ᠤᠷᠠᠯᠢᠬ | | | | ᠰᠤᠷᠭᠠᠭᠤᠯᠢ ᠶᠢᠨ ᠪᠦᠬᠦ ᠲᠠᠯ᠎ᠠ ᠶᠢᠨ ᠠᠵᠢᠯ ᠤᠨ ᠢᠯᠭᠤᠮ ᠤᠷᠤᠠᠠᠰᠢᠳᠠᠢ ᠶᠠᠪᠤᠠᠠᠳᠠᠬᠤ ᠡᠰᠡᠬᠦ ᠨᠢ ᠠᠩᠭᠢ ᠶᠢᠨ | ᠡᠷᠬᠢᠯᠡᠭᠴᠢ ᠶᠢᠨ ᠠᠵᠢᠯ ᠲᠠᠢ ᠰᠢᠭᠤᠳ ᠬᠤᠯᠪᠤᠭ᠎ᠠ ᠲᠠᠢ᠃ ᠠᠩᠭᠢ ᠶᠢᠨ ᠡᠷᠬᠢᠯᠡᠭᠴᠢᠳ ᠲᠤᠰ ᠲᠤᠰ ᠤᠨ | ᠠᠩᠭᠢ ᠶᠢᠨ ᠬᠠᠮᠢᠶᠠᠷᠤᠯᠳᠠ᠂ ᠰᠤᠷᠤᠯᠴᠠᠯᠭ᠎ᠠ ᠬᠦᠮᠦᠵᠢᠯ᠂ ᠰᠤᠷᠤᠠᠠᠴᠢᠳ ᠤᠨ ᠰᠤᠷᠤᠯᠴᠠᠵᠤ ᠠᠮᠢᠳᠤᠷᠠᠬᠤ ᠤᠪᠤᠷ | ᠢᠳᠡᠪᠬᠢᠵᠢᠯ ᠵᠡᠷᠭᠡ ᠶᠢ ᠰᠠᠶᠢᠳᠤᠷ ᠲᠠᠶᠢᠴᠢᠯᠠᠨ ᠵᠦᠪ ᠲᠤᠳᠤᠷᠬᠠᠢ ᠰᠤᠷᠤᠯᠴᠠᠬᠤ ᠦᠵᠡᠯᠳᠡ ᠲᠠᠨᠢᠯᠳᠠ ᠲᠠᠢ᠂ | ᠦᠭᠡᠳᠡᠷᠭᠡᠭ ᠰᠡᠳᠬᠢᠯ ᠲᠠᠢ ᠬᠠᠮᠳᠤ ᠨᠢᠭᠡᠴᠢ ᠪᠤᠯᠭᠠᠨ ᠪᠦᠳᠦᠭᠡᠨ ᠪᠠᠶᠢᠭᠤᠯᠵᠤ ᠴᠢᠳᠠᠪᠠᠯ ᠨᠢᠭᠡᠨ ᠰᠤᠷᠭᠠᠭᠤᠯᠢ ᠶᠢᠨ | ᠡᠯ᠎ᠡ ᠲᠠᠯ᠎ᠠ ᠶᠢᠨ ᠠᠵᠢᠯ ᠯᠠᠪᠳᠠᠢ ᠦᠷ᠎ᠡ ᠪᠦᠳᠦᠮᠵᠢ ᠰᠠᠶᠢᠨ ᠪᠠᠶᠢᠵᠤ᠂ ᠵᠢᠩᠬᠢᠨᠢ ᠠᠷᠠᠳ ᠲᠦᠮᠡᠨ ᠳᠤ ᠬᠠᠨᠤᠮᠵᠢᠳᠠᠢ | ᠰᠤᠷᠭᠠᠨ ᠬᠦᠮᠤᠵᠢᠯ ᠢ ᠶᠠᠪᠤᠠᠠᠳᠠᠭᠤᠯᠬᠤ ᠳᠤ ᠲᠦᠯᠬᠢᠴᠡ ᠦᠢᠯᠡᠳᠤᠯ ᠦᠵᠡᠬᠦᠯᠵᠤ ᠴᠢᠳᠠᠨ᠎ᠠ᠃ | ᠲᠤᠤᠷ᠎ᠠ ᠪᠢ ︽ᠭᠤᠷᠪᠠ ᠶᠢ ᠴᠢᠬᠤᠯᠠᠴᠢᠯᠠᠨ ᠨᠢᠭᠡ ᠶᠢ ᠲᠠᠶ᠋ᠬᠠᠳᠠᠬᠤ︾ ᠠᠷᠭ᠎ᠠ ᠠᠪᠴᠠᠯ ᠢᠶᠠᠷ ᠠᠩᠭᠢ ᠪᠠᠨ | ᠡᠷᠬᠢᠯᠡᠵᠤ ᠢᠷᠡᠭᠰᠡᠨ ᠤᠯᠤᠯᠳᠠ ᠲᠦᠷᠦᠭᠳᠡᠯ ᠢᠶᠠᠨ ᠲᠠ ᠤᠯᠠᠨ ᠲᠠᠢ ᠪᠠᠨ ᠬᠤᠪᠢᠶᠠᠯᠴᠠᠶ᠎ᠠ᠃ | ᠨᠢᠭᠡ᠂ ᠰᠤᠷᠭᠠᠭᠤᠯᠢ ᠶᠢᠨ ᠤᠳᠤᠷᠢᠳᠤᠯᠭ᠎ᠠ ᠵᠢᠯᠤᠭᠤᠳᠤᠯᠭ᠎ᠠ ᠲᠤᠤᠷ᠎ᠠ ᠠᠩᠬᠢ ᠶᠢᠨ ᠡᠷᠬᠢᠯᠡᠭᠴᠢ ᠶᠢᠨ | ᠠᠵᠢᠯ ᠢᠶᠠᠨ ᠶᠠᠪᠤᠠᠠᠳᠠᠭᠤᠯᠬᠤ ᠨᠢ ᠲᠦᠢᠯ ᠤᠨ ᠴᠢᠬᠤᠯᠠ ᠪᠠᠶᠢᠳᠠᠭ᠃ ᠰᠤᠷᠭᠠᠭᠤᠯᠢ ᠶᠢᠨ ᠵᠦᠪ ᠤᠨᠤᠪᠴᠢᠳᠠᠢ | ᠤᠳᠤᠷᠢᠳᠤᠯᠭ᠎ᠠ᠂ ᠬᠤᠪᠢ ᠪᠡᠶ᠎ᠡ ᠶᠢᠨ ᠰᠤᠷᠤᠯᠴᠠᠯᠭ᠎ᠠ ᠴᠢᠷᠮᠠᠶᠢᠯᠭ᠎ᠠ᠂ ᠡᠯ᠎ᠡ ᠲᠦᠷᠦᠯ ᠤᠨ ᠬᠢᠴᠢᠶᠡᠯ ᠤᠨ ᠪᠠᠭᠰᠢ | ᠨᠠᠷ ᠤᠨ ᠬᠠᠮᠳᠤ ᠶᠢᠨ ᠴᠢᠷᠮᠠᠶᠢᠯᠭ᠎ᠠ ᠪᠠᠷ ᠪᠤᠯᠪᠠᠰᠤᠨ ᠰᠠᠶᠢᠬᠠᠨ ᠮᠤᠷᠠᠯ ᠰᠤᠷᠳᠠᠬᠤᠨ᠂ ᠵᠦᠪ ᠶᠢᠷᠳᠢᠨᠴᠤ ᠶᠢᠨ | ᠦᠵᠡᠯᠳᠡ᠂ ᠵᠦᠪ ᠠᠮᠢᠳᠤᠷᠠᠬᠤᠢ ᠶᠢᠨ ᠦᠵᠡᠯᠳᠡ᠂ ᠵᠦᠪ ᠦᠷᠳᠡᠭ ᠤᠨ ᠦᠵᠡᠯᠳᠡ᠂ ᠨᠠᠶᠢᠳᠠᠴᠢ ᠦᠵᠡᠯ ᠤᠬᠠᠮᠰᠠᠷ᠂ | ᠤᠯᠤᠰ ᠤᠷᠤᠨ ᠢᠶᠠᠨ ᠬᠠᠶᠢᠷᠠᠯᠠᠬᠤ ᠬᠦᠮᠦᠵᠢᠯ ᠢ ᠡᠳᠤᠷ ᠲᠤᠳᠤᠮ ᠤᠨ ᠵᠢᠭᠠᠨ ᠰᠤᠷᠭᠠᠯᠳᠠ᠂ ᠬᠦᠳᠡᠯᠪᠤᠷᠢ | ᠠᠵᠢᠯᠯᠠᠭ᠎ᠠ ᠲᠤᠮᠳᠠ ᠦᠷᠬᠦᠯᠵᠢ ᠶᠢᠨ ᠴᠢᠨᠠᠷᠳᠠᠢ ᠦᠷᠨᠢᠬᠦᠯᠬᠦ ᠶᠢ ᠪᠠᠷᠢᠮᠳᠠᠯᠠᠬᠤ ᠬᠡᠷᠡᠭᠳᠠᠢ᠃ ᠵᠢᠱᠢᠶᠡᠯᠡᠪᠡᠯ᠂ ᠪᠠᠭᠰᠢ | ᠠᠬᠠᠮᠠᠳ ᠲᠠᠢ ᠪᠠᠨ ᠮᠡᠨᠳᠦᠴᠢᠯᠡᠬᠦ᠂ ᠨᠠᠶᠢᠵᠠ ᠨᠦᠬᠦᠳ ᠢᠶᠠᠨ ᠬᠠᠯᠠᠮᠵᠢᠯᠠᠨ ᠬᠠᠪᠰᠤᠷᠬᠤ᠂ ᠪᠡᠶ᠎ᠡ ᠰᠡᠳᠬᠢᠴᠡ ᠪᠠᠨ | ᠲᠤᠬᠢᠷᠠᠭᠤᠯᠬᠤ ᠶᠢ ᠰᠤᠷᠬᠤ᠂ ᠨᠠᠮ ᠵᠢᠮ ᠬᠤᠭᠤᠯᠠᠯᠠᠵᠤ᠂ ᠪᠦᠷᠢᠯᠭᠡᠬᠦ ᠶᠢ ᠲᠡᠪᠴᠢᠬᠦ᠂ ᠠᠩᠭᠢ ᠶᠢᠨ ᠭᠡᠷ ᠤᠨ ᠨᠠᠮ | ᠵᠢᠮ ᠢ ᠪᠠᠳᠤᠯᠠᠵᠤ ᠰᠤᠷᠤᠯᠴᠠᠯᠭ᠎ᠠ ᠶᠢ ᠲᠡᠭᠡᠳᠦᠯᠡᠬᠦ᠂ ᠦᠳᠡ ᠤᠷᠤᠢ ᠶᠢᠨ ᠠᠮᠠᠷᠠᠯᠳᠠ ᠳᠤ ᠨᠤᠮ ᠲᠠᠢ ᠬᠠᠨᠢᠯᠠᠬᠤ᠂ | ᠭᠠᠷ ᠤᠨ ᠠᠶ᠎ᠠ ᠪᠠᠷ ᠬᠤᠭ ᠨᠤᠪᠰᠢ ᠶᠢ ᠲᠡᠬᠦᠵᠤ᠂ ᠴᠡᠪᠡᠷ ᠰᠠᠶᠢᠬᠠᠨ ᠰᠤᠷᠭᠠᠭᠤᠯᠢ ᠶᠢᠨ ᠬᠦᠷᠢᠶ᠎ᠡ ᠶᠢ ᠴᠤᠠᠠᠴᠠᠯᠠᠬᠤ ᠪᠠᠷ | ᠰᠤᠷᠤᠠᠠᠴᠢᠳ ᠢᠶᠠᠨ ᠱᠠᠭᠠᠷᠳᠠᠵᠤ᠂ ᠲᠤᠰ ᠵᠠᠷᠴᠢᠮ ᠤᠨ ᠴᠠᠭᠠᠨᠠᠬᠢ ᠤᠳᠬ᠎ᠠ ᠠᠭᠤᠯᠭ᠎ᠠ ᠶᠢ ᠨᠠᠷᠢᠨ ᠲᠠᠶᠢᠯᠪᠤᠷᠢᠯᠡᠵᠤ | ᠮᠦᠨ ᠪᠡᠶᠡᠴᠢᠯᠡᠨ ᠤᠶᠢᠯᠠᠭᠠᠭᠤᠯᠬᠤ ᠪᠠᠷ ᠲᠠᠮᠵᠢᠨ ᠰᠤᠷᠤᠠᠠᠴᠢᠳ ᠤᠨ ᠢᠶᠠᠨ ᠤᠶᠢᠯᠡ ᠠᠵᠢᠯᠯᠠᠭ᠎ᠠ ᠶᠢ ᠲᠦᠷᠢᠮᠵᠢᠬᠦᠯᠵᠤ᠂ | ᠨᠢᠭᠡᠨ ᠪᠠᠭᠰᠢ ᠠᠬᠠᠮᠠᠳ ᠢᠶᠠᠨ ᠬᠦᠨᠳᠦᠳᠭᠡᠭᠰᠡᠨ᠂ ᠨᠠᠶᠢᠵᠠ ᠨᠦᠬᠦᠳ ᠲᠠᠢ ᠪᠠᠨ ᠡᠶ᠎ᠡ ᠪᠦᠯᠬᠦᠮᠳᠡᠯ ᠲᠠᠢ᠂ ᠨᠡᠶᠢᠭᠡᠮ | ᠨᠡᠶᠢᠳᠡ ᠶᠢᠨ ᠬᠠᠷᠢᠭᠤᠴᠠᠯᠭᠠᠳᠤ ᠰᠡᠳᠬᠢᠯ ᠢᠶᠠᠷ ᠴᠢᠩᠭ᠎ᠠ᠂ ᠵᠦᠪ ᠦᠵᠡᠯ ᠪᠤᠳᠤᠯ ᠲᠠᠢ᠂ ᠰᠤᠷᠤᠯᠭ᠎ᠠ | ᠠᠮᠢᠳᠤᠷᠠᠯ ᠳᠤ ᠪᠠᠨ ᠦᠭᠡᠳᠡᠷᠭᠡᠭ ᠦᠵᠡᠯ ᠲᠠᠢ ᠭᠦᠮᠦᠨ ᠪᠤᠯᠭᠠᠨ ᠬᠦᠮᠦᠵᠢᠭᠦᠯᠬᠦ ᠶᠢ ᠴᠢᠬᠤᠯᠠᠴᠢᠯᠠᠪᠠ᠃ | ᠬᠤᠶᠠᠷ᠂ ᠬᠢᠴᠢᠶᠡᠯᠯᠡᠭᠴᠢ ᠪᠠᠭᠰᠢ ᠨᠠᠷ ᠲᠠᠢ ᠪᠠᠨ ᠢᠳᠡᠪᠬᠢᠳᠠᠢ ᠬᠠᠮᠵᠢᠯᠴᠠᠬᠤ ᠶᠢ ᠴᠢᠬᠤᠯᠠᠴᠢᠯᠠᠨ ᠠᠩᠬᠠᠷᠬᠤ | ᠭᠡᠷᠡᠭᠳᠠᠢ᠃ ᠠᠩᠬᠢ ᠶᠢᠨ ᠡᠷᠬᠢᠯᠡᠭᠴᠢ ᠪᠤᠯᠤᠠᠠᠰᠠᠳ ᠡᠷᠭᠡᠪᠰᠢ ᠤᠬᠠᠮᠰᠠᠷ ᠠᠴᠠ ᠪᠠᠨ ᠢᠳᠡᠪᠬᠢᠳᠠᠢ ᠪᠠᠷ ᠡᠯ᠎ᠡ ᠬᠢᠴᠢᠶᠡᠯ | ᠲᠦᠷᠦᠯ ᠤᠨ ᠪᠠᠭᠰᠢ ᠨᠠᠷ ᠲᠠᠢ ᠪᠠᠨ ᠨᠢᠠᠠᠳᠠ ᠤᠶᠠᠯᠳᠤᠨ ᠬᠠᠮᠵᠢᠯᠴᠠᠬᠤ ᠶᠢ ᠬᠦᠨᠳᠤᠳᠭᠡᠨ ᠪᠠᠷᠢᠮᠳᠠᠯᠠᠪᠠᠯ | ᠰᠠᠶᠢᠨ᠃ ᠪᠦᠬᠦ ᠬᠢᠴᠢᠶᠡᠯ ᠲᠦᠷᠦᠯ ᠤᠨ ᠪᠠᠭᠰᠢ ᠨᠠᠷ ᠲᠢ ᠪᠦᠯᠬᠦᠮᠳᠡᠨ ᠨᠢᠠᠠᠳᠠᠷᠠᠵᠤ ᠴᠢᠳᠠᠪᠠᠯ ᠲᠤᠰ ᠠᠩᠭᠢ ᠶᠢᠨ | ᠡᠯ᠎ᠡ ᠲᠠᠯ᠎ᠠ ᠶᠢᠨ ᠬᠦᠮᠦᠵᠢᠯ ᠪᠤᠯᠪᠠᠰᠤᠷᠠᠯ᠂ ᠰᠤᠷᠤᠯᠭ᠎ᠠ ᠮᠤᠷᠠᠯ᠂ ᠪᠦᠬᠦ ᠲᠠᠯ᠎ᠠ ᠶᠢᠨ ᠠᠵᠢᠯ ᠠᠮᠵᠢᠯᠳᠠ ᠲᠠᠢ | ᠶᠠᠪᠤᠠᠠᠳᠠᠨ ᠰᠤᠷᠤᠠᠠᠴᠢᠳ ᠤᠨ ᠦᠰᠦᠨ ᠪᠤᠶᠢᠵᠢᠯᠳᠠ ᠳᠤ ᠲᠦᠢᠯ ᠤᠨ ᠰᠠᠶᠢᠨ ᠨᠦᠬᠦᠴᠡᠯ ᠪᠤᠯᠤᠮᠵᠢ ᠶᠢ ᠬᠠᠨᠭ᠍ᠭᠠᠬᠤ | ᠪᠤᠯᠤᠨ᠎ᠠ᠃ ᠪᠢ ᠡᠬᠢᠯᠡᠨ ᠠᠩᠭᠢ ᠶᠢᠨ ᠡᠷᠬᠢᠯᠡᠭᠴᠢ ᠪᠤᠯᠬᠤ ᠦᠶᠡᠰ᠂ ᠬᠠᠮᠢᠭ᠎ᠠ ᠠᠴᠠ ᠡᠬᠢᠯᠡᠨ ᠬᠡᠷᠬᠢᠨ ᠠᠵᠢᠯᠯᠠᠬᠤ᠂ | ᠰᠤᠷᠤᠠᠠᠴᠢᠳ ᠢ ᠶᠠᠭᠠᠬᠢᠵᠤ ᠵᠢᠯᠤᠭᠤᠳᠬᠤ᠂ ᠭᠡᠷ ᠤᠨ ᠠᠬᠠᠮᠠᠳ ᠲᠠᠢ ᠬᠡᠷᠬᠢᠨ ᠬᠠᠷᠢᠴᠠᠬᠤ ᠵᠡᠷᠭᠡ ᠲᠤᠬᠠᠢ ᠶᠠᠮᠠᠷ ᠴᠤ | ᠲᠤᠷᠰᠢᠯᠭ᠎ᠠ ᠦᠭᠡᠢ ᠪᠠᠶᠢᠵᠠᠢ᠃ ᠠᠬᠠᠮᠠᠳ ᠪᠠᠭᠰᠢ ᠨᠠᠷ ᠠᠴᠠ ᠪᠠᠨ ᠠᠰᠠᠭᠤᠨ ᠰᠤᠷᠤᠯᠴᠠᠬᠤ ᠲᠤᠮᠳᠠ ᠠᠴᠠ ᠬᠡᠷᠬᠢᠨ | ᠰᠠᠶᠢᠨ ᠠᠩᠭᠢ ᠶᠢᠨ ᠡᠷᠬᠢᠯᠡᠭᠴᠢ ᠪᠤᠯᠬᠤ᠂ ᠦᠪᠡᠷᠮᠢᠴᠠ ᠤᠨᠴᠠᠯᠢᠭ ᠲᠠᠢ ᠰᠤᠷᠤᠠᠠᠴᠢ ᠶᠢ ᠬᠡᠷᠬᠢᠨ ᠬᠦᠮᠦᠵᠢᠬᠦᠯᠬᠦ᠂ | ᠰᠡᠳᠬᠢᠴᠡ ᠶᠢᠨ ᠠᠰᠠᠭᠤᠳᠠᠯ ᠲᠠᠢ ᠰᠤᠷᠤᠠᠠᠴᠢ ᠶᠢ ᠭᠡᠷᠬᠢᠨ ᠵᠢᠯᠤᠭᠤᠳᠪᠠᠯ ᠦᠷ᠎ᠡ ᠠᠰᠢᠭ ᠰᠠᠶᠢᠨ ᠪᠤᠯᠬᠤ᠂ | ᠰᠤᠷᠤᠠᠠᠴᠢᠳ ᠤᠨ ᠡᠯ᠎ᠡ ᠵᠦᠢᠯ ᠤᠨ ᠠᠰᠠᠭᠤᠯᠳᠠ ᠳᠤ ᠶᠠᠮᠠᠷ ᠬᠠᠷᠢᠭᠤᠯᠳᠠ ᠦᠭᠪᠡᠯ ᠬᠠᠮᠤᠭ ᠤᠨ ᠲᠤᠬᠢᠷᠠᠮᠵᠢᠳᠠᠢ | ᠪᠤᠯᠬᠤ᠂ ᠠᠩᠭᠢ ᠨᠢᠭᠡᠴᠢ ᠳᠤ ᠢᠯᠡᠷᠡᠭᠰᠡᠨ ᠠᠰᠠᠭᠤᠳᠠᠯ ᠢ ᠬᠡᠷᠬᠢᠨ ᠡᠪᠯᠢᠭ ᠰᠢᠢᠳᠪᠤᠷᠢᠯᠡᠬᠦ ᠬᠡᠬᠦ ᠮᠡᠳᠤ ᠤᠯᠠᠨ | ᠠᠰᠠᠭᠤᠳᠠᠯ ᠢ ᠬᠠᠮᠤᠭ ᠤᠨ ᠬᠢᠯᠪᠠᠷ ᠬᠠᠮᠤᠭ ᠤᠨ ᠵᠤᠬᠢᠴᠠᠩᠭᠤᠢ ᠠᠷᠭ᠎ᠠ ᠪᠠᠷᠢᠯ ᠢᠶᠠᠷ ᠰᠢᠢᠳᠪᠤᠷᠢᠯᠡᠬᠦ ᠶᠢ | ᠰᠤᠷᠤᠠᠠᠰᠠᠨ ᠠᠴᠠ ᠮᠢᠨᠤ ᠠᠩᠭᠢ ᠶᠢᠨ ᠠᠵᠢᠯ ᠤᠯᠠᠨ ᠪᠠᠭᠰᠢ ᠨᠠᠷ ᠤᠨ ᠬᠠᠶᠢᠷ᠎ᠠ ᠬᠠᠯᠠᠮᠵᠢ ᠬᠠᠯᠠᠰᠢᠷᠠᠯ ᠦᠬᠡᠢ | ᠬᠠᠪᠰᠤᠷᠤᠯᠭ᠎ᠠ ᠲᠤᠤᠷ᠎ᠠ ᠲᠤᠩ ᠢᠯᠭᠤᠮ ᠰᠠᠶᠢᠨ ᠶᠠᠪᠤᠠᠠᠳᠠᠭᠰᠠᠨ ᠪᠠᠶᠢᠨ᠎ᠠ᠃ ᠵᠢᠱᠢᠶᠡᠯᠡᠪᠡᠯ᠂ ᠬᠢᠴᠢᠶᠡᠯᠯᠡᠬᠦ ᠶᠠᠪᠤᠴᠠ | ᠲᠤᠮᠳᠠ ᠪᠤᠰᠤᠳ ᠠᠴᠠ ᠤᠨᠴᠠᠭᠠᠶᠢᠷᠠᠵᠤ ᠠᠭᠠᠰᠢᠯᠠᠳᠠᠭ ᠰᠤᠷᠤᠠᠠᠴᠢ ᠶᠢᠨ ᠠᠰᠠᠭᠤᠳᠠᠯ ᠢ ᠰᠢᠢᠳᠪᠤᠷᠢᠯᠡᠬᠦ ᠦᠶ᠎ᠡ ᠳᠤ | ᠵᠦᠪᠭᠡᠨ ᠲᠡᠬᠦᠨ ᠤ ᠠᠯᠳᠠᠭ᠎ᠠ ᠳᠤ ᠨᠢ ᠴᠢᠭᠯᠡᠬᠦᠯᠦᠨ ᠰᠢᠬᠦᠮᠵᠢᠯᠡᠬᠦ ᠪᠢᠰᠢ᠂ ᠬᠠᠷᠢᠨ ᠲᠤᠰ ᠰᠤᠷᠤᠠᠠᠴᠢ ᠶᠢᠨ ᠪᠠᠶ᠎ᠠ | ᠲᠡᠭᠡᠷ᠎ᠡ ᠡᠶᠢᠮᠤᠷᠬᠦᠤ ᠦᠵᠡᠭᠳᠡᠯ ᠢᠯᠡᠷᠡᠵᠤ ᠪᠠᠶᠢᠭ᠎ᠠ ᠶᠢᠨ ᠦᠨᠳᠤᠰᠤ ᠰᠢᠯᠳᠠᠭᠠᠨ ᠢ ᠨᠠᠷᠢᠨ ᠠᠵᠢᠠᠠᠯᠠᠵᠤ | ᠰᠦᠪᠡᠭᠴᠢᠯᠡᠵᠤ ᠪᠠᠶᠢᠮᠠᠨᠵᠢᠨ ᠪᠤᠳᠠᠳᠠᠢ ᠳᠤ ᠨᠢ ᠲᠤᠬᠢᠷᠬᠠᠰᠠᠨ ᠠᠷᠭ᠎ᠠ ᠠᠪᠴᠠᠯ ᠢ ᠠᠪᠤᠠᠠᠰᠠᠨ ᠵᠡᠷᠭᠡ ᠪᠤᠢ᠃ | ᠭᠤᠷᠪᠠ᠂ ᠭᠡᠷ ᠤᠨ ᠠᠬᠠᠮᠠᠳ ᠲᠠᠢ ᠨᠢᠠᠠᠳᠠ ᠤᠶᠠᠯᠳᠤᠬᠤ ᠶᠢ ᠠᠩᠬᠠᠷᠬᠤ ᠨᠢ ᠴᠢᠬᠤᠯᠠ᠃ | ᠠᠩᠬᠢ ᠶᠢᠨ ᠡᠷᠬᠢᠯᠡᠭᠴᠢ ᠶᠢᠨ ᠠᠵᠢᠯ ᠢ ᠰᠠᠶᠢᠳᠤᠷ ᠪᠡᠶᠡᠯᠡᠬᠦᠯᠬᠦ ᠳᠤ ᠦᠷᠭᠡᠨ ᠤᠯᠠᠨ ᠭᠡᠷ ᠤᠨ ᠠᠬᠠᠮᠠᠳ ᠤᠨ | ᠬᠠᠪᠰᠤᠷᠤᠯᠭ᠎ᠠ ᠲᠡᠮᠵᠢᠯᠭᠡ ᠳᠤ ᠲᠦᠰᠢᠭᠯᠡᠬᠦ ᠪᠤᠯ ᠲᠦᠢᠯ ᠤᠨ ᠴᠢᠬᠤᠯᠠ ᠪᠠᠶᠢᠳᠠᠭ᠃ ᠤᠳᠤᠬᠢ ᠤᠯᠠᠩᠬᠢ | ᠰᠤᠷᠤᠠᠠᠴᠢ ᠨᠢ ᠠᠶᠢᠯ ᠡᠷᠦᠭᠡ ᠶᠢᠨ ᠭᠠᠭᠴᠠ ᠬᠡᠥᠭᠡᠳ ᠪᠤᠶᠤ ᠬᠤᠶᠠᠷ ᠬᠡᠥᠭᠡᠳ ᠤᠨ ᠨᠢᠭᠡᠨ ᠪᠠᠶᠢᠭ᠎ᠠ᠃ ᠭᠡᠷ | ᠪᠦᠯᠢ ᠳᠤ ᠪᠠᠨ ᠡᠷᠭᠡ ᠲᠠᠩᠭᠢ᠂ ᠪᠤᠰᠤᠳ ᠲᠠᠢ ᠡᠪᠳᠠᠢ ᠰᠠᠶᠢᠬᠠᠨ ᠨᠠᠶᠢᠵᠠᠯᠠᠵᠤ ᠬᠤᠷᠰᠢᠬᠤ ᠲᠠᠯ᠎ᠠ ᠪᠠᠷ ᠪᠠᠷᠤᠠᠠᠳᠠᠢ᠂ | ᠠᠵᠢᠯ ᠬᠦᠳᠡᠯᠮᠤᠷᠢ ᠶᠢᠨ ᠡᠪ ᠲᠦᠢ ᠶᠢ ᠡᠵᠡᠮᠰᠢᠭᠰᠡᠨ ᠲᠠᠯ᠎ᠠ ᠪᠠᠷ ᠠᠨᠠᠶᠢᠬᠠᠨ᠂ ᠲᠤᠰ ᠲᠤᠰ ᠤᠨ ᠦᠪᠡᠷᠮᠢᠴᠡ | ᠤᠨᠴᠠᠯᠢᠭ ᠵᠠᠩ ᠠᠷᠠᠨᠰᠢᠨ ᠲᠠᠢ᠂ ᠪᠤᠰᠤᠳ ᠢᠶᠠᠷ ᠬᠡᠯᠡᠬᠦᠯᠬᠦ ᠲᠤᠷ᠎ᠠ ᠦᠭᠡᠢ᠂ ᠰᠤᠷᠤᠯᠭ᠎ᠠ ᠠᠮᠢᠳᠤᠷᠠᠯ ᠳᠤ ᠬᠠᠨᠳᠤᠬᠤ | ᠤᠪᠤᠷ ᠦᠵᠡᠯᠳᠡ ᠠᠳᠠᠯᠢ ᠪᠤᠰᠤ᠂ ᠭᠡᠷ ᠪᠦᠯᠢ ᠶᠢᠨ ᠦᠰᠦᠨ ᠪᠤᠶᠢᠵᠢᠠᠠᠰᠠᠨ ᠤᠷᠴᠢᠨ ᠨᠦᠬᠦᠴᠡᠯ ᠵᠦᠷᠢᠶ᠎ᠡ ᠲᠠᠢ᠂ | ᠦᠭᠡᠷ᠎ᠡ ᠪᠠᠷ ᠬᠡᠯᠡᠪᠡᠯ ︽ᠠᠪᠤ ᠶᠢᠨ ᠬᠦᠤ ᠠᠳᠠᠯᠢ ᠦᠭᠡᠢ᠂ ᠠᠷᠪᠠᠨ ᠬᠤᠷᠤᠭᠤ ᠲᠡᠭᠰᠢ ᠦᠭᠡᠢ︾ ᠭᠡᠳᠡᠭᠴᠢᠯᠡᠨ | ᠡᠳᠡᠭᠡᠷ ᠰᠤᠷᠤᠠᠠᠴᠢ ᠶᠢ ᠨᠢᠭᠡ ᠠᠩᠭᠢ ᠶᠢᠨ ᠪᠠᠭᠰᠢ ᠵᠢᠯᠤᠭᠤᠳᠤᠨ ᠬᠦᠮᠦᠵᠢᠬᠦᠯᠬᠦ ᠪᠤᠯ ᠮᠠᠰᠢ ᠬᠦᠴᠢᠷ ᠲᠦᠪᠡᠭ ᠲᠠᠢ | ᠠᠵᠢᠯ ᠮᠦᠨ᠃ ᠡᠶᠢᠮᠤ ᠠᠴᠠ ᠵᠠᠪᠠᠯ ᠰᠤᠷᠤᠠᠠᠴᠢ ᠪᠦᠷᠢ ᠶᠢᠨ ᠭᠡᠷ ᠤᠨ ᠠᠬᠠᠮᠠᠳ ᠲᠠᠢ ᠨᠢᠠᠠᠳᠠ ᠤᠶᠠᠯᠳᠤᠨ ᠲᠡᠳᠡᠨ ᠢ | ᠢᠯᠡᠬᠦᠤ ᠰᠤᠷᠪᠤᠯᠵᠢᠯᠠᠵᠤ᠂ ᠠᠩᠭᠢ ᠶᠢᠨ ᠰᠤᠷᠤᠠᠠᠴᠢᠳ ᠤᠨ ᠢᠶᠠᠨ ᠪᠤᠳᠠᠳᠠᠢ ᠪᠠᠶᠢᠳᠠᠯ ᠢ ᠤᠶᠢᠯᠠᠭᠠᠨ ᠵᠠᠳᠠᠯᠵᠤ | ᠲᠠᠨᠢᠠᠠᠰᠠᠨ ᠰᠠᠭᠤᠷᠢᠨ ᠲᠡᠭᠡᠷ᠎ᠡ ᠰᠤᠷᠤᠭᠴᠢ ᠪᠠᠨ ᠬᠦᠮᠦᠵᠢᠬᠦᠯᠬᠦ ᠶᠢ ᠠᠩᠬᠠᠷᠤᠯ ᠳᠤ ᠪᠠᠨ ᠠᠪᠤᠪᠠᠯ ᠪᠢᠳᠡᠨ ᠤ ᠰᠤᠷᠭᠠᠨ | ᠬᠦᠮᠦᠵᠢᠯ ᠵᠢᠭᠠᠨ ᠰᠤᠷᠭᠠᠯᠳᠠ ᠶᠢᠨ ᠠᠵᠢᠯ ᠢᠶᠠᠨ ᠶᠠᠪᠤᠠᠠᠳᠠᠭᠤᠯᠬᠤ ᠳᠤ ᠲᠦᠢᠯ ᠤᠨ ᠠᠰᠢᠠᠠᠳᠠᠢ ᠶᠤᠮ᠃ ᠵᠢᠱᠢᠶᠡᠯᠡᠪᠡᠯ | ᠂ ᠵᠠᠷᠢᠮ ᠰᠤᠷᠤᠠᠠᠴᠢ ᠲᠦᠷᠢᠮ ᠲᠤᠠᠠᠳᠠᠭᠠᠯ ᠢ ᠵᠦᠷᠢᠴᠡᠭᠰᠡᠨ ᠪᠤᠶᠤ ᠨᠦᠯᠦᠭᠡ ᠲᠤᠰᠬᠠᠯ ᠠᠨᠠᠢ ᠦᠢᠯᠡ ᠠᠵᠢᠯᠯᠠᠭ᠎ᠠ | ᠬᠢᠭᠰᠡᠨ ᠦᠶ᠎ᠡ ᠳᠤ ᠵᠦᠪᠭᠡᠨ ᠰᠤᠷᠤᠠᠠᠴᠢ ᠶᠢ ᠰᠢᠬᠦᠮᠵᠢᠯᠡᠬᠦ᠂ ᠰᠢᠢᠳᠭᠡᠨ ᠲᠤᠷᠭᠠᠬᠤ ᠵᠡᠷᠭᠡ ᠰᠢᠢᠳᠪᠤᠷᠢᠯᠡᠬᠦ ᠠᠷᠭ᠎ᠠ | ᠠᠪᠬᠤ ᠪᠢᠰᠢ᠂ ᠨᠡᠩ ᠴᠢᠬᠤᠯᠠ ᠨᠢ ᠡᠨᠡ ᠬᠦ ᠰᠤᠷᠤᠭᠴᠢ ᠶᠢᠨ ᠭᠡᠷ ᠤᠨ ᠠᠬᠠᠮᠠᠳ ᠲᠠᠢ ᠰᠠᠶᠢᠳᠤᠷ ᠶᠠᠷᠢᠯᠴᠠᠵᠤ᠂ | ᠲᠤᠰ ᠰᠤᠷᠤᠭᠴᠢ ᠶᠢᠨ ᠦᠰᠦᠨ ᠪᠤᠶᠢᠵᠢᠭᠰᠠᠨ ᠦᠩᠭᠡᠷᠡᠯᠳᠡ᠂ ᠵᠠᠩ ᠠᠷᠠᠨᠰᠢᠨ᠂ ᠠᠶᠢᠯ ᠭᠡᠷ ᠲᠠᠬᠢ ᠶᠡᠷᠦᠩᠭᠡᠢ | ᠪᠠᠶᠢᠳᠠᠯ ᠢ ᠨᠢ ᠤᠶᠢᠯᠠᠭᠠᠨ ᠮᠡᠳᠡᠵᠤ᠂ ᠡᠭᠦᠨ ᠳᠤ ᠰᠠᠭᠤᠷᠢᠯᠠᠨ ᠦᠨᠳᠦᠰᠦ ᠰᠢᠯᠳᠠᠭᠠᠨ ᠳᠤ ᠨᠢ ᠴᠢᠭᠯᠡᠭᠦᠯᠦᠨ | ᠪᠤᠳᠠᠳᠠᠢ ᠪᠠᠷ ᠰᠢᠢᠳᠪᠦᠷᠢᠯᠡᠪᠡᠯ ᠰᠠᠶ᠋ᠢ ᠰᠤᠷᠭᠠᠨ ᠬᠦᠮᠦᠵᠢᠭᠦᠯᠬᠦ ᠵᠤᠷᠢᠯᠭ᠎ᠠ ᠳᠤ ᠪᠠᠨ ᠬᠦᠷᠴᠤ ᠴᠢᠳᠠᠨ᠎ᠠ᠃ ᠡᠰᠡ | ᠲᠡᠶᠢᠮᠦ ᠪᠤᠯ ᠬᠡᠳᠡᠷᠬᠦ ᠦᠢᠯᠡᠳᠦᠯ ᠦᠵᠡᠭᠦᠯᠬᠦ ᠮᠠᠭᠠᠳ᠃ ᠢᠢᠮᠦ ᠠᠴᠠ ᠰᠤᠷᠤᠭᠴᠢ ᠪᠤᠯᠭᠠᠨ ᠤ ᠤᠨᠴᠠᠯᠢᠭ ᠠᠴᠠ | ᠡᠭᠦᠰᠦᠨ ᠠᠰᠠᠭᠤᠳᠠᠯ ᠢ ᠰᠢᠢᠳᠪᠦᠷᠢᠯᠡᠬᠦ ᠨᠢ ᠪᠠᠰᠠ ᠴᠤ ᠵᠠᠩᠭᠢᠯᠠᠭ᠎ᠠ ᠪᠤᠯᠤᠨ᠎ᠠ᠃ | ᠲᠥᠷᠪᠡ᠂ ᠰᠤᠷᠤᠭᠴᠢᠳ ᠢ ᠠᠯᠪᠠᠳᠠᠨ ᠱᠠᠭᠠᠷᠳᠠᠬᠤ ᠠᠴᠠ ᠡᠷᠡᠰ ᠵᠠᠶᠢᠯᠠᠰᠬᠢᠬᠤ ᠬᠡᠷᠡᠭᠳᠠᠢ᠃ ︽ᠴᠠᠭ ᠦᠶ᠎ᠡ | ᠬᠦᠮᠦᠨ ᠢ ᠲᠦᠷᠦᠭᠦᠯᠳᠡᠭ︾ ᠬᠡᠳᠡᠭᠴᠢᠯᠡᠨ ᠤᠳᠤᠬᠢ ᠴᠠᠭ ᠦᠶ᠎ᠡ ᠶᠢᠨ ᠰᠤᠷᠤᠭᠴᠢ ᠶᠢᠨ ᠦᠵᠡᠯ ᠪᠤᠳᠤᠯ᠂ | ᠠᠮᠢᠳᠤᠷᠠᠯ ᠤᠨ ᠲᠤᠷᠰᠢᠯᠭ᠎ᠠ᠂ ᠠᠯᠢᠪᠠ ᠪᠦᠭᠦᠨ ᠤᠤᠯ ᠤᠨ ᠰᠤᠷᠤᠭᠴᠢᠳ ᠠᠴᠠ ᠮᠠᠰᠢ ᠶᠡᠭᠡ ᠵᠦᠷᠢᠶ᠎ᠡ ᠲᠠᠢ | ᠪᠤᠯᠤᠭᠰᠠᠨ ᠢ ᠪᠠᠭᠰᠢ ᠪᠤᠯᠤᠭᠰᠠᠨ ᠪᠢᠳᠡ ᠵᠠᠪᠠᠯ ᠰᠡᠷᠡᠵᠤ ᠲᠠᠨᠢᠭᠰᠠᠨ ᠪᠠᠶᠢᠬᠤ ᠬᠡᠷᠡᠭᠳᠠᠢ᠃ ᠤᠳᠤ ᠶᠢᠨ ᠰᠤᠷᠤᠭᠴᠢᠳ | ︽ᠪᠠᠭᠰᠢ ᠳᠤ ᠪᠠᠨ ᠪᠠᠭᠰᠢ ᠪᠤᠯᠵᠤ ᠴᠢᠳᠠᠬᠤ ᠲᠠᠪᠠᠭᠤᠯᠢᠭ ᠲᠠᠯ᠎ᠠ ᠤᠯᠠᠨ ᠪᠠᠶᠢᠳᠠᠭ︾ ᠢ ᠪᠢᠳᠡ ᠬᠦᠯᠢᠶᠡᠨ ᠠᠪᠴᠤ | ᠴᠢᠳᠠᠭᠰᠠᠨ ᠪᠠᠶᠢᠬᠤ ᠬᠡᠷᠡᠭᠳᠠᠢ᠃ ᠦᠭᠡᠷ᠎ᠡ ᠪᠠᠷ ᠬᠡᠯᠡᠪᠡᠯ ᠠᠯᠢ ᠨᠢᠬᠡᠨ ᠰᠤᠷᠤᠭᠴᠢ ᠨᠢ ᠠᠯᠢ ᠨᠢᠬᠡᠨ ᠲᠠᠯ᠎ᠠ ᠪᠠᠷ | ᠨᠠᠳᠠ ᠳᠤ ᠯᠠᠪᠳᠠᠢ ᠪᠠᠭᠰᠢ ᠪᠤᠯᠵᠤ ᠴᠢᠳᠠᠬᠤ ᠬᠢᠷᠢ ᠬᠡᠮ ᠪᠠᠶᠢᠳᠠᠭ ᠢ ᠪᠢᠳᠡ ᠦᠪᠡᠷ ᠢᠶᠠᠨ ᠰᠡᠷᠡᠵᠤ ᠮᠡᠳᠡᠷᠡᠵᠤ ᠪᠠᠶᠢᠪᠠᠯ | ᠰᠤᠷᠤᠭᠴᠢᠳ ᠢᠶᠠᠨ ᠬᠦᠮᠦᠵᠢᠭᠦᠯᠬᠦ ᠦᠶ᠎ᠡ ᠳᠤ ᠪᠢᠳᠡᠨ ᠤ ᠬᠠᠷᠠᠭᠠᠰᠦ ᠪᠠᠰᠠ ᠨᠢᠬᠡ ᠥᠭᠡᠷ᠎ᠡ ᠪᠤᠯᠬᠤ ᠨᠢ | ᠯᠠᠪᠳᠠᠢ᠃ ᠢᠡᠭᠬᠢᠪᠠᠯ ᠪᠢᠳᠡ ᠰᠤᠷᠤᠭᠴᠢᠳ ᠢᠶᠠᠨ ︽ᠢᠩᠭᠢ ᠴᠢᠩᠭᠢ᠂ ᠪᠤᠯᠤᠨ᠎ᠠ ᠪᠤᠯᠬᠤ ᠦᠬᠡᠢ᠂ ᠵᠦᠪ | ᠪᠤᠷᠤᠭᠤ︾ ᠬᠡᠬᠦ ᠮᠡᠳᠦ ᠱᠠᠭᠠᠷᠳᠠᠨ ᠠᠯᠪᠠᠳᠠᠬᠤ ᠶᠠᠪᠤᠳᠠᠯ ᠯᠠᠪᠳᠠᠢ ᠤᠷᠤᠰᠢᠬᠤ ᠦᠬᠡᠢ ᠪᠤᠯᠤᠨ᠎ᠠ᠃ ᠤᠴᠢᠷ ᠨᠢ ᠮᠢᠨᠤ | ᠰᠤᠷᠤᠭᠴᠢᠳ ᠪᠤᠯ ᠪᠠᠭ᠎ᠠ ᠨᠠᠰᠤᠨ ᠤ ᠬᠡᠤᠭᠡᠳ ᠪᠢᠰᠢ᠂ ᠬᠠᠷᠢᠨ ᠤᠬᠠᠮᠰᠠᠷ ᠲᠠᠨᠢᠯᠳᠡ ᠨᠡᠯᠢᠶᠡᠳ ᠦᠨᠳᠦᠷ᠂ | ᠦᠪᠡᠷ ᠤᠨ ᠬᠡᠰᠡᠨ ᠦᠵᠡᠯ ᠪᠤᠳᠤᠯ ᠲᠠᠢ᠂ ᠵᠤᠬᠢᠬᠤ ᠬᠡᠮᠵᠢᠶᠡᠨ ᠤ ᠪᠤᠯᠪᠠᠰᠤᠷᠠᠯ ᠲᠠᠳᠬᠠᠯ ᠲᠠᠢ ᠲᠡᠭᠡᠳᠦ | ᠲᠤᠮᠳᠠᠳᠤ ᠶᠢᠨ ︽ᠲᠤᠮᠤ ᠬᠦᠮᠦᠰ︾ ᠪᠠᠶᠢᠭ᠎ᠠ᠃ ᠢᠢᠮᠦ ᠠᠴᠠ ᠪᠢ ᠡᠨᠡ ᠨᠢᠬᠡᠨ ᠦᠶ᠎ᠡ ᠶᠢᠨ ᠬᠢᠨ ᠢ ᠲᠠᠭᠠᠭᠤᠯᠤᠨ | ᠵᠢᠯᠤᠭᠤᠳᠬᠤ ᠳᠤ ᠪᠠᠨ ᠪᠠᠭ᠎ᠠ ᠰᠤᠷᠭᠠᠭᠤᠯᠢ ᠶᠢᠨ ᠰᠤᠷᠤᠭᠴᠢ ᠳᠤ ᠬᠠᠨᠳᠤᠵᠤ ᠪᠠᠶᠢᠭ᠎ᠠ ᠠᠳᠠᠯᠢ ︽ᠪᠤᠰ᠂ ᠰᠠᠭᠤ᠂ | ᠪᠢᠴᠢ᠂ ᠤᠩᠰᠢ᠂ ᠢᠩᠭᠢ ᠴᠢᠩᠭᠢ︾ ᠬᠡᠬᠦ ᠮᠡᠳᠦᠴᠢᠯᠡᠨ ᠠᠯᠪᠠᠳᠠᠨ ᠱᠠᠭᠠᠷᠳᠠᠵᠤ ᠰᠤᠷᠭᠠᠨ ᠬᠦᠮᠦᠵᠢᠭᠦᠯᠬᠦ ᠠᠴᠠ | ᠬᠢᠴᠢᠶᠡᠪᠡ᠃ ᠦᠷᠭᠦᠯᠵᠢ ᠰᠤᠷᠤᠭᠴᠢᠳ ᠤᠨ ᠢᠶᠠᠨ ᠰᠠᠨᠠᠯ ᠪᠤᠳᠤᠯ ᠢ ᠰᠤᠨᠤᠰᠬᠤ᠂ ᠬᠤᠪᠢᠶᠠᠯᠴᠠᠬᠤ᠂ ᠬᠡᠷᠬᠢᠨ | ᠰᠢᠢᠳᠪᠦᠷᠢᠯᠡᠬᠦ ᠠᠷᠭ᠎ᠠ ᠪᠠᠷᠢᠯ ᠢ ᠪᠡᠶ᠎ᠡ ᠪᠠᠷ ᠨᠢ ᠲᠤᠭᠳᠠᠭᠠᠯᠭᠠᠬᠤ᠂ ᠨᠦᠬᠦᠳ ᠵᠠᠭᠤᠷ᠎ᠠ ᠪᠠᠨ ᠬᠡᠷᠬᠢᠨ ᠬᠠᠪᠰᠤᠷᠤᠯᠴᠠᠵᠤ | ᠬᠠᠯᠠᠮᠵᠢᠯᠠᠬᠤ᠂ ᠠᠯᠢ ᠲᠦᠷᠦᠯ ᠤᠨ ᠠᠵᠢᠯᠯᠠᠭ᠎ᠠ ᠬᠦᠳᠡᠯᠪᠦᠷᠢ ᠳᠤ ᠬᠡᠨ ᠰᠠᠶᠢᠨ ᠲᠤᠷ᠎ᠠ ᠠᠴᠠ ᠪᠠᠨ ᠤᠷᠤᠯᠴᠠᠬᠤ᠂ | ᠬᠡᠷᠬᠢᠨ ᠤᠷᠤᠯᠴᠠᠬᠤ᠂ ᠰᠤᠷᠤᠯᠭ᠎ᠠ ᠠᠮᠢᠳᠤᠷᠠᠯ ᠤᠨ ᠪᠠᠶᠠᠷ ᠪᠠᠶᠠᠰᠤᠯ ᠢᠶᠠᠨ ᠬᠡᠷᠬᠢᠨ ᠬᠤᠪᠢᠶᠠᠯᠴᠠᠬᠤ᠂ ᠡᠶ᠎ᠡ ᠡᠪᠳᠠᠢ | ᠬᠤᠷᠰᠢᠨ ᠰᠤᠷᠤᠯᠴᠠᠬᠤ ᠠᠵᠠ ᠵᠢᠷᠭᠠᠯ ᠢ ᠭᠡᠷᠬᠢᠨ ᠮᠡᠳᠡᠷᠡᠬᠦ᠂ ᠬᠡᠷᠬᠢᠨ ᠨᠠᠨᠳᠢᠩᠨᠠᠬᠤ ᠬᠡᠬᠦ ᠮᠡᠳᠦ ᠠᠯᠢᠪᠠ ᠳᠤ | ᠰᠤᠷᠤᠭᠴᠢᠳ ᠤᠨ ᠪᠡᠶ᠎ᠡ ᠪᠠᠨ ᠲᠠᠭᠠᠭᠠᠬᠤ ᠶᠢ ᠭᠦᠨᠳᠤᠳᠭᠡᠵᠦ᠂ ᠪᠠᠭᠰᠢ ᠲᠡᠷᠭᠡᠳᠡ ᠠᠴᠠ ᠨᠢ ᠬᠦᠳᠦᠯᠦᠨ ᠰᠠᠨᠠᠭᠤᠯᠵᠤ | ᠰᠡᠩᠭᠡᠷᠡᠬᠦᠯᠵᠤ ᠢᠷᠡᠪᠡ᠃ ᠢᠢᠮᠦᠷᠬᠦᠤ ᠪᠤᠳᠠᠳᠠᠢ ᠠᠷᠭ᠎ᠠ ᠨᠤᠭᠤᠳ ᠢ ᠠᠪᠴᠤ ᠢᠷᠡᠭᠰᠡᠨ ᠠᠴᠠ ᠮᠠᠨ ᠤ ᠠᠩᠬᠢ ᠶᠢᠨ | ᠰᠤᠷᠤᠭᠴᠢᠳ ᠤᠨ ᠤᠯᠠᠨ ᠨᠡᠶᠢᠳᠡ ᠶᠢᠨ ᠠᠵᠢᠯᠯᠠᠭ᠎ᠠ ᠬᠦᠳᠡᠯᠪᠦᠷᠢ ᠳᠤ ᠤᠷᠤᠯᠴᠠᠬᠤ ᠤᠬᠠᠮᠰᠠᠷ ᠲᠠᠨᠢᠯᠳᠡ | ᠢᠳᠡᠪᠬᠢᠵᠢᠯ᠂ ᠤᠷᠤᠯᠴᠠᠭᠰᠠᠨ ᠤ ᠰᠡᠭᠦᠯᠡᠷᠬᠢ ᠤᠯᠤᠯᠳᠡ ᠪᠦᠷ ᠦᠪᠡᠷ ᠦᠪᠡᠷ ᠤᠨ ᠦᠩᠭᠡ ᠪᠤᠳᠤᠭ ᠲᠠᠢ ᠪᠠᠶᠢᠵᠤ᠂ | ᠲᠡᠳᠡᠨ ᠤ ᠠᠮᠢᠳᠤᠷᠠᠯ ᠰᠤᠷᠤᠯᠴᠠᠯᠭ᠎ᠠ ᠳᠤ ᠬᠠᠨᠳᠤᠬᠤ ᠤᠪᠤᠷ ᠦᠵᠡᠯᠳᠡ ᠪᠠᠰᠠ ᠨᠢᠬᠡᠨ ᠲᠡᠭᠳᠡᠷ ᠲᠤ ᠬᠦᠷᠴᠦ | ᠴᠢᠳᠠᠭᠰᠠᠨ ᠢ ᠤᠯᠵᠤ ᠮᠡᠳᠡᠭᠰᠡᠨ ᠪᠠᠶᠢᠨ᠎ᠠ᠃ ᠵᠢᠱᠢᠶᠡᠯᠡᠪᠡᠯ᠂ ᠰᠤᠷᠭᠠᠭᠤᠯᠢ ᠠᠴᠠ ᠵᠤᠬᠢᠶᠠᠨ ᠪᠠᠶᠢᠭᠤᠯᠤᠭᠰᠠᠨ ᠶᠠᠮᠠᠷ | ᠨᠢᠬᠡᠨ ᠤᠷᠤᠯᠳᠤᠭᠠᠨ ᠮᠦᠷᠦ᠋ᠢᠴᠡᠭᠡᠨ ᠳᠤ ᠤᠷᠤᠯᠴᠠᠬᠤ ᠳᠤ ᠪᠢᠳᠡᠨ ᠤ ᠴᠢᠳᠠᠪᠤᠷᠢ ᠴᠢᠳᠠᠴᠠ᠂ ᠪᠤᠳᠠᠳᠠᠢ ᠰᠠᠭᠤᠷᠢ | ᠨᠦᠬᠦᠴᠡᠯ ᠪᠦᠷᠢᠮᠦᠰᠦᠨ ᠪᠤᠰᠤᠳ ᠢ ᠬᠦᠷᠬᠦ ᠦᠬᠡᠢ ᠪᠠᠶᠢᠵᠤ ᠪᠤᠯᠤᠨ᠎ᠠ᠂ ᠵᠠᠪᠠᠯ ᠲᠡᠷᠢᠭᠦᠨ ᠲᠡᠳ᠋ ᠢ ᠲᠡᠮᠡᠴᠡᠬᠦ ᠪᠠᠷ | ᠵᠤᠷᠢᠬᠤ ᠪᠢᠰᠢ᠂ ᠬᠠᠷᠢᠨ ᠡᠷᠭᠡᠪᠰᠢ ᠦᠪᠡᠷ ᠤᠨ ᠬᠢᠷᠢ ᠴᠢᠳᠠᠪᠤᠷᠢ ᠨᠦᠬᠦᠴᠡᠯ ᠪᠤᠯᠤᠯᠴᠠᠭᠠᠨ ᠲᠤᠳᠤᠷ᠎ᠠ ᠪᠠᠨ | ᠬᠠᠮᠤᠭ ᠤᠨ ᠶᠡᠭᠡ ᠴᠢᠳᠠᠯ ᠢᠶᠠᠷ ᠢᠶᠠᠨ ᠪᠤᠯᠪᠠᠰᠤᠷᠠᠵᠤ ᠴᠢᠷᠮᠠᠶᠢᠬᠤ ᠶᠢ ᠪᠠᠳᠤᠯᠠᠵᠤ᠂ ᠥᠪᠡᠷ ᠢ ᠪᠠᠨ ᠢᠯᠠᠨ | ᠲᠠᠪᠠᠭ᠋ᠤ ᠪᠠᠷ ᠴᠢᠷᠮᠠᠶᠢᠵᠤ ᠪᠠᠶᠢᠪᠠᠯ ᠡᠴᠦᠰ ᠤᠨ ᠦᠷ᠎ᠡ ᠳ᠋ᠦᠩ ᠶᠠᠮᠠᠷ ᠪᠠᠶᠢᠭᠰᠠᠨ ᠴᠦ ᠮᠠᠨ ᠤ ᠴᠢᠷᠮᠠᠶᠢᠯᠭ᠎ᠠ ᠦᠨ᠎ᠡ | ᠥᠷᠳᠡᠭ ᠲᠠᠢ ᠮᠦᠷᠳᠡᠭᠡᠨ ᠤᠳᠬ᠎ᠠ ᠠᠭᠤᠯᠭ᠎ᠠ ᠲᠠᠢ ᠬᠡᠭᠴᠢ ᠶᠢ ᠬᠠᠮᠳᠤ ᠪᠠᠷ ᠰᠡᠭᠡᠭᠡᠷᠡᠨ ᠤᠬᠠᠭᠠᠷᠠᠪᠠ᠃ ᠪᠠᠰᠠ | ᠵᠢᠱᠢᠶᠡᠯᠡᠪᠡᠯ᠂ ᠠᠯᠢ ᠨᠢᠬᠡᠨ ᠬᠦᠴᠢᠷᠳᠡᠯ ᠲᠠᠢ ᠨᠡᠶᠢᠵᠡ ᠪᠠᠨ ᠲᠡᠮᠵᠢᠬᠦ ᠪᠠᠷ ᠪᠤᠳᠤᠪᠠᠯ ᠬᠦᠮᠦᠨ ᠪᠦᠭᠦᠨ ᠵᠠᠪᠠᠯ ᠡᠬᠡᠬᠡ | ᠠᠳᠠᠯᠢᠬᠠᠨ ᠵᠤᠭᠤᠰ ᠮᠦᠩᠭᠦ ᠪᠠᠷ ᠲᠤᠰᠠᠯᠠᠬᠤ ᠪᠢᠰᠢ᠂ ᠵᠠᠷᠢᠮ ᠰᠤᠷᠤᠭᠴᠢ ᠶᠢᠨ ᠭᠡᠷ ᠤᠨ ᠠᠮᠢᠳᠤᠷᠠᠯ ᠨᠢ ᠲᠤᠰᠠᠯᠠᠮᠵᠢ | ᠬᠦᠷᠳᠡᠵᠤ ᠪᠠᠶᠢᠭ᠎ᠠ ᠨᠠᠶᠢᠵᠠ ᠠᠴᠠ ᠪᠠᠨ ᠪᠠᠰᠠ ᠬᠦᠴᠢᠷᠳᠠᠢ᠂ ᠲᠡᠭᠡᠪᠡᠯ ᠶᠠᠭᠠᠬᠢᠵᠤ ᠲᠡᠳᠡᠨ ᠢ ᠲᠤᠰᠠᠯᠠᠨ᠎ᠠ ᠪᠤᠢ︖ | ᠬᠡᠪᠡᠯ᠂ ᠦᠪᠡᠷ ᠤᠨ ᠭᠠᠯ ᠬᠠᠯᠠᠭᠤᠨ ᠰᠡᠳᠬᠢᠯ ᠤᠨ ᠦᠬᠡ᠂ ᠦᠷᠦᠪᠴᠢ ᠵᠦᠭᠡᠯᠡᠨ ᠬᠠᠷᠠᠴᠠ᠂ ᠰᠠᠶᠢᠬᠠᠨ | ᠰᠠᠨᠠᠭ᠎ᠠ ᠪᠠᠷ ᠢᠶᠠᠨ ᠨᠠᠶᠢᠵᠠ ᠪᠠᠨ ᠲᠡᠮᠵᠢᠬᠦ ᠳᠤ ᠮᠥᠨ ᠤᠳᠬ᠎ᠠ ᠠᠭᠤᠯᠭ᠎ᠠ ᠲᠠᠢ᠂ ᠤᠶᠤᠨ ᠰᠠᠨᠠᠭᠠᠨ ᠤ ᠵᠤᠷᠢᠭ | ᠵᠢᠪᠬᠤᠭ᠎ᠠ ᠨᠡᠮᠡᠷᠢᠯᠡᠵᠤ᠂ ᠨᠠᠶᠢᠵᠠ ᠪᠠᠨ ᠬᠠᠯᠠᠮᠵᠢᠯᠡᠨ ᠬᠠᠪᠰᠤᠷᠤᠭᠰᠠᠨ ᠳᠤ ᠲᠤᠭᠠᠴᠠᠭᠳᠠᠨ᠎ᠠ ᠬᠡᠳᠡᠭ ᠢ ᠲᠡᠳᠡᠨ ᠳᠤ | ᠪᠤᠳᠠᠳᠠᠢ ᠠᠵᠢᠯᠯᠠᠭ᠎ᠠ ᠪᠠᠷ ᠢᠶᠠᠨ ᠰᠡᠷᠡᠨ ᠮᠡᠳᠡᠷᠡᠭᠦᠯᠪᠡ᠃ | ᠶᠡᠷᠦᠩᠭᠡᠶᠢᠯᠡᠭᠡᠳ ᠬᠡᠯᠡᠪᠡᠯ ᠠᠩᠭᠢ ᠶᠢᠨ ᠡᠷᠬᠢᠯᠡᠭᠴᠢ ᠶᠢᠨ ᠠᠵᠢᠯ ᠪᠤᠯ ᠲᠦᠢᠯ ᠤᠨ ᠶᠠᠳᠠᠷᠠᠯ ᠲᠠᠢ ᠮᠦᠷᠳᠡᠭᠡᠨ | ᠬᠠᠳᠠᠭᠤᠵᠢᠯ ᠲᠠᠢ ᠠᠵᠢᠯ ᠮᠥᠨ᠃ ᠮᠦᠨ ᠴᠦ ᠠᠵᠠ ᠵᠢᠷᠭᠠᠯ ᠲᠠᠢ ᠮᠦᠷᠳᠡᠭᠡᠨ ᠠᠭᠤᠤ ᠶᠡᠭᠡ ᠠᠵᠢᠯ ᠮᠥᠨ᠃ ᠡᠨᠡ | ᠬᠦ ᠠᠵᠢᠯ ᠢ ᠢᠯᠭᠤᠮ ᠰᠠᠶᠢᠬᠠᠨ ᠶᠠᠪᠤᠭᠳᠠᠭᠤᠯᠬᠤ ᠶᠢ ᠠᠩᠭᠢ ᠶᠢᠨ ᠡᠷᠬᠢᠯᠡᠭᠴᠢ ᠪᠤᠯᠤᠭᠰᠠᠳ ᠡᠷᠬᠡᠪᠰᠢ ᠰᠤᠷᠭᠠᠭᠤᠯᠢ᠂ | ᠭᠡᠷ ᠪᠦᠯᠢ᠂ ᠬᠢᠴᠢᠶᠡᠯᠯᠡᠭᠴᠢ ᠪᠠᠭᠰᠢ ᠨᠢᠭᠡ ᠪᠦᠷᠢ ᠲᠠᠢ ᠨᠢᠠᠠᠳᠠ ᠤᠶᠠᠯᠳᠤᠨ ᠰᠤᠷᠤᠭᠴᠢ ᠨᠢᠭᠡ ᠪᠦᠷᠢ ᠶᠢᠨ ᠪᠤᠳᠠᠳᠠᠢ | ᠪᠠᠶᠢᠳᠠᠯ ᠢ ᠤᠶᠢᠯᠠᠭᠠᠨ ᠡᠵᠡᠮᠳᠡᠵᠤ᠂ ᠦᠪᠡᠷ ᠤᠨ ᠵᠢᠭᠠᠨ ᠰᠤᠷᠭᠠᠬᠤ ᠵᠢᠯᠤᠭᠤᠳᠤᠨ ᠲᠠᠭᠠᠭᠤᠯᠬᠤ ᠠᠷᠭ᠎ᠠ ᠪᠠᠷᠢᠯ ᠢᠶᠠᠨ | ᠵᠦᠪ ᠲᠤᠭᠳᠠᠭᠠᠵᠤ ᠦᠪᠡᠷ ᠤᠨ ᠪᠡᠶ᠎ᠡ ᠪᠠᠷ ᠢᠶᠠᠨ ᠵᠦᠪ ᠬᠡᠪ ᠲᠠᠭᠤᠷᠢᠶᠠᠯ ᠪᠤᠯᠵᠤ ᠲᠡᠳᠡᠨ ᠢ ᠢᠷᠡᠭᠡᠳᠦᠢ ᠳᠤ | ᠪᠤᠯᠪᠠᠰᠤᠨ ᠮᠤᠷᠠᠯ ᠰᠤᠷᠳᠠᠬᠤᠨ ᠲᠠᠢ᠂ ᠵᠦᠪ ᠦᠵᠡᠯ ᠪᠤᠳᠤᠯ ᠲᠠᠢ᠂ ᠵᠦᠪ ᠡᠨᠧᠷᠬᠢ ᠲᠠᠢ᠂ ᠪᠡᠶ᠎ᠡ ᠰᠡᠳᠬᠢᠴᠡ | ᠡᠷᠡᠭᠦᠯ ᠰᠠᠷᠠᠭᠤᠯ᠂ ᠤᠯᠤᠰ ᠦᠨᠳᠦᠰᠦᠳᠡᠨ ᠳᠤ ᠪᠠᠨ ᠬᠠᠶᠢᠷᠠᠳᠠᠢ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ | ᠡᠷᠭᠡᠳᠦ ᠠᠷᠠᠳ ᠪᠤᠯᠬᠤ ᠳᠤ ᠰᠠᠶᠢᠨ ᠰᠠᠭᠤᠷᠢ ᠶᠢ ᠲᠠᠯᠪᠢᠵᠤ ᠦᠭᠬᠦ ᠪᠠᠷ ᠬᠠᠮᠳᠤ ᠪᠠᠷ ᠴᠢᠷᠮᠠᠶᠢᠪᠠᠯ ᠵᠤᠬᠢᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠬᠦᠭᠡᠬᠤᠳᠠ ᠶᠢᠨ ᠭᠤᠴᠢᠳᠤᠭᠠᠷ | ᠲᠤᠮᠳᠠᠳᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |