪᠠᠷ ᠲᠠᠲᠠᠨ ᠭᠠᠷᠭᠠᠨ᠎ᠠ᠃ ᠳᠠᠬᠢᠨ ᠬᠡᠰᠡᠭ ᠴᠠᠭᠠᠰᠤ ᠶᠢ ᠬᠢᠴᠢᠶᠡᠯ ᠤᠨ ᠪᠢᠴᠢᠭ ᠢᠶᠠᠷ | ᠰᠤᠯᠢᠵᠤ᠂ ᠮᠦᠨ ᠠᠳᠠᠯᠢ ᠬᠦᠴᠦ ᠪᠠᠷ ᠲᠠᠲᠠᠨ᠎ᠠ᠃ ᠡᠨᠡ ᠦᠶᠡᠰ ᠬᠢᠴᠢᠶᠡᠯ ᠤᠨ ᠳᠡᠪᠲᠡᠷ ᠬᠦᠳᠡᠯᠭᠦ ᠦᠭᠡᠢ | ᠲᠠᠶᠢᠪᠤᠩ ᠤᠷᠤᠰᠢᠨ᠎ᠠ᠃ ᠡᠨᠡ ᠦᠶᠡᠰ ᠪᠠᠭᠰᠢ ᠠᠴᠠ ᠠᠰᠠᠭᠤᠯᠲᠠ ᠳᠤᠷᠠᠳᠤᠨ᠎ᠠ᠂ ᠬᠡᠰᠡᠭ ᠴᠠᠭᠠᠰᠤ ᠪᠤᠯᠤᠨ | ᠬᠢᠴᠢᠶᠡᠯ ᠤᠨ ᠳᠡᠪᠲᠡᠷ ᠪᠦᠷ ᠦᠷᠦᠯᠲᠡ ᠶᠢᠨ ᠬᠦᠴᠦᠨ ᠤ ᠦᠢᠯᠡᠴᠢᠯᠡᠯ ᠢ ᠬᠦᠯᠢᠶᠡᠨ᠎ᠡ ᠦᠦ︖ ᠲᠡᠳᠡᠭᠡᠷ ᠤᠨ | ᠬᠦᠯᠢᠶᠡᠭᠰᠡᠨ ᠦᠷᠦᠯᠲᠡ ᠶᠢᠨ ᠬᠦᠴᠦ ᠨᠢ ᠠᠳᠠᠯᠢ ᠦᠦ︖ ᠬᠡᠷᠪᠡ ᠠᠳᠠᠯᠢ ᠦᠭᠡᠢ ᠪᠤᠯ ᠬᠡᠷᠬᠢᠨ ᠢᠯᠭᠠᠪᠠᠯ ᠵᠤᠬᠢᠬᠤ | ᠪᠤᠢ︖ ᠡᠶᠢᠮᠦᠷᠬᠦᠦ ᠬᠦᠳᠡᠯᠭᠡᠭᠡᠨ ᠨᠢ ᠰᠤᠷᠤᠭᠴᠢᠳ ᠤᠨ ᠮᠡᠳᠡᠯᠭᠡ ᠶᠢ ᠬᠦᠭᠡᠭᠡᠴᠡᠯᠳᠦᠬᠦ ᠬᠦᠰᠡᠯ ᠢ ᠲᠦᠷᠦᠭᠦᠯᠵᠦ᠂ | ᠰᠤᠷᠤᠭᠴᠢᠳ ᠤᠨ ᠰᠡᠳᠬᠢᠬᠦᠢ ᠶᠢ ᠬᠦᠭᠵᠢᠭᠡᠨ᠂ ᠰᠠᠨᠠᠭᠠᠴᠢᠯᠠᠭᠠᠳᠤ ᠤᠪᠤᠷ ᠢ ᠬᠦᠢᠴᠡᠳ ᠪᠠᠳᠠᠷᠠᠭᠤᠯᠵᠤ | ᠴᠢᠳᠠᠨ᠎ᠠ᠃ ᠠᠰᠠᠭᠤᠯᠲᠠ ᠶᠢᠨ ᠵᠢᠯᠤᠭᠤᠳᠤᠯᠭ᠎ᠠ ᠳᠤᠤᠷ᠎ᠠ ᠰᠤᠷᠤᠭᠴᠢᠳ ᠢ ᠰᠦᠪᠡᠭᠴᠢᠯᠡᠬᠦᠯᠬᠦ ᠨᠢ ᠲᠡᠳᠡᠨ ᠤ | ᠰᠢᠨᠵᠢᠯᠡᠬᠦ ᠤᠬᠠᠭᠠᠨᠴᠢ ᠰᠡᠳᠬᠢᠬᠦᠢ ᠶᠢ ᠬᠦᠮᠦᠵᠢᠭᠦᠯᠵᠦ ᠴᠢᠳᠠᠨ᠎ᠠ᠃ ᠲᠠᠶᠢᠪᠤᠩ ᠦᠷᠦᠯᠲᠡ ᠶᠢᠨ ᠬᠦᠴᠦᠨ ᠤ ᠶᠡᠭᠡ | ᠪᠠᠭ᠎ᠠ ᠶᠢ ᠰᠦᠪᠡᠭᠴᠢᠯᠡᠬᠦ ᠦᠶᠡᠰ ᠪᠠᠭᠰᠢ ᠠᠴᠠ ᠭᠤᠷᠪᠠᠳᠤᠭᠠᠷ ᠬᠦᠳᠡᠯᠭᠡᠭᠡᠨ ᠢ ᠲᠦᠰᠦᠪᠯᠡᠵᠦ ᠪᠤᠯᠤᠨ᠎ᠠ᠃ ᠳᠠᠷᠤᠢ | ᠬᠢᠴᠢᠶᠡᠯ ᠤᠨ ᠪᠢᠴᠢᠭ ᠢ ᠲᠠᠲᠠᠨ ᠭᠠᠷᠭᠠᠬᠤ ᠬᠦᠴᠦ ᠶᠢ ᠠᠭᠠᠵᠢᠮ ᠢᠶᠠᠷ ᠶᠡᠬᠡᠰᠬᠡᠨ᠂ ᠬᠢᠴᠢᠶᠡᠯ ᠤᠨ ᠪᠢᠴᠢᠭ ᠬᠡᠵᠢᠶ᠎ᠡ | ᠠᠴᠠ ᠡᠬᠢᠯᠡᠨ ᠬᠦᠳᠡᠯᠭᠡᠭᠡᠨ ᠬᠢᠬᠦ ᠶᠢ ᠠᠵᠢᠭᠯᠠᠨ᠎ᠠ᠃ ᠡᠨᠡ ᠦᠶᠡᠰ ᠪᠠᠭᠰᠢ ᠠᠴᠠ ᠰᠤᠷᠤᠭᠴᠢᠳ ᠢ ᠵᠤᠬᠢᠶᠠᠨ | ᠪᠠᠶᠢᠭᠤᠯᠵᠤ᠂ ᠳᠤᠭᠤᠶᠢᠯᠠᠩ ᠢᠶᠠᠷ ᠨᠢᠭᠡᠴᠢᠯᠡᠨ ᠰᠤᠳᠤᠯᠤᠨ ᠶᠠᠷᠢᠯᠴᠠᠨ᠎ᠠ᠃ ᠬᠢᠴᠢᠶᠡᠯ ᠤᠨ ᠪᠢᠴᠢᠭ ᠬᠦᠳᠡᠯᠬᠦ ᠠᠴᠠ | ᠡᠮᠦᠨ᠎ᠡ ᠲᠡᠭᠦᠨ ᠤ ᠬᠦᠯᠢᠶᠡᠬᠦ ᠦᠷᠦᠯᠲᠡ ᠶᠢᠨ ᠬᠦᠴᠦ ᠨᠢ ᠶᠠᠮᠠᠷ ᠦᠷᠦᠯᠲᠡ ᠪᠤᠯᠬᠤ ᠪᠤᠢ︖ ᠲᠠᠶᠢᠪᠤᠩ ᠦᠷᠦᠯᠲᠡ | ᠲᠠᠰᠤᠷᠠᠯᠲᠠ ᠦᠭᠡᠢ ᠶᠡᠬᠡᠰᠦᠭᠰᠡᠨ ᠦᠦ︖ ᠲᠡᠭᠦᠨ ᠳᠤ ᠲᠤᠭᠲᠠᠭᠰᠡᠨ ᠬᠦᠷᠢᠶ᠎ᠡ ᠬᠡᠪᠴᠢᠶ᠎ᠡ ᠪᠠᠶᠢᠨ᠎ᠠ ᠦᠦ︖ | ᠶᠠᠷᠢᠯᠴᠠᠭ᠎ᠠ ᠳᠠᠭᠤᠰᠤᠭᠰᠡᠨ ᠤ ᠳᠠᠷᠠᠭ᠎ᠠ ᠪᠠᠭᠰᠢ ᠠᠴᠠ ᠳᠦᠷᠪᠡᠳᠦᠭᠡᠷ ᠬᠦᠳᠡᠯᠭᠡᠭᠡᠨ ᠢ ᠲᠦᠰᠦᠪᠯᠡᠨ᠎ᠡ᠃ ᠳᠠᠷᠤᠢ | ᠲᠠᠶᠢᠪᠤᠩ ᠦᠷᠦᠯᠲᠡ ᠶᠢᠨ ᠬᠦᠴᠦᠨ ᠤ ᠶᠡᠭᠡ ᠪᠠᠭ᠎ᠠ ᠶᠢᠨ ᠬᠡᠮᠵᠢᠭᠳᠡᠯ ᠤᠨ ᠬᠦᠷᠢᠶ᠎ᠡ ᠬᠡᠪᠴᠢᠶ᠎ᠡ ᠶᠢ | ᠰᠦᠪᠡᠭᠴᠢᠯᠡᠨ᠎ᠡ᠃ ᠰᠤᠷᠤᠭᠴᠢᠳ ᠳᠤᠭᠤᠶᠢᠯᠠᠩ ᠢᠶᠠᠷ ᠨᠢᠭᠡᠴᠢᠯᠡᠨ ᠲᠤᠷᠰᠢᠯᠲᠠ ᠬᠢᠨ᠎ᠡ᠃ ᠲᠤᠷᠰᠢᠯᠲᠠ | ᠳᠠᠭᠤᠰᠤᠭᠰᠡᠨ ᠤ ᠳᠠᠷᠠᠭ᠎ᠠ ᠡᠯ᠎ᠡ ᠪᠠᠭ᠎ᠠ ᠳᠤᠭᠤᠶᠢᠯᠠᠩ ᠤᠨ ᠲᠦᠯᠦᠭᠡᠯᠡᠭᠴᠢ ᠪᠤᠰᠴᠤ ᠲᠤᠷᠰᠢᠯᠲᠠ ᠶᠢᠨ ᠶᠠᠪᠤᠴᠠ ᠪᠠᠨ | ᠲᠠᠨᠢᠯᠴᠠᠭᠤᠯᠤᠨ᠂ ᠲᠤᠷᠰᠢᠯᠲᠠ ᠶᠢᠨ ᠦᠷ᠎ᠡ ᠳ᠋ᠦᠩ ᠢᠶᠠᠨ ᠳᠡᠯᠬᠡᠨ ᠳ᠋ᠦᠩᠨᠡᠯᠲᠡ ᠬᠢᠨ᠎ᠡ᠃ ᠡᠭᠦᠨ ᠤ ᠰᠠᠭᠤᠷᠢᠨ | ᠳᠡᠭᠡᠷ᠎ᠡ ᠪᠠᠭᠰᠢ ᠠᠴᠠ ᠲᠠᠪᠤᠳᠤᠭᠠᠷ ᠬᠦᠳᠡᠯᠭᠡᠭᠡᠨ ᠢ ᠲᠦᠰᠦᠪᠯᠡᠨ᠎ᠡ᠂ ᠰᠤᠷᠤᠭᠴᠢᠳ ᠢ ᠵᠤᠷᠢᠬᠵᠢᠭᠤᠯᠤᠨ ᠠᠮᠢᠳᠤᠷᠠᠯ | ᠳᠤᠮᠳᠠᠬᠢ ᠲᠠᠶᠢᠪᠤᠩ ᠦᠷᠦᠯᠲᠡ ᠶᠢᠨ ᠬᠦᠴᠦᠨ ᠤ ᠬᠡᠷᠡᠭᠯᠡᠯᠲᠡ ᠶᠢᠨ ᠵᠢᠱᠢᠶ᠎ᠡ ᠶᠢ ᠶᠠᠷᠢᠭᠤᠯᠤᠨ᠎ᠠ᠃ ᠭᠤᠯᠭᠤᠯᠲᠠ ᠶᠢᠨ | ᠦᠷᠦᠯᠲᠡ ᠶᠢᠨ ᠬᠦᠴᠦᠨ ᠤ ᠵᠢᠭᠠᠨ ᠰᠤᠷᠭᠠᠯᠲᠠ ᠶᠢᠨ ᠶᠠᠪᠤᠴᠠ ᠳᠤ ᠪᠠᠭᠰᠢ ᠠᠴᠠ ᠵᠢᠷᠭᠤᠳᠤᠭᠠᠷ ᠬᠦᠳᠡᠯᠭᠡᠭᠡᠨ ᠢ | ᠲᠦᠰᠦᠪᠯᠡᠵᠦ ᠪᠤᠯᠤᠨ᠎ᠠ᠃ ᠪᠠᠭᠰᠢ ᠠᠴᠠ ᠰᠤᠷᠤᠭᠴᠢᠳ ᠢᠶᠠᠷ ᠰᠡᠳᠭᠢᠬᠦᠢ ᠶᠢᠨ ᠬᠦᠳᠦᠯᠪᠦᠷᠢ ᠵᠢᠷᠤᠭ ᠢ ᠦᠷᠭᠦᠯᠵᠢᠯᠡᠨ | ᠵᠢᠷᠤᠭᠤᠯᠤᠨ ᠭᠤᠯᠭᠤᠯᠲᠠ ᠶᠢᠨ ᠦᠷᠦᠯᠲᠡ ᠶᠢᠨ ᠬᠦᠴᠦᠨ ᠤ ᠶᠡᠭᠡ ᠪᠠᠭ᠎ᠠ ᠶᠢ ᠨᠦᠯᠦᠭᠡᠯᠡᠬᠦ ᠡᠯᠧᠮᠧᠨ᠋ᠲ ᠶᠠᠭᠤ ᠶᠠᠭᠤ | ᠪᠠᠶᠢᠬᠤ ᠶᠢ ᠰᠡᠳᠬᠢᠬᠦᠯᠦᠨᠡ᠃ ᠪᠠᠭᠰᠢ ᠠᠴᠠ ᠡᠶᠢᠮᠦᠷᠬᠦᠦ ᠠᠰᠠᠭᠤᠯᠲᠠ ᠶᠢ ᠳᠤᠷᠠᠳᠴᠤ ᠪᠤᠯᠤᠨ᠎ᠠ᠃ ᠳᠠᠷᠤᠯᠲᠠ ᠶᠢᠨ | ᠬᠦᠴᠦ᠂ ᠬᠦᠷᠦᠯᠴᠡᠬᠦ ᠭᠠᠳᠠᠷᠭᠤ ᠠᠴᠠ ᠪᠤᠰᠤᠳ ᠡᠯᠧᠮᠧᠨ᠋ᠲ ᠪᠠᠶᠢᠵᠤ ᠪᠤᠯᠤᠨ᠎ᠠ ᠦᠦ︖ ᠰᠤᠷᠤᠭᠴᠢᠳ | ᠤᠷᠢᠳ ᠢᠶᠠᠷ ᠳᠠᠭᠠᠮᠠᠭᠯᠠᠨᠠ᠂ ᠳᠠᠷᠠᠭ᠎ᠠ ᠨᠢ ᠲᠤᠷᠰᠢᠯᠲᠠ ᠲᠦᠰᠦᠪᠯᠡᠨ ᠲᠤᠷᠰᠢᠨ᠎ᠠ᠃ ᠡᠯ᠎ᠡ ᠳᠤᠭᠤᠶᠢᠯᠠᠩ | ᠤᠨ ᠬᠢᠨ ᠤᠷᠢᠳ ᠢᠶᠠᠷ ᠲᠤᠷᠰᠢᠯᠲᠠ ᠶᠢᠨ ᠲᠦᠰᠦᠪ ᠢᠶᠠᠨ ᠲᠦᠰᠦᠪᠯᠡᠨ ᠳᠠᠷᠠᠭ᠎ᠠ ᠨᠢ ᠲᠤᠷᠰᠢᠯᠲᠠ ᠪᠠᠨ | ᠶᠠᠪᠤᠭᠳᠠᠭᠤᠯᠤᠨ᠎ᠠ᠃ ᠲᠤᠭ᠎ᠠ ᠪᠠᠷᠢᠮᠲᠠ ᠪᠠᠨ ᠨᠠᠷᠢᠯᠢᠬ ᠲᠡᠮᠳᠡᠭᠯᠡᠨ᠂ ᠲᠤᠭ᠎ᠠ ᠪᠠᠷᠢᠮᠲᠠ ᠪᠠᠨ ᠦᠨᠳᠦᠰᠦᠯᠡᠨ | ᠵᠦᠢᠴᠢᠯᠠᠨ ᠪᠤᠳᠤᠯᠲᠠ ᠬᠢᠨ᠎ᠡ᠃ ᠲᠤᠷᠰᠢᠯᠲᠠ ᠰᠦᠪᠡᠭᠴᠢᠯᠡᠯ ᠢᠶᠠᠷ ᠳᠠᠮᠵᠢᠨ ᠬᠠᠮᠤᠭ ᠤᠨ ᠡᠴᠦᠰ ᠤᠨ ᠬᠠᠮᠳᠤ ᠶᠢᠨ | ᠲᠠᠨᠢᠯᠲᠠ ᠪᠠᠨ ᠪᠦᠷᠢᠯᠳᠦᠭᠦᠯᠦᠨ᠎ᠡ᠃ ᠳᠠᠷᠤᠢ ᠭᠤᠯᠭᠤᠯᠲᠠ ᠶᠢᠨ ᠦᠷᠦᠯᠲᠡ ᠶᠢᠨ ᠬᠦᠴᠦᠨ ᠤ ᠶᠡᠭᠡ ᠪᠠᠭ᠎ᠠ ᠨᠢ ᠡᠭ᠍ᠴᠡ | ᠳᠠᠷᠤᠯᠲᠠ ᠶᠢᠨ ᠬᠦᠴᠦᠨ ᠤ ᠶᠡᠭᠡ ᠪᠠᠭ᠎ᠠ ᠲᠠᠢ ᠬᠤᠯᠪᠤᠭᠳᠠᠯ ᠲᠠᠢ᠂ ᠳᠠᠷᠤᠯᠲᠠ ᠶᠢᠨ ᠬᠦᠴᠦ ᠤᠯᠠᠮ ᠶᠡᠭᠡ ᠪᠤᠯ | ᠭᠤᠯᠭᠤᠯᠲᠠ ᠶᠢᠨ ᠦᠷᠦᠯᠲᠡ ᠶᠢᠨ ᠬᠦᠴᠦ ᠤᠯᠠᠮ ᠶᠡᠭᠡ᠃ ᠭᠤᠯᠭᠤᠯᠲᠠ ᠶᠢᠨ ᠦᠷᠦᠯᠲᠡ ᠶᠢᠨ ᠬᠦᠴᠦ ᠨᠢ | ᠬᠦᠷᠦᠯᠴᠡᠬᠦ ᠭᠠᠳᠠᠷᠭᠤ ᠶᠢᠨ ᠠᠷᠵᠠᠭᠠᠷᠴᠠ ᠲᠠᠢ ᠬᠤᠯᠪᠤᠭᠳᠠᠯ ᠲᠠᠢ᠂ ᠠᠷᠵᠠᠭᠠᠷᠴᠠ ᠤᠯᠠᠮ ᠶᠡᠭᠡ ᠪᠤᠯ | ᠭᠤᠯᠭᠤᠯᠲᠠ ᠶᠢᠨ ᠦᠷᠦᠯᠲᠡ ᠶᠢᠨ ᠬᠦᠴᠦ ᠤᠯᠠᠮ ᠶᠡᠭᠡ᠃ ᠳᠠᠷᠠᠭ᠎ᠠ ᠨᠢ ᠪᠠᠭᠰᠢ ᠠᠴᠠ ᠰᠤᠷᠤᠭᠴᠢᠳ ᠢ | ᠤᠳᠤᠷᠢᠳᠤᠨ ᠬᠢᠴᠢᠶᠡᠯ ᠡᠬᠢᠯᠡᠬᠦ ᠦᠶᠡᠰ ᠤᠨ ᠳᠡᠭᠡᠰᠦ ᠲᠠᠲᠠᠬᠤ ᠤᠷᠤᠯᠳᠤᠭᠠᠨ ᠳᠤ ᠪᠠᠨ ᠪᠤᠴᠠᠨ ᠬᠦᠳᠡᠷ ᠪᠡᠶ᠎ᠡ ᠲᠠᠢ | ᠰᠤᠷᠤᠭᠴᠢ ᠢᠯᠠᠭᠳᠠᠭᠰᠡᠨ ᠰᠢᠯᠲᠠᠭᠠᠨ ᠨᠢ ᠲᠡᠭᠦᠨ ᠤ ᠲᠠᠯ᠎ᠠ ᠶᠢᠨ ᠳᠡᠭᠡᠰᠦᠨ ᠳᠡᠭᠡᠷ᠎ᠡ ᠰᠠᠪᠤᠩ ᠲᠦᠷᠬᠢᠭᠰᠡᠨ ᠠᠴᠠ | ᠪᠤᠯᠤᠭᠰᠡᠨ ᠶᠤᠮ᠃ ᠲᠡᠭᠡᠪᠡᠯ ᠶᠠᠭᠠᠬᠢᠭᠠᠳ ᠰᠠᠪᠤᠩ ᠲᠦᠷᠬᠢᠭᠰᠡᠨ ᠠᠴᠠ ᠪᠤᠯᠵᠤ ᠬᠦᠳᠡᠷ ᠪᠡᠶ᠎ᠡ ᠲᠠᠢ ᠰᠤᠷᠤᠭᠴᠢ | ᠢᠯᠠᠭᠳᠠᠭᠰᠡᠨ ᠭᠡᠳᠡᠭ ᠢ ᠰᠤᠷᠤᠭᠴᠢᠳ ᠰᠤᠷᠤᠭᠰᠡᠨ ᠮᠡᠳᠡᠯᠭᠡ ᠪᠠᠨ ᠦᠨᠳᠦᠰᠦᠯᠡᠨ ᠲᠠᠶᠢᠯᠪᠤᠷᠢ ᠬᠢᠨ᠎ᠡ᠃ ᠳᠡᠭᠡᠷᠡᠬᠢ | ᠶᠠᠪᠤᠴᠠ ᠪᠠᠷ ᠳᠠᠮᠵᠢᠨ ᠰᠤᠷᠤᠭᠴᠢᠳ ᠤᠨ ᠲᠤᠷᠰᠢᠯᠲᠠ ᠰᠦᠪᠡᠭᠴᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ | ᠪᠤᠯᠤᠨ᠎ᠠ᠃ ᠪᠠᠳᠤᠳᠬᠠᠯ ᠪᠤᠯᠪᠠᠰᠤᠷᠠᠯ ᠤᠨ ᠶᠠᠪᠤᠴᠠ ᠳᠤ ᠪᠠᠭᠰᠢ ᠠᠴᠠ ᠭᠤᠯᠭᠤᠯᠲᠠ ᠶᠢᠨ ᠦᠷᠦᠯᠲᠡ ᠶᠢᠨ | ᠬᠦᠴᠦᠨ ᠤ ᠶᠡᠭᠡ ᠪᠠᠭ᠎ᠠ ᠪᠠ ᠲᠠᠶᠢᠪᠤᠩ ᠦᠷᠦᠯᠲᠡ ᠶᠢᠨ ᠬᠦᠴᠦᠨ ᠤ ᠶᠡᠭᠡ ᠪᠠᠭ᠎ᠠ ᠶᠢ ᠪᠤᠳᠤᠬᠤ ᠪᠤᠯᠪᠠᠰᠤᠷᠠᠯ ᠤᠨ | ᠰᠡᠳᠦᠪ ᠲᠦᠰᠦᠪᠯᠡᠨ᠂ ᠰᠤᠷᠤᠭᠴᠢᠳ ᠪᠤᠳᠤᠯᠭ᠎ᠠ ᠶᠢ ᠬᠦᠢᠴᠡᠳᠬᠡᠬᠦ ᠶᠢᠨ ᠬᠠᠮᠳᠤ ᠤᠯᠤᠭᠰᠡᠨ ᠳ᠋ᠦᠩ ᠢᠶᠠᠨ ᠪᠤᠰᠤᠳ | ᠨᠦᠬᠦᠳ ᠲᠠᠢ ᠪᠠᠨ ᠬᠠᠷᠢᠴᠠᠭᠤᠯᠤᠨ᠂ ᠰᠠᠨᠠᠯ ᠢᠶᠠᠨ ᠰᠤᠯᠢᠯᠴᠠᠨ᠎ᠠ᠃ ᠡᠭᠦᠨ ᠢᠶᠠᠷ ᠳᠠᠮᠵᠢᠨ ᠰᠤᠷᠤᠭᠴᠢᠳ ᠮᠡᠳᠡᠯᠭᠡ ᠶᠢ | ᠨᠡᠩ ᠬᠦᠨᠵᠡᠭᠡᠢ ᠤᠶᠢᠯᠠᠭᠠᠨ᠂ ᠪᠤᠳᠤᠬᠤ ᠠᠷᠭ᠎ᠠ ᠶᠢ ᠡᠵᠡᠮᠰᠢᠨ᠎ᠡ᠃ | ᠳᠦᠷᠪᠡ᠂ ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠠᠷᠭ᠎ᠠ | ᠠᠪᠴᠠᠯ ᠤᠨ ᠲᠤᠬᠠᠢ ᠰᠠᠨᠠᠭᠤᠯᠤᠮᠵᠢ | 1. ᠵᠢᠭᠠᠨ ᠰᠤᠷᠭᠠᠯᠲᠠ ᠪᠠᠨ ᠲᠦᠰᠦᠪᠯᠡᠬᠦ ᠪᠠ ᠬᠡᠷᠡᠭᠵᠢᠭᠦᠯᠬᠦ ᠶᠠᠪᠤᠴᠠ ᠳᠤ ᠠᠬᠤᠢ ᠤᠷᠴᠢᠨ ᠢ | ᠪᠦᠷᠢᠯᠳᠦᠭᠦᠯᠬᠦ ᠶᠢ ᠴᠢᠬᠤᠯᠠᠴᠢᠯᠠᠬᠤ | ᠠᠬᠤᠢ ᠤᠷᠴᠢᠨ ᠢ ᠲᠦᠰᠦᠪᠯᠡᠨ ᠵᠢᠭᠠᠨ ᠰᠤᠷᠭᠠᠯᠲᠠ ᠪᠠᠨ ᠶᠠᠪᠤᠭᠳᠠᠭᠤᠯᠬᠤ ᠨᠢ ᠰᠤᠷᠤᠭᠴᠢᠳ ᠤᠨ | ᠹᠢᠽᠢᠺ ᠤᠨ ᠬᠢᠴᠢᠶᠡᠯ ᠲᠦᠷᠦᠯ ᠤᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠬᠦᠯᠬᠦ ᠳᠤ ᠵᠠᠩᠭᠢᠯᠠᠭ᠎ᠠ ᠶᠢᠨ | ᠦᠢᠯᠡᠳᠦᠯ ᠦᠵᠡᠭᠦᠯᠳᠡᠭ᠃ ᠹᠢᠽᠢᠺ ᠤᠨ ᠤᠬᠠᠭᠳᠠᠬᠤᠨ ᠢ ᠲᠠᠶᠢᠯᠪᠤᠷᠢᠯᠠᠬᠤ ᠳᠤ ᠠᠬᠤᠢ ᠤᠷᠴᠢᠨ ᠢ ᠵᠦᠢ ᠵᠤᠬᠢᠰᠳᠠᠢ | ᠲᠦᠰᠦᠪᠯᠡᠬᠦ ᠬᠡᠷᠡᠭᠳᠠᠢ᠃ ᠰᠤᠷᠤᠭᠴᠢᠳ ᠲᠤ ᠹᠢᠽᠢᠺ ᠤᠨ ᠤᠬᠠᠭᠳᠠᠬᠤᠨ ᠢ ᠰᠤᠷᠤᠯᠴᠠᠬᠤ ᠠᠴᠠ ᠡᠮᠦᠨ᠎ᠡ᠂ | ᠠᠮᠢᠳᠤᠷᠠᠯ ᠤᠨ ᠲᠤᠷᠰᠢᠯᠭ᠎ᠠ ᠳᠤ ᠰᠠᠭᠤᠷᠢᠯᠠᠭᠰᠡᠨ ᠨᠡᠯᠢᠶᠡᠳ ᠬᠡᠮᠵᠢᠶᠡᠨ ᠤ ᠲᠤᠷᠰᠢᠯᠭ᠎ᠠ ᠶᠢᠨ ᠴᠢᠨᠠᠷᠳᠠᠢ ᠡᠩ ᠤᠨ | ᠮᠡᠳᠡᠯᠭᠡ ᠪᠦᠷᠢᠯᠳᠦᠭᠰᠡᠨ ᠪᠠᠶᠢᠳᠠᠭ᠃ ᠡᠨᠡ ᠬᠦ ᠰᠠᠭᠤᠷᠢᠨ ᠳᠡᠭᠡᠷ᠎ᠡ ᠰᠢᠨ᠎ᠡ ᠹᠢᠽᠢᠺ ᠤᠨ ᠤᠬᠠᠭᠳᠠᠬᠤᠨ ᠢ | ᠪᠦᠷᠢᠯᠳᠦᠭᠦᠯᠬᠦ ᠳᠤ ᠡᠷᠬᠡᠪᠰᠢ ᠠᠵᠢᠭᠯᠠᠵᠤ ᠤᠯᠤᠭᠰᠡᠨ ᠦᠵᠡᠭᠳᠡᠯ ᠳᠤ ᠳᠠᠬᠢᠨ ᠪᠤᠯᠪᠠᠰᠤᠷᠠᠭᠤᠯᠤᠯᠲᠠ ᠬᠢᠵᠦ᠂ ᠮᠠᠰᠢ | ᠤᠯᠠᠨ ᠪᠤᠰᠤᠤᠨᠴᠢ ᠤᠷᠴᠢᠨ ᠳᠤ ᠬᠡᠷᠡᠭ ᠪᠤᠳᠠᠰ ᠤᠨ ᠨᠡᠶᠢᠳᠡᠯᠢᠭ ᠰᠢᠨᠵᠢ ᠴᠢᠨᠠᠷ᠂ ᠬᠡᠶᠢᠰᠪᠦᠷᠢ ᠬᠡᠷᠡᠭ ᠪᠤᠳᠠᠰ ᠤᠨ | ᠮᠦᠨ ᠴᠢᠨᠠᠷ ᠤᠨ ᠤᠨᠴᠠᠯᠢᠭ ᠢ ᠬᠤᠷᠢᠶᠠᠩᠭᠤᠶᠢᠯᠠᠵᠤ᠂ ᠲᠤᠷᠰᠢᠯᠭ᠎ᠠ ᠶᠢᠨ ᠴᠢᠨᠠᠷᠳᠠᠢ ᠶᠡᠷᠦ ᠶᠢᠨ ᠮᠡᠳᠡᠯᠭᠡ ᠠᠴᠠ | ᠹᠢᠽᠢᠺ ᠤᠨ ᠤᠬᠠᠭᠳᠠᠬᠤᠨ ᠳᠤ ᠰᠢᠯᠵᠢᠬᠦ ᠬᠤᠪᠢᠷᠠᠯᠲᠠ ᠶᠢ ᠪᠡᠶᠡᠯᠡᠬᠦᠯᠦᠨ᠎ᠡ᠃ ᠡᠨᠡ ᠬᠦ ᠶᠠᠪᠤᠴᠠ ᠪᠠᠷ ᠳᠠᠮᠵᠢᠨ | ᠰᠤᠷᠤᠭᠴᠢᠳ ᠤᠨ ᠰᠢᠨᠵᠢᠯᠡᠬᠦ ᠤᠬᠠᠭᠠᠨᠴᠢ ᠰᠡᠳᠬᠢᠬᠦᠢ ᠶᠢᠨ ᠬᠦᠭᠵᠢᠯᠲᠡ ᠶᠢ ᠠᠬᠢᠭᠤᠯᠵᠤ ᠪᠤᠯᠤᠨ᠎ᠠ᠃ ᠵᠢᠱᠢᠶᠡᠯᠡᠪᠡᠯ᠂ | ᠴᠢᠯᠦᠭᠡᠲᠦ ᠤᠨᠠᠯᠲᠠ ᠶᠢᠨ ᠬᠦᠳᠡᠯᠭᠡᠭᠡᠨ ᠤ ᠵᠢᠭᠠᠨ ᠰᠤᠷᠭᠠᠯᠲᠠ ᠶᠢᠨ ᠶᠠᠪᠤᠴᠠ ᠳᠤᠮᠳᠠ ᠰᠤᠷᠤᠭᠴᠢᠳ | ᠶᠡᠷᠦ ᠳᠤ ᠪᠠᠨ ᠬᠦᠨᠳᠦ ᠪᠡᠶ᠎ᠡ ᠶᠢᠨ ᠤᠨᠠᠬᠤ ᠨᠢ ᠬᠦᠩᠭᠡᠨ ᠪᠡᠶ᠎ᠡ ᠶᠢᠨ ᠤᠨᠠᠬᠤ ᠠᠴᠠ ᠬᠤᠷᠳᠤᠨ ᠬᠡᠵᠦ | ᠦᠵᠡᠳᠡᠭ᠃ ᠰᠤᠷᠤᠭᠴᠢᠳ ᠤᠨ ᠡᠶᠢᠮᠦᠷᠬᠦᠦ ᠲᠠᠨᠢᠯᠲᠠ ᠳᠤ ᠬᠠᠨᠳᠤᠭᠤᠯᠤᠨ ᠪᠠᠭᠰᠢ ᠠᠴᠠ ᠬᠡᠰᠡᠭ ᠴᠠᠭᠠᠰᠤ᠂ | ᠴᠠᠭᠠᠰᠤᠨ ᠪᠦᠭᠡᠮ ᠵᠡᠷᠭᠡ ᠭᠠᠷ ᠦᠵᠦᠭᠦᠷ ᠲᠠᠬᠢ ᠠᠮᠢᠳᠤᠷᠠᠯ ᠤᠨ ᠬᠡᠷᠡᠭᠰᠡᠯ ᠢᠶᠠᠨ ᠠᠰᠢᠭᠯᠠᠨ ᠡᠯ᠎ᠡ ᠵᠦᠢᠯ ᠤᠨ | ᠪᠤᠳᠠᠰ ᠤᠨ ᠳᠤᠷᠤᠭᠰᠢ ᠤᠨᠠᠬᠤ ᠬᠦᠳᠡᠯᠭᠡᠭᠡᠨ ᠤ ᠪᠠᠶᠢᠳᠠᠯ ᠢ ᠦᠵᠡᠭᠦᠯᠬᠦ ᠪᠠᠷ ᠳᠠᠮᠵᠢᠨ ᠪᠡᠶᠡᠰ ᠤᠨ ᠳᠤᠷᠤᠭᠰᠢ | ᠤᠨᠠᠬᠤ ᠬᠤᠷᠳᠤᠨ ᠤᠳᠠᠭᠠᠨ ᠢ ᠠᠭᠠᠷ ᠤᠨ ᠰᠠᠭᠠᠳᠠᠭᠤᠯᠬᠤ ᠬᠦᠴᠦ ᠨᠦᠯᠦᠭᠡᠯᠡᠳᠡᠭ ᠭᠡᠳᠡᠭ ᠢ ᠳ᠋ᠦᠩᠨᠡᠵᠦ | ᠭᠠᠷᠭᠠᠨ᠎ᠠ᠃ ᠳᠠᠬᠢᠨ ᠲᠠᠬᠢᠶᠠᠨ ᠦᠳᠦ ᠪᠤᠯᠤᠨ ᠲᠡᠮᠦᠷᠯᠢᠭ ᠵᠤᠭᠤᠰᠤᠨ ᠤ ᠬᠤᠭᠤᠰᠤᠮ ᠳᠤ ᠤᠨᠠᠬᠤ ᠬᠦᠳᠡᠯᠭᠡᠭᠡᠨ ᠤ | ᠲᠤᠷᠰᠢᠯᠲᠠ ᠪᠠᠷ ᠳᠠᠮᠵᠢᠨ ᠪᠡᠶᠡᠰ ᠤᠨ ᠬᠤᠭᠤᠰᠤᠮ ᠳᠤ ᠤᠨᠠᠬᠤ ᠬᠤᠷᠳᠤᠨ ᠤᠳᠠᠭᠠᠨ ᠤ ᠨᠡᠶᠢᠳᠡᠯᠢᠭ ᠤᠨᠴᠠᠯᠢᠭ ᠢ | ᠬᠤᠷᠢᠶᠠᠩᠭᠤᠶᠢᠯᠠᠨ᠂ ᠴᠢᠯᠦᠭᠡᠲᠦ ᠤᠨᠠᠯᠲᠠ ᠶᠢᠨ ᠬᠦᠳᠡᠯᠭᠡᠭᠡᠨ ᠤ ᠬᠡᠶᠢᠰᠪᠦᠷᠢ ᠤᠬᠠᠭᠳᠠᠬᠤᠨ ᠢ | ᠪᠦᠷᠢᠯᠳᠦᠬᠦᠯᠦᠨ᠎ᠡ᠃ ᠹᠢᠽᠢᠺ ᠤᠨ ᠤᠬᠠᠭᠳᠠᠬᠤᠨ ᠤ ᠵᠢᠭᠠᠨ ᠰᠤᠷᠭᠠᠯᠲᠠ ᠶᠢᠨ ᠳᠤᠮᠳᠠ ᠰᠤᠷᠤᠭᠴᠢᠳ ᠤᠨ ᠰᠢᠨᠵᠢᠯᠡᠬᠦ | ᠤᠬᠠᠭᠠᠨᠴᠢ ᠰᠡᠳᠬᠢᠬᠦᠢ ᠶᠢ ᠬᠦᠭᠵᠢᠬᠦᠯᠬᠦ ᠶᠢᠨ ᠵᠠᠩᠭᠢᠯᠠᠭ᠎ᠠ ᠨᠢ ᠤᠬᠠᠭᠳᠠᠬᠤᠨ ᠤ ᠮᠦᠨ ᠴᠢᠨᠠᠷ ᠤᠨ ᠤᠨᠴᠠᠯᠢᠭ ᠢ | ᠢᠯᠡᠷᠡᠭᠦᠯᠬᠦ ᠠᠬᠤᠢ ᠤᠷᠴᠢᠨ ᠢ ᠪᠠᠶᠢᠭᠤᠯᠬᠤ ᠳᠤ ᠪᠤᠢ ᠭᠡᠳᠡᠭ ᠢ ᠳᠡᠭᠡᠷᠡᠬᠢ ᠵᠢᠭᠠᠨ ᠰᠤᠷᠭᠠᠯᠲᠠ ᠶᠢᠨ | ᠦᠢᠯᠡᠳᠦᠯᠭᠡ ᠨᠦᠭᠦᠳ ᠭᠡᠷᠡᠴᠢᠯᠡᠭᠰᠡᠨ ᠪᠠᠶᠢᠨ᠎ᠠ᠃ ᠹᠢᠽᠢᠺ ᠤᠨ ᠵᠢᠮ᠎ᠡ ᠬᠠᠤᠯᠢ ᠶᠢᠨ ᠰᠦᠪᠡᠭᠴᠢᠯᠡᠯᠲᠡ ᠳᠤ | ᠠᠰᠠᠭᠤᠳᠠᠯ ᠤᠨ ᠤᠷᠴᠢᠨ ᠢ ᠪᠠᠶᠢᠭᠤᠯᠬᠤ ᠬᠡᠷᠡᠭᠳᠠᠢ᠃ ᠰᠤᠷᠤᠭᠴᠢᠳ ᠠᠰᠠᠭᠤᠳᠠᠯ ᠤᠨ ᠤᠷᠴᠢᠨ ᠳᠤ ᠠᠰᠠᠭᠤᠳᠠᠯ ᠢ | ᠢᠯᠡᠷᠡᠭᠦᠯᠵᠦ᠂ ᠠᠰᠠᠭᠤᠳᠠᠯ ᠢ ᠳᠤᠷᠠᠳᠴᠤ᠂ ᠠᠰᠠᠭᠤᠳᠠᠯ ᠤᠨ ᠪᠤᠯᠤᠯᠴᠠᠭ᠎ᠠ ᠪᠦᠬᠦᠢ ᠬᠠᠷᠢᠭᠤᠯᠲᠠ ᠳᠤ ᠵᠢᠱᠢᠯᠲᠡ | ᠳᠤᠷᠠᠳᠴᠤ᠂ ᠡᠬᠦᠨ ᠤ ᠤᠯᠠᠮ ᠠᠴᠠ ᠠᠰᠠᠭᠤᠳᠠᠯ ᠤᠨ ᠤᠷᠴᠢᠨ ᠢ ᠦᠨᠳᠦᠰᠦᠯᠡᠨ ᠤᠤᠯ ᠤᠨ ᠮᠡᠳᠡᠯᠭᠡ ᠪᠠᠨ ᠬᠡᠷᠡᠭᠯᠡᠨ | ᠰᠦᠪᠡᠭᠴᠢᠯᠡᠬᠦ ᠲᠦᠯᠦᠪᠯᠡᠭᠡ ᠪᠠᠨ ᠲᠤᠭᠲᠠᠭᠠᠨ᠂ ᠠᠰᠠᠭᠤᠳᠠᠯ ᠤᠨ ᠤᠷᠴᠢᠨ ᠳᠤ ᠲᠤᠬᠢᠷᠠᠭᠰᠡᠨ ᠲᠤᠷᠰᠢᠯᠲᠠ ᠶᠢᠨ | ᠪᠠᠭᠠᠵᠢ ᠬᠡᠷᠡᠭᠰᠡᠯ ᠢᠶᠠᠨ ᠰᠤᠩᠭᠤᠨ ᠲᠤᠷᠰᠢᠯᠲᠠ ᠬᠢᠵᠦ᠂ ᠦᠨᠡᠨ ᠪᠤᠳᠠᠳᠠᠢ ᠲᠤᠭ᠎ᠠ ᠪᠠᠷᠢᠮᠳᠠ ᠤᠯᠵᠤ᠂ ᠲᠤᠭ᠎ᠠ | ᠪᠠᠷᠢᠮᠲᠠ ᠪᠠᠨ ᠵᠠᠳᠠᠯᠬᠤ ᠪᠠᠷ ᠳᠠᠮᠵᠢᠨ ᠹᠢᠽᠢᠺ ᠤᠨ ᠵᠢᠮ᠎ᠡ ᠬᠠᠤᠯᠢ ᠶᠢᠨ ᠳ᠋ᠦᠩᠨᠡᠯᠲᠡ ᠶᠢ ᠤᠯᠳᠠᠭ᠃ ᠵᠢᠱᠢᠶᠡᠯᠡᠪᠡᠯ᠂ | ᠭᠠᠷᠠᠭ ᠤᠳᠤᠨ ᠤ ᠬᠦᠳᠡᠯᠭᠡᠭᠡᠨ ᠤ ᠵᠢᠮ᠎ᠡ ᠬᠠᠤᠯᠢ ᠶᠢ ᠰᠤᠷᠤᠯᠴᠠᠬᠤ ᠦᠶᠡᠰ ᠮᠤᠳᠤᠨ ᠭᠠᠷᠠᠭ ᠤᠨ ᠳᠠᠭᠠᠭᠤᠯᠢ | ᠤᠳᠤ ᠶᠢ ᠠᠵᠢᠭᠯᠠᠬᠤ ᠳᠤ ᠳᠦᠭᠦᠮ ᠮᠦᠷᠳᠡᠭᠡᠨ ᠮᠤᠳᠤᠨ ᠭᠠᠷᠠᠭ ᠢ ᠲᠤᠭᠤᠷᠢᠨ ᠬᠦᠳᠡᠯᠭᠡᠭᠡᠨ ᠬᠢᠬᠦ ᠦᠶᠡᠯᠡᠯ ᠨᠢ | ᠤᠬᠤᠷ ᠪᠠᠶᠢᠳᠠᠭ ᠤᠨᠴᠠᠯᠢᠭ ᠢ ᠠᠰᠢᠭᠯᠠᠨ ᠪᠠᠭᠰᠢ ᠠᠴᠠ ᠲᠤᠭᠲᠠᠭᠰᠡᠨ ᠬᠤᠭᠤᠴᠠᠭ᠎ᠠ ᠠᠯᠤᠰᠯᠠᠬᠤ ᠪᠦᠷᠢ | ᠰᠡᠭᠦᠳᠡᠷᠯᠡᠭᠰᠡᠨ ᠮᠤᠳᠤᠨ ᠭᠠᠷᠠᠭ ᠤᠨ ᠭᠡᠷᠡᠯ ᠵᠢᠷᠤᠭ ᠢ ᠰᠤᠷᠤᠭᠴᠢᠳ ᠲᠤ ᠬᠠᠩᠭᠠᠨ ᠦᠭᠴᠦ᠂ ᠰᠤᠷᠤᠭᠴᠢᠳ | ᠡᠳᠡᠭᠡᠷ ᠵᠢᠷᠤᠭ ᠳᠤᠮᠳᠠ ᠠᠴᠠ ᠠᠳᠠᠯᠢ ᠪᠤᠰᠤ ᠶᠢᠨ ᠳᠠᠭᠠᠭᠤᠯᠢ ᠤᠳᠤᠨ ᠤ ᠬᠦᠳᠡᠯᠭᠡᠭᠡᠨ ᠤ ᠦᠶᠡᠯᠡᠯ ᠢ ᠵᠠᠳᠠᠯᠤᠨ᠂ | ᠲᠤᠭ᠎ᠠ ᠬᠡᠮᠵᠢᠶᠡᠨ ᠤ ᠲᠠᠯ᠎ᠠ ᠪᠠᠷ ᠵᠠᠳᠠᠯᠤᠯᠲᠠ ᠬᠢᠵᠦ ᠳ᠋ᠦᠩᠨᠡᠯᠲᠡ ᠤᠯᠤᠨ᠎ᠠ᠃ | 2. ᠲᠤᠷᠰᠢᠯᠲᠠ ᠰᠦᠪᠡᠭᠴᠢᠯᠡᠯᠲᠡ ᠶᠢᠨ ᠴᠢᠳᠠᠪᠤᠷᠢ ᠶᠢ ᠬᠦᠮᠦᠵᠢᠬᠦᠯᠭᠦ | ᠳᠡᠭᠡᠷ᠎ᠡ ᠦᠭᠦᠯᠡᠭᠰᠡᠨ ᠹᠢᠽᠢᠺ ᠤᠨ ᠵᠢᠭᠠᠨ ᠰᠤᠷᠭᠠᠯᠲᠠ ᠶᠢᠨ ᠶᠠᠪᠤᠴᠠ ᠠᠴᠠ ᠦᠵᠡᠬᠦ ᠳᠤ ᠰᠤᠷᠤᠭᠴᠢᠳ ᠤᠨ | ᠲᠤᠷᠰᠢᠯᠲᠠ ᠰᠦᠪᠡᠭᠴᠢᠯᠡᠯᠲᠡ ᠶᠢᠨ ᠴᠢᠳᠠᠪᠤᠷᠢ ᠶᠢ ᠬᠦᠮᠦᠵᠢᠭᠦᠯᠬᠦ ᠳᠤ ᠡᠷᠬᠡᠪᠰᠢ ᠰᠤᠷᠤᠭᠴᠢᠳ ᠤᠨ ᠪᠡᠶ᠎ᠡ ᠪᠠᠨ | ᠳᠠᠭᠠᠭᠠᠬᠤ ᠴᠢᠳᠠᠪᠤᠷᠢ ᠪᠠ ᠬᠠᠷᠢᠯᠴᠠᠨ ᠬᠠᠮᠵᠢᠯᠴᠠᠬᠤ ᠴᠢᠳᠠᠪᠤᠷᠢ ᠶᠢ ᠭᠦᠢᠴᠡᠳ ᠲᠠᠶᠢᠴᠢᠯᠠᠬᠤ ᠬᠡᠷᠡᠭᠳᠠᠢ᠃ ᠨᠢᠭᠡ ᠳᠤ᠂ | ᠲᠤᠷᠰᠢᠯᠲᠠ ᠶᠢ ᠰᠦᠪᠡᠭᠴᠢᠯᠡᠯᠲᠡ ᠶᠢᠨ ᠬᠡᠯᠪᠡᠷᠢ ᠪᠠᠷ ᠶᠠᠪᠤᠭᠳᠠᠭᠤᠯᠵᠤ᠂ ᠰᠣᠷᠤᠭᠴᠢᠳ ᠢ ᠵᠤᠷᠢᠬᠵᠢᠭᠤᠯᠤᠨ | ᠭᠠᠷ ᠢᠶᠠᠨ ᠬᠦᠳᠡᠯᠭᠡᠨ᠂ ᠪᠤᠳᠠᠳᠠᠢ ᠲᠤᠷᠰᠢᠬᠤ ᠶᠢ ᠱᠠᠭᠠᠷᠳᠠᠨ᠎ᠠ᠃ ᠵᠠᠷᠢᠮ ᠪᠠᠭᠰᠢ ᠲᠤᠷᠰᠢᠯᠲᠠ ᠦᠷᠨᠢᠭᠦᠯᠬᠦ ᠦᠶᠡᠰ | ᠬᠡᠵᠢᠶᠡᠳᠡ ᠴᠠᠭ ᠢᠶᠠᠨ ᠠᠷᠪᠢᠯᠠᠬᠤ ᠪᠤᠶᠤ ᠮᠠᠲ᠋ᠧᠷᠢᠶᠠᠯ ᠢᠶᠠᠨ ᠠᠷᠪᠢᠯᠠᠬᠤ ᠶᠢᠨ ᠲᠦᠯᠦᠭᠡ ᠨᠢᠭᠡ ᠪᠦᠯᠦᠭ | ᠲᠤᠷᠰᠢᠯᠲᠠ ᠶᠢ ᠦᠵᠡᠭᠦᠯᠭᠡ ᠶᠢᠨ ᠲᠤᠷᠰᠢᠯᠲᠠ ᠪᠤᠯᠭᠠᠳᠠᠭ᠂ ᠳᠠᠷᠤᠢ ᠦᠪᠡᠷ ᠢᠶᠠᠨ ᠲᠤᠷᠰᠢᠯᠲᠠ ᠬᠢᠵᠦ᠂ | ᠰᠤᠷᠤᠭᠴᠢᠳ ᠦᠵᠡᠬᠦ᠂ ᠡᠰᠡᠭᠦᠯ᠎ᠡ ᠨᠢᠭᠡ ᠪᠦᠯᠦᠭ ᠲᠤᠷᠰᠢᠯᠲᠠ ᠶᠢ ᠤᠬᠤᠷ ᠹᠢᠯᠢᠮ ᠤᠨ ᠬᠡᠯᠪᠡᠷᠢ ᠪᠠᠷ ᠰᠢᠭᠤᠳ | ᠦᠵᠡᠭᠦᠯᠳᠡᠭ᠃ ᠡᠶᠢᠮᠦᠷᠬᠦᠦ ᠲᠤᠷᠰᠢᠯᠲᠠ ᠨᠢ ᠶᠠᠮᠠᠷ ᠴᠦ ᠰᠦᠪᠡᠭᠴᠢᠯᠡᠯᠲᠡ ᠶᠢᠨ ᠴᠢᠨᠠᠷ ᠦᠭᠡᠢ ᠮᠦᠷᠳᠡᠭᠡᠨ | ᠰᠤᠷᠤᠭᠴᠢᠳ ᠤᠨ ᠶᠡᠭᠡ ᠲᠠᠷᠢᠬᠢ ᠪᠤᠯᠤᠨ ᠬᠤᠶᠠᠷ ᠭᠠᠷ ᠨᠢ ᠶᠠᠮᠠᠷ ᠴᠦ ᠪᠤᠯᠪᠠᠰᠤᠷᠠᠯ ᠬᠦᠷᠳᠡᠵᠦ ᠳᠡᠶᠢᠯᠬᠦ ᠦᠭᠡᠢ | ᠶᠤᠮ᠃ ᠰᠤᠷᠤᠭᠴᠢᠳ ᠤᠨ ᠲᠤᠷᠰᠢᠯᠲᠠ ᠶᠢ ᠪᠠᠭᠰᠢ ᠠᠴᠠ ᠤᠷᠤᠯᠠᠨ ᠬᠢᠬᠦ ᠪᠤᠶᠤ ᠪᠤᠰᠤᠳ ᠬᠡᠯᠪᠡᠷᠢ ᠪᠠᠷ | ᠤᠷᠤᠯᠠᠭᠤᠯᠬᠤ ᠨᠢ ᠰᠤᠷᠤᠭᠴᠢᠳ ᠤᠨ ᠰᠡᠵᠢᠭᠯᠡᠯ ᠢ ᠠᠯᠳᠠᠷᠠᠭᠤᠯᠵᠤ᠂ ᠲᠠᠭᠠᠮᠠᠭᠯᠠᠬᠤ ᠲᠤᠬᠢᠶᠠᠯ ᠢ ᠨᠢ ᠠᠯᠳᠠᠭᠤᠯᠵᠤ᠂ | ᠰᠢᠨᠵᠢᠯᠡᠬᠦ ᠤᠬᠠᠭᠠᠨᠴᠢ ᠰᠡᠳᠬᠢᠬᠦᠢ ᠶᠢᠨ ᠬᠦᠭᠵᠢᠯᠲᠡ ᠶᠢ ᠠᠬᠢᠭᠤᠯᠬᠤ ᠳᠤ ᠬᠦᠴᠢᠷᠳᠠᠢ ᠪᠤᠯᠳᠠᠭ᠃ ᠡᠨᠡ ᠬᠦ | ᠪᠠᠶᠢᠳᠠᠯ ᠢ ᠬᠤᠪᠢᠷᠠᠭᠤᠯᠬᠤ ᠶᠢᠨ ᠲᠦᠯᠦᠭᠡ ᠪᠠᠭᠰᠢ ᠠᠴᠠ ᠴᠢᠳᠠᠬᠤ ᠶᠢᠨ ᠳᠤᠲᠤᠷ᠎ᠠ ᠨᠦᠭᠦᠴᠡᠯ ᠢ ᠪᠦᠷᠢᠯᠳᠦᠭᠦᠯᠦᠨ᠂ | ᠰᠤᠷᠤᠭᠴᠢᠳ ᠤᠨ ᠪᠡᠶ᠎ᠡ ᠪᠠᠨ ᠲᠠᠭᠠᠭᠠᠨ ᠰᠦᠪᠡᠭᠴᠢᠯᠡᠨ ᠲᠤᠷᠰᠢᠬᠤ᠂ ᠲᠤᠷᠰᠢᠯᠲᠠ ᠶᠢ ᠪᠤᠳᠠᠳᠠᠢ ᠬᠢᠵᠦ᠂ ᠦᠷ᠎ᠡ | ᠳ᠋ᠦᠩ ᠤᠯᠵᠤ᠂ ᠤᠯᠤᠭᠰᠡᠨ ᠦᠷ᠎ᠡ ᠳ᠋ᠦᠩ ᠢᠶᠠᠨ ᠪᠤᠰᠤᠳ ᠲᠠᠢ ᠬᠤᠪᠢᠶᠠᠯᠴᠠᠨ᠎ᠠ᠂ ᠢᠩᠬᠢᠪᠡᠯ ᠰᠠᠶ᠋ᠢ | ᠲᠤᠷᠰᠢᠯᠲᠠ ᠶᠢᠨ ᠵᠢᠭᠠᠨ ᠰᠤᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃ ᠬᠤᠶᠠᠷ ᠲᠤ᠂ ᠪᠠᠭ᠎ᠠ | ᠳᠤᠭᠤᠶᠢᠯᠠᠩ ᠢᠶᠠᠷ ᠬᠠᠮᠵᠢᠯᠴᠠᠬᠤ ᠬᠡᠯᠪᠡᠷᠢ ᠪᠠᠷ ᠵᠢᠭᠠᠨ ᠰᠤᠷᠭᠠᠯᠲᠠ ᠪᠠᠨ ᠦᠷᠨᠢᠭᠦᠯᠪᠡᠯ ᠵᠤᠬᠢᠰᠳᠠᠢ᠃ ᠡᠨᠡ ᠪᠤᠯ | ᠰᠤᠷᠤᠭᠴᠢᠳ ᠤᠨ ᠰᠢᠨᠵᠢᠯᠡᠬᠦ ᠤᠬᠠᠭᠠᠨᠴᠢ ᠰᠡᠳᠬᠢᠬᠦᠢ ᠶᠢ ᠬᠦᠮᠦᠵᠢᠭᠦᠯᠬᠦ ᠪᠦᠳᠦᠮᠵᠢᠳᠠᠢ ᠠᠷᠭ᠎ᠠ ᠵᠠᠮ ᠮᠦᠨ᠃ ᠡᠨᠡ | ᠬᠦ ᠶᠠᠪᠤᠴᠠ ᠳᠤ ᠪᠠᠭᠰᠢ ᠠᠴᠠ ᠰᠤᠷᠤᠭᠴᠢᠳ ᠢ ᠵᠤᠷᠢᠬᠵᠢᠭᠤᠯᠤᠨ ᠳᠤᠭᠤᠶᠢᠯᠠᠩ ᠢᠶᠠᠷ ᠬᠠᠮᠵᠢᠯᠴᠠᠨ ᠰᠤᠷᠤᠯᠴᠠᠬᠤ ᠳᠤ | ᠢᠳᠡᠪᠬᠢᠳᠠᠢ ᠤᠷᠤᠯᠴᠠᠭᠤᠯᠤᠨ᠂ ᠵᠤᠷᠢᠭᠳᠠᠢ ᠪᠠᠷ ᠬᠠᠷᠠᠭᠠᠯᠵᠠᠭᠰᠡᠨ ᠰᠤᠷᠤᠯᠴᠠᠬᠤ ᠡᠭᠦᠷᠭᠡ ᠶᠢ ᠬᠦᠯᠢᠶᠡᠨ ᠪᠡᠶᠡᠯᠡᠭᠦᠯᠵᠦ᠂ | ᠰᠤᠷᠤᠭᠴᠢᠳ ᠤᠨ ᠬᠠᠷᠢᠭᠤᠴᠠᠯᠭᠠᠳᠤ ᠰᠡᠳᠬᠢᠯᠭᠡ ᠪᠠ ᠪᠦᠯᠬᠦᠮᠳᠡᠯ ᠨᠢᠭᠲᠠᠷᠠᠯ ᠤᠨ ᠵᠤᠷᠢᠭ ᠰᠠᠨᠠᠭ᠎ᠠ ᠶᠢ | ᠬᠦᠮᠦᠵᠢᠭᠦᠯᠦᠨ᠎ᠡ᠃ ᠲᠤᠭᠤᠶᠢᠯᠠᠩ ᠢᠶᠠᠷ ᠬᠠᠮᠳᠤᠷᠠᠨ ᠰᠤᠷᠤᠯᠴᠠᠬᠤ ᠶᠠᠪᠤᠴᠠ ᠳᠤ ᠰᠤᠷᠤᠭᠴᠢᠳ ᠨᠢᠭᠡ ᠨᠢᠬᠡᠨ ᠤ ᠪᠠᠨ | ᠳᠠᠪᠠᠭᠤᠯᠢᠭ ᠲᠠᠯ᠎ᠠ ᠶᠢ ᠢᠯᠡᠷᠡᠭᠦᠯᠵᠦ᠂ ᠬᠠᠷᠢᠯᠴᠠᠨ ᠰᠤᠷᠤᠯᠴᠠᠵᠤ ᠬᠠᠮᠳᠤ ᠪᠠᠷ ᠳᠠᠪᠰᠢᠨ᠎ᠠ᠃ | 3. ᠰᠢᠨᠵᠢᠯᠡᠬᠦ ᠤᠬᠠᠭᠠᠨᠴᠢ ᠤᠪᠤᠷ ᠪᠠ ᠬᠠᠷᠢᠭᠤᠴᠠᠯᠭᠠᠳᠤ ᠰᠡᠳᠬᠢᠯᠭᠡ ᠶᠢ ᠬᠦᠮᠦᠵᠢᠭᠦᠯᠭᠦ | ᠰᠢᠨᠵᠢᠯᠡᠬᠦ ᠤᠬᠠᠭᠠᠨᠴᠢ ᠤᠪᠤᠷ ᠪᠠ ᠬᠠᠷᠢᠭᠤᠴᠠᠯᠭᠠᠳᠤ ᠰᠡᠳᠬᠢᠯᠭᠡ ᠪᠤᠯ ᠳᠡᠭᠡᠳᠦ ᠳᠤᠮᠳᠠᠳᠤ ᠶᠢᠨ ᠹᠢᠽᠢᠺ ᠤᠨ | ᠭᠤᠤᠯᠯᠠᠭᠴᠢ ᠬᠡᠪ ᠪᠤᠯᠪᠠᠰᠤᠷᠠᠯ ᠤᠨ ᠴᠢᠬᠤᠯᠠ ᠠᠭᠤᠯᠭ᠎ᠠ ᠪᠠᠶᠢᠵᠤ᠂ ᠳᠡᠭᠡᠳᠦ ᠳᠤᠮᠳᠠᠳᠤ ᠶᠢᠨ ᠹᠢᠽᠢᠺ ᠤᠨ ᠵᠢᠭᠠᠨ | ᠰᠤᠷᠭᠠᠯᠲᠠ ᠲᠠᠢ ᠨᠢᠭᠲᠠ ᠤᠶᠠᠯᠳᠤᠵᠤ ᠪᠠᠶᠢᠳᠠᠬ᠃ ᠡᠨᠡ ᠬᠦ ᠶᠠᠪᠤᠴᠠ ᠳᠤ ᠪᠠᠭᠰᠢ ᠳᠤᠤᠷᠠᠬᠢ ᠬᠡᠳᠦᠨ ᠲᠠᠯ᠎ᠠ ᠳᠤ | ᠠᠩᠬᠠᠷᠤᠯ ᠢᠶᠠᠨ ᠲᠠᠯᠪᠢᠨ᠎ᠠ᠃ ᠨᠢᠭᠡᠳᠦᠭᠡᠷ ᠲᠤ᠂ ᠰᠤᠷᠤᠭᠴᠢᠳ ᠤᠨ ᠲᠤᠷᠰᠢᠯᠲᠠ ᠳᠤ ᠬᠠᠨᠳᠤᠬᠤ ᠤᠪᠤᠷ ᠢ ᠲᠦᠪ | ᠪᠤᠯᠭᠠᠵᠤ᠂ ᠦᠨᠡᠨ ᠠᠴᠠ ᠵᠦᠪ ᠢ ᠡᠷᠢᠬᠦ ᠵᠠᠷᠴᠢᠮ ᠢ ᠪᠠᠷᠢᠮᠲᠠᠯᠠᠬᠤ ᠬᠡᠷᠡᠭᠳᠠᠢ᠃ ᠹᠢᠽᠢᠺ ᠤᠨ ᠲᠤᠷᠰᠢᠯᠲᠠ ᠶᠢᠨ | ᠶᠠᠪᠤᠴᠠ ᠳᠤ ᠭᠠᠳᠠᠭᠠᠳᠤ ᠤᠷᠴᠢᠨ ᠤ ᠨᠦᠯᠦᠭᠡ ᠠᠴᠠ ᠪᠤᠯᠵᠤ᠂ ᠲᠤᠷᠰᠢᠯᠲᠠ ᠶᠢᠨ ᠦᠷ᠎ᠡ ᠳ᠋ᠦᠩ ᠪᠤᠯᠤᠨ | ᠤᠨᠤᠯ ᠤᠨ ᠬᠤᠭᠤᠷᠤᠨᠳᠤ ᠵᠦᠷᠢᠶ᠎ᠡ ᠡᠭᠦᠰᠬᠦ ᠨᠢ ᠵᠠᠶᠢᠯᠠᠰᠢ ᠦᠭᠡᠢ ᠶᠤᠮ᠃ ᠡᠨᠡ ᠪᠠᠶᠢᠳᠠᠯ ᠢ ᠪᠠᠭᠰᠢ ᠠᠴᠠ | ᠲᠡᠶᠢᠯᠪᠤᠷᠢᠯᠠᠬᠤ ᠬᠡᠷᠡᠭᠳᠠᠢ᠃ ᠲᠤᠷᠰᠢᠯᠲᠠ ᠶᠢᠨ ᠦᠷ᠎ᠡ ᠳ᠋ᠦᠩ ᠢ ᠤᠨᠤᠯ ᠲᠠᠢ ᠨᠡᠶᠢᠴᠡᠭᠦᠯᠬᠦ ᠶᠢᠨ ᠲᠦᠯᠦᠭᠡ | ᠲᠤᠷᠰᠢᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠵᠤ ᠪᠤᠯᠬᠤ ᠦᠭᠡᠢ᠂ ᠦᠨᠡᠨ ᠠᠴᠠ ᠵᠦᠪ ᠢ ᠡᠷᠢᠬᠦ ᠤᠪᠤᠷ᠂ | ᠨᠠᠷᠢᠨ ᠬᠢᠨᠠᠮᠠᠭᠠᠢ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠲᠠᠢ ᠪᠠᠶᠢᠬᠤ ᠬᠡᠷᠡᠭᠳᠠᠢ᠃ ᠬᠤᠶᠠᠳᠤᠭᠠᠷ ᠲᠤ᠂ | ᠹᠢᠽᠢᠺ ᠤᠨ ᠵᠢᠭᠠᠨ ᠰᠤᠷᠭᠠᠯᠲᠠ ᠶᠢᠨ ᠶᠠᠪᠤᠴᠠ ᠳᠤ ᠹᠢᠽᠢᠺ ᠤᠨ ᠮᠡᠳᠡᠯᠭᠡ ᠶᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠨᠡᠶᠢᠭᠡᠮ᠂ ᠤᠷᠴᠢᠨ ᠲᠤᠭᠤᠷᠢᠨ ᠲᠠᠢ ᠨᠢᠭᠲᠠ ᠤᠶᠠᠯᠳᠤᠭᠤᠯᠤᠨ᠂ ᠹᠢᠽᠢᠺ ᠤᠨ ᠵᠢᠭᠠᠨ ᠰᠤᠷᠭᠠᠯᠲᠠ ᠪᠠ | ᠠᠮᠢᠳᠤᠷᠠᠯ ᠤᠨ ᠬᠤᠭᠤᠷᠤᠨᠳᠤ ᠬᠦᠭᠦᠷᠭᠡ ᠲᠠᠯᠪᠢᠬᠤ ᠶᠢ ᠪᠠᠳᠤᠯᠠᠬᠤ ᠬᠡᠷᠡᠭᠳᠠᠢ᠃ ᠵᠢᠱᠢᠶᠡᠯᠡᠪᠡᠯ᠂ ︽ᠴᠠᠬᠢᠯᠭᠠᠨ | ᠰᠤᠷᠢᠨᠵᠢᠨ ᠰᠠᠴᠤᠷᠠᠭᠤᠯᠭ᠎ᠠ︾ ᠶᠢᠨ ᠠᠭᠤᠯᠭ᠎ᠠ ᠶᠢ ᠵᠢᠭᠠᠬᠤ ᠦᠶᠡᠰ ᠪᠠᠭᠰᠢ ᠠᠴᠠ ᠤᠳᠤᠬᠢ ᠢᠯᠡᠷᠡᠵᠦ ᠪᠠᠶᠢᠭ᠎ᠠ | ᠮᠠᠰᠢ ᠤᠯᠠᠨ ᠴᠠᠬᠢᠯᠭᠠᠨ ᠰᠤᠷᠢᠨᠵᠢᠨ ᠰᠠᠴᠤᠷᠠᠭᠤᠯᠭ᠎ᠠ ᠲᠠᠢ ᠪᠠᠭᠠᠵᠢ ᠲᠦᠬᠦᠭᠡᠷᠦᠮᠵᠢ ᠨᠢ ᠬᠦᠮᠦᠰ ᠤᠨ ᠪᠡᠶ᠎ᠡ | ᠮᠠᠬᠠᠪᠤᠳ ᠲᠤ ᠵᠤᠬᠢᠬᠤ ᠬᠡᠮᠵᠢᠶᠡᠨ ᠤ ᠬᠤᠬᠢᠷᠠᠯ ᠤᠴᠠᠷᠠᠭᠤᠯᠵᠤ ᠪᠠᠶᠢᠭ᠎ᠠ ᠪᠠᠶᠢᠳᠠᠯ ᠢ ᠲᠠᠲᠠᠨ ᠤᠷᠤᠭᠤᠯᠵᠤ᠂ | ᠡᠭᠦᠨ ᠤ ᠵᠡᠷᠭᠡ ᠪᠠᠷ ᠪᠠᠭᠰᠢ ᠠᠴᠠ ᠰᠤᠷᠤᠭᠴᠢᠳ ᠢ ᠵᠢᠯᠤᠭᠤᠳᠤᠨ ᠵᠠᠳᠠᠯᠤᠯᠲᠠ ᠬᠢᠵᠦ᠂ ᠤᠷᠴᠢᠨ ᠲᠤᠭᠤᠷᠢᠨ ᠤ | ᠤᠬᠠᠮᠰᠠᠷ ᠢ ᠬᠦᠮᠦᠵᠢᠭᠦᠯᠦᠨ᠎ᠡ᠃ ᠪᠠᠭᠰᠢ ᠠᠴᠠ ᠨᠢᠭᠡ ᠪᠦᠯᠦᠭ ᠰᠤᠨᠢᠷᠬᠠᠯᠲᠠᠢ ᠹᠢᠽᠢᠺ ᠤᠨ ᠨᠤᠮ ᠢ ᠲᠠᠨᠢᠯᠴᠠᠭᠤᠯᠤᠨ᠂ | ᠰᠤᠷᠤᠭᠴᠢᠳ ᠢ ᠨᠤᠮ ᠤᠩᠰᠢᠭᠤᠯᠤᠨ᠂ ᠬᠠᠷᠠᠭ᠎ᠠ ᠪᠠᠨ ᠦᠷᠬᠡᠳᠬᠡᠨ᠂ ᠹᠢᠽᠢᠺ ᠤᠨ ᠤᠬᠠᠭᠠᠨ ᠤ ᠲᠤᠬᠠᠢ ᠡᠯᠪᠡᠭ | ᠪᠠᠶᠠᠯᠢᠭ ᠮᠡᠳᠡᠯᠭᠡ ᠶᠢᠨ ᠨᠦᠭᠡᠴᠡ ᠲᠠᠢ ᠪᠤᠯᠭᠠᠨ᠎ᠠ᠃ ᠪᠠᠭᠰᠢ ᠠᠴᠠ ᠰᠤᠷᠤᠭᠴᠢᠳ ᠲᠤ ᠰᠢᠨᠵᠢᠯᠡᠬᠦ | ᠤᠬᠠᠭᠠᠨᠳᠠᠳ ᠤᠨ ᠲᠤᠬᠠᠢ ᠲᠠᠨᠢᠯᠴᠠᠭᠤᠯᠭ᠎ᠠ ᠬᠢᠵᠦ᠂ ᠲᠡᠳᠡᠨ ᠤ ᠰᠢᠷᠭᠠᠭᠤ ᠬᠠᠳᠠᠭᠤᠵᠢᠯᠲᠠᠢ ᠰᠤᠳᠤᠯᠤᠨ | ᠰᠢᠨᠵᠢᠯᠡᠳᠡᠭ ᠵᠤᠷᠢᠭ ᠰᠠᠨᠠᠭ᠎ᠠ ᠶᠢ ᠰᠤᠷᠤᠯᠴᠠᠨ᠂ ᠰᠤᠷᠤᠭᠴᠢᠳ ᠤᠨ ᠰᠤᠷᠤᠯᠴᠠᠯᠭ᠎ᠠ ᠶᠢᠨ ᠬᠦᠳᠡᠯᠭᠡᠬᠦ ᠬᠦᠴᠦᠨ ᠢ | ᠳᠠᠶᠢᠴᠢᠯᠠᠨ᠎ᠠ᠃ ᠪᠠᠭᠰᠢ ᠠᠴᠠ ᠪᠠᠰᠠ ᠨᠢᠭᠡ ᠪᠦᠯᠦᠭ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯᠤᠨ | ᠮᠠᠨ ᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶ᠎ᠡ ᠬᠡᠪᠴᠢᠶᠡᠨ ᠲᠠᠬᠢ ᠭᠡᠷᠡᠯ ᠰᠠᠴᠤᠷᠠᠩᠭᠤᠢ ᠠᠮᠵᠢᠯᠲᠠ ᠶᠢ | ᠲᠠᠨᠢᠯᠴᠠᠭᠤᠯᠤᠨ᠎ᠠ᠃ ᠡᠭᠦᠨ ᠢᠶᠠᠷ ᠳᠠᠮᠵᠢᠨ ᠰᠤᠷᠤᠭᠴᠢᠳ ᠤᠨ ᠡᠭᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ | ᠬᠦᠭᠵᠢᠭᠡᠨ᠂ ᠰᠢᠨᠵᠢᠯᠡᠬᠦ ᠤᠬᠠᠭᠠᠨᠴᠢ ᠤᠪᠤᠷ ᠪᠠ ᠬᠠᠷᠢᠭᠤᠴᠠᠯᠭᠠᠳᠤ ᠰᠡᠳᠬᠢᠯᠭᠡ ᠶᠢ ᠬᠦᠮᠦᠵᠢᠭᠦᠯᠦᠨ᠎ᠡ᠃ | ᠰᠤᠷᠭᠠᠨ ᠬᠦᠮᠦᠵᠢᠯ ᠨᠢ ᠬᠦᠮᠦᠨ ᠢ ᠬᠦᠮᠦᠵᠢᠭᠦᠯᠬᠦ ᠪᠠᠷ ᠦᠨᠳᠦᠰᠦᠨ ᠡᠭᠦᠷᠭᠡ ᠪᠠᠨ ᠪᠤᠯᠭᠠᠵᠤ᠂ | ᠰᠤᠷᠤᠭᠴᠢᠳ ᠤᠨ ᠭᠤᠤᠯᠯᠠᠭᠴᠢ ᠭᠡᠪ ᠪᠤᠯᠪᠠᠰᠤᠷᠠᠯ ᠢ ᠬᠦᠭᠵᠢᠭᠦᠯᠬᠦ ᠪᠠᠷ ᠭᠤᠤᠯ ᠬᠠᠷᠠᠯᠲᠠ ᠪᠠᠨ | ᠪᠤᠯᠭᠠᠳᠠᠭ᠃ ᠳᠡᠭᠡᠳᠦ ᠳᠤᠮᠳᠠᠳᠤ ᠶᠢᠨ ᠹᠢᠽᠢᠺ ᠤᠨ ᠵᠢᠭᠠᠨ ᠰᠤᠷᠭᠠᠯᠲᠠ ᠶᠢᠨ ᠳᠤᠮᠳᠠ ᠪᠠᠭᠰᠢ ᠠᠴᠠ | ᠰᠤᠷᠤᠭᠴᠢᠳ ᠤᠨ ᠭᠤᠤᠯᠯᠠᠭᠴᠢ ᠭᠡᠪ ᠪᠤᠯᠪᠠᠰᠤᠷᠠᠯ ᠢ ᠬᠦᠭᠵᠢᠭᠦᠯᠬᠦ ᠳᠤ ᠭᠤᠤᠯᠯᠠᠭᠴᠢ ᠭᠡᠪ ᠪᠤᠯᠪᠠᠰᠤᠷᠠᠯ ᠤᠨ ᠲᠤᠬᠠᠢ | ᠵᠦᠪ ᠤᠨᠤᠪᠴᠢᠳᠠᠢ ᠤᠶᠢᠯᠠᠭᠠᠭᠳᠠᠬᠤᠨ ᠲᠠᠢ ᠪᠠᠶᠢᠵᠤ᠂ ᠲᠡᠭᠦᠨ ᠢ ᠪᠠᠨ ᠵᠢᠭᠠᠨ ᠰᠤᠷᠭᠠᠯᠲᠠ ᠶᠢᠨ ᠠᠭᠤᠯᠭ᠎ᠠ᠂ | ᠵᠢᠭᠠᠬᠤ ᠠᠷᠭ᠎ᠠ᠂ ᠵᠢᠭᠠᠨ ᠰᠤᠷᠭᠠᠯᠲᠠ ᠶᠢᠨ ᠠᠵᠢᠯᠯᠠᠭ᠎ᠠ ᠲᠠᠢ ᠪᠠᠨ ᠠᠭᠤᠰᠤᠯᠴᠠᠭᠤᠯᠵᠤ᠂ ᠴᠢᠨᠠᠷᠯᠢᠭ ᠵᠢᠭᠠᠨ | ᠰᠤᠷᠭᠠᠯᠲᠠ ᠶᠢᠨ ᠬᠡᠪ ᠪᠠᠶᠢᠳᠠᠯ ᠢ ᠪᠦᠷᠢᠯᠳᠦᠭᠦᠯᠬᠦ ᠬᠡᠷᠡᠭᠳᠠᠢ᠃ ᠲᠤᠰ ᠦᠭᠦᠯᠡᠯ ᠳᠤ ᠳᠡᠭᠡᠳᠦ ᠳᠤᠮᠳᠠᠳᠤ ᠶᠢᠨ | ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠵᠢᠭᠠᠨ ᠰᠤᠷᠭᠠᠯᠲᠠ ᠶᠢᠨ ᠵᠢᠱᠢᠶ᠎ᠡ ᠲᠠᠢ | ᠤᠶᠠᠯᠳᠤᠭᠤᠯᠤᠨ᠂ ᠳᠡᠭᠡᠳᠦ ᠳᠤᠮᠳᠠᠳᠤ ᠶᠢᠨ ᠹᠢᠽᠢᠺ ᠤᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠠᠷᠭ᠎ᠠ | ᠠᠪᠴᠠᠯ ᠳᠤ ᠰᠦᠪᠡᠭᠴᠢᠯᠠᠯᠲᠠ ᠬᠢᠵᠦ᠂ ᠳᠡᠭᠡᠳᠦ ᠳᠤᠮᠳᠠᠳᠤ ᠶᠢᠨ ᠹᠢᠽᠢᠺ ᠤᠨ ᠵᠢᠭᠠᠨ ᠰᠤᠷᠭᠠᠯᠲᠠ ᠶᠢᠨ ᠦᠷ᠎ᠡ | ᠠᠰᠢᠭ ᠪᠠ ᠴᠢᠨᠠᠷ ᠴᠢᠨᠰᠠᠭ᠎ᠠ ᠶᠢᠨ ᠳᠡᠭᠡᠭᠰᠢᠯᠡᠭᠦᠯᠦᠯᠲᠡ ᠪᠤᠯᠤᠨ ᠰᠤᠷᠤᠭᠴᠢᠳ ᠤᠨ ᠹᠢᠽᠢᠺ ᠤᠨ ᠬᠢᠴᠢᠶᠡᠯ | ᠲᠦᠷᠦᠯ ᠤᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠬᠦ ᠳᠤ ᠰᠠᠨᠠᠭᠤᠯᠤᠮᠵᠢ ᠬᠠᠩᠭᠠᠭᠰᠡᠨ ᠪᠠᠶᠢᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |