ᠨᠠᠷᠡᠨᠲᠣᠶᠠᠭᠠ | | | | ᠠᠩᠬᠢ ᠶᠢᠨ ᠡᠷᠬᠢᠯᠡᠭᠴᠢ ᠪᠣᠯ ᠰᠣᠷᠣᠭᠴᠢ ᠶᠢᠨ ᠪᠦᠬᠦ ᠲᠠᠯ᠎ᠠ ᠶᠢᠨ ᠠᠵᠢᠯ ᠢ ᠵᠤᠬᠢᠴᠠᠭᠤᠯᠳᠠᠭ ᠪᠦᠭᠡᠳ | ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ ᠵᠡᠷᠭᠡ ᠠᠵᠢᠯ ᠢ ᠪᠦᠬᠦ ᠲᠠᠯ᠎ᠠ ᠪᠠᠷ | ᠬᠠᠷᠢᠭᠤᠴᠠᠳᠠᠭ ᠪᠠᠭᠰᠢ ᠪᠣᠯᠤᠨ᠎ᠠ᠃ ᠪᠢ ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ᠂ ᠥᠪᠡᠷ ᠤᠨ ᠦᠭᠡ | ᠶᠠᠷᠢᠶ᠎ᠠ ᠦᠢᠯᠡ ᠠᠵᠢᠯᠯᠠᠭᠠᠨ ᠤ ᠪᠠᠨ ᠰᠤᠷᠤᠭᠴᠢᠳ ᠲᠤ ᠦᠵᠡᠭᠦᠯᠬᠦ ᠨᠥᠯᠥᠭᠡ ᠬᠢᠷᠢ ᠵᠡᠷᠭᠡ ᠭᠡᠳᠡᠭ ᠢ ᠣᠶᠢᠯᠠᠭᠠᠳᠠᠭ | ᠪᠥᠭᠡᠳ ᠰᠤᠷᠤᠭᠴᠢᠳ ᠲᠤ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠬᠤ᠂ ᠦᠯᠦ ᠮᠡᠳᠡᠭᠳᠡᠬᠦ | ᠦᠢᠯᠡᠳᠦᠯ ᠦᠵᠡᠭᠦᠯᠬᠦ ᠶᠢ ᠠᠩᠬᠠᠷᠳᠠᠭ᠃ ᠳᠠᠷᠠᠭ᠎ᠠ ᠨᠢ ᠪᠢ ᠦᠪᠡᠷ ᠤᠨ ᠠᠩᠭᠢ ᠶᠢᠨ ᠡᠷᠬᠢᠯᠡᠭᠴᠢ ᠶᠢᠨ ᠠᠵᠢᠯ ᠤᠨ | ᠪᠤᠳᠠᠲᠦ ᠦᠢᠯᠡᠳᠦᠯᠭᠡ ᠪᠠᠨ ᠦᠨᠳᠦᠰᠦᠯᠡᠵᠦ᠂ ᠠᠩᠭᠢ ᠶᠢᠨ ᠡᠷᠬᠢᠯᠡᠭᠴᠢ ᠶᠢᠨ ᠠᠵᠢᠯ ᠤᠨ ᠲᠣᠬᠠᠢ ᠲᠤᠷᠰᠢᠯᠭ᠎ᠠ ᠪᠠ | ᠲᠥᠷᠥᠭᠳᠡᠯ ᠢᠶᠠᠨ ᠳᠡᠯᠭᠡᠶ᠎ᠡ᠃ | ᠨᠢᠭᠡ᠂ ᠠᠩᠬᠢ ᠶᠢᠨ ᠺᠠᠳ᠋ᠷ ᠢ ᠵᠦᠪ ᠰᠣᠩᠭᠤᠬᠤ ᠨᠢ ᠠᠩᠬᠢ ᠶᠢᠨ ᠠᠵᠢᠯ ᠤᠨ ᠢᠯᠭᠤᠮ ᠶᠠᠪᠤᠭᠳᠠᠬᠤ ᠶᠢ | ᠠᠬᠢᠭᠤᠯᠬᠤ | ᠰᠢᠯᠢᠳᠡᠭ ᠠᠩᠬᠢ ᠨᠢᠭᠡᠴᠢ ᠶᠢ ᠪᠦᠷᠢᠯᠳᠦᠭᠦᠯᠬᠦ ᠳᠤ ᠡᠷᠬᠡᠪᠰᠢ ᠠᠩᠬᠢ ᠶᠢᠨ ᠡᠷᠬᠢᠯᠡᠭᠴᠢ ᠶᠢ ᠬᠠᠪᠰᠣᠷᠣᠨ ᠪᠦᠬᠦ | ᠠᠩᠬᠢ ᠶᠢᠨ ᠰᠣᠷᠣᠭᠴᠢᠳ ᠢ ᠣᠳᠣᠷᠢᠳᠣᠨ᠂ ᠬᠠᠮᠲᠣ ᠪᠠᠷ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠷ ᠲᠡᠮᠡᠴᠡᠭᠰᠡᠨ | ᠠᠩᠬᠢ ᠶᠢᠨ ᠺᠠᠳ᠋ᠷ ᠤᠨ ᠪᠦᠷᠢᠯᠲᠦᠭᠦᠨ ᠪᠠᠶᠢᠬᠤ ᠬᠡᠷᠡᠭᠲᠡᠢ᠃ ᠡᠶᠢᠮᠦ ᠠᠴᠠ ᠠᠩᠬᠢ ᠶᠢᠨ ᠡᠷᠬᠢᠯᠡᠭᠴᠢ ᠲᠣᠰ | ᠠᠩᠬᠢ ᠶᠢᠨ ᠰᠣᠷᠣᠭᠴᠢᠳ ᠢᠶᠠᠨ ᠨᠢᠭᠡ ᠨᠢᠭᠡ ᠪᠠᠷ ᠨᠠᠷᠢᠨ ᠰᠢᠷᠢᠨ ᠣᠶᠢᠯᠠᠭᠠᠭᠰᠠᠨ ᠰᠠᠭᠤᠷᠢᠨ ᠳᠡᠭᠡᠷ᠎ᠡ ᠲᠣᠰ | ᠠᠩᠬᠢ ᠳᠤ ᠳᠠᠭᠤᠷᠢᠶᠠᠯ ᠪᠤᠯᠵᠤ ᠲᠡᠶᠢᠯᠬᠦ᠂ ᠬᠠᠮᠲᠣ ᠨᠦᠬᠦᠳ ᠤᠨ ᠢᠶᠠᠨ ᠳᠣᠮᠳᠠ ᠲᠣᠭᠲᠠᠭᠰᠠᠨ ᠬᠡᠮᠵᠢᠶᠡᠨ ᠤ | ᠢᠲᠡᠭᠡᠯ ᠲᠠᠢ᠂ ᠵᠤᠬᠢᠬᠤ ᠠᠵᠢᠯ ᠤᠨ ᠴᠢᠳᠠᠪᠣᠷᠢ ᠲᠠᠢ ᠮᠦᠷᠲᠡᠭᠡᠨ ᠣᠯᠠᠨ ᠤ ᠳᠣᠮᠳᠠ ᠪᠠᠨ ᠬᠦᠷᠢᠶᠡᠯᠡᠯ ᠲᠠᠢ | ᠰᠣᠷᠣᠭᠴᠢ ᠶᠢ ᠠᠷᠠᠳᠴᠢᠯᠠᠯ ᠢᠶᠠᠷ ᠰᠣᠩᠭᠤᠨ ᠭᠠᠷᠭᠠᠬᠤ ᠬᠡᠷᠡᠭᠲᠡᠢ᠃ ᠰᠢᠯᠢᠳᠡᠭ ᠰᠠᠶᠢᠨ ᠠᠩᠬᠢ ᠶᠢᠨ ᠺᠠᠳ᠋ᠷ ᠤᠨ | ᠡᠩᠨᠡᠭᠡ ᠶᠢ ᠪᠠᠶᠢᠭᠤᠯᠴᠢᠬᠠᠪᠠᠯ᠂ ᠪᠠᠭᠰᠢ ᠰᠣᠷᠣᠭᠴᠢ ᠶᠢᠨ ᠬᠤᠭᠤᠷᠤᠨᠳᠣᠬᠢ ᠨᠢᠭᠲᠠᠷᠠᠯᠴᠠᠭ᠎ᠠ ᠤᠯᠠᠮ ᠰᠠᠶᠢᠨ ᠪᠤᠯᠬᠤ | ᠪᠦᠭᠡᠳ ᠠᠩᠬᠢ ᠶᠢᠨ ᠪᠦᠯᠬᠦᠮᠳᠡᠯ ᠪᠠ ᠬᠠᠮᠲᠦ ᠶᠢᠨ ᠬᠦᠴᠦᠨ ᠠᠶᠠᠨᠳᠠᠭᠠᠨ ᠪᠤᠢ ᠪᠤᠯᠬᠤ ᠶᠤᠮ᠃ | ᠬᠤᠶᠠᠷ᠂ ᠲᠤᠭᠳᠠᠭᠰᠠᠨ ᠴᠠᠭ ᠲᠤ ᠠᠩᠬᠢ ᠶᠢᠨ ᠬᠤᠷᠠᠯ ᠬᠤᠷᠠᠯᠳᠤᠵᠦ ᠲᠡᠭᠦᠨ ᠢ ᠪᠠᠨ ᠳᠠᠳᠬᠠᠯ ᠪᠤᠯᠭᠠᠬᠤ | ᠭᠠᠷᠠᠭ ᠪᠤᠯᠭᠠᠨ ᠤ ᠲᠤᠭᠳᠠᠭᠰᠠᠨ ᠴᠠᠭ ᠲᠤ ᠠᠩᠬᠢ ᠶᠢᠨ ᠬᠤᠷᠠᠯ ᠬᠤᠷᠠᠯᠳᠣᠭᠤᠯᠵᠦ᠂ ᠠᠩᠬᠢ ᠳᠤ | ᠣᠷᠣᠰᠢᠵᠣ ᠪᠠᠶᠢᠭ᠎ᠠ ᠠᠰᠠᠭᠤᠳᠠᠯ ᠵᠢᠴᠢ ᠰᠣᠷᠣᠭᠴᠢᠳ ᠤᠨ ᠠᠮᠢᠳᠣᠷᠠᠯ ᠰᠣᠷᠣᠯᠭ᠎ᠠ᠂ ᠵᠠᠩ ᠠᠭᠠᠯᠢ ᠵᠡᠷᠭᠡ ᠲᠠᠯ᠎ᠠ ᠪᠠᠷ | ᠣᠯᠠᠮ ᠨᠢᠭᠡ ᠠᠯᠬᠤᠮ ᠣᠶᠢᠯᠠᠭᠠᠵᠣ᠂ ᠲᠠᠳᠠᠨ ᠤ ᠳᠠᠪᠰᠢᠯᠲᠠ ᠲᠠᠢ ᠲᠠᠯ᠎ᠠ ᠶᠢ ᠨᠢ ᠮᠠᠭᠲᠠᠨ ᠰᠠᠶᠢᠰᠢᠶᠠᠵᠤ᠂ | ᠬᠦᠷᠦᠯᠴᠡᠬᠦ ᠦᠭᠡᠢ ᠲᠠᠯ᠎ᠠ ᠶᠢ ᠨᠢ ᠰᠡᠩᠬᠡᠷᠡᠭᠦᠯᠵᠦ ᠬᠦᠮᠦᠵᠢᠭᠦᠯᠬᠦ ᠬᠡᠷᠡᠭᠲᠡᠢ᠃ | ᠠᠩᠬᠢ ᠶᠢᠨ ᠬᠤᠷᠠᠯ ᠢ ᠪᠠᠭᠰᠢ ᠠᠴᠠ ᠵᠢᠭᠠᠨ ᠵᠢᠯᠤᠭᠤᠳᠴᠦ᠂ ᠭᠠᠷᠠᠭ ᠪᠣᠯᠭᠠᠨ ᠭᠤᠷᠪᠠᠨ ᠰᠣᠷᠣᠭᠴᠢ ᠶᠢ | ᠲᠣᠰ ᠭᠠᠷᠠᠭ ᠤᠨ ᠬᠤᠷᠠᠯ ᠢ ᠵᠤᠬᠢᠶᠠᠨ ᠪᠠᠶᠢᠭᠤᠯᠵᠦ᠂ ᠠᠩᠬᠢ ᠳᠤ ᠣᠷᠣᠰᠢᠵᠦ ᠪᠠᠶᠢᠭ᠎ᠠ ᠠᠰᠠᠭᠤᠳᠠᠯ ᠢ | ᠢᠯᠡᠷᠡᠭᠦᠯᠬᠦ ᠶᠢᠨ ᠬᠠᠮᠲᠦ ᠠᠩᠬᠢ ᠶᠢᠨ ᠳᠦᠷᠢᠮ ᠳᠣᠭᠲᠠᠭᠠᠯ ᠶᠣᠰᠣ ᠪᠠᠷ ᠰᠢᠢᠳᠪᠦᠷᠢᠯᠡᠵᠦ᠂ ᠰᠠᠮᠪᠠᠷ᠎ᠠ ᠳᠡᠭᠡᠷ᠎ᠡ ᠲᠣᠰ | ᠭᠠᠷᠠᠭ ᠤᠨ ᠣᠳᠣᠨ ᠰᠣᠷᠣᠭᠴᠢ ᠪᠠ ᠪᠣᠯᠪᠠᠰᠣᠨ ᠰᠣᠷᠣᠭᠴᠢ ᠶᠢ ᠰᠢᠯᠭᠠᠷᠠᠭᠤᠯᠵᠦ ᠰᠠᠶᠢᠰᠢᠶᠠᠨ ᠬᠦᠬᠢᠭᠦᠯᠵᠦ᠂ | ᠳᠠᠷᠠᠭ᠎ᠠ ᠡᠭᠡᠯᠵᠢ ᠶᠢᠨ ᠭᠤᠷᠪᠠᠨ ᠰᠣᠷᠣᠭᠴᠢ ᠳᠤ ᠠᠵᠢᠯ ᠢᠶᠠᠨ ᠲᠣᠰᠢᠶᠠᠳᠠᠭ᠃ ᠢᠩᠭᠢᠵᠦ ᠡᠭᠡᠯᠵᠢ ᠳᠠᠷᠠᠭ᠎ᠠ ᠪᠠᠷ | ᠬᠦᠮᠦᠨ ᠪᠦᠷᠢ ᠨᠢᠭᠡ ᠣᠳᠠᠭᠠᠨ ᠤ ᠠᠩᠬᠢ ᠶᠢᠨ ᠠᠵᠢᠯ ᠢ ᠪᠦᠬᠦ ᠲᠠᠯ᠎ᠠ ᠪᠠᠷ ᠬᠠᠮᠢᠶᠠᠷᠴᠦ᠂ ᠪᠡᠶ᠎ᠡ ᠪᠠᠨ ᠳᠠᠭᠠᠭᠠᠬᠤ | ᠴᠢᠳᠠᠪᠦᠷᠢ᠂ ︽ᠦᠪᠡᠷ ᠢᠶᠠᠨ ᠦᠪᠡᠷ ᠢ ᠪᠠᠨ ᠢᠯᠠᠨ ᠲᠠᠪᠠᠭ᠋ᠣ︾ ᠰᠠᠶᠢᠬᠠᠨ ᠦᠵᠡᠯ ᠣᠬᠠᠮᠰᠠᠷ ᠢ ᠪᠣᠢ ᠪᠤᠯᠭᠠᠵᠦ᠂ | ᠦᠭᠡᠳᠡᠯᠡᠨ ᠳᠠᠪᠰᠢᠬᠤ ᠳᠤ ᠨᠢ ᠵᠣᠷᠢᠬᠵᠢᠭᠤᠯᠤᠯ ᠳᠦᠯᠬᠢᠴᠡ ᠬᠦᠴᠦᠨ ᠪᠤᠯᠵᠦ ᠪᠦᠬᠦ ᠲᠠᠯ᠎ᠠ ᠪᠠᠷ ᠬᠦᠮᠦᠵᠢᠭᠳᠡᠭᠰᠡᠨ | ᠰᠢᠯᠢᠳᠡᠭ ᠰᠣᠷᠣᠭᠴᠢ ᠶᠢ ᠬᠦᠮᠦᠵᠢᠭᠦᠯᠬᠦ ᠪᠠᠷ ᠵᠣᠷᠢᠪᠠ᠃ ᠡᠭᠦᠨ ᠤ ᠬᠠᠮᠲᠦ ᠰᠠᠷ᠎ᠠ ᠪᠤᠯᠭᠠᠨ ᠨᠢᠭᠡ ᠣᠳᠠᠭᠠᠨ ᠤ | ᠭᠤᠣᠯ ᠰᠡᠳᠦᠪᠲᠦ ᠠᠩᠬᠢ ᠶᠢᠨ ᠬᠤᠷᠠᠯ ᠢ ᠰᠣᠷᠣᠭᠴᠢ ᠦᠪᠡᠷᠰᠠᠳ ᠢᠶᠠᠨ ᠵᠣᠬᠢᠶᠠᠨ ᠪᠠᠶᠢᠭᠤᠯᠬᠤ ᠨᠢ | ᠰᠣᠷᠣᠭᠴᠢᠳ ᠤᠨ ᠶᠣᠰᠣ ᠰᠣᠷᠲᠠᠬᠤᠨ᠂ ᠣᠶᠣᠨ ᠤᠬᠠᠭᠠᠨ᠂ ᠪᠡᠶ᠎ᠡ ᠮᠠᠬᠠᠪᠣᠳ ᠵᠡᠷᠭᠡ ᠪᠦᠬᠦ ᠲᠠᠯ᠎ᠠ ᠪᠠᠷ | ᠬᠦᠭᠵᠢᠬᠦ ᠳᠤ ᠨᠢ ᠠᠰᠢᠭᠲᠠᠢ ᠶᠣᠮ᠃ ᠪᠠᠰᠠ ᠬᠢᠴᠢᠶᠡᠯ ᠤᠨ ᠭᠠᠳᠠᠨᠠᠬᠢ ᠦᠢᠯᠡᠳᠦᠯᠬᠡ ᠶᠢᠨ ᠠᠵᠢᠯ ᠳᠤ | ᠣᠷᠣᠯᠴᠠᠬᠤ ᠶᠢ ᠤᠷᠢᠶᠠᠯᠠᠵᠦ᠂ ᠠᠵᠢᠯ ᠬᠦᠳᠡᠯᠮᠦᠷᠢ ᠳᠤ ᠣᠷᠣᠯᠴᠠᠵᠦ᠂ ᠦᠢᠯᠡᠳᠦᠯᠭᠡ ᠮᠡᠷᠭᠡᠰᠢᠯ ᠳᠤ | ᠣᠶᠢᠷᠠᠲᠤᠭᠤᠯᠪᠡ᠃ | ᠭᠤᠷᠪᠠ᠂ ᠠᠩᠭᠢ ᠶᠢᠨ ᠡᠷᠬᠢᠯᠡᠭᠴᠢ ᠰᠠᠨᠠᠭᠠᠴᠢᠯᠠᠭ᠎ᠠ ᠠᠴᠠ ᠪᠠᠨ ᠬᠢᠴᠢᠶᠡᠯᠯᠡᠭᠴᠢ ᠪᠠᠭᠰᠢ ᠲᠠᠢ ᠪᠠᠨ | ᠬᠠᠷᠢᠯᠴᠠᠭ᠎ᠠ ᠪᠠᠨ ᠴᠢᠩᠭᠠᠳᠬᠠᠬᠤ | ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ ᠴᠠᠭ ᠲᠤᠬᠠᠶ ᠳᠤ ᠨᠢ ᠬᠢᠴᠢᠶᠡᠯ ᠤᠨ ᠪᠠᠭᠰᠢ ᠨᠠᠷ ᠲᠠᠢ | ᠬᠠᠷᠢᠯᠴᠠᠬᠤ ᠬᠡᠷᠡᠭᠲᠠᠢ᠃ ᠠᠩᠭᠢ ᠶᠢᠨ ᠢᠶᠠᠨ ᠡᠯ᠎ᠡ ᠲᠥᠷᠥᠯ ᠤᠨ ᠬᠢᠴᠢᠶᠡᠯ ᠢ ᠬᠠᠮᠲᠤ ᠳᠤ ᠨᠢ ᠬᠠᠷᠠᠭᠠᠯᠵᠠᠵᠤ᠂ | ᠠᠩᠭᠢ ᠶᠢᠨ ᠢᠶᠠᠨ ᠰᠤᠷᠤᠯᠭ᠎ᠠ ᠶᠢᠨ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ᠂ ᠵᠠᠷᠢᠮ ᠰᠤᠷᠤᠭᠴᠢ ᠶᠢᠨ | ᠬᠢᠴᠢᠶᠡᠯ ᠰᠣᠷᠣᠯᠭ᠎ᠠ ᠳᠤ ᠪᠠᠨ ᠰᠢᠮᠳᠠᠬᠤ ᠦᠭᠡᠢ ᠰᠡᠳᠬᠢᠯ ᠲᠠᠯᠪᠢᠨ ᠬᠢᠴᠢᠶᠡᠯ ᠰᠣᠨᠣᠰᠬᠤ ᠦᠭᠡᠢ᠂ ᠳᠠᠰᠬᠠᠯ | ᠳᠠᠭᠠᠭᠠᠯᠭᠠᠪᠤᠷᠢ ᠪᠠᠨ ᠳᠣᠰᠢᠶᠠᠬᠤ ᠦᠭᠡᠢ᠂ ᠰᠠᠭᠤᠷᠢ ᠮᠡᠳᠡᠯᠭᠡ ᠨᠡᠯᠢᠶᠡᠳ ᠪᠠᠭᠤᠷᠠᠶ ᠵᠡᠷᠭᠡ ᠠᠰᠠᠭᠤᠳᠠᠯ ᠤᠳ ᠲᠤ | ᠴᠢᠭᠯᠡᠭᠦᠯᠦᠨ᠂ ᠵᠣᠬᠢᠬᠤ ᠰᠢᠢᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠬᠤ ᠪᠥᠭᠡᠳ ᠬᠢᠴᠢᠶᠡᠯ ᠤᠨ ᠪᠠᠭᠰᠢ ᠨᠠᠷ ᠲᠠᠢ | ᠬᠠᠮᠲᠤ ᠪᠠᠷ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠬᠦ ᠪᠠᠷ ᠴᠢᠷᠮᠠᠶᠢᠳᠠᠭ᠃ ᠬᠠᠷᠢᠯᠴᠠᠨ ᠬᠠᠪᠰᠤᠷᠴᠤ | ᠬᠠᠷᠢᠯᠴᠠᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠤᠷᠤᠯᠭ᠎ᠠ ᠶᠢᠨ ᠲᠠᠯ᠎ᠠ ᠪᠠᠷ ᠰᠠᠶᠢᠨ | ᠰᠤᠷᠤᠭᠴᠢ ᠪᠠᠷ ᠰᠤᠷᠤᠯᠭ᠎ᠠ ᠳᠤ ᠪᠠᠨ ᠬᠦᠴᠢᠷᠲᠡᠶ ᠰᠤᠷᠤᠭᠴᠢ ᠶᠢ ᠳᠠᠶᠢᠴᠢᠯᠠᠭᠤᠯᠬᠤ ᠭᠡᠷᠡᠭᠳᠠᠢ᠃ ᠵᠢᠱᠢᠶᠡᠯᠡᠪᠡᠯ᠂ | ᠳᠠᠰᠬᠠᠯ ᠳᠠᠭᠠᠭᠠᠯᠭᠠᠪᠤᠷᠢ ᠶᠢ ᠤᠳᠠᠭᠠᠰᠢᠷᠠᠭᠤᠯᠬᠤ ᠦᠵᠡᠭᠳᠡᠯ ᠨᠡᠯᠢᠶᠡᠳ ᠤᠯᠠᠨ ᠪᠠᠶᠢᠳᠠᠯ ᠳᠤ ᠴᠢᠭᠯᠡᠭᠦᠯᠦᠨ᠂ ᠨᠠᠷᠢᠨ | ᠬᠢᠨᠠᠮᠠᠭᠠᠶ ᠬᠠᠷᠢᠭᠤᠴᠠᠵᠤ ᠪᠠᠶᠢᠭ᠎ᠠ ᠬᠡᠳᠦᠨ ᠰᠤᠷᠤᠭᠴᠢ ᠶᠢ ᠲᠣᠮᠢᠯᠠᠵᠤ᠂ ᠬᠦᠨᠳᠦ ᠨᠣᠴᠢᠲᠠᠢ ᠤᠳᠠᠭᠠᠰᠢᠷᠠᠭᠤᠯᠬᠤ | ᠦᠵᠡᠭᠳᠡᠯ ᠲᠠᠢ ᠰᠤᠷᠤᠭᠴᠢᠳ ᠲᠤ ᠨᠢᠭᠡ ᠨᠢᠭᠡ ᠪᠠᠷ ᠪᠠᠶᠢᠴᠠᠭᠠᠯᠲᠠ ᠬᠢᠵᠦ᠂ ᠤᠳᠠᠭᠠᠰᠢᠷᠠᠭᠤᠯᠤᠭᠰᠠᠨ | ᠰᠢᠯᠲᠠᠭᠠᠨ ᠢ ᠨᠢ ᠡᠷᠢᠵᠦ ᠣᠯᠤᠨ᠎ᠠ᠃ ᠤᠳᠠᠭᠠᠰᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠡᠷᠢᠨ | ᠣᠯᠵᠤ᠂ ᠲᠡᠳᠡᠨ ᠢᠶᠠᠷ ᠡᠳᠡᠭᠡᠷ ᠬᠠᠮᠲᠤ ᠰᠤᠷᠤᠯᠭᠠᠲᠠᠨ ᠢ ᠬᠠᠪᠰᠤᠷᠤᠨ ᠳᠠᠰᠬᠠᠯ ᠢᠶᠠᠨ ᠴᠠᠭ ᠲᠤᠬᠠᠢ ᠳᠤ ᠨᠢ | ᠪᠡᠶᠡᠯᠡᠭᠦᠯᠬᠦ ᠵᠡᠷᠭᠡ ᠠᠵᠢᠯ ᠢ ᠬᠢᠯᠭᠡᠨ᠎ᠡ᠃ | ᠳᠦᠷᠪᠠ᠂ ᠠᠩᠭᠢ ᠶᠢᠨ ᠡᠷᠬᠢᠯᠡᠭᠴᠢ ᠲᠦᠷ ᠬᠤᠴᠣᠷᠤᠩᠭᠤᠶ ᠰᠤᠷᠤᠭᠴᠢ ᠶᠢ ᠬᠤᠪᠢᠷᠠᠭᠤᠯᠬᠤ ᠠᠵᠢᠯ ᠢ | ᠰᠠᠶᠢᠲᠤᠷ ᠬᠢᠬᠦ ᠶᠢ ᠠᠩᠭᠢ ᠶᠢᠨ ᠬᠠᠮᠢᠶᠠᠷᠤᠯᠲᠠ ᠶᠢᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠬᠤ | ᠠᠩᠭᠢ ᠶᠢᠨ ᠡᠷᠬᠢᠯᠡᠭᠴᠢ ᠶᠢᠨ ᠠᠵᠢᠯ ᠤᠨ ᠳᠤᠮᠳᠠ᠂ ᠬᠤᠴᠤᠷᠤᠩᠭᠤᠢ ᠰᠤᠷᠤᠭᠴᠢᠳ ᠢ ᠬᠤᠪᠢᠷᠠᠭᠤᠯᠬᠤ | ᠠᠵᠢᠯ ᠢ ᠠᠮᠵᠢᠯᠲᠠ ᠲᠠᠢ ᠬᠢᠭᠰᠡᠨ ᠡᠰᠡᠬᠦ ᠨᠢ ᠠᠩᠭᠢ ᠶᠢᠨ ᠰᠤᠷᠲᠠᠯ ᠡᠴᠦᠰ ᠲᠤ ᠪᠠᠨ ᠰᠠᠶᠢᠵᠢᠷᠠᠵᠤ ᠴᠢᠳᠠᠬᠤ | ᠡᠰᠡᠬᠦ ᠶᠢ ᠲᠣᠭᠲᠠᠭᠠᠵᠤ ᠪᠠᠶᠢᠳᠠᠭ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠣᠨᠴᠠᠯᠢᠭ ᠢ ᠦᠨᠳᠦᠰᠦᠯᠡᠨ᠂ ᠰᠣᠷᠣᠭᠴᠢᠳ ᠤᠨ ᠦᠵᠡᠯ ᠰᠠᠨᠠᠭᠠᠨ ᠤ ᠠᠵᠢᠯ ᠢ ᠰᠠᠶᠢᠳᠤᠷ ᠬᠢᠵᠦ᠂ | ︽ᠰᠡᠳᠬᠢᠯᠭᠡ ᠶᠢ ᠨᠢ ᠬᠥᠳᠡᠯᠭᠡᠵᠦ᠂ ᠶᠣᠰᠣ ᠶᠢ ᠨᠢ ᠤᠶᠢᠯᠠᠭᠠᠭᠤᠯᠵᠣ︾᠂ ᠲᠡᠳᠡᠨ ᠤ ᠰᠡᠳᠬᠢᠯ ᠢ ᠢᠯᠡᠭᠦᠬᠡᠨ | ᠣᠷᠮᠠᠰᠢᠭᠤᠯᠤᠨ ᠳᠣᠭᠳᠣᠯᠣᠭᠤᠯᠬᠤ ᠬᠡᠷᠡᠭᠲᠡᠶ᠃ ᠲᠡᠳᠡᠨ ᠤ ᠣᠯᠠᠩᠬᠢ ᠨᠢ ᠣᠯᠠᠨ ᠤ ᠡᠮᠦᠨ᠎ᠡ ᠰᠢᠭᠦᠮᠵᠢᠯᠡᠬᠦ ᠳᠤ | ᠳᠣᠷ᠎ᠠ ᠦᠭᠡᠶᠢᠴᠡᠳᠡᠭ ᠪᠦᠭᠡᠳ ᠴᠠᠭ ᠢᠮᠠᠭᠲᠠ ᠲᠡᠳᠡᠨ ᠤ ᠪᠡᠶ᠎ᠡ ᠪᠠᠨ ᠬᠦᠨᠳᠦᠳᠬᠡᠬᠦ ᠰᠡᠳᠬᠢᠯ ᠢ ᠬᠠᠮᠠᠭᠠᠯᠠᠵᠤ᠂ | ᠲᠡᠳᠡᠨ ᠳᠤ ᠪᠠᠭᠰᠢ ᠨᠢ ᠲᠡᠳᠡᠨ ᠢ ᠬᠦᠨᠳᠦᠳᠬᠡᠳᠡᠭ ᠭᠡᠳᠡᠭ ᠢ ᠮᠡᠳᠡᠭᠦᠯᠬᠦ ᠬᠡᠷᠡᠭᠲᠡᠶ᠃ ᠳᠡᠳᠡᠨ ᠳᠤ ᠨᠠᠷᠢᠨ ᠬᠢᠨᠠᠮᠠᠭᠠᠢ᠂ | ᠬᠦᠯᠢᠴᠡᠩᠭᠦᠢ ᠬᠥᠮᠦᠵᠢᠯ ᠬᠢᠵᠦ᠂ ᠳᠠᠰᠤᠷᠠᠯᠳᠠ ᠦᠭᠡᠢ ᠵᠣᠷᠢᠬᠵᠢᠭᠤᠯᠬᠤ ᠭᠡᠷᠡᠭᠳᠠᠢ᠃ ᠪᠠᠭᠰᠢ ᠶᠢᠨ ᠴᠢᠩ | ᠦᠨᠡᠨᠴᠢ ᠰᠡᠳᠬᠢᠯ ᠨᠢ ᠬᠡᠵᠢᠶ᠎ᠡ ᠨᠢᠭᠡᠨ ᠡᠳᠦᠷ ᠲᠡᠳᠡᠨ ᠢ ᠳᠣᠭᠳᠣᠯᠤᠭᠤᠯᠤᠨ᠎ᠠ ᠭᠡᠳᠡᠭ ᠢ ᠢᠲᠡᠭᠡᠵᠦ ᠪᠠᠶᠢᠬᠤ ᠨᠢ | ᠵᠦᠢᠲᠠᠢ᠃ ᠠᠩᠭᠢ ᠶᠢᠨ ᠡᠷᠬᠢᠯᠡᠭᠴᠢ ᠡᠩ ᠤᠨ ᠦᠶ᠎ᠡ ᠳᠤ ᠰᠤᠷᠤᠭᠴᠢᠳ ᠲᠤ ᠢᠯᠡᠭᠦᠬᠡᠨ ᠪᠡᠶ᠎ᠡ ᠪᠠᠨ ᠳᠠᠭᠠᠭᠠᠬᠤ᠂ | ᠥᠪᠡᠷ ᠢ ᠪᠠᠨ ᠬᠦᠴᠦᠷᠬᠡᠭᠵᠢᠭᠦᠯᠬᠦ ᠬᠥᠮᠦᠵᠢᠯ ᠬᠢᠵᠦ᠂ ᠰᠤᠷᠤᠭᠴᠢᠳ ᠤᠨ ᠳᠠᠪᠠᠭᠤᠯᠢᠭ ᠲᠠᠯ᠎ᠠ ᠶᠢ ᠴᠠᠭ | ᠲᠤᠬᠠᠶ ᠳᠤ ᠨᠢ ᠪᠠᠷᠢᠵᠤ᠂ ᠪᠠᠶᠢᠳᠠᠯ ᠢ ᠨᠢ ᠦᠵᠡᠵᠦ ᠬᠥᠲᠥᠯᠥᠨ ᠵᠢᠯᠣᠭᠤᠳᠴᠤ᠂ ᠲᠡᠳᠡᠨ ᠢ ᠢᠳᠡᠪᠬᠢᠲᠡᠶ | ᠰᠡᠳᠬᠢᠯᠭᠡ ᠲᠠᠢ ᠪᠣᠯᠭᠠᠵᠤ᠂ ᠡᠭᠦᠨ ᠤ ᠤᠯᠠᠮ ᠠᠴᠠ ᠤᠯᠠᠨ ᠰᠣᠷᠣᠭᠴᠢ ᠶᠢ ᠲᠠᠶᠢᠴᠢᠯᠠᠵᠦ ᠪᠦᠬᠦ ᠲᠠᠯ᠎ᠠ ᠪᠠᠷ | ᠳᠠᠪᠰᠢᠭᠤᠯᠤᠨ᠎ᠠ᠃ | ᠲᠠᠪᠤ᠂ ᠠᠩᠭᠢ ᠶᠢᠨ ᠡᠷᠬᠢᠯᠡᠭᠴᠢ ᠦᠷᠭᠦᠯᠵᠢ ᠰᠣᠷᠣᠭᠴᠢ ᠶᠢᠨ ᠬᠡᠷ ᠤᠨ ᠠᠬᠠᠮᠠᠳ ᠲᠠᠢ ᠬᠠᠷᠢᠯᠴᠠᠵᠤ | ᠪᠠᠶᠢᠬᠤ ᠶᠢ ᠪᠠᠷᠢᠮᠲᠠᠯᠠᠬᠤ | ᠭᠡᠷ ᠤᠨ ᠰᠣᠷᠪᠣᠯᠵᠢᠯᠠᠭ᠎ᠠ ᠶᠢ ᠬᠦᠨᠳᠦᠳᠬᠡᠵᠦ᠂ ᠰᠣᠷᠣᠭᠴᠢᠳ ᠤᠨ ᠭᠡᠷ ᠢᠶᠠᠷ ᠲᠤᠭᠤᠷᠢᠨ ᠰᠣᠷᠪᠣᠯᠵᠢᠯᠠᠵᠦ᠂ | ᠭᠡᠷ ᠤᠨ ᠠᠬᠠᠮᠠᠳ ᠲᠠᠢ ᠨᠢᠭᠤᠷᠳᠠᠨ ᠶᠠᠷᠢᠯᠴᠠᠵᠣ᠂ ᠰᠠᠨᠠᠭ᠎ᠠ ᠰᠡᠳᠬᠢᠯ ᠢᠶᠠᠨ ᠰᠣᠯᠢᠯᠴᠠᠬᠤ ᠬᠡᠷᠡᠭᠲᠡᠢ᠃ ᠭᠡᠷ ᠲᠤ ᠨᠢ | ᠲᠣᠭᠤᠷᠢᠨ ᠰᠣᠷᠪᠣᠯᠵᠢᠯᠠᠪᠠᠯ ᠰᠣᠷᠣᠭᠴᠢ ᠶᠢᠨ ᠭᠡᠷ ᠲᠤ ᠪᠠᠨ ᠪᠠᠶᠢᠬᠤ ᠢᠯᠡᠷᠡᠯ᠂ ᠭᠡᠷ ᠤᠨ ᠠᠵᠤ ᠠᠬᠤᠢ ᠶᠢᠨ ᠪᠠᠶᠢᠳᠠᠯ | ᠵᠡᠷᠭᠡ ᠶᠢ ᠣᠶᠢᠯᠠᠭᠠᠵᠣ ᠪᠣᠯᠣᠨ᠎ᠠ᠃ ᠮᠦᠨ ᠴᠦ ᠠᠪᠤ ᠡᠵᠢ ᠲᠠᠢ ᠨᠢ ᠵᠣᠭᠤᠭᠳᠠᠬᠤ ᠶᠢᠨ ᠳᠣᠮᠳᠠ ᠰᠣᠷᠣᠭᠴᠢ ᠶᠢᠨ | ᠬᠤᠪᠢᠷᠠᠯᠲᠠ᠂ ᠭᠡᠷ ᠤᠨ ᠠᠬᠠᠮᠠᠳ᠂ ᠰᠣᠷᠭᠠᠭᠤᠯᠢ ᠪᠠ ᠠᠩᠬᠢ ᠶᠢᠨ ᠡᠷᠬᠢᠯᠡᠭᠴᠢ ᠶᠢᠨ ᠰᠠᠨᠠᠭᠤᠯᠭ᠎ᠠ ᠶᠢ ᠶᠠᠷᠢᠶᠠᠨ ᠤ | ᠳᠣᠮᠳᠠ ᠠᠴᠠ ᠣᠯᠵᠣ ᠮᠡᠳᠡᠨ᠎ᠡ᠃ ᠢᠩᠭᠢᠵᠦ ᠬᠢᠬᠦ ᠨᠢ ᠰᠣᠷᠭᠠᠭᠤᠯᠢ ᠪᠠ ᠨᠡᠶᠢᠭᠡᠮ ᠤᠨ ᠬᠤᠭᠤᠷᠣᠨᠳᠣᠬᠢ | ᠬᠠᠷᠢᠴᠠᠭ᠎ᠠ ᠶᠢ ᠭᠦᠨᠵᠡᠭᠡᠶᠢᠷᠡᠭᠦᠯᠳᠡᠭ ᠪᠣᠯᠬᠤᠷ ᠭᠡᠷ ᠤᠨ ᠰᠣᠷᠪᠣᠯᠵᠢᠯᠠᠭ᠎ᠠ ᠨᠢ ᠰᠣᠷᠣᠭᠴᠢ ᠶᠢ ᠬᠦᠮᠦᠵᠢᠭᠦᠯᠬᠦ ᠰᠠᠶᠢᠨ | ᠠᠷᠭ᠎ᠠ ᠠᠪᠴᠠᠯ ᠪᠤᠯᠤᠨ᠎ᠠ᠃ | ᠣᠳᠣ ᠶᠢᠨ ᠰᠤᠷᠤᠭᠴᠢᠳ ᠤᠨ ᠣᠯᠠᠩᠬᠢ ᠨᠢ ᠬᠥᠮᠦᠨ ᠤ ᠭᠠᠭᠴᠠ ᠬᠡᠦᠬᠡᠳ ᠶᠤᠮ᠃ ᠰᠤᠷᠭᠠᠨ | ᠬᠥᠮᠦᠵᠢᠯ ᠤᠨ ᠠᠰᠠᠭᠤᠳᠠᠯ ᠨᠡᠩ ᠲᠣᠪᠤᠶᠢᠮ᠎ᠠ ᠪᠣᠯᠵᠤ᠂ ᠵᠠᠷᠢᠮ ᠭᠡᠷ ᠤᠨ ᠠᠬᠠᠮᠠᠳ ᠵᠥᠪᠬᠡᠨ ᠬᠡᠦᠬᠡᠳ ᠢᠶᠠᠨ | ᠬᠡᠲᠦᠷᠬᠡᠶ ᠬᠠᠶᠢᠷᠠᠯᠠᠬᠤ ᠶᠢ ᠯᠠ ᠮᠡᠳᠡᠨ᠎ᠡ᠃ ᠭᠡᠲᠡᠯ᠎ᠡ ᠵᠠᠷᠢᠮ ᠭᠡᠷ ᠤᠨ ᠠᠬᠠᠮᠠᠳ ᠬᠡᠦᠬᠡᠳ ᠢ ᠬᠡᠲᠦᠷᠬᠡᠢ ᠴᠢᠩᠭ᠎ᠠ | ᠰᠢᠭᠦᠮᠵᠢᠯᠠᠳᠡᠭ᠃ ᠭᠡᠷ ᠤᠨ ᠠᠬᠠᠮᠠᠳ ᠨᠢ ᠰᠤᠷᠭᠠᠭᠤᠯᠢ ᠲᠠᠢ ᠬᠠᠮᠵᠢᠯᠴᠠᠨ ᠰᠤᠷᠤᠭᠴᠢᠳ ᠤᠨ ᠰᠤᠷᠭᠠᠨ | ᠬᠥᠮᠦᠵᠢᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠴᠢᠯᠥᠭᠡ ᠵᠠᠪ ᠢᠶᠠᠷ ᠢᠶᠠᠨ ᠭᠡᠷ ᠪᠦᠯᠢ ᠶᠢᠨ | ᠰᠤᠷᠪᠤᠯᠵᠢᠯᠠᠭ᠎ᠠ ᠬᠢᠬᠦ ᠪᠤᠶᠤ ᠭᠡᠷ ᠤᠨ ᠠᠬᠠᠮᠠᠳ ᠢᠶᠠᠨ ᠵᠠᠯᠠᠵᠤ ᠰᠤᠷᠭᠠᠭᠤᠯᠢ ᠳᠤ ᠣᠴᠢᠭᠤᠯᠪᠠᠯ ᠨᠡᠩ ᠰᠠᠶᠢᠨ | ᠪᠠᠶᠢᠳᠠᠭ᠃ ᠡᠰᠡᠬᠦᠯ᠎ᠡ ᠭᠠᠷ ᠣᠲᠠᠰᠣ᠂ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠭᠡᠷ ᠤᠨ | ᠠᠬᠠᠮᠠᠳ ᠲᠠᠢ ᠬᠠᠷᠢᠯᠴᠠᠵᠤ᠂ ᠰᠤᠷᠭᠠᠨ ᠬᠥᠮᠦᠵᠢᠯ ᠤᠨ ᠠᠵᠢᠯ ᠢ ᠬᠠᠮᠲᠤ ᠪᠠᠷ ᠰᠤᠳᠤᠯᠤᠨ ᠶᠠᠷᠢᠯᠴᠠᠵᠤ᠂ | ᠬᠤᠭᠤᠴᠠᠭ᠎ᠠ ᠪᠦᠷᠢ ᠶᠢᠨ ᠭᠡᠷ ᠤᠨ ᠠᠬᠠᠮᠠᠳ ᠤᠨ ᠬᠤᠷᠠᠯ ᠢ ᠮᠠᠰᠢ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠡ | ᠶᠡᠭᠡ ᠬᠡᠮᠵᠢᠶᠡᠨ ᠤ ᠪᠡᠯᠡᠳᠬᠡᠯ ᠠᠵᠢᠯ ᠬᠢᠬᠦ ᠭᠡᠷᠡᠭᠳᠠᠢ᠃ ᠨᠢᠭᠡ ᠰᠤᠷᠤᠯᠭ᠎ᠠ ᠶᠢᠨ ᠬᠤᠭᠤᠴᠠᠭᠠᠨ ᠤ ᠠᠵᠢᠯ ᠤᠨ | ᠲᠥᠯᠥᠪᠯᠡᠭᠡ᠂ ᠠᠵᠢᠯ ᠤᠨ ᠲᠣᠬᠢᠷᠠᠭᠤᠯᠤᠯᠲᠠ ᠪᠠᠨ ᠭᠡᠷ ᠤᠨ ᠠᠬᠠᠮᠠᠳ ᠲᠤ ᠬᠠᠷᠢᠭᠤ ᠮᠡᠳᠡᠭᠦᠯᠵᠦ᠂ ᠭᠡᠷ ᠤᠨ | ᠠᠬᠠᠮᠠᠳ ᠢᠶᠠᠷ ᠬᠠᠮᠵᠢᠯᠴᠠᠭᠤᠯᠬᠤ ᠬᠡᠷᠡᠭᠲᠡᠶ᠂ ᠢᠯᠡᠳᠲᠡ ᠳᠠᠪᠰᠢᠭᠰᠠᠨ ᠰᠤᠷᠤᠭᠴᠢᠳ ᠢ ᠰᠠᠶᠢᠰᠢᠶᠠᠨ ᠬᠥᠬᠢᠭᠦᠯᠵᠦ᠂ | ᠤᠬᠤᠷᠢᠯᠲᠠ ᠶᠡᠭᠡ ᠰᠤᠷᠤᠭᠴᠢ ᠶᠢᠨ ᠭᠡᠷ ᠤᠨ ᠠᠬᠠᠮᠠᠳ ᠲᠠᠢ ᠬᠠᠮᠲᠤ ᠰᠢᠯᠲᠠᠭᠠᠨ ᠢ ᠨᠢ ᠵᠠᠳᠠᠯᠵᠤ᠂ ᠠᠷᠭ᠎ᠠ ᠬᠡᠮᠵᠢᠶ᠎ᠡ | ᠲᠣᠭᠲᠠᠭᠠᠬᠤ ᠶᠢ ᠠᠩᠬᠠᠷᠤᠨ᠎ᠠ᠃ ᠭᠡᠷ ᠤᠨ ᠠᠬᠠᠮᠠᠳ ᠤᠨ ᠬᠤᠷᠠᠯ ᠢᠶᠠᠷ ᠳᠠᠮᠵᠢᠨ᠂ ᠭᠡᠷ ᠤᠨ ᠠᠬᠠᠮᠠᠳ ᠲᠤ | ᠬᠡᠦᠬᠡᠳ ᠤᠨ ᠰᠤᠷᠭᠠᠭᠤᠯᠢ ᠳᠤ ᠪᠠᠶᠢᠭ᠎ᠠ ᠦᠶ᠎ᠠ ᠶᠢᠨ ᠪᠣᠳᠠᠲᠦ ᠪᠠᠶᠢᠳᠠᠯ ᠢ ᠣᠶᠢᠯᠠᠭᠠᠭᠤᠯᠵᠤ᠂ ᠠᠯᠢ ᠠᠯᠢ ᠲᠠᠯ᠎ᠠ ᠪᠠᠷ | ᠰᠤᠷᠭᠠᠭᠤᠯᠢ ᠲᠠᠢ ᠬᠠᠮᠵᠢᠯᠴᠠᠨ ᠬᠡᠦᠬᠡᠳ ᠢ ᠬᠥᠮᠦᠵᠢᠭᠦᠯᠪᠡᠯ ᠨᠡᠩ ᠰᠠᠶᠢᠨ ᠰᠤᠷᠭᠠᠨ ᠬᠥᠮᠦᠵᠢᠯ ᠤᠨ ᠦᠷ᠎ᠡ | ᠪᠦᠲᠦᠮᠵᠢ ᠣᠯᠬᠤ ᠶᠢ ᠲᠣᠳᠣᠷᠬᠠᠶᠢᠯᠠᠵᠤ ᠦᠭᠪᠡᠯ ᠲᠠᠭᠠᠷᠠᠨ᠎ᠠ᠃ | ᠵᠢᠷᠭᠤᠭ᠎ᠠ᠂ ᠰᠢᠯᠭᠠᠯᠲᠠ ᠪᠣᠯᠪᠠᠰᠣᠷᠠᠯ ᠤᠨ ᠶᠠᠰᠣ ᠴᠢᠨᠠᠷ ᠤᠨ ᠵᠠᠳᠠᠯᠣᠯᠲᠠ ᠶᠢ ᠣᠷᠠᠯᠢᠭ ᠢᠶᠠᠷ ᠬᠢᠬᠦ | ᠤᠳᠠᠭ᠎ᠠ ᠪᠤᠯᠭᠠᠨ ᠤ ᠰᠢᠯᠭᠠᠯᠲᠠ ᠶᠢᠨ ᠲᠠᠷᠠᠭ᠎ᠠ ᠠᠩᠬᠢ ᠶᠢᠨ ᠡᠷᠬᠢᠯᠡᠭᠴᠢ ᠵᠣᠬᠢᠶᠠᠨ ᠪᠠᠶᠢᠭᠤᠯᠵᠦ᠂ ᠪᠦᠬᠦ | ᠰᠣᠷᠣᠭᠴᠢ ᠪᠠ ᠬᠢᠴᠢᠶᠡᠯᠯᠡᠭᠴᠢ ᠪᠠᠭᠰᠢ ᠶᠢᠨ ᠤᠷᠤᠯᠴᠠᠭᠰᠠᠨ ᠨᠢᠭᠡᠨ ᠤᠳᠠᠭᠠᠨ ᠤ ᠶᠠᠰᠣ ᠴᠢᠨᠠᠷ ᠤᠨ ᠵᠠᠳᠠᠯᠣᠯᠲᠠ ᠶᠢᠨ | ᠬᠤᠷᠠᠯ ᠬᠢᠵᠦ᠂ ᠣᠨᠴᠠ ᠰᠢᠯᠢᠳᠡᠭ ᠰᠣᠷᠣᠭᠴᠢ᠂ ᠰᠢᠯᠢᠳᠡᠭ ᠰᠣᠷᠣᠯᠭᠠᠲᠠᠨ᠂ ᠣᠨᠴᠠ ᠳᠠᠪᠰᠢᠯᠲᠠ ᠲᠠᠢ᠂ ᠪᠣᠯᠪᠠᠰᠣᠨ | ᠰᠣᠷᠣᠭᠴᠢ ᠶᠢ ᠰᠠᠶᠢᠰᠢᠶᠠᠨ ᠬᠦᠬᠢᠭᠦᠯᠵᠦ ᠣᠷᠮᠠᠰᠢᠭᠤᠯᠤᠨ ᠵᠣᠷᠢᠬᠵᠢᠭᠤᠯᠬᠤ ᠪᠠ ᠬᠢᠴᠢᠶᠡᠯ ᠲᠦᠷᠦᠯ ᠤᠨ ᠪᠠᠭᠰᠢ | ᠪᠣᠯᠭᠠᠨ ᠠᠴᠠ ᠣᠷᠣᠰᠢᠵᠦ ᠪᠠᠶᠢᠭ᠎ᠠ ᠠᠰᠠᠭᠤᠳᠠᠯ ᠤᠨ ᠲᠠᠯ᠎ᠡ ᠳᠤ ᠨᠠᠷᠢᠯᠢᠬ ᠵᠠᠳᠠᠯᠣᠯᠲᠠ ᠬᠢᠵᠦ᠂ ᠶᠠᠭᠠᠬᠢᠵᠦ | ᠰᠣᠷᠣᠯᠴᠠᠬᠤ ᠶᠠᠭᠠᠬᠢᠵᠦ ᠳᠠᠪᠲᠠᠬᠤ ᠠᠷᠭ᠎ᠠ ᠮᠠᠶ᠋ᠢᠭ ᠤᠨ ᠲᠠᠯ᠎ᠠ ᠳᠤ ᠵᠢᠯᠤᠭᠤᠳᠤᠯᠭ᠎ᠠ ᠦᠭᠬᠦ ᠶᠢᠨ ᠳᠠᠭᠠᠤ ᠬᠦᠮᠦᠨ | ᠪᠤᠯᠬᠤ ᠶᠢᠨ ᠬᠦᠮᠦᠵᠢᠯ ᠢ ᠰᠠᠶᠢᠲᠣᠷ ᠬᠢᠵᠦ᠂ ᠰᠣᠷᠬᠤ ᠠᠷᠭ᠎ᠠ᠂ ᠰᠣᠷᠬᠤ ᠣᠷᠮ᠎ᠠ ᠵᠣᠷᠢᠭ ᠢ ᠨᠢ ᠳᠠᠶᠢᠴᠢᠯᠠᠨ | ᠳᠠᠭᠠᠭᠤᠯᠬᠤ ᠬᠡᠷᠡᠭᠲᠡᠢ᠃ ᠡᠭᠦᠨ ᠤ ᠬᠠᠮᠲᠦ ᠴᠠᠭ ᠢᠮᠠᠭᠲᠠ ᠬᠢᠴᠢᠶᠡᠯᠯᠡᠭᠴᠢ ᠪᠠᠭᠰᠢ ᠲᠠᠢ ᠪᠠᠨ ᠨᠢᠭᠲᠠ ᠬᠠᠷᠢᠯᠴᠠᠨ | ᠰᠣᠷᠣᠭᠴᠢ ᠪᠤᠯᠭᠠᠨ ᠤ ᠠᠰᠠᠭᠤᠳᠠᠯ ᠢ ᠨᠠᠷᠢᠯᠢᠬ ᠣᠶᠢᠯᠠᠭᠠᠨ ᠵᠠᠳᠠᠯᠣᠨ ᠣᠷᠣᠰᠢᠵᠦ ᠪᠠᠶᠢᠭ᠎ᠠ ᠠᠰᠠᠭᠤᠳᠠᠯ ᠢ ᠵᠦᠪ ᠢᠶᠠᠷ | ᠬᠠᠯᠠᠨ ᠰᠠᠶᠢᠵᠢᠷᠠᠭᠤᠯᠵᠦ ᠬᠢᠴᠢᠶᠡᠯ ᠰᠣᠷᠣᠯᠭ᠎ᠠ ᠶᠢᠨ ᠲᠠᠯ᠎ᠠ ᠳᠤ ᠢᠯᠡᠭᠦᠬᠡᠨ ᠬᠦᠴᠦ ᠲᠠᠯᠪᠢᠵᠦ᠂ ᠰᠡᠭᠦᠯᠴᠢ ᠶᠢᠨ | ᠠᠵᠢᠯ ᠤᠨ ᠲᠠᠯ᠎ᠠ ᠳᠤ ᠲᠦᠯᠦᠪᠯᠡᠭᠡ ᠲᠣᠭᠳᠠᠭᠠᠵᠤ᠂ ᠳᠠᠷᠠᠭᠠᠴᠢ ᠶᠢᠨ ᠰᠢᠯᠭᠠᠯᠲᠠ ᠳᠤ ᠪᠠᠨ ᠬᠠᠮᠲᠦ ᠶᠢᠨ ᠲᠡᠮᠡᠴᠡᠬᠦ | ᠬᠠᠷᠠᠯᠲᠠ ᠲᠠᠢ ᠪᠠᠶᠢᠬᠤ ᠶᠢ ᠡᠷᠬᠢᠮᠯᠡᠪᠡᠯ ᠵᠤᠬᠢᠨ᠎ᠠ᠃ | ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ᠂ ᠭᠠᠭᠴᠠ ᠭᠦ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠠᠩᠭᠢ ᠶᠢᠨ ᠬᠠᠮᠢᠶᠠᠷᠤᠯᠲᠠ ᠶᠢᠨ ᠠᠵᠢᠯ ᠳᠤ ᠴᠢᠷᠮᠠᠶᠢᠵᠣ᠂ ᠰᠤᠷᠤᠭᠴᠢᠳ ᠲᠤ ᠬᠠᠶᠢᠷ᠎ᠠ ᠰᠡᠳᠬᠢᠯᠭᠡ ᠶᠢ ᠣᠶᠢᠯᠠᠭᠠᠨ | ᠮᠡᠳᠡᠭᠦᠯᠵᠦ᠂ ᠰᠤᠷᠤᠭᠴᠢᠳ ᠲᠤ ᠨᠡᠩ ᠭᠦᠨ ᠬᠠᠶᠢᠷ᠎ᠠ ᠬᠠᠯᠠᠮᠵᠢ ᠪᠠᠨ ᠭᠦᠷᠳᠡᠭᠡᠪᠡᠯ ᠰᠤᠷᠤᠭᠴᠢᠳ ᠤᠨ | ᠰᠤᠷᠤᠯᠭ᠎ᠠ ᠶᠢᠨ ᠬᠢᠷᠢ ᠪᠦᠲᠦᠮᠵᠢ ᠶᠡᠭᠡ ᠳᠡᠭᠡᠭᠰᠢᠯᠡᠬᠦ ᠪᠠᠷ ᠪᠠᠷᠠᠬᠤ ᠦᠭᠡᠶ ᠨᠡᠶᠢᠭᠡᠮ ᠨᠠᠶᠢᠲᠠ ᠳᠤ ᠠᠴᠢ ᠲᠤᠰᠠ ᠲᠠᠢ | ᠬᠦᠮᠦᠨ ᠪᠤᠯᠵᠤ ᠬᠦᠮᠦᠵᠢᠭᠳᠡᠨ᠎ᠡ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠣ ᠬᠤᠷᠴᠢᠨ ᠬᠤᠰᠢᠭᠤᠨ ᠤ ᠴᠢᠪᠠᠭ᠎ᠠ ᠮᠤᠩᠭᠤᠯ | ᠦᠨᠳᠦᠰᠦᠲᠡᠨ ᠤ ᠳᠣᠮᠳᠠᠳᠣ ᠰᠣᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |