ᠶᠠᠩ ᠢᠤᠢ ᠯᠦᠩ | | | | | | ᠠᠮᠢᠳᠤ ᠪᠤᠳᠠᠰ ᠰᠤᠷᠤᠯᠴᠠᠬᠤ ᠳᠤ ᠵᠦᠢ ᠵᠣᠬᠢᠰᠲᠠᠢ ᠪᠥᠭᠡᠳ ᠪᠦᠲᠦᠮᠵᠢᠲᠡᠢ ᠵᠢᠭᠠᠨ ᠰᠤᠷᠭᠠᠯᠲᠠ ᠶᠢᠨ ᠠᠷᠭ᠎ᠠ | ᠮᠠᠶ᠋ᠢᠭ ᠢ ᠠᠪᠬᠤ ᠬᠡᠷᠡᠭᠳᠡᠢ᠃ ᠡᠩ ᠲᠡᠷᠢᠭᠦᠨ ᠳᠤ ᠪᠠᠭᠰᠢ ᠰᠤᠷᠤᠭᠴᠢᠳ ᠤᠨ ᠤᠯᠠᠮᠵᠢᠯᠠᠯᠲᠤ ᠵᠢᠭᠠᠨ | ᠰᠤᠷᠭᠠᠯᠲᠠ ᠶᠢᠨ ᠦᠵᠡᠯᠲᠡ ᠶᠢ ᠬᠤᠪᠢᠷᠠᠭᠤᠯᠬᠤ ᠬᠡᠷᠡᠭᠲᠡᠢ᠃ ᠨᠢᠭᠡ ᠲᠠᠯ᠎ᠠ ᠪᠠᠷ᠂ ᠰᠤᠷᠤᠭᠴᠢᠳ ᠤᠨ ᠪᠡᠶ᠎ᠡ ᠪᠠᠨ | ᠳᠠᠭᠠᠭᠠᠬᠤ᠂ ᠰᠦᠪᠡᠭᠴᠢᠯᠡᠬᠦ᠂ ᠰᠢᠨ᠎ᠡ ᠶᠢ ᠡᠭᠦᠳᠬᠦ ᠴᠢᠳᠠᠪᠤᠷᠢ ᠶᠢ ᠬᠥᠮᠦᠵᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠶ | ᠣᠶᠢᠯᠠᠭᠠᠵᠤ᠂ ᠤᠯᠠᠮᠵᠢᠯᠠᠯᠲᠤ ᠵᠢᠭᠠᠨ ᠰᠤᠷᠭᠠᠬᠤ ᠠᠷᠭ᠎ᠠ ᠮᠠᠶ᠋ᠢᠭ ᠢᠶᠠᠨ ᠲᠠᠶᠠᠭᠳᠠᠵᠤ᠂ ᠦᠢᠯᠠᠳᠤᠯᠴᠠᠭᠦ ᠮᠠᠶ᠋ᠢᠭ ᠤᠨ | ᠵᠢᠭᠠᠨ ᠰᠤᠷᠭᠠᠯᠲᠠ ᠵᠡᠷᠭᠡ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠬᠡᠷᠡᠭᠯᠡᠵᠦ᠂ ᠰᠤᠷᠤᠭᠴᠢᠳ ᠢ ᠵᠢᠭᠠᠨ | ᠰᠤᠷᠭᠠᠯᠲᠠ ᠶᠢᠨ ᠭᠤᠣᠯ ᠴᠣᠭᠴᠠ ᠪᠣᠯᠭᠠᠨ᠎ᠠ᠃ ᠨᠦᠭᠦᠭᠡ ᠲᠠᠯ᠎ᠠ ᠪᠠᠷ᠂ ᠰᠤᠷᠤᠭᠴᠢᠳ ᠪᠡᠶ᠎ᠡ ᠪᠠᠨ ᠳᠠᠭᠠᠭᠠᠵᠤ | ᠰᠤᠷᠤᠯᠴᠠᠬᠤ ᠶᠢᠨ ᠴᠢᠬᠤᠯᠠ ᠴᠢᠨᠠᠷ ᠢ ᠣᠶᠢᠯᠠᠭᠠᠵᠤ᠂ ᠪᠡᠶ᠎ᠡ ᠪᠠᠨ ᠳᠠᠭᠠᠭᠠᠵᠤ ᠰᠤᠷᠬᠤ ᠴᠢᠳᠠᠪᠤᠷᠢ ᠪᠠᠨ | ᠬᠥᠮᠦᠵᠢᠭᠦᠯᠬᠦ ᠶᠢ ᠠᠩᠬᠠᠷᠬᠤ ᠬᠡᠷᠡᠭᠲᠡᠢ᠃ ᠳᠠᠷᠠᠭᠠᠯᠠᠪᠠᠯ᠂ ᠠᠰᠠᠭᠤᠳᠠᠯ ᠢ ᠤᠷᠠᠨ ᠢᠶᠠᠷ ᠪᠠᠶᠢᠷᠢᠯᠠᠭᠤᠯᠬᠤ | ᠬᠡᠷᠡᠭᠲᠡᠶ᠃ ᠠᠮᠢᠳᠤ ᠪᠣᠳᠠᠰ ᠤᠨ ᠤᠬᠠᠭᠠᠨ ᠬᠢᠭᠡᠳ ᠬᠥᠮᠦᠰ ᠤᠨ ᠡᠳᠦᠷ ᠳᠤᠳᠤᠮ ᠤᠨ ᠠᠮᠢᠳᠤᠷᠠᠯ ᠨᠢᠭᠲᠠ | ᠬᠤᠯᠪᠣᠭ᠎ᠠ ᠲᠠᠢ ᠪᠠᠶᠢᠵᠤ᠂ ᠵᠢᠭᠠᠨ ᠰᠤᠷᠭᠠᠯᠲᠠ ᠶᠢᠨ ᠶᠠᠪᠤᠴᠠ ᠳᠤ ᠠᠮᠢᠳᠤᠷᠠᠯ ᠤᠨ ᠪᠣᠳᠠᠲᠤ ᠪᠠᠶᠢᠳᠠᠯ ᠲᠠᠢ | ᠣᠶᠢᠷᠠᠳᠬᠤ ᠠᠰᠠᠭᠤᠳᠠᠯ ᠢ ᠢᠯᠡᠭᠦᠦ ᠳᠤᠷᠠᠳᠴᠤ᠂ ᠰᠤᠷᠤᠭᠴᠢᠳ ᠤᠨ ᠳᠤᠷ᠎ᠠ ᠰᠣᠨᠢᠷᠬᠠᠯ ᠢ ᠬᠥᠭᠵᠢᠭᠡᠵᠦ᠂ | ᠰᠤᠷᠤᠭᠴᠢᠳ ᠤᠨ ᠰᠡᠳᠬᠢᠬᠦᠢ ᠶᠢ ᠰᠡᠩᠬᠡᠷᠡᠭᠦᠯᠵᠦ᠂ ᠲᠡᠳᠡᠨ ᠤ ᠰᠤᠷᠤᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢ | ᠴᠢᠨᠠᠷ ᠢ ᠳᠡᠭᠡᠭᠰᠢᠯᠡᠭᠦᠯᠦᠨ᠎ᠡ᠃ ᠠᠮᠢᠳᠤ ᠪᠣᠳᠠᠰ ᠤᠨ ᠤᠬᠠᠭᠠᠨ ᠤ ᠬᠦᠴᠢᠷ ᠠᠰᠠᠭᠤᠳᠠᠯ ᠳᠤ ᠲᠤᠯᠭᠠᠷᠠᠬᠤ ᠦᠶᠡᠰ | ᠪᠠᠭᠰᠢ ᠰᠢᠭᠤᠳ ᠬᠠᠷᠢᠭᠤᠯᠲᠠ ᠥᠭᠴᠦ ᠪᠣᠯᠬᠤ ᠦᠭᠡᠢ᠂ ᠬᠠᠷᠢᠨ ᠰᠤᠷᠤᠭᠴᠢᠳ ᠢ ᠵᠢᠯᠣᠭᠤᠳᠤᠨ ᠨᠣᠮ ᠪᠢᠴᠢᠭ ᠢ | ᠠᠰᠢᠭᠯᠠᠭᠤᠯᠬᠤ ᠬᠡᠷᠡᠭᠲᠡᠢ᠃ ᠰᠦᠯᠵᠢᠶ᠎ᠡ᠂ ᠲᠤᠷᠰᠢᠯᠲᠠ ᠶᠢᠨ ᠲᠠᠰᠤᠭ ᠪᠤᠶᠤ ᠳᠤᠭᠤᠶᠢᠯᠠᠩ ᠬᠤᠪᠢᠶᠠᠨ ᠶᠠᠷᠢᠯᠴᠠᠬᠤ | ᠵᠡᠷᠭᠡ ᠠᠷᠭ᠎ᠠ ᠮᠠᠶ᠋ᠢᠭ ᠢᠶᠠᠷ ᠠᠯᠬᠤᠮ ᠠᠯᠬᠤᠮ ᠢᠶᠠᠷ ᠬᠠᠷᠢᠭᠤᠯᠲᠠ ᠣᠯᠤᠨ᠎ᠠ᠃ ᠡᠭᠦᠨ ᠠᠴᠠ ᠭᠠᠳᠠᠨ᠎ᠠ᠂ ᠠᠰᠠᠭᠤᠳᠠᠯ | ᠲᠣᠬᠢᠷᠠᠭᠤᠯᠬᠤ ᠳᠤ ᠪᠠᠨ ᠠᠰᠠᠭᠤᠳᠠᠯ ᠤᠨ ᠬᠦᠴᠢᠷᠳᠡᠯᠭᠡ ᠶᠢ ᠠᠩᠬᠠᠷᠤᠨ ᠡᠵᠡᠮᠰᠢᠵᠦ᠂ ᠵᠣᠬᠢᠬᠤ ᠬᠡᠮᠵᠢᠶᠡᠨ ᠤ | ᠬᠦᠴᠢᠷ ᠤᠨ ᠬᠡᠮᠵᠢᠶ᠎ᠡ ᠨᠢ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠡᠭᠦᠨ ᠢ ᠰᠢᠢᠳᠪᠦᠷᠢᠯᠡᠬᠦ ᠤᠷᠮ᠎ᠠ | ᠲᠠᠢ ᠪᠣᠯᠭᠠᠬᠤ ᠮᠥᠷᠲᠡᠭᠡᠨ ᠪᠠᠰᠠ ᠬᠡᠲᠦᠷᠬᠡᠶ ᠶᠡᠭᠡ ᠬᠦᠴᠢᠷᠳᠡᠯ ᠳᠤ ᠤᠴᠠᠷᠠᠭᠤᠯᠬᠤ ᠦᠭᠡᠢ ᠠᠰᠠᠭᠤᠳᠠᠯ ᠤᠨ | ᠬᠦᠨᠳᠦᠴᠡ ᠶᠢ ᠠᠩᠬᠠᠷᠬᠤ ᠬᠡᠷᠡᠭᠳᠡᠢ᠃ ᠰᠤᠷᠤᠭᠴᠢᠳ ᠤᠨ ᠰᠤᠷᠤᠯᠴᠠᠬᠤ ᠢᠳᠡᠪᠬᠢᠵᠢᠯ ᠢ ᠤᠷᠮᠠᠰᠢᠭᠤᠯᠬᠤ | ᠬᠡᠷᠡᠭᠲᠡᠶ᠃ ᠡᠴᠦᠰ ᠲᠤ᠂ ᠵᠦᠶ ᠵᠣᠬᠢᠰᠲᠠᠶ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠠᠶᠢᠨ | ᠰᠦᠪᠡᠭᠴᠢᠯᠡᠬᠦ ᠮᠠᠶ᠋ᠢᠭ ᠤᠨ ᠵᠢᠭᠠᠨ ᠰᠤᠷᠭᠠᠯᠲᠠ ᠶᠢ ᠥᠷᠨᠢᠭᠦᠯᠵᠦ᠂ ᠨᠢᠭᠡᠨ ᠨᠡᠭᠡᠭᠡᠯᠲᠡ ᠲᠠᠢ ᠡᠶ᠎ᠡ ᠵᠣᠬᠢᠴᠠᠯ ᠲᠠᠢ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠬᠢᠴᠢᠶᠡᠯ ᠤᠨ | ᠲᠠᠩᠬᠢᠮ ᠢ ᠰᠤᠷᠤᠭᠴᠢᠳ ᠲᠤ ᠲᠤᠰᠢᠶᠠᠨ ᠥᠭᠴᠦ᠂ ᠰᠤᠷᠤᠭᠴᠢᠳ ᠢ ᠪᠡᠶ᠎ᠡ ᠪᠠᠨ ᠳᠠᠭᠠᠭᠠᠵᠤ ᠰᠤᠷᠤᠯᠴᠠᠭᠤᠯᠬᠤ | ᠬᠡᠷᠡᠭᠲᠡᠶ᠃ ᠭᠡᠪᠡᠴᠦ ᠡᠨᠡ ᠨᠢ ᠰᠤᠷᠤᠭᠴᠢᠳ ᠢ ᠳᠤᠷ᠎ᠠ ᠪᠠᠷ ᠨᠢ ᠲᠠᠯᠪᠢᠵᠤ ᠪᠣᠯᠤᠨ᠎ᠠ ᠭᠡᠰᠡᠨ ᠦᠭᠡ ᠪᠢᠰᠢ᠃ ᠲᠠᠭᠡᠳᠤ | ᠳᠤᠮᠳᠠᠳᠤ ᠶᠢᠨ ᠦᠶ᠎ᠡ ᠶᠢᠨ ᠰᠤᠷᠤᠭᠴᠢᠳ ᠤᠨ ᠪᠡᠶ᠎ᠡ ᠪᠠᠨ ᠪᠠᠷᠢᠬᠤ ᠴᠢᠳᠠᠪᠤᠷᠢ ᠬᠢᠵᠠᠭᠠᠷ ᠲᠠᠢ ᠪᠣᠯᠬᠤᠷ ᠡᠷᠬᠡᠪᠰᠢ | ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠶᠢᠨ ᠠᠬᠢᠴᠠ ᠶᠢ ᠰᠠᠶᠢᠲᠤᠷ ᠴᠠᠭ ᠲᠤ ᠨᠢ ᠲᠣᠬᠢᠷᠠᠭᠤᠯᠤᠨ ᠡᠵᠡᠮᠳᠡᠬᠦ | ᠬᠡᠷᠡᠭᠲᠡᠶ᠃ | ᠨᠢᠭᠡ᠂ ᠠᠮᠢᠳᠤ ᠪᠤᠳᠠᠰ ᠤᠨ ᠵᠢᠭᠠᠨ ᠰᠤᠷᠭᠠᠯᠳᠠ ᠶᠢ ᠶᠠᠪᠤᠭᠳᠠᠭᠤᠯᠬᠤ ᠠᠷᠭ᠎ᠠ ᠠᠪᠴᠠᠯ | 1. ᠠᠬᠤᠶ ᠣᠷᠴᠢᠨ ᠤ ᠵᠢᠭᠠᠨ ᠰᠤᠷᠭᠠᠯᠲᠠ ᠶᠢ ᠬᠡᠷᠡᠭᠵᠢᠭᠦᠯᠵᠦ᠂ ᠰᠤᠷᠤᠯᠴᠠᠬᠤ ᠤᠷᠮ᠎ᠠ ᠪᠠᠬ᠎ᠠ ᠶᠢ | ᠬᠦᠭᠵᠢᠭᠡᠬᠦ | ᠵᠢᠭᠠᠨ ᠰᠤᠷᠭᠠᠯᠲᠠ ᠶᠢᠨ ᠣᠷᠴᠢᠨ ᠠᠬᠤᠢ ᠭᠡᠳᠡᠭ ᠨᠢ ᠪᠠᠭᠰᠢ ᠶᠢᠨ ᠵᠢᠭᠠᠨ ᠰᠤᠷᠭᠠᠯᠲᠠ ᠶᠢᠨ ᠶᠠᠪᠤᠴᠠ ᠳᠤ | ᠡᠭᠦᠳᠦᠭᠰᠡᠨ ᠰᠡᠳᠬᠢᠯᠭᠡ ᠶᠢᠨ ᠠᠭᠤᠷ ᠠᠮᠢᠰᠬᠤᠯ ᠢ ᠵᠢᠭᠠᠵᠤ ᠪᠠᠶᠢᠨ᠎ᠠ᠂ ᠮᠥᠨ ᠴᠦ ᠵᠣᠬᠢᠬᠤ ᠰᠡᠳᠬᠢᠯᠭᠡ ᠶᠢᠨ | ᠠᠭᠤᠷ ᠠᠮᠢᠰᠬᠤᠯ ᠲᠠᠢ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠃ ᠠᠮᠢᠳᠤ ᠪᠣᠳᠠᠰ ᠤᠨ | ᠮᠡᠳᠡᠯᠭᠡ ᠶᠢᠨ ᠲᠤᠰ ᠪᠡᠶ᠎ᠡ ᠪᠠᠷ ᠠᠪᠴᠤ ᠬᠡᠯᠡᠪᠡᠯ᠂ ᠪᠠᠶᠠᠯᠢᠭ ᠠᠮᠢᠳᠤᠯᠢᠭ ᠪᠣᠳᠠᠲᠠᠶ ᠠᠭᠤᠯᠭ᠎ᠠ ᠲᠠᠢ ᠪᠠᠶᠢᠵᠤ᠂ | ᠲᠡᠭᠦᠨ ᠢ ᠦᠭᠡ ᠬᠡᠯᠡ ᠦᠰᠦᠭ ᠪᠢᠴᠢᠭ ᠢᠶᠠᠷ ᠢᠯᠡᠳᠬᠡᠬᠦ ᠨᠢ ᠬᠡᠶᠢᠰᠪᠦᠷᠢ ᠪᠥᠭᠡᠳ ᠳᠥᠭᠦᠮ ᠬᠢᠯᠪᠠᠷᠴᠢᠯᠠᠭᠰᠠᠨ | ᠪᠠᠶᠢᠳᠠᠭ᠃ ᠰᠤᠷᠤᠭᠴᠢᠳ ᠤᠨ ᠰᠣᠷᠣᠭᠰᠠᠨ ᠨᠢ ᠶᠠᠭ ᠦᠭᠡ ᠬᠡᠯᠡ ᠦᠰᠦᠭ ᠪᠢᠴᠢᠭ ᠢᠶᠠᠷ ᠴᠤᠭᠯᠠᠭᠤᠯᠤᠭᠰᠠᠨ ᠨᠣᠮ | ᠪᠢᠴᠢᠭ ᠤᠨ ᠮᠡᠳᠡᠯᠭᠡ ᠪᠣᠯᠬᠤ ᠵᠢᠭᠠᠬᠤ ᠮᠠᠲ᠋ᠧᠷᠢᠶᠠᠯ ᠪᠣᠯᠤᠨ᠎ᠠ᠃ ᠡᠶᠢᠮᠦ ᠠᠴᠠ ᠪᠠᠭᠰᠢ ᠠᠴᠠ ᠵᠢᠭᠠᠨ ᠰᠤᠷᠭᠠᠯᠲᠠ ᠶᠢᠨ | ᠠᠭᠤᠯᠭ᠎ᠠ ᠶᠢ ᠦᠨᠳᠦᠰᠦᠯᠡᠨ ᠤᠯᠠᠨ ᠶᠠᠩᠵᠤ ᠶᠢᠨ ᠵᠢᠭᠠᠨ ᠰᠤᠷᠭᠠᠯᠲᠠ ᠶᠢᠨ ᠠᠬᠤᠢ ᠪᠠᠶᠢᠳᠠᠯ ᠢ ᠪᠤᠢ ᠪᠣᠯᠭᠠᠵᠤ᠂ | ᠬᠡᠶᠢᠰᠪᠦᠷᠢ ᠮᠡᠳᠡᠯᠭᠡ ᠶᠢ ᠪᠣᠳᠠᠲᠠᠶᠢᠵᠢᠭᠤᠯᠵᠤ᠂ ᠳᠦᠷᠰᠦᠯᠢᠭ᠂ ᠰᠢᠭᠤᠳ ᠦᠵᠡᠭᠦᠯᠬᠦ ᠪᠣᠯᠭᠠᠵᠤ᠂ ᠰᠤᠷᠤᠭᠴᠢᠳ ᠤᠨ | ᠲᠠᠨᠢᠯᠲᠠ ᠶᠢᠨ ᠶᠠᠪᠤᠴᠠ ᠳᠠᠬᠢ ᠲᠦᠷᠢ ᠲᠥᠷᠬᠦ ᠪᠠ ᠬᠡᠶᠢᠰᠪᠦᠷᠢᠯᠡᠯ᠂ ᠪᠣᠳᠠᠲᠤ ᠪᠠᠶᠢᠳᠠᠯ ᠪᠠ ᠤᠨᠤᠯ᠂ ᠰᠡᠷᠡᠯ ᠪᠠ | ᠣᠶᠤᠨᠴᠢ ᠴᠢᠨᠠᠷ᠂ ᠬᠠᠭᠤᠴᠢᠨ ᠮᠡᠳᠡᠯᠭᠡ ᠪᠠ ᠰᠢᠨ᠎ᠡ ᠮᠡᠳᠡᠯᠭᠡ᠂ ᠠᠬᠤᠢ ᠪᠠᠶᠢᠳᠠᠯ ᠬᠢᠭᠡᠳ ᠮᠡᠳᠡᠯᠭᠡ ᠵᠢᠴᠢ | ᠠᠰᠠᠭᠤᠳᠠᠯ ᠬᠢᠭᠡᠳ ᠰᠡᠳᠬᠢᠬᠦᠢ ᠶᠢᠨ ᠬᠠᠷᠢᠴᠠᠭ᠎ᠠ ᠪᠠ ᠵᠥᠷᠢᠴᠡᠯ ᠢ ᠰᠢᠢᠳᠪᠦᠷᠢᠯᠡᠬᠦ ᠬᠡᠷᠡᠭᠲᠡᠢ᠂ ᠢᠩᠭᠢᠪᠡᠯ | ᠰᠤᠷᠤᠭᠴᠢᠳ ᠤᠨ ᠰᠤᠷᠤᠯᠴᠠᠯᠭ᠎ᠠ ᠳᠤ ᠲᠠᠨᠢᠨ ᠮᠡᠳᠡᠬᠦᠢ ᠶᠢᠨ ᠵᠣᠭᠰᠣᠴᠠ ᠶᠢᠨ ᠴᠡᠭ ᠬᠠᠩᠭᠠᠬᠤ ᠮᠥᠷᠲᠡᠭᠡᠨ | ᠰᠤᠷᠤᠭᠴᠢᠳ ᠤᠨ ᠰᠤᠷᠤᠯᠴᠠᠬᠤ ᠰᠡᠳᠬᠢᠯᠭᠡ ᠶᠢ ᠬᠥᠭᠵᠢᠭᠡᠳᠡᠭ᠃ ᠳᠡᠭᠡᠳᠦ ᠲᠤᠮᠳᠠᠳᠤ ᠶᠢᠨ ᠠᠮᠢᠳᠤ ᠪᠣᠳᠠᠰ ᠤᠨ | ᠵᠢᠭᠠᠨ ᠰᠤᠷᠭᠠᠯᠲᠠ ᠳᠤ ᠣᠷᠴᠢᠨ ᠠᠬᠤᠢ ᠶᠢ ᠡᠭᠦᠳᠦᠨ ᠪᠦᠲᠦᠭᠡᠬᠦ ᠠᠷᠭ᠎ᠠ ᠵᠠᠮ ᠨᠡᠯᠢᠶᠡᠳ ᠤᠯᠠᠨ ᠪᠠᠶᠢᠵᠤ᠂ | ᠭᠤᠣᠯᠳᠠᠭᠤ ᠠᠰᠠᠭᠤᠳᠠᠯᠳᠤ ᠴᠢᠨᠠᠷ ᠲᠠᠢ ᠣᠷᠴᠢᠨ ᠠᠬᠤᠢ ᠶᠢ ᠡᠭᠦᠳᠦᠨ ᠪᠠᠶᠢᠭᠤᠯᠬᠤ᠂ ᠲᠤᠷᠰᠢᠯᠲᠠ ᠶᠢᠨ ᠴᠢᠨᠠᠷ ᠲᠠᠢ | ᠣᠷᠴᠢᠨ ᠠᠬᠤᠢ ᠶᠢ ᠡᠭᠦᠳᠦᠨ ᠪᠠᠶᠢᠭᠤᠯᠬᠤ᠂ ᠦᠵᠡᠭᠦᠯᠭᠡ ᠶᠢᠨ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ᠂ | ᠵᠦᠢᠷᠯᠡᠯ ᠤᠨ ᠴᠢᠨᠠᠷ ᠲᠠᠢ ᠣᠷᠴᠢᠨ ᠠᠬᠤᠢ ᠶᠢ ᠡᠭᠦᠳᠦᠨ ᠪᠠᠶᠢᠭᠤᠯᠬᠤ ᠵᠡᠷᠭᠡ ᠬᠡᠳᠦᠨ ᠵᠦᠢᠯ ᠪᠤᠢ᠃ ᠵᠢᠱᠢᠶᠡᠯᠡᠪᠡᠯ᠂ | ᠲᠡᠭᠡᠳᠤ ᠳᠤᠮᠳᠠᠳᠤ ᠶᠢᠨ ᠠᠮᠢᠳᠤ ᠪᠣᠳᠠᠰ ᠤᠨ ᠵᠠᠪᠠᠯ ᠰᠤᠷᠬᠤ 3 ᠶᠢᠨ ᠭᠤᠷᠪᠠᠳᠤᠭᠠᠷ ᠪᠦᠯᠦᠭ ︽ᠤᠷᠭᠤᠮᠠᠯ ᠤᠨ | ᠬᠤᠷᠮᠣᠨ ᠤ ᠲᠤᠬᠢᠷᠠᠭᠤᠯᠤᠯᠳᠠ︾ ᠶᠢᠨ ᠨᠢᠭᠡᠳᠦᠭᠡᠷ ᠬᠡᠰᠡᠭ ᠲᠠᠬᠢ ︽ᠤᠷᠭᠤᠮᠠᠯ ᠤᠨ ᠥᠰᠥᠯᠲᠡ ᠶᠢᠨ ᠡᠳ᠋ ᠢ | ᠢᠯᠡᠷᠡᠭᠦᠯᠬᠦ︾ ᠳᠤᠮᠳᠠᠬᠢ ᠳ᠋ᠠᠷᠸᠢᠨ ᠤ ᠲᠤᠷᠰᠢᠯᠲᠠ ᠶᠢ ᠰᠤᠷᠬᠤ ᠦᠶ᠎ᠡ ᠳᠤ᠂ ᠪᠠᠭᠰᠢ ᠨᠠᠷ ᠡᠶᠢᠮᠦ ᠵᠢᠱᠢᠶ᠎ᠡ ᠶᠢ ᠠᠪᠴᠤ | ᠪᠣᠯᠤᠨ᠎ᠠ᠄ ᠬᠥᠮᠦᠨ ᠲᠥᠷᠥᠯᠬᠢᠲᠡᠨ ᠨᠡᠷᠡᠨ ᠤ ᠭᠡᠷᠡᠯ ᠲᠤᠰᠬᠤ ᠳᠤ ᠨᠢᠳᠦ ᠪᠠᠨ ᠠᠨᠢᠳᠠᠭ ᠪᠠᠶᠢᠨ᠎ᠠ᠂ ᠥᠭᠡᠷ᠎ᠡ ᠪᠠᠷ | ᠬᠡᠯᠡᠪᠡᠯ ᠬᠥᠮᠦᠨ ᠲᠥᠷᠥᠯᠬᠢᠲᠡᠨ ᠤ ᠭᠡᠷᠡᠯ ᠮᠡᠳᠡᠷᠡᠬᠦ ᠬᠡᠰᠡᠭ ᠪᠣᠯ ᠨᠢᠳᠦ ᠪᠣᠯᠤᠨ᠎ᠠ᠃ ᠲᠡᠭᠡᠪᠡᠯ ᠬᠦᠪᠦᠷᠡᠯ ᠤᠨ ᠨᠠᠬᠢᠶᠠᠨ | ᠳᠤᠭᠲᠤᠢ ᠶᠢᠨ ᠰᠡᠷᠡᠯ ᠤᠨ ᠡᠷᠬᠡᠲᠡᠨ ᠤ ᠬᠡᠰᠡᠭ ᠨᠢ ᠬᠠᠮᠢᠭ᠎ᠠ ᠪᠠᠶᠢᠬᠤ ᠪᠤᠢ︖ ᠢᠩᠭᠢᠪᠡᠯ ᠰᠤᠷᠤᠭᠴᠢᠳ | ᠬᠦᠪᠦᠷᠡᠯ ᠤᠨ ᠨᠠᠬᠢᠶᠠᠨ ᠳᠤᠭᠲᠤᠢ ᠶᠢᠨ ᠭᠡᠷᠡᠯ ᠮᠡᠳᠡᠷᠡᠬᠦ ᠬᠡᠰᠡᠭ ᠢ ᠠᠮᠠᠷᠬᠠᠨ ᠣᠶᠢᠯᠠᠭᠠᠵᠤ᠂ ᠨᠡᠯᠢᠶᠡᠳ ᠭᠦᠨ | ᠰᠠᠭᠤᠭᠳᠠᠯ ᠲᠠᠢ ᠪᠣᠯᠤᠨ᠎ᠠ᠃ | 2. ᠲᠤᠷᠰᠢᠯᠲᠠ ᠶᠢᠨ ᠵᠢᠭᠠᠨ ᠰᠤᠷᠭᠠᠯᠲᠠ ᠶᠢ ᠴᠢᠩᠭᠠᠳᠬᠠᠵᠤ᠂ ᠰᠤᠷᠤᠭᠴᠢᠳ ᠤᠨ ᠭᠠᠷ ᠬᠥᠳᠡᠯᠵᠦ ᠬᠢᠬᠦ | ᠦᠢᠯᠡᠳᠦᠯᠭᠡ ᠶᠢᠨ ᠢᠳᠡᠪᠬᠢᠵᠢᠯ ᠢ ᠳᠠᠶᠢᠴᠢᠯᠠᠬᠤ | ᠤᠯᠤᠰ ᠠᠴᠠ ᠰᠤᠷᠭᠠᠨ ᠬᠥᠮᠦᠵᠢᠯ ᠢ ᠴᠢᠬᠤᠯᠠᠴᠢᠯᠠᠨ ᠦᠵᠡᠬᠦ ᠪᠠ ᠤᠯᠠᠮ ᠨᠢᠭᠡ ᠠᠯᠬᠤᠮ ᠪᠡᠯᠡ | ᠣᠷᠣᠭᠤᠯᠬᠤ ᠶᠢ ᠳᠠᠭᠠᠯᠳᠤᠨ᠂ ᠨᠡᠯᠢᠶᠡᠳ ᠪᠤᠶᠢᠳᠠ ᠪᠥᠭᠯᠡᠭᠦᠦ ᠬᠥᠳᠡᠭᠡ ᠲᠣᠰᠬᠤᠨ ᠤ ᠳᠤᠮᠳᠠᠳᠤ ᠰᠤᠷᠭᠠᠭᠤᠯᠢ ᠳᠤ | ᠤᠳᠤ ᠦᠶ᠎ᠠ ᠶᠢᠨ ᠲᠤᠷᠰᠢᠯᠲᠠ ᠶᠢᠨ ᠬᠡᠮᠵᠢᠭᠦᠷᠯᠢᠭ ᠴᠦ ᠨᠡᠯᠢᠶᠡᠳ ᠪᠦᠷᠢᠨ ᠲᠡᠭᠦᠯᠳᠡᠷ ᠪᠠᠶᠢᠭ᠎ᠠ ᠪᠣᠯᠪᠠᠴᠤ ᠮᠠᠰᠢ | ᠤᠯᠠᠨ ᠪᠠᠭᠰᠢ ᠨᠠᠷ ᠤᠨ ᠵᠢᠭᠠᠨ ᠰᠤᠷᠭᠠᠬᠤ ᠦᠵᠡᠯᠲᠡ ᠨᠢ ᠬᠤᠪᠢᠷᠠᠭ᠎ᠠ ᠦᠭᠡᠢ᠂ ᠲᠤᠷᠰᠢᠯᠲᠠ ᠶᠢᠨ ᠬᠢᠴᠢᠶᠡᠯ ᠨᠢ | ᠴᠠᠭ ᠢ ᠪᠦᠷᠢᠯᠭᠡᠵᠦ ᠪᠠᠶᠢᠨ᠎ᠠ᠂ ᠨᠢᠭᠡ ᠬᠤᠶᠠᠷ ᠤᠳᠠᠭᠠᠨ ᠤ ᠲᠤᠷᠰᠢᠯᠲᠠ ᠬᠢᠭᠰᠡᠨ ᠴᠦ ᠰᠤᠷᠤᠭᠴᠢᠳ ᠢ | ᠮᠧᠬᠠᠨᠢᠭ ᠢᠶᠠᠷ ᠭᠠᠷ ᠭᠦᠳᠡᠯᠭᠡᠨ᠂ ᠳᠡᠭᠡᠳᠦ ᠳᠤᠮᠳᠠᠳᠤ ᠶᠢᠨ ᠠᠮᠢᠳᠤ ᠪᠣᠳᠠᠰ ᠤᠨ ᠲᠤᠷᠰᠢᠯᠲᠠ ᠶᠢᠨ ᠵᠢᠭᠠᠨ | ᠰᠤᠷᠭᠠᠯᠲᠠ ᠶᠢᠨ ᠵᠣᠷᠢᠯᠭ᠎ᠠ ᠶᠢ ᠦᠨᠡᠨ ᠬᠦ ᠪᠡᠶᠡᠯᠡᠭᠦᠯᠵᠦ ᠴᠢᠳᠠᠭᠰᠠᠨ ᠦᠭᠡᠢ᠃ ᠢᠯᠠᠩᠭᠤᠶ᠎ᠠ ᠵᠠᠷᠢᠮ ᠪᠠᠭᠰᠢ | ᠲᠤᠷᠰᠢᠯᠲᠠ ᠨᠢ ᠰᠤᠷᠤᠭᠴᠢᠳ ᠤᠨ ᠠᠮᠢᠳᠤ ᠪᠣᠳᠠᠰ ᠤᠨ ᠤᠬᠠᠭᠠᠨ ᠤ ᠲᠤᠬᠠᠢ ᠤᠷᠮ᠎ᠠ ᠵᠣᠷᠢᠭ ᠪᠠ ᠰᠣᠨᠢᠭᠤᠴᠢ | ᠰᠡᠳᠭᠢᠯᠭᠡ ᠶᠢ ᠡᠭᠦᠰᠭᠡᠵᠦ᠂ ᠠᠮᠢᠳᠤ ᠪᠣᠳᠠᠰ ᠤᠨ ᠤᠬᠠᠭᠠᠨ ᠤ ᠮᠡᠳᠡᠯᠭᠡ ᠶᠢ ᠰᠤᠷᠤᠯᠴᠠᠬᠤ ᠢᠳᠡᠪᠬᠢᠵᠢᠯ ᠢ | ᠬᠥᠭᠵᠢᠭᠡᠬᠦ ᠶᠢ ᠮᠡᠳᠡᠬᠦ ᠦᠭᠡᠢ ᠪᠠᠶᠢᠨ᠎ᠠ᠃ ᠡᠶᠢᠮᠦ ᠠᠴᠠ ᠪᠢᠳᠠ ᠡᠷᠬᠡᠪᠰᠢ ᠰᠤᠷᠤᠭᠴᠢᠳ ᠢ ᠢᠳᠡᠪᠬᠢᠲᠡᠢ | ᠵᠢᠯᠣᠭᠤᠳᠴᠤ ᠠᠮᠢᠳᠤ ᠪᠣᠳᠠᠰ ᠤᠨ ᠲᠤᠷᠰᠢᠯᠲᠠ ᠬᠢᠯᠭᠡᠬᠦ ᠶᠢᠨ ᠬᠠᠮᠲᠤ ᠲᠠᠳᠠᠨ ᠢ ᠰᠠᠨᠠᠭᠠᠴᠢᠯᠠᠭ᠎ᠠ ᠲᠠᠢ | ᠠᠵᠢᠭᠯᠠᠭᠤᠯᠵᠤ᠂ ᠡᠷᠳᠡᠮ ᠰᠤᠷᠬᠤ ᠬᠦᠰᠡᠯ ᠢ ᠨᠢ ᠬᠥᠭᠵᠢᠭᠡᠬᠦ ᠶᠢ ᠠᠩᠬᠠᠷᠬᠤ ᠬᠡᠷᠡᠭᠲᠡᠢ᠃ ᠵᠢᠱᠢᠶᠡᠯᠡᠪᠡᠯ᠂ | ︽ᠤᠷᠭᠤᠮᠠᠯ ᠤᠨ ᠡᠰ ᠤᠨ ᠡᠳ᠋ ᠤᠨ ᠬᠠᠨ᠎ᠠ ᠶᠢ ᠰᠠᠯᠭᠠᠬᠤ ᠪᠠ ᠰᠡᠷᠭᠦᠭᠡᠬᠦ ᠶᠢ ᠠᠵᠢᠭᠯᠠᠬᠤ︾ ᠲᠤᠷᠰᠢᠯᠲᠠ ᠶᠢ | ᠵᠢᠯᠣᠭᠤᠳᠬᠤ ᠳᠤ ᠪᠠᠨ ᠪᠠᠭᠰᠢ ᠨᠢ ᠬᠥᠲᠥᠯᠥᠨ ᠵᠢᠯᠣᠭᠤᠳᠴᠤ ᠳᠣᠤᠷᠠᠬᠢ ᠮᠡᠲᠦ ᠠᠰᠠᠭᠤᠳᠠᠯ ᠢ ᠳᠤᠷᠠᠳᠴᠤ | ᠪᠣᠯᠤᠨ᠎ᠠ᠄ ᠪᠥᠭᠡᠷᠡᠩᠬᠡᠶ ᠰᠣᠩᠭᠢᠨ᠎ᠠ ᠶᠢᠨ ᠬᠠᠯᠢᠰᠤ ᠶᠢ ᠶᠠᠭᠠᠬᠢᠵᠤ ᠠᠪᠬᠤ ᠪᠣᠶ︖ ᠶᠠᠭᠤᠨ ᠳᠤ ᠪᠣᠷᠣ ᠥᠩᠭᠡ ᠲᠠᠢ | ᠪᠥᠭᠡᠷᠡᠩᠬᠡᠶ ᠰᠣᠩᠭᠢᠨ᠎ᠠ ᠶᠢ ᠬᠡᠷᠡᠭᠯᠡᠳᠡᠭ ᠪᠣᠶ︖ ᠢᠡᠭᠬᠢᠵᠤ ᠠᠰᠠᠭᠤᠬᠤ ᠳᠤ᠂ ᠬᠢᠴᠢᠶᠡᠯ ᠤᠨ ᠲᠠᠩᠬᠢᠮ ᠤᠨ ᠠᠭᠤᠷ | ᠠᠮᠢᠰᠬᠤᠯ ᠬᠥᠷ ᠬᠥᠭᠵᠢᠶᠡᠨ ᠲᠠᠢ ᠪᠣᠯᠵᠤ᠂ ᠡᠩ ᠤᠨ ᠦᠶ᠎ᠡ ᠳᠤ ᠬᠢᠨᠠᠮᠠᠭᠠᠶ ᠪᠤᠰᠤ ᠰᠤᠷᠤᠭᠴᠢᠳ ᠴᠤ ᠨᠠᠷᠢᠨ ᠨᠢᠮᠪᠠᠶ | ᠠᠵᠢᠭᠯᠠᠬᠤ ᠪᠤᠯᠤᠨ᠎ᠠ᠃ ᠬᠢᠴᠢᠶᠡᠯ ᠤᠨ ᠳᠡᠪᠲᠡᠷ ᠲᠤ ᠲᠣᠭᠲᠠᠭᠠᠭᠰᠠᠨ ᠦᠵᠡᠭᠦᠯᠭᠡ ᠶᠢᠨ ᠲᠤᠷᠰᠢᠯᠲᠠ ᠠᠴᠠ ᠭᠠᠳᠠᠨ᠎ᠠ᠂ | ᠪᠠᠭᠰᠢ ᠪᠠᠰᠠ ᠰᠤᠷᠭᠠᠭᠤᠯᠢ ᠶᠢᠨ ᠪᠣᠳᠠᠲᠤ ᠨᠥᠬᠦᠴᠡᠯ ᠢᠶᠠᠨ ᠦᠨᠳᠦᠰᠦᠯᠡᠨ ᠵᠠᠷᠢᠮ ᠰᠣᠨᠢᠷᠬᠠᠯᠲᠤ ᠴᠢᠨᠠᠷ ᠲᠠᠢ | ᠲᠤᠷᠰᠢᠯᠲᠠ ᠶᠢ ᠨᠡᠮᠡᠵᠦ᠂ ᠠᠮᠢᠳᠤᠷᠠᠯ ᠳᠤᠮᠳᠠ ᠡᠷᠢᠵᠦ ᠣᠯᠤᠭᠰᠠᠨ ᠡᠯ᠎ᠡ ᠵᠦᠢᠯ ᠤᠨ ᠮᠠᠲ᠋ᠧᠷᠢᠶᠠᠯ ᠢᠶᠠᠷ | ᠲᠤᠷᠰᠢᠯᠲᠠ ᠶᠢᠨ ᠮᠠᠲ᠋ᠧᠷᠢᠶᠠᠯ ᠪᠣᠯᠭᠠᠵᠤ ᠪᠣᠯᠤᠨ᠎ᠠ᠃ ᠵᠢᠱᠢᠶᠡᠯᠡᠪᠡᠯ᠂ ᠥᠷᠭᠡᠨ ᠠᠮᠠᠰᠠᠷᠲᠤ ᠯᠣᠩᠬᠤ᠂ ᠰᠢᠨ᠎ᠡ | ᠰᠣᠷᠭᠤᠭ ᠮᠣᠳᠣᠨ ᠨᠠᠪᠴᠢ᠂ ᠨᠡᠭᠦᠷᠡᠰᠦᠬᠦ᠋ᠴᠢᠯ ᠤᠨ ᠨᠠᠲᠷᠢ ᠵᠡᠷᠭᠡ ᠪᠠᠷ ᠤᠷᠭᠤᠮᠠᠯ ᠤᠨ ᠠᠮᠢᠰᠬᠤᠬᠤ ᠦᠢᠯᠡᠳᠦᠯ ᠢ | ᠰᠤᠳᠤᠯᠬᠤ᠂ ᠠᠳᠠᠯᠢ ᠪᠤᠰᠤ ᠥᠩᠭᠡᠲᠦ ᠬᠠᠶᠠᠭᠳᠠᠮᠠᠯ ᠰᠦᠯᠢᠶᠣᠣ ᠹᠢᠯᠢᠮ ᠢᠶᠠᠷ DNA ᠶᠢᠨ ᠪᠦᠲᠦᠴᠡ ᠪᠤᠶᠤ | DNA ᠶᠢᠨ ᠬᠠᠭᠤᠯᠪᠤᠷᠢᠯᠠᠬᠤ ᠶᠠᠪᠤᠴᠠ ᠵᠡᠷᠭᠡ ᠶᠢ ᠰᠤᠳᠤᠯᠳᠠᠭ᠂ ᠡᠳᠡᠭᠡᠷ ᠲᠤᠷᠰᠢᠯᠲᠠ ᠶᠢᠨ ᠠᠵᠢᠯᠯᠠᠭ᠎ᠠ ᠨᠢ | ᠳᠥᠭᠦᠮ ᠠᠪᠰᠠᠷᠬᠠᠨ᠂ ᠦᠵᠡᠭᠳᠡᠯ ᠨᠢ ᠢᠯᠡᠷᠬᠡᠢ ᠪᠠᠶᠢᠵᠤ᠂ ᠠᠮᠢ ᠨᠠᠰᠤᠨ ᠤ ᠠᠵᠢᠯᠯᠠᠭᠠᠨ ᠤ ᠮᠥᠨ ᠴᠢᠨᠠᠷ ᠢ | ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠤᠷᠤᠭᠴᠢᠳ ᠤᠨ ᠭᠠᠷ ᠬᠥᠳᠡᠯᠬᠦ ᠢᠳᠡᠪᠬᠢᠵᠢᠯ ᠢ ᠲᠠᠶᠢᠴᠢᠯᠠᠨ᠂ | ᠵᠢᠭᠠᠨ ᠰᠤᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠣᠯᠤᠨ᠎ᠠ᠃ ᠠᠮᠢᠳᠤ ᠪᠣᠳᠠᠰ ᠤᠨ ᠲᠤᠷᠰᠢᠯᠲᠠ ᠶᠢᠨ | ᠬᠢᠴᠢᠶᠡᠯ ᠨᠢ ᠰᠤᠷᠤᠭᠴᠢᠳ ᠤᠨ ᠠᠩᠬᠠᠷᠤᠯ ᠪᠠ ᠳᠤᠷ᠎ᠠ ᠰᠣᠨᠢᠷᠬᠠᠯ ᠢ ᠲᠠᠲᠠᠬᠤ ᠪᠠᠷ ᠪᠠᠷᠠᠬᠤ ᠦᠭᠡᠢ ᠪᠠᠰᠠ | ᠮᠡᠳᠡᠯᠭᠡ ᠶᠢ ᠣᠶᠢᠯᠠᠭᠠᠬᠤ ᠪᠠ ᠡᠵᠡᠮᠰᠢᠬᠦ ᠳᠤ ᠠᠰᠢᠭᠲᠠᠢ ᠪᠠᠶᠢᠳᠠᠭ᠃ ᠡᠶᠢᠮᠦ ᠠᠴᠠ ᠠᠮᠢᠳᠤ ᠪᠣᠳᠠᠰ ᠤᠨ ᠤᠬᠠᠭᠠᠨ ᠤ | ᠵᠢᠭᠠᠨ ᠰᠤᠷᠭᠠᠯᠲᠠ ᠳᠤ ᠵᠠᠪᠠᠯ ᠲᠤᠷᠰᠢᠯᠲᠠ ᠶᠢᠨ ᠬᠢᠴᠢᠶᠡᠯ ᠢ ᠴᠢᠬᠤᠯᠠᠴᠢᠯᠠᠵᠤ᠂ ᠠᠯᠢ ᠴᠢᠳᠠᠬᠤ ᠪᠠᠷ | ᠲᠤᠷᠰᠢᠯᠲᠠ ᠶᠢᠨ ᠬᠢᠴᠢᠶᠡᠯ ᠪᠤᠶᠤ ᠦᠵᠡᠭᠦᠯᠭᠡ ᠶᠢᠨ ᠲᠤᠷᠰᠢᠯᠲᠠ ᠶᠢ ᠢᠯᠡᠭᠦᠬᠡᠨ ᠬᠢᠬᠦ ᠬᠡᠷᠡᠭᠲᠡᠢ᠃ ᠲᠤᠷᠰᠢᠯᠲᠠ ᠶᠢᠨ | ᠬᠢᠴᠢᠶᠡᠯ ᠳᠤ ᠴᠢᠬᠤᠯᠠ ᠪᠦᠬᠦᠢ ᠲᠤᠷᠰᠢᠯᠲᠠ ᠶᠢᠨ ᠠᠷᠭ᠎ᠠ ᠪᠠ ᠠᠯᠬᠤᠮ ᠳᠠᠷᠠᠭ᠎ᠠ ᠶᠢ ᠭᠠᠷᠭᠠᠪᠠᠯ᠂ ᠬᠦᠯᠢᠶᠡᠰᠦᠯᠡᠬᠦ | ᠴᠢᠨᠠᠷ ᠲᠠᠢ ᠨᠥᠬᠦᠴᠡᠯ ᠢ ᠠᠯᠢ ᠴᠢᠳᠠᠬᠤ ᠪᠠᠷ ᠪᠠᠭᠠᠰᠬᠠᠵᠤ᠂ ᠰᠤᠷᠤᠭᠴᠢᠳ ᠤᠨ ᠵᠣᠷᠢᠭᠲᠠᠶ ᠪᠠᠷ ᠪᠣᠳᠣᠯᠬᠢᠯᠠᠬᠤ ᠪᠠ | ᠲᠤᠷᠰᠢᠬᠤ ᠶᠢ ᠵᠣᠷᠢᠬᠵᠢᠭᠤᠯᠬᠤ ᠶᠢᠨ ᠬᠠᠮᠲᠤ᠂ ᠥᠪᠡᠷ ᠤᠨ ᠲᠤᠷᠰᠢᠯᠲᠠ ᠶᠢᠨ ᠦᠷ᠎ᠡ ᠳ᠋ᠦᠩ ᠳᠤ ᠪᠠᠨ ᠲᠠᠭᠠᠮᠠᠭᠯᠠᠯ | ᠪᠠ ᠲᠠᠶᠢᠯᠪᠤᠷᠢᠯᠠᠯᠲᠠ ᠬᠢᠬᠦ ᠬᠡᠷᠡᠭᠲᠡᠶ᠃ | 3. ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠮᠢᠳᠤ ᠪᠣᠳᠠᠰ ᠤᠨ ᠮᠡᠳᠡᠯᠭᠡ ᠶᠢ ᠪᠣᠳᠠᠲᠤ ᠠᠮᠢᠳᠤᠷᠠᠯ ᠳᠤ | ᠠᠭᠤᠰᠬᠠᠬᠤ | ︽ᠡᠩ ᠤᠨ ᠲᠠᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠮᠢᠳᠤ ᠪᠣᠳᠠᠰ ᠤᠨ ᠬᠢᠴᠢᠶᠡᠯ ᠤᠨ | ᠪᠠᠷᠢᠮᠵᠢᠶ᠎ᠠ ︵ᠲᠤᠷᠰᠢᠯᠲᠠ︶︾ ᠳᠤ ᠳᠤᠷᠠᠳᠤᠭᠰᠠᠨ ᠪᠣᠳᠠᠲᠤ ᠠᠮᠢᠳᠤᠷᠠᠯ ᠯᠤᠭ᠎ᠠ ᠬᠤᠯᠪᠣᠭᠳᠠᠬᠤ ᠶᠢ ᠴᠢᠬᠤᠯᠠᠴᠢᠯᠠᠬᠤ | ᠬᠢᠴᠢᠶᠡᠯ ᠤᠨ ᠤᠨᠤᠯᠵᠢᠬᠤᠨ ᠨᠢ ᠤᠨᠤᠯ ᠢ ᠪᠣᠳᠠᠲᠠᠢ ᠲᠠᠢ ᠤᠶᠠᠯᠳᠤᠭᠤᠯᠬᠤ᠂ ᠢᠯᠠᠩᠭᠤᠶ᠎ᠠ ᠪᠣᠳᠠᠲᠤ ᠠᠮᠢᠳᠤᠷᠠᠯ ᠤᠨ | ᠪᠣᠳᠠᠲᠤ ᠪᠠᠶᠢᠳᠠᠯ ᠲᠠᠢ ᠬᠤᠯᠪᠣᠭᠳᠠᠭᠤᠯᠬᠤ ᠶᠢᠨ ᠴᠢᠬᠤᠯᠠ ᠴᠢᠨᠠᠷ ᠢ ᠵᠢᠭᠠᠨ ᠭᠠᠷᠭᠠᠭᠰᠠᠨ ᠪᠠᠶᠢᠨ᠎ᠠ᠃ ᠵᠢᠭᠠᠨ | ᠰᠤᠷᠭᠠᠯᠲᠠ ᠶᠢᠨ ᠦᠢᠯᠡᠳᠦᠯᠭᠡ ᠨᠢ ᠪᠠᠰᠠ ᠵᠢᠭᠠᠨ ᠰᠤᠷᠭᠠᠯᠲᠠ ᠶᠢᠨ ᠶᠠᠪᠤᠴᠠ ᠳᠤ ᠪᠣᠳᠠᠲᠤ ᠠᠮᠢᠳᠤᠷᠠᠯ ᠲᠠᠢ | ᠤᠶᠠᠯᠳᠤᠭᠤᠯᠬᠤ ᠶᠢ ᠠᠩᠬᠠᠷᠴᠤ ᠰᠤᠷᠤᠭᠴᠢᠳ ᠲᠤ ᠬᠢᠴᠢᠶᠡᠯ ᠤᠨ ᠪᠢᠴᠢᠭ ᠤᠨ ᠠᠭᠤᠯᠭ᠎ᠠ ᠶᠢ ᠨᠡᠩ ᠳᠦᠷᠰᠦᠯᠢᠭ | ᠣᠶᠢᠯᠠᠭᠠᠭᠤᠯᠬᠤ ᠭᠡᠷᠡᠭᠳᠠᠢ᠃ ᠵᠢᠱᠢᠶᠡᠯᠡᠪᠡᠯ᠂ DNA ᠶᠢᠨ ᠤᠭᠤᠷᠠᠭ ᠤᠨ ᠨᠡᠶᠢᠯᠡᠯᠭᠡ ᠶᠢ ᠰᠤᠷᠬᠤ ᠳᠤ ᠡᠰ ᠤᠨ | ᠴᠥᠮ᠎ᠡ ᠳᠣᠲᠣᠷᠠᠬᠢ ᠭᠧᠨ ᠢ ᠳᠦᠷᠰᠦᠯᠢᠭ ᠢᠶᠠᠷ ︽ᠺᠤᠮᠠᠨᠳᠠᠯᠠᠭᠴᠢ︾ ᠭᠡᠵᠦ ᠵᠦᠢᠷᠯᠡᠵᠦ᠂ ᠤᠳᠤᠮᠯᠠᠯ ᠤᠨ ᠰᠤᠷᠠᠭ | ᠵᠠᠩᠭᠢ ᠶᠢ ︽ᠺᠤᠮᠠᠨᠳᠠᠯᠠᠭᠴᠢ ᠶᠢᠨ ᠵᠠᠷᠯᠢᠭ︾ ᠭᠡᠵᠦ ᠵᠦᠢᠷᠯᠡᠵᠦ᠂ mRNA ᠶᠢ ︽ᠬᠤᠯᠪᠣᠭᠠᠴᠢᠨ︾ ᠭᠡᠵᠦ | ᠵᠦᠢᠷᠯᠡᠵᠦ᠂ ᠺᠤᠮᠠᠨᠳᠠᠯᠠᠭᠴᠢ ᠶᠢᠨ ᠵᠠᠷᠯᠢᠭ ᠨᠢ ᠨᠢᠭᠤᠴᠠ ᠨᠣᠮᠧᠷ ᠤᠨ ᠬᠡᠯᠪᠡᠷᠢ ᠪᠠᠷ ᠬᠤᠯᠪᠣᠭᠠᠴᠢᠨ ᠢᠶᠠᠷ ᠡᠮᠦᠨ᠎ᠡ | ᠹᠷᠣᠨᠲ ᠤᠨ ᠲᠠᠶᠢᠨ ᠤ ᠲᠠᠯᠠᠪᠤᠷ ᠲᠤ ᠬᠦᠷᠭᠡᠭᠳᠡᠵᠦ᠂ ᠡᠮᠦᠨ᠎ᠡ ᠹᠷᠣᠨᠲ ᠤᠨ ᠴᠡᠷᠢᠭ ᠳᠠᠭᠠᠭᠤᠯᠤᠨ ᠪᠠᠶᠢᠯᠳᠤᠭᠠᠨ ᠬᠢᠬᠦ | ᠵᠢᠯᠤᠭᠤᠳᠤᠬᠴᠢ ᠪᠠᠶᠢᠯᠳᠤᠭᠴᠢ ᠪᠠᠷ ᠤᠷᠤᠯᠴᠠᠨ᠎ᠠ᠃ ᠡᠨᠡ ᠨᠢ ᠪᠣᠳᠠᠲᠤ ᠠᠮᠢᠳᠤᠷᠠᠯ ᠲᠠᠢ ᠣᠶᠢᠷᠠᠳᠴᠤ ᠪᠠᠶᠢᠭ᠎ᠠ | ᠵᠦᠢᠷᠯᠡᠯ ᠢᠶᠠᠷ ᠳᠠᠮᠵᠢᠭᠤᠯᠤᠨ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠭᠤᠯᠤᠭᠰᠠᠨ ᠮᠥᠷᠲᠡᠭᠡᠨ | ᠰᠤᠷᠤᠭᠴᠢᠳ ᠤᠨ ᠳᠤᠷ᠎ᠠ ᠰᠣᠨᠢᠷᠬᠠᠯ ᠢ ᠴᠤ ᠲᠠᠳᠠᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ | ᠬᠥᠭᠵᠢᠭᠡᠭᠰᠡᠨ ᠪᠠᠶᠢᠨ᠎ᠠ᠃ ᠪᠠᠰᠠ ᠵᠢᠱᠢᠶᠡᠯᠡᠪᠡᠯ᠂ ᠡᠰ ᠤᠨ ᠠᠮᠢᠰᠬᠤᠬᠤ ᠬᠡᠰᠡᠭ ᠤᠨ ᠠᠭᠤᠯᠭ᠎ᠠ ᠶᠢ ᠵᠢᠭᠠᠨ ᠰᠤᠷᠭᠠᠬᠤ | ᠦᠶᠡᠰ᠂ ᠰᠤᠷᠤᠭᠴᠢᠳ ᠢ ᠬᠥᠲᠥᠯᠥᠨ ᠵᠢᠯᠣᠭᠤᠳᠴᠤ ᠡᠭᠡᠳᠡᠭᠰᠡᠨ ᠰᠦ ᠶᠢ ᠬᠡᠷᠬᠢᠨ ᠵᠣᠬᠢᠶᠠᠭᠰᠠᠨ ᠪᠣᠢ︖ | ᠶᠠᠭᠠᠬᠢᠭᠠᠳ ᠰᠢᠨ᠎ᠡ ᠰᠣᠷᠭᠤᠭ ᠵᠢᠮᠢᠰ᠂ ᠢᠳᠡᠰᠢᠨ ᠨᠣᠭᠤᠭ᠎ᠠ ᠶᠢ ᠬᠥᠯᠳᠡᠭᠡᠭᠦᠷ ᠲᠤ ᠲᠠᠯᠪᠢᠪᠠᠯ ᠬᠠᠳᠠᠭᠠᠯᠠᠬᠤ | ᠴᠠᠭ ᠨᠢ ᠣᠷᠳᠣ ᠰᠢᠭ᠋ ᠪᠠᠶᠢᠳᠠᠭ ᠪᠣᠶ︖ ᠢᠯᠵᠠᠷᠠᠭᠰᠠᠨ ᠵᠦᠷᠵᠢ ᠶᠠᠭᠠᠬᠢᠭᠠᠳ ᠠᠷᠢᠬᠢᠨ ᠤ ᠦᠨᠦᠷ ᠭᠠᠷᠳᠠᠭ ᠪᠣᠶ︖ | ᠪᠤᠳᠠᠭᠠᠨ ᠠᠷᠢᠬᠢ ᠪᠠ ᠦᠵᠦᠮ ᠤᠨ ᠠᠷᠢᠬᠢ ᠨᠡᠷᠡᠭᠦ ᠤᠭ ᠶᠣᠰᠣ ᠨᠢ ᠶᠠᠭᠤ ᠪᠤᠢ︖ ᠡᠲᠡᠭᠡᠷ ᠠᠮᠢᠳᠤᠷᠠᠯ ᠯᠤᠭ᠎ᠠ | ᠨᠢᠭᠲᠠ ᠬᠤᠯᠪᠣᠭ᠎ᠠ ᠲᠠᠢ ᠦᠵᠡᠭᠳᠡᠯ ᠢᠶᠠᠷ ᠳᠠᠮᠵᠢᠭᠤᠯᠤᠨ᠂ ᠰᠤᠷᠤᠭᠴᠢᠳ ᠢ ᠪᠣᠳᠣᠯᠬᠢᠯᠠᠭᠤᠯᠬᠤ ᠪᠠᠷ ᠪᠠᠷᠠᠬᠤ ᠥᠬᠡᠶ | ᠰᠤᠷᠤᠭᠴᠢᠳ ᠤᠨ ᠡᠰ ᠤᠨ ᠠᠮᠢᠰᠬᠤᠯ ᠲᠠᠢ ᠬᠤᠯᠪᠣᠭᠳᠠᠯ ᠪᠥᠬᠦᠶ ᠮᠡᠳᠡᠯᠭᠡ ᠶᠢ ᠬᠠᠶᠢᠨ ᠰᠦᠪᠡᠭᠴᠢᠯᠡᠬᠦ ᠳᠣᠲᠣᠭᠠᠳᠤ | ᠬᠥᠳᠡᠯᠭᠡᠬᠦ ᠬᠦᠴᠦᠨ ᠢ ᠲᠠᠶᠢᠴᠢᠯᠠᠵᠤ᠂ ᠪᠠᠭᠰᠢ ᠶᠢᠨ ᠬᠥᠲᠥᠯᠥᠨ ᠵᠢᠯᠣᠭᠤᠳᠣᠯᠭ᠎ᠠ ᠳᠣᠤᠷ᠎ᠠ᠂ ᠢᠳᠡᠪᠬᠢᠲᠡᠶ | ᠰᠠᠨᠠᠭᠠᠴᠢᠯᠠᠭ᠎ᠠ ᠠᠴᠠ ᠪᠠᠨ ᠡᠰ ᠤᠨ ᠠᠮᠢᠰᠬᠤᠯ ᠤᠨ ᠦᠨᠳᠦᠰᠦᠯᠡᠯ᠂ ᠶᠠᠪᠤᠴᠠ᠂ ᠭᠠᠳᠠᠭᠠᠳᠤ ᠣᠷᠴᠢᠨ ᠤ ᠬᠦᠴᠦᠨ | ᠵᠦᠢᠯ ᠤᠨ ᠨᠥᠯᠥᠭᠡ᠂ ᠪᠣᠳᠠᠲᠠᠶ ᠬᠡᠷᠡᠭᠯᠡᠯᠲᠡ ᠵᠡᠷᠭᠡ ᠠᠯᠢ ᠣᠯᠠᠨ ᠬᠠᠮᠢᠶ᠎ᠠ ᠪᠥᠬᠦᠶ ᠮᠡᠳᠡᠯᠭᠡ ᠶᠢ ᠭᠦᠨᠵᠡᠭᠡᠶ | ᠰᠤᠳᠤᠯᠵᠤ ᠪᠤᠯᠤᠨ᠎ᠠ᠃ ᠪᠠᠭᠴᠠᠯᠠᠭᠠᠳ ᠬᠡᠯᠡᠪᠡᠯ᠂ ᠠᠮᠢᠳᠤ ᠪᠣᠳᠠᠰ ᠤᠨ ᠵᠢᠭᠠᠨ ᠰᠤᠷᠭᠠᠯᠲᠠ ᠶᠢ ᠪᠣᠳᠠᠲᠤ | ᠠᠮᠢᠳᠤᠷᠠᠯ ᠯᠤᠭ᠎ᠠ ᠬᠤᠯᠪᠣᠭᠳᠠᠭᠤᠯᠬᠤ ᠶᠢᠨ ᠠᠴᠢ ᠬᠤᠯᠪᠣᠭᠳᠠᠯ ᠪᠣᠯ ᠪᠠᠰᠤᠵᠤ ᠪᠣᠯᠤᠰᠢ ᠦᠭᠡᠢ ᠶᠤᠮ᠂ ᠡᠶᠢᠮᠦ ᠠᠴᠠ | ᠪᠠᠭᠰᠢ ᠨᠠᠷ ᠠᠮᠢᠳᠤ ᠪᠣᠳᠠᠰ ᠤᠨ ᠵᠢᠭᠠᠨ ᠰᠤᠷᠭᠠᠯᠲᠠ ᠶᠢ ᠠᠮᠢᠳᠤᠷᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ | ᠤᠬᠠᠮᠰᠠᠷ ᠢᠶᠠᠨ ᠲᠡᠭᠡᠭᠰᠢᠯᠠᠭᠦᠯᠵᠤ᠂ ᠪᠣᠳᠠᠲᠤ ᠠᠮᠢᠳᠤᠷᠠᠯ ᠳᠠᠬᠢ ᠠᠮᠢᠳᠤ ᠪᠣᠳᠠᠰ ᠤᠨ ᠤᠬᠠᠭᠠᠨ ᠤ ᠦᠵᠡᠭᠳᠡᠯ ᠢ | ᠠᠩᠬᠠᠷᠤᠨ ᠠᠵᠢᠭᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ᠂ ᠪᠣᠳᠠᠲᠤ ᠠᠮᠢᠳᠤᠷᠠᠯ ᠳᠠᠬᠢ ᠠᠮᠢᠳᠤ | ᠪᠣᠳᠠᠰ ᠤᠨ ᠦᠵᠡᠭᠳᠡᠯ ᠢ ᠵᠠᠳᠠᠯᠤᠨ ᠰᠢᠨᠵᠢᠯᠠᠵᠤ᠂ ᠠᠮᠢᠳᠤ ᠪᠣᠳᠠᠰ ᠤᠨ ᠤᠬᠠᠭᠠᠨ ᠤ ᠦᠨᠳᠦᠰᠦᠯᠡᠯ ᠢᠶᠠᠷ ᠪᠤᠳᠠᠳᠤ | ᠦᠵᠡᠭᠳᠡᠯ ᠢ ᠲᠠᠶᠢᠯᠪᠤᠷᠢᠯᠠᠵᠤ᠂ ᠲᠠᠳᠠᠨ ᠤ ᠠᠮᠢᠳᠤᠷᠠᠯ ᠤᠨ ᠠᠰᠠᠭᠤᠳᠠᠯ ᠢ ᠵᠠᠳᠠᠯᠬᠤ ᠪᠠ ᠰᠢᠢᠳᠪᠦᠷᠢᠯᠡᠬᠦ | ᠴᠢᠳᠠᠪᠤᠷᠢ ᠶᠢ ᠬᠥᠮᠦᠵᠢᠭᠦᠯᠬᠦ ᠬᠡᠷᠡᠭᠲᠡᠶ᠃ | ᠰᠢᠨ᠎ᠡ ᠬᠢᠴᠢᠶᠡᠯ ᠤᠨ ᠥᠭᠡᠷᠡᠴᠢᠯᠡᠯᠲᠡ ᠳᠠᠬᠢ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢᠨ | ᠱᠠᠭᠠᠷᠳᠠᠯᠭ᠎ᠠ ᠶᠢ ᠳᠠᠭᠠᠯᠳᠤᠨ᠂ ᠳᠡᠭᠡᠳᠦ ᠳᠤᠮᠳᠠᠳᠤ ᠶᠢᠨ ᠠᠮᠢᠳᠤ ᠪᠣᠳᠠᠰ ᠤᠨ ᠵᠢᠭᠠᠨ ᠰᠤᠷᠭᠠᠯᠲᠠ ᠨᠢ ᠪᠦᠭᠦᠢ ᠯᠡ | ᠵᠢᠭᠠᠨ ᠰᠤᠷᠭᠠᠯᠲᠠ ᠶᠢᠨ ᠰᠢᠰᠲ᠋ᠧᠮ ᠳᠤ ᠴᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠭᠦ ᠪᠤᠯᠵᠠᠢ᠃ ᠡᠶᠢᠮᠦ ᠠᠴᠠ | ᠲᠠᠭᠡᠳᠤ ᠳᠤᠮᠳᠠᠳᠤ ᠶᠢᠨ ᠠᠮᠢᠳᠤ ᠪᠣᠳᠠᠰ ᠤᠨ ᠪᠠᠭᠰᠢ ᠪᠣᠯᠤᠭᠰᠠᠨ ᠤ ᠬᠤᠪᠢ ᠳᠤ ᠡᠷᠬᠡᠪᠰᠢ ︽ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠮᠢᠳᠤ ᠪᠣᠳᠠᠰ ᠤᠨ ᠬᠢᠴᠢᠶᠡᠯ ᠤᠨ ᠪᠠᠷᠢᠮᠵᠢᠶ᠎ᠠ ︵ᠲᠤᠷᠰᠢᠯᠲᠠ︶︾ ᠶᠢᠨ | ᠵᠣᠷᠢᠭ ᠰᠠᠨᠠᠭᠠᠨ ᠤ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠰᠤᠷᠤᠯᠴᠠᠵᠤ᠂ ᠥᠪᠡᠷ ᠤᠨ ᠵᠢᠭᠠᠨ ᠰᠤᠷᠭᠠᠬᠤ | ᠠᠵᠢᠯᠯᠠᠭ᠎ᠠ ᠪᠠᠨ ᠵᠢᠯᠣᠭᠤᠳᠤᠭᠤᠯᠵᠤ ᠵᠢᠭᠠᠬᠤ ᠠᠷᠭ᠎ᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ ᠬᠠᠮᠲᠤ ᠪᠠᠰᠠ | ᠡᠯ᠎ᠡ ᠵᠦᠢᠯ ᠤᠨ ᠠᠷᠭ᠎ᠠ ᠪᠠᠷᠢᠯ ᠢᠶᠠᠷ ᠳᠠᠮᠵᠢᠨ ᠶᠡᠷᠦ ᠶᠢᠨ ᠮᠡᠳᠡᠯᠭᠡ ᠶᠢ ᠬᠢᠴᠢᠶᠡᠯ ᠤᠨ ᠲᠠᠩᠬᠢᠮ ᠳᠤ ᠣᠷᠣᠭᠤᠯᠵᠤ᠂ | ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠬᠦ ᠬᠡᠷᠡᠭᠲᠡᠶ᠃ ᠰᠤᠷᠤᠭᠴᠢᠳ ᠤᠨ ᠮᠡᠳᠡᠯᠭᠡ ᠪᠣᠯᠤᠨ | ᠦᠢᠯᠡᠳᠦᠯᠭᠡ ᠶᠢ ᠤᠶᠠᠯᠳᠤᠭᠤᠯᠬᠤ ᠴᠢᠳᠠᠪᠤᠷᠢ ᠶᠢ ᠬᠥᠮᠦᠵᠢᠭᠦᠯᠵᠦ᠂ ᠰᠤᠷᠤᠭᠴᠢᠳ ᠤᠨ ᠡᠯ᠎ᠡ ᠲᠠᠯ᠎ᠠ ᠶᠢᠨ ᠬᠡᠪ | ᠴᠢᠨᠠᠷ ᠢ ᠳᠡᠭᠡᠭᠰᠢᠯᠡᠭᠦᠯᠵᠦ᠂ ᠤᠳᠤ ᠦᠶ᠎ᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ | ᠬᠠᠷᠠᠯᠲᠠ ᠶᠢ ᠪᠡᠶᠡᠯᠡᠭᠦᠯᠦᠨ᠎ᠡ᠃ | 4. ᠵᠢᠭᠠᠨ ᠰᠤᠷᠭᠠᠯᠲᠠ ᠶᠢᠨ ᠲᠤᠬᠠᠢ ᠢᠳᠡᠪᠬᠢᠲᠡᠢ ᠦᠨᠡᠯᠡᠯᠲᠡ ᠬᠢᠵᠦ᠂ ᠰᠤᠷᠤᠭᠴᠢᠳ ᠤᠨ ᠠᠮᠢᠳᠤ ᠪᠣᠳᠠᠰ | ᠰᠤᠷᠤᠯᠴᠠᠬᠤ ᠤᠷᠮ᠎ᠠ ᠪᠠᠬ᠎ᠠ ᠶᠢ ᠳᠡᠭᠡᠭᠰᠢᠯᠡᠭᠦᠯᠦᠨ᠎ᠡ | ᠳᠤᠷ᠎ᠠ ᠰᠣᠨᠢᠷᠬᠠᠯ ᠨᠢ ᠰᠤᠷᠤᠭᠴᠢᠳ ᠤᠨ ᠰᠤᠷᠤᠯᠴᠠᠯᠭ᠎ᠠ ᠶᠢ ᠲᠠᠶᠢᠴᠢᠯᠠᠬᠤ ᠨᠢᠭᠡ ᠵᠦᠢᠯ ᠤᠨ ᠢᠳᠡᠪᠬᠢᠲᠡᠢ | ᠲᠦᠯᠬᠢᠴᠡ ᠬᠦᠴᠦᠨ ᠪᠣᠯᠬᠤ ᠪᠤᠯᠪᠠᠴᠤ ᠵᠦᠪᠭᠡᠨ ᠲᠣᠭᠲᠠᠭᠤᠨ ᠲᠤᠷ᠎ᠠ ᠰᠤᠨᠢᠷᠬᠠᠯ ᠲᠠᠢ ᠪᠠᠶᠢᠬᠤ ᠦᠶᠡᠰ ᠰᠠᠶ᠋ᠢ | ᠲᠡᠭᠦᠨ ᠤ ᠢᠳᠡᠪᠬᠢ ᠦᠢᠯᠡᠳᠦᠯ ᠢ ᠪᠠᠳᠠᠷᠠᠭᠤᠯᠵᠤ ᠴᠢᠳᠠᠨ᠎ᠠ᠃ ᠶᠡᠷᠦ ᠨᠢ ᠲᠡᠭᠡᠳᠤ ᠳᠤᠮᠳᠠᠳᠤ ᠶᠢᠨ ᠰᠤᠷᠤᠭᠴᠢ ᠳᠤ | ᠠᠪᠴᠤ ᠬᠡᠯᠡᠪᠡᠯ ᠳᠤᠷ᠎ᠠ ᠰᠣᠨᠢᠷᠬᠠᠯ ᠨᠢ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠵᠤ ᠴᠢᠳᠠᠬᠤ ᠦᠭᠡᠢ | ᠶᠤᠮ᠃ ᠡᠶᠢᠮᠦ ᠠᠴᠠ ᠪᠠᠭᠰᠢ ᠪᠣᠯᠤᠭᠰᠠᠳ ᠡᠷᠬᠡᠪᠰᠢ ᠰᠤᠷᠤᠭᠴᠢᠳ ᠤᠨ ᠠᠮᠢᠳᠤ ᠪᠣᠳᠠᠰ ᠰᠤᠷᠤᠯᠴᠠᠬᠤ ᠤᠷᠮ᠎ᠠ | ᠪᠠᠬ᠎ᠠ ᠶᠢ ᠳᠡᠭᠡᠭᠰᠢᠯᠡᠬᠦᠯᠬᠦ ᠬᠡᠷᠡᠭᠲᠡᠢ᠃ ᠰᠤᠷᠤᠭᠴᠢᠳ ᠠᠮᠵᠢᠯᠲᠠ ᠣᠯᠤᠭᠰᠠᠨ ᠪᠤᠶᠤ ᠳᠠᠪᠰᠢᠯᠲᠠ ᠲᠠᠢ ᠪᠣᠯᠤᠭᠰᠠᠨ ᠤ | ᠳᠠᠷᠠᠭ᠎ᠠ ᠴᠠᠭ ᠲᠤᠬᠠᠶ ᠳᠤ ᠨᠢ ᠵᠣᠷᠢᠬᠵᠢᠭᠤᠯᠤᠨ ᠰᠠᠶᠢᠰᠢᠶᠠᠵᠤ᠂ ᠡᠭᠦᠨ ᠤ ᠤᠯᠠᠮ ᠠᠴᠠ ᠰᠤᠷᠤᠭᠴᠢᠳ ᠤᠨ ᠠᠮᠢᠳᠤ | ᠪᠣᠳᠠᠰ ᠤᠨ ᠰᠣᠷᠣᠯᠴᠠᠯᠭ᠎ᠠ ᠶᠢᠨ ᠤᠷᠮ᠎ᠠ ᠪᠠᠬ᠎ᠠ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠤᠴᠢᠷ ᠨᠢ ᠠᠮᠵᠢᠯᠲᠠ | ᠣᠯᠬᠤ ᠪᠣᠯ ᠰᠤᠷᠤᠭᠴᠢ ᠨᠢᠭᠡ ᠪᠦᠷᠢ ᠶᠢᠨ ᠬᠦᠰᠡᠯ ᠡᠷᠡᠮᠡᠯᠵᠡᠯ ᠮᠥᠨ᠃ ᠬᠠᠷᠢᠨ ᠪᠠᠭᠰᠢ ᠶᠢᠨ ᠥᠭᠭᠦᠭᠰᠡᠨ | ᠢᠳᠡᠪᠬᠢᠲᠡᠢ ᠦᠨᠡᠯᠡᠯᠲᠡ ᠨᠢ ᠰᠤᠷᠤᠭᠴᠢᠳ ᠲᠤ ᠠᠮᠵᠢᠯᠲᠠ ᠶᠢᠨ ᠪᠠᠶᠠᠷ ᠪᠠᠭ᠋ᠠᠳᠤᠯ ᠢ ᠪᠡᠶᠡᠴᠢᠯᠡᠨ ᠣᠶᠢᠯᠠᠭᠠᠭᠤᠯᠵᠤ᠂ | ᠡᠭᠦᠨ ᠤ ᠤᠯᠠᠮ ᠠᠴᠠ ᠰᠤᠷᠤᠭᠴᠢᠳ ᠤᠨ ᠠᠮᠢᠳᠤ ᠪᠣᠳᠠᠰ ᠢ ᠰᠤᠷᠤᠯᠴᠠᠬᠤ ᠤᠷᠮ᠎ᠠ ᠪᠠᠬ᠎ᠠ ᠶᠢ ᠨᠡᠮᠡᠭᠳᠡᠭᠦᠯᠳᠡᠭ᠃ | ᠬᠤᠶᠠᠷ᠂ ᠰᠢᠨ᠎ᠡ ᠬᠢᠴᠢᠶᠡᠯ ᠤᠨ ᠪᠠᠷᠢᠮᠵᠢᠶ᠎ᠠ ᠳᠣᠣᠷᠠᠬᠢ ᠠᠮᠢᠳᠦ ᠪᠤᠳᠠᠰ ᠤᠨ ᠵᠢᠭᠠᠨ ᠰᠤᠷᠭᠠᠯᠲᠠ ᠳᠤ | ᠣᠷᠣᠰᠢᠵᠦ ᠪᠠᠶᠢᠭ᠎ᠠ ᠠᠰᠠᠭᠤᠳᠠᠯ | 1. ᠵᠢᠭᠠᠨ ᠰᠣᠷᠭᠠᠯᠲᠠ ᠳᠤ ᠬᠡᠯᠪᠡᠷᠢ ᠶᠢᠨ ᠦᠵᠡᠯ ᠣᠷᠣᠰᠢᠵᠦ ᠪᠠᠶᠢᠬᠤ | ᠦᠢᠯᠠᠳᠤᠯᠴᠠᠭᠦ ᠮᠠᠶ᠋ᠢᠭ ᠤᠨ ᠵᠢᠭᠠᠨ ᠰᠤᠷᠭᠠᠯᠲᠠ ᠶᠢ ᠳᠡᠯᠭᠡᠷᠡᠭᠦᠯᠬᠦ ᠴᠠᠭ ᠨᠢ ᠲᠡᠶᠢᠮᠦ ᠤᠷᠳᠤ ᠪᠢᠰᠢ | ᠪᠠᠶᠢᠳᠠᠭ᠃ ᠡᠭᠦᠨ ᠤ ᠳᠡᠭᠡᠷ᠎ᠡ ᠬᠥᠳᠡᠯᠦᠩᠭᠦᠶ ᠵᠢᠭᠠᠨ ᠰᠤᠷᠭᠠᠯᠲᠠ ᠨᠢ ᠰᠤᠷᠤᠭᠴᠢᠳ ᠤᠨ ᠪᠡᠶ᠎ᠡ ᠪᠠᠨ ᠳᠠᠭᠠᠭᠠᠵᠤ | ᠰᠤᠷᠤᠯᠴᠠᠬᠤ᠂ ᠮᠠᠲ᠋ᠧᠷᠢᠶᠠᠯ ᠡᠷᠢᠬᠦ ᠵᠢᠴᠢ ᠶᠠᠷᠢᠶ᠎ᠠ ᠢᠯᠡᠳᠬᠡᠯ ᠬᠢᠬᠦ ᠵᠡᠷᠭᠡ ᠴᠢᠳᠠᠪᠤᠷᠢ ᠳᠤ ᠨᠡᠯᠢᠶᠡᠳ ᠥᠨᠳᠥᠷ | ᠱᠠᠭᠠᠷᠳᠠᠯᠭ᠎ᠠ ᠲᠠᠢ ᠪᠠᠶᠢᠳᠠᠭ ᠪᠣᠯᠬᠤᠷ ᠮᠠᠰᠢ ᠣᠯᠠᠨ ᠠᠮᠢᠳᠤ ᠪᠣᠳᠠᠰ ᠤᠨ ᠪᠠᠭᠰᠢ ᠬᠢᠴᠢᠶᠡᠯ ᠤᠨ ᠲᠠᠩᠬᠢᠮ ᠳᠤ ᠦᠨᠡᠨ | ᠬᠦ ᠬᠠᠷᠢᠯᠴᠠᠨ ᠵᠢᠭᠠᠨ ᠰᠤᠷᠭᠠᠬᠤ ᠬᠡᠯᠪᠡᠷᠢ ᠪᠠᠷ ᠵᠢᠭᠠᠨ ᠰᠤᠷᠭᠠᠯᠲᠠ ᠬᠢᠭᠰᠡᠨ ᠦᠭᠡᠶ ᠶᠤᠮ᠃ ᠣᠯᠠᠩᠬᠢ ᠦᠶᠡᠰ | ᠵᠥᠪᠬᠡᠨ ᠬᠡᠯᠪᠡᠷᠢ ᠶᠢᠨ ᠦᠵᠡᠯ ᠢ ᠬᠡᠷᠡᠭᠯᠡᠵᠦ᠂ ᠬᠡᠰᠡᠭ ᠰᠢᠯᠢᠳᠡᠭ ᠰᠤᠷᠤᠭᠴᠢ ᠶᠢ ᠵᠣᠬᠢᠶᠠᠨ ᠪᠠᠶᠢᠭᠤᠯᠵᠤ ᠪᠠᠭᠰᠢ ᠲᠠᠢ | ᠬᠠᠮᠵᠢᠯᠴᠠᠭᠤᠯᠤᠨ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ ᠳᠤ ᠣᠷᠣᠯᠴᠠᠭᠤᠯᠳᠠᠭ᠃ ᠢᠩᠭᠢᠪᠡᠯ ᠰᠢᠨ᠎ᠡ | ᠬᠢᠴᠢᠶᠡᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠬᠦᠷᠴᠦ ᠴᠢᠳᠠᠬᠤ ᠦᠭᠡᠢ ᠪᠠᠷ ᠪᠠᠷᠠᠬᠤ ᠦᠭᠡᠢ᠂ ᠴᠢᠨᠠᠭᠰᠢᠯᠠᠪᠠᠯ | ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠨᠢ ᠤᠯᠠᠮᠵᠢᠯᠠᠯᠲᠤ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠢ ᠭᠦᠷᠭᠦ | ᠦᠭᠡᠢ ᠪᠢᠰᠢ ᠪᠠᠶᠢᠵᠦ ᠤᠯᠠᠩᠬᠢ ᠰᠤᠷᠤᠭᠴᠢ ᠶᠢᠨ ᠬᠦᠭᠵᠢᠯᠲᠡ ᠳᠤ ᠠᠰᠢᠭ ᠦᠭᠡᠢ ᠪᠤᠯᠤᠨ᠎ᠠ᠃ | 2. ᠴᠢᠳᠠᠪᠦᠷᠢ ᠳᠤ ᠨᠢ ᠲᠤᠬᠢᠷᠠᠭᠤᠯᠤᠨ ᠵᠢᠭᠠᠨ ᠰᠤᠷᠭᠠᠬᠤ ᠦᠭᠡᠢ ᠪᠠᠶᠢᠬᠤ | ᠣᠳᠣᠬᠠᠨ ᠤ ᠵᠢᠭᠠᠨ ᠰᠤᠷᠭᠠᠯᠲᠠ ᠶᠢᠨ ᠬᠡᠪ ᠵᠠᠭᠪᠤᠷ ᠨᠢ ᠠᠳᠠᠯᠢ ᠪᠤᠰᠤ ᠰᠤᠷᠤᠭᠴᠢᠳ ᠢ ᠦᠨᠳᠦᠰᠦᠯᠡᠨ | ᠠᠳᠠᠯᠢ ᠪᠤᠰᠤ ᠰᠤᠷᠤᠯᠴᠠᠯᠭ᠎ᠠ ᠶᠢᠨ ᠲᠥᠯᠥᠪᠯᠡᠭᠡ ᠶᠢ ᠲᠣᠭᠲᠠᠭᠠᠭᠰᠠᠨ ᠦᠭᠡᠢ᠃ ᠰᠤᠷᠤᠭᠴᠢᠳ ᠤᠨ ᠬᠤᠭᠤᠷᠣᠨᠳᠣᠬᠢ | ᠵᠥᠷᠢᠶ᠎ᠠ ᠶᠢ ᠲᠤᠩ ᠪᠠᠭ᠎ᠠ ᠪᠣᠯᠭᠠᠵᠠᠢ᠃ ᠥᠪᠡᠷ ᠥᠪᠡᠷ ᠤᠨ ᠴᠢᠳᠠᠪᠤᠷᠢ ᠶᠢ ᠢᠯᠡᠷᠡᠭᠦᠯᠵᠦ ᠴᠢᠳᠠᠭᠰᠠᠨ ᠦᠭᠡᠢ᠂ | ᠡᠨᠡ ᠨᠢ ᠰᠤᠷᠤᠭᠴᠢ ᠶᠢᠨ ᠬᠥᠭᠵᠢᠯᠲᠡ ᠳᠤ ᠠᠰᠢᠭ ᠦᠭᠡᠢ᠃ | ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠰᠢᠨ᠎ᠡ ᠬᠢᠴᠢᠶᠡᠯ ᠤᠨ | ᠪᠠᠷᠢᠮᠵᠢᠶᠠᠨ ᠤ ᠵᠢᠭᠠᠨ ᠰᠤᠷᠭᠠᠬᠤ ᠱᠠᠭᠠᠷᠳᠠᠯᠭ᠎ᠠ ᠶᠢ ᠵᠢᠷᠤᠮᠯᠠᠨ᠂ ᠵᠢᠭᠠᠨ ᠰᠤᠷᠭᠠᠬᠤ ᠦᠵᠡᠯᠲᠡ ᠪᠠᠨ ᠢᠳᠡᠪᠬᠢᠲᠡᠶ ᠪᠠᠷ | ᠬᠤᠪᠢᠷᠠᠭᠤᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠮᠢᠳᠤ ᠪᠣᠳᠠᠰ ᠤᠨ ᠰᠤᠷᠭᠠᠨ ᠬᠥᠮᠦᠵᠢᠯ ᠳᠤ | ᠬᠠᠶᠢᠨ ᠰᠢᠨᠵᠢᠯᠡᠬᠦ ᠮᠠᠶ᠋ᠢᠭ ᠤᠨ ᠵᠢᠭᠠᠨ ᠰᠤᠷᠭᠠᠯᠲᠠ ᠬᠢᠵᠦ᠂ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ | ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠰᠢᠭᠯᠠᠵᠤ᠂ ᠨᠡᠭᠡᠭᠡᠯᠲᠡᠲᠡᠶ᠂ ᠡᠶ᠎ᠡ ᠵᠣᠬᠢᠴᠠᠩᠭᠤᠶ᠂ | ᠦᠢᠯᠠᠳᠤᠯᠴᠠᠭᠦ ᠵᠢᠭᠠᠨ ᠰᠤᠷᠭᠠᠯᠲᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠡᠭᠦᠨ ᠤ ᠤᠯᠠᠮ ᠠᠴᠠ | ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠨ᠂ ᠰᠤᠷᠤᠭᠴᠢᠳ ᠤᠨ ᠤᠯᠠᠨ ᠲᠠᠯ᠎ᠠ ᠶᠢᠨ | ᠴᠢᠳᠠᠪᠤᠷᠢ ᠶᠢ ᠬᠥᠮᠦᠵᠢᠭᠦᠯᠵᠦ᠂ ᠰᠤᠷᠤᠭᠴᠢᠳ ᠢ ᠵᠢᠭᠠᠨ ᠰᠤᠷᠭᠠᠬᠤ ᠶᠠᠪᠤᠴᠠ ᠳᠠᠬᠢ ᠭᠤᠣᠯ ᠴᠣᠭᠴᠠ ᠶᠢᠨ | ᠦᠢᠯᠡᠳᠦᠯ ᠢ ᠬᠦᠢᠴᠡᠳ ᠪᠠᠳᠠᠷᠠᠭᠤᠯᠤᠨ᠎ᠡ᠃ ᠶᠡᠷᠦᠩᠬᠡᠶᠢᠯᠡᠪᠡᠯ᠂ ᠰᠢᠨ᠎ᠡ ᠬᠢᠴᠢᠶᠡᠯ ᠤᠨ ᠪᠠᠷᠢᠮᠵᠢᠶ᠎ᠠ ᠱᠠᠭᠠᠷᠳᠠᠯᠭ᠎ᠠ ᠶᠢ | ᠵᠢᠷᠤᠮᠯᠠᠨ᠂ ᠶᠡᠷᠦᠩᠬᠡᠶᠢᠯᠡᠭᠰᠡᠨ ᠬᠡᠪ ᠴᠢᠨᠠᠷ ᠰᠢᠯᠢᠳᠡᠭ ᠰᠣᠷᠣᠭᠴᠢ ᠶᠢ ᠬᠦᠮᠦᠵᠢᠭᠦᠯᠬᠦ ᠨᠢ ᠪᠢᠳᠡᠨ ᠤ ᠵᠠᠶᠢᠯᠠᠭᠤᠯᠵᠤ | ᠪᠣᠯᠤᠰᠢ ᠦᠭᠡᠢ ᠬᠠᠷᠢᠭᠤᠴᠠᠯᠭ᠎ᠠ ᠮᠦᠨ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |