ᠠᠮᠢᠳᠤ ᠪᠤᠳᠠᠰ ᠤᠨ ᠬᠢᠴᠢᠶᠡᠯ ᠳᠤ ᠰᠤᠷᠤᠭᠴᠢᠳ ᠤᠨ ᠨᠡᠶᠢᠬᠡᠮ ᠤᠨ ᠬᠠᠷᠢᠭᠤᠴᠠᠯᠭᠠᠳᠤ ᠰᠡᠳᠬᠢᠯ ᠢ ᠬᠦᠮᠦᠵᠢᠬᠦᠯᠬᠦ ᠠᠷᠭ᠎ᠠ ᠪᠤᠳᠤᠯᠭ᠎ᠠ
ᠨᠡᠶᠢᠲᠡᠯᠡᠭᠰᠡᠨ ᠴᠠᠭ᠄
2024/8/5
                          ᠪᠤᠤ ᠠᠭᠤᠳᠠᠮ

教学研究3.png

 

      ᠨᠢᠭᠡ᠂ ᠨᠠᠶᠢᠭᠡᠮ ᠤᠨ ᠬᠠᠷᠢᠭᠤᠴᠠᠯᠭ᠎ᠠ ᠶᠢᠨ ᠴᠢᠬᠤᠯᠠ ᠴᠢᠨᠠᠷ

      ︵ᠨᠢᠬᠡ︶ ᠰᠤᠷᠤᠬᠴᠢᠳ ᠤᠨ ᠡᠷᠡᠬᠦᠯ ᠢᠶᠠᠷ ᠭᠦᠭᠵᠢᠬᠦ ᠶᠢ ᠠᠬᠢᠭᠤᠯᠵᠤ᠂ ᠨᠡᠶᠢᠬᠡᠮ ᠤᠨ ᠬᠠᠷᠢᠭᠤᠴᠠᠯᠭᠠᠳᠤ

ᠰᠡᠳᠬᠢᠯ ᠢ ᠬᠦᠮᠦᠵᠢᠬᠦᠯᠭᠦ

      ᠬᠦᠮᠦᠨ ᠪᠦᠭᠦᠨ ᠦᠪᠡᠷ ᠤᠨ ᠢᠶᠠᠨ ᠡᠷᠡᠬᠦᠯ ᠮᠡᠨᠳᠤ ᠶᠢᠨ ᠨᠢᠬᠡᠳᠦᠬᠡᠷ ᠬᠠᠷᠢᠭᠤᠴᠠᠯᠭᠠᠳᠠᠨ ᠮᠥᠨ᠂ ᠪᠢᠳᠠ

ᠰᠤᠷᠤᠬᠴᠢᠳ ᠢᠶᠠᠷ ᠦᠪᠡᠷ ᠤᠨ ᠡᠷᠡᠬᠦᠯ ᠮᠡᠨᠳᠤ ᠶᠢ ᠲᠡᠷᠢᠬᠦᠨ ᠳᠤ ᠲᠠᠯᠪᠢᠬᠤ ᠬᠠᠷᠢᠭᠤᠴᠠᠯᠭᠠᠳᠠᠨ ᠤ ᠡᠬᠦᠷᠬᠡ

ᠬᠠᠷᠢᠭᠤᠴᠠᠯᠭ᠎ᠠ ᠶᠢ ᠡᠬᠦᠷᠬᠡᠯᠡᠬᠦᠯᠬᠦ ᠪᠠᠷ ᠪᠠᠷᠠᠬᠤ ᠦᠬᠡᠢ᠂ ᠨᠡᠶᠢᠬᠡᠮ᠂ ᠰᠤᠷᠭᠠᠭᠤᠯᠢ᠂ ᠬᠡᠷ ᠪᠦᠯᠢ ᠶᠢᠨ ᠬᠢᠨ ᠴᠦ

ᠡᠶᠢᠮᠤ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠬᠦᠯᠬᠦ ᠬᠡᠷᠡᠭᠳᠠᠢ᠂ ᠦᠬᠡᠷ᠎ᠡ ᠪᠠᠷ ᠬᠡᠯᠡᠪᠡᠯ ︽ᠡᠷᠡᠬᠦᠯ ᠮᠡᠨᠳᠤ ᠶᠢ

ᠲᠡᠷᠢᠬᠦᠨ ᠳᠤ ᠲᠠᠯᠪᠢᠬᠤ︾ ᠶᠢ ᠰᠤᠷᠭᠠᠨ ᠬᠦᠮᠦᠵᠢᠯ ᠵᠢᠭᠠᠨ ᠰᠤᠷᠭᠠᠯᠳᠠ᠂ ᠬᠡᠷ ᠪᠦᠯᠢ ᠪᠠ ᠨᠡᠶᠢᠬᠡᠮ ᠤᠨ

ᠠᠵᠢᠯᠯᠠᠭᠠᠨ ᠤ ᠬᠠᠮᠤᠭ ᠤᠨ ᠢᠯᠡᠷᠬᠡᠢ᠂ ᠬᠠᠮᠤᠭ ᠤᠨ ᠴᠢᠬᠤᠯᠠ ᠪᠠᠶᠢᠷᠢᠨ ᠳᠤ ᠦᠨᠡᠨ ᠬᠦ ᠲᠠᠯᠪᠢᠬᠤ          

ᠬᠡᠷᠡᠭᠳᠡᠢ᠃ ᠵᠢᠱᠢᠶᠠᠯᠠᠪᠠᠯ᠂ ︽ᠢᠮᠦ᠋ᠯᠦᠬᠢ ᠶᠢᠨ ᠤᠬᠠᠭᠠᠨ︾ ᠤ ᠬᠡᠷᠡᠭᠯᠡᠯᠳᠡ ᠶᠢ ᠰᠤᠷᠤᠯᠴᠠᠬᠤ ᠳᠤ ᠪᠠᠨ᠂ ᠪᠦᠬᠦ

ᠠᠷᠠᠳ ᠢᠶᠠᠷ ᠢᠶᠠᠨ ᠰᠢᠨ᠎ᠡ ᠲᠠᠷᠢᠯᠭ᠎ᠠ ᠶᠢᠨ ᠸᠠᠺᠼᠢᠨ ᠢ ᠠᠯᠢ ᠴᠢᠳᠠᠬᠤ ᠪᠠᠷ ᠲᠠᠷᠢᠵᠤ᠂ ᠬᠤᠪᠢ ᠬᠦᠮᠦᠨ ᠤ ᠨᠢᠬᠡᠳᠤᠬᠡᠷ

ᠬᠠᠯᠬᠠᠪᠴᠢ ᠶᠢᠨ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠶᠢ ᠰᠠᠶᠢᠳᠤᠷ ᠬᠢᠬᠦ ᠬᠡᠷᠡᠭᠳᠡᠢ ᠪᠦᠭᠡᠳ ᠬᠦᠮᠦᠨ ᠤᠯᠠᠨ

ᠴᠤᠬᠯᠠᠷᠠᠳᠠᠭ ᠲᠠᠯᠠᠪᠤᠷ ᠲᠤ ᠠᠯᠢ ᠴᠢᠳᠠᠬᠤ ᠪᠠᠷ ᠤᠴᠢᠬᠤ ᠦᠬᠡᠢ᠂ ᠰᠢᠨᠵᠢᠯᠡᠬᠦ ᠤᠬᠠᠭᠠᠨᠴᠢ  ᠪᠠᠷ ᠠᠮᠠᠪᠴᠢ ᠵᠡᠬᠦᠭᠦ᠂

ᠨᠡᠶᠢᠳᠡ ᠶᠢᠨ ᠮᠠᠰᠢᠨ ᠲᠡᠷᠬᠡ᠂ ᠲᠦᠷᠢᠶᠡᠰᠤᠨ ᠮᠠᠰᠢᠨ ᠲᠡᠷᠬᠡᠨ ᠳᠤ ᠰᠠᠭᠤᠬᠤ ᠪᠤᠶᠤ ᠡᠮᠨᠡᠯᠭᠡ ᠶᠢᠨ ᠬᠤᠷᠢᠶ᠎ᠠ ᠵᠡᠷᠬᠡ

ᠬᠦᠮᠦᠨ ᠬᠠᠷ᠎ᠠ ᠤᠯᠠᠨ ᠴᠤᠬᠯᠠᠷᠠᠭᠰᠠᠨ ᠭᠠᠵᠠᠷ ᠲᠤ ᠤᠴᠢᠬᠤ ᠳᠤ ᠪᠠᠨ ᠬᠤᠪᠢ ᠭᠦᠮᠦᠨ ᠤ ᠬᠠᠮᠠᠭᠠᠯᠠᠯᠳᠠ ᠶᠢ

ᠰᠠᠶᠢᠳᠤᠷ ᠬᠢᠭᠦ ᠭᠡᠷᠡᠭᠳᠠᠢ᠃ ᠰᠤᠷᠤᠬᠴᠢᠳ ᠬᠢᠴᠢᠶᠡᠯ ᠤᠷᠤᠬᠤ ᠬᠤᠭᠤᠴᠠᠭᠠᠨ ᠳᠤ ᠦᠷᠬᠦᠯᠵᠢ ᠰᠠᠯᠬᠢ

ᠨᠡᠪᠳᠡᠷᠡᠬᠦᠯᠦᠨ᠂ ᠤᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠬᠤ᠂ ᠡᠬᠦᠨ ᠤ ᠤᠯᠠᠮ ᠢᠶᠠᠷ ᠰᠤᠷᠤᠬᠴᠢᠳ ᠤᠨ

ᠨᠡᠶᠢᠬᠡᠮ ᠤᠨ ᠬᠠᠷᠢᠭᠤᠴᠠᠯᠭᠠᠳᠤ ᠤᠬᠠᠮᠰᠠᠷ ᠪᠠ ᠬᠠᠷᠢᠭᠤᠴᠠᠯᠭᠠᠳᠤ ᠰᠡᠳᠬᠢᠯᠬᠡ ᠶᠢ ᠬᠦᠮᠦᠵᠢᠬᠦᠯᠦᠨ᠎ᠡ᠃ 2022

ᠤᠨ ᠤ ᠡ᠊ᠩ ᠤᠨ ᠲᠠᠭᠡᠳᠤ ᠰᠤᠷᠭᠠᠭᠤᠯᠢ ᠶᠢᠨ ᠰᠤᠷᠤᠭᠴᠢ ᠡᠯᠰᠠᠭᠦ ᠪᠦᠭᠦ ᠤᠯᠤᠰ ᠤᠨ ᠨᠢᠭᠡᠳᠤᠯᠳᠠᠢ ᠰᠢᠯᠭᠠᠯᠳᠠ ᠶᠢᠨ

ᠪᠠᠶᠢᠭᠠᠯᠢ ᠶᠢᠨ ᠰᠢᠨᠵᠢᠯᠠᠭᠡᠨ ᠤ ᠶᠡᠷᠦᠩᠭᠡᠶᠢᠯᠡᠭᠰᠡᠨ ᠴᠢᠳᠠᠪᠤᠷᠢ ᠶᠢᠨ ᠪᠠᠶᠢᠴᠠᠭᠠᠯᠳᠠ ᠶᠢᠨ ᠬᠦᠬᠡᠭᠴᠢᠨ ᠰᠡᠳᠤᠪ ᠤᠨ 38

ᠳ᠋ᠤᠭᠠᠷ ᠰᠡᠳᠤᠪ ᠨᠢ ᠰᠢᠨ᠎ᠡ ᠲᠢᠳᠢᠮᠯᠢᠭ ᠸᠢᠷᠦ᠋ᠰ ᠤᠨ ᠪᠦᠬᠡᠮ ᠬᠦᠴᠢᠯ ᠤᠨ ᠪᠠᠶᠢᠴᠠᠭᠠᠯᠳᠠ ᠪᠠ ᠸᠺᠼᠢᠨ ᠤ

ᠲᠠᠷᠢᠯᠭ᠎ᠠ ᠶᠢᠨ ᠲᠤᠭᠤᠷᠢᠨ ᠳᠤ᠂ ᠪᠦᠬᠡᠮ ᠬᠦᠴᠢᠯ ᠤᠨ ᠪᠠᠶᠢᠴᠠᠭᠠᠯᠳᠠ ᠬᠡᠮᠵᠢᠯᠳᠡ ᠶᠢᠨ ᠦᠨᠳᠦᠰᠦᠨ ᠤᠭ ᠶᠤᠰᠤᠨ ᠤ

ᠵᠠᠳᠠᠯᠤᠯᠳᠠ ᠶᠢ ᠰᠢᠯᠭᠠᠨ ᠪᠠᠶᠢᠴᠠᠭᠠᠵᠤ᠂ ᠰᠤᠷᠤᠬᠴᠢᠳ ᠢ ᠬᠦᠳᠦᠯᠦᠨ ᠵᠢᠯᠤᠭᠤᠳᠴᠤ ᠪᠠᠶᠢᠭᠠᠳ ᠬᠢᠵᠢᠭ ᠢ

ᠰᠡᠷᠬᠡᠶᠢᠯᠡᠬᠦ ᠠᠷᠭ᠎ᠠ ᠬᠡᠮᠵᠢᠶᠠᠨ ᠤ ᠲᠤᠬᠠᠢ ᠲᠠᠨᠢᠯᠳᠡ ᠶᠢ ᠨᠢ ᠬᠦᠨᠵᠡᠬᠡᠶᠢᠷᠡᠬᠦᠯᠦᠭᠰᠡᠨ ᠪᠠᠶᠢᠨ᠎ᠠ᠃

      ᠰᠤᠷᠤᠬᠴᠢᠳ ᠰᠤᠷᠭᠠᠭᠤᠯᠢ ᠳᠤ ᠪᠠᠨ ᠮᠡᠳᠡᠯᠬᠡ ᠰᠤᠷᠬᠤ ᠪᠠᠷ ᠪᠠᠷᠠᠬᠤ ᠦᠬᠡᠢ᠂ ᠨᠡᠩ ᠴᠢᠬᠤᠯᠠ ᠨᠢ

ᠰᠤᠷᠭᠠᠭᠤᠯᠢ ᠳᠤ ᠰᠤᠷᠤᠯᠴᠠᠭᠰᠠᠨ ᠮᠡᠳᠡᠯᠬᠡ ᠪᠠᠨ ᠪᠤᠰᠤᠳ ᠲᠤ ᠤᠯᠠᠮᠵᠢᠯᠠᠵᠤ᠂ ᠰᠤᠷᠤᠬᠰᠠᠨ ᠮᠡᠳᠡᠯᠬᠡ ᠪᠠᠨ

ᠨᠡᠶᠢᠬᠡᠮ ᠤᠨ ᠲᠠᠪᠰᠢᠯᠳᠡ ᠳᠤ ᠡᠷᠭᠦᠭᠦ ᠶᠠᠪᠤᠳᠠᠯ ᠪᠤᠯᠤᠨ᠎ᠠ᠃

      ︵ᠬᠤᠶᠠᠷ︶ ᠰᠢᠨ᠎ᠡ ᠬᠢᠴᠢᠶᠡᠯ ᠤᠨ ᠦᠬᠡᠷᠡᠴᠢᠯᠡᠯᠳᠡ ᠶᠢᠨ ᠬᠡᠷᠡᠭᠴᠡᠭᠡ ᠳᠤ ᠨᠡᠶᠢᠴᠡᠬᠦᠯᠵᠤ᠂ ᠨᠡᠶᠢᠬᠡᠮ ᠤᠨ

ᠬᠠᠷᠢᠭᠤᠴᠠᠯᠭᠠᠳᠤ ᠰᠡᠳᠬᠢᠯ ᠢ ᠬᠦᠮᠦᠵᠢᠬᠦᠯᠭᠦ

      ᠠᠮᠢᠳᠤ ᠪᠤᠳᠠᠰ ᠤᠨ ᠭᠢᠴᠢᠶᠡᠯ ᠤᠨ ᠭᠤᠤᠯᠯᠠᠭᠴᠢ ᠬᠡᠪ ᠪᠤᠯᠪᠠᠰᠤᠷᠠᠯ ᠤᠨ ᠨᠢᠭᠡᠨ ᠴᠢᠬᠤᠯᠠ ᠠᠭᠤᠯᠭ᠎ᠠ ᠪᠤᠯ

ᠰᠤᠷᠤᠭᠴᠢᠳ ᠤᠨ ᠨᠡᠶᠢᠬᠡᠮ ᠤᠨ ᠬᠠᠷᠢᠭᠤᠴᠠᠯᠭᠠᠳᠤ ᠰᠡᠳᠬᠢᠯ ᠢ ᠭᠦᠮᠦᠵᠢᠭᠦᠯᠭᠦ ᠶᠠᠪᠤᠳᠠᠯ ᠪᠤᠯᠤᠨ᠎ᠠ᠃ ︽ᠨᠡᠶᠢᠬᠡᠮ ᠤᠨ

ᠬᠠᠷᠢᠭᠤᠴᠠᠯᠭ᠎ᠠ︾ ᠬᠡᠳᠡᠭ ᠨᠢ ᠠᠮᠢᠳᠤ ᠪᠤᠳᠠᠰ ᠤᠨ ᠰᠤᠳᠤᠯᠤᠯ ᠤᠨ ᠲᠠᠨᠢᠯᠳᠠ ᠳᠤ ᠰᠠᠭᠤᠷᠢᠯᠠᠨ᠂ ᠬᠤᠪᠢ ᠬᠦᠮᠦᠨ

ᠪᠠ ᠨᠡᠶᠢᠬᠡᠮ ᠤᠨ ᠬᠡᠷᠡᠭ ᠶᠠᠪᠤᠳᠠᠯ ᠤᠨ ᠶᠠᠷᠢᠯᠴᠠᠭᠠᠨ ᠳᠤ ᠤᠷᠤᠯᠴᠠᠵᠤ᠂ ᠤᠶᠤᠨᠴᠢ ᠲᠠᠶᠢᠯᠪᠤᠷᠢᠯᠠᠯᠳᠠ ᠪᠠ

ᠮᠠᠭᠠᠳᠯᠠᠯᠳᠠ ᠬᠢᠵᠤ᠂ ᠦᠢᠯᠡᠳᠪᠦᠷᠢᠯᠠᠯ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠬᠠᠷᠢᠭᠤᠴᠠᠯᠭ᠎ᠠ ᠪᠠ

ᠠᠷᠭ᠎ᠠ ᠶᠢ ᠵᠢᠭᠠᠨ᠎ᠠ᠃ ᠠᠮᠢᠳᠤ ᠪᠤᠳᠠᠰ ᠤᠨ ᠰᠤᠳᠤᠯᠤᠯ ᠤᠨ ᠤᠭ ᠶᠤᠰᠤ ᠪᠠᠷ ᠦᠢᠯᠡᠳᠪᠦᠷᠢᠯᠠᠯ ᠠᠮᠢᠳᠤᠷᠠᠯ ᠤᠨ

ᠠᠰᠠᠭᠤᠳᠠᠯ ᠢ ᠰᠢᠢᠳᠪᠦᠷᠢᠯᠡᠬᠦ ᠨᠢ ᠰᠤᠷᠤᠬᠴᠢᠳ ᠤᠨ ᠮᠡᠳᠡᠯᠬᠡ ᠶᠢ ᠬᠡᠷᠡᠭᠯᠡᠭᠦ ᠴᠢᠳᠠᠪᠤᠷᠢ ᠶᠢ ᠲᠡᠭᠡᠭᠰᠢᠯᠡᠬᠦᠯᠬᠦ ᠪᠠᠷ

ᠦᠯᠦ ᠪᠠᠷᠠᠮ᠂ ᠲᠡᠳᠡᠨ ᠳᠤ ᠦᠪᠡᠷ ᠪᠡᠶ᠎ᠡ ᠶᠢᠨ ᠦᠷᠳᠡᠭ ᠤᠨ ᠪᠡᠶᠡᠯᠡᠭᠳᠡᠯ ᠠᠴᠠ ᠪᠤᠯᠤᠬᠰᠠᠨ ᠬᠠᠨᠤᠮᠵᠢ ᠶᠢᠨ

ᠰᠡᠳᠬᠢᠭᠳᠡᠯ ᠢ ᠨᠡᠩ ᠢᠯᠡᠬᠦᠤ ᠤᠶᠢᠯᠠᠭᠠᠭᠤᠯᠵᠤ ᠴᠢᠳᠠᠨ᠎ᠠ᠃ ᠵᠢᠱᠢᠶᠠᠯᠠᠪᠠᠯ᠂ ︽ᠬᠦᠮᠦᠨ ᠲᠦᠷᠦᠯᠬᠢᠳᠡᠨ ᠤ

ᠤᠳᠤᠮᠯᠠᠯ ᠤᠨ ᠡᠪᠡᠳᠴᠢᠨ︾ ᠢ ᠰᠤᠷᠤᠯᠴᠠᠬᠤ ᠦᠶ᠎ᠡ ᠳᠤ᠂ ᠬᠦᠮᠦᠰ ᠤᠨ ᠲᠤᠮᠳᠠᠬᠢ ᠤᠳᠤᠮᠯᠠᠯ ᠤᠨ ᠡᠪᠡᠳᠴᠢᠨ ᠢ

ᠪᠠᠶᠢᠴᠠᠭᠠᠵᠤ᠂ ᠤᠳᠤᠮᠯᠠᠯ ᠤᠨ ᠡᠪᠡᠳᠴᠢᠨ ᠤ ᠲᠦᠷᠦᠯ ᠵᠦᠢᠯ᠂ ᠬᠤᠤᠷ ᠬᠦᠨᠦᠬᠡᠯ ᠪᠠ ᠲᠡᠭᠦᠨ ᠢ ᠬᠡᠷᠬᠢᠨ

ᠤᠷᠢᠳᠴᠢᠯᠠᠨ ᠰᠡᠷᠬᠡᠶᠢᠯᠡᠬᠦ ᠲᠤᠬᠠᠢ ᠮᠠᠳᠠᠯᠭᠡ ᠶᠢ ᠭᠦᠨᠵᠠᠭᠡᠢ ᠤᠢᠢᠯᠠᠭᠠᠭᠤᠯᠵᠤ᠂ ᠡᠬᠦᠨ ᠤ ᠤᠯᠠᠮ ᠠᠴᠠ

ᠰᠤᠷᠤᠬᠴᠢᠳ ᠢ ᠬᠠᠪᠰᠤᠷᠴᠤ ᠤᠳᠤᠮᠯᠠᠯ ᠤᠨ ᠡᠪᠡᠳᠴᠢᠨ ᠨᠢ ᠦᠨᠡᠨ ᠪᠤᠳᠠᠳᠠᠢ ᠤᠷᠤᠰᠢᠬᠤ ᠶᠢᠨ ᠬᠠᠮᠳᠤ ᠬᠦᠮᠦᠨ

ᠲᠦᠷᠦᠯᠬᠢᠳᠡᠨ ᠤ ᠡᠷᠡᠬᠦᠯ ᠮᠡᠨᠳᠤ ᠶᠢ ᠬᠤᠬᠢᠷᠠᠭᠤᠯᠵᠤ ᠪᠠᠶᠢᠭ᠎ᠠ ᠭᠡᠳᠡᠭ ᠢ ᠮᠠᠳᠠᠭᠦᠯᠵᠤ᠂ ᠰᠤᠷᠤᠭᠴᠢᠳ ᠤᠨ

ᠨᠡᠶᠢᠬᠡᠮ ᠤᠨ ᠬᠠᠷᠢᠭᠤᠴᠠᠯᠭᠠᠳᠤ ᠤᠬᠠᠮᠰᠠᠷ ᠢ ᠭᠦᠮᠦᠵᠢᠭᠦᠯᠦᠨ᠎ᠠ᠃

      ᠬᠤᠶᠠᠷ᠂ ᠲᠡᠬᠡᠳᠤ ᠲᠤᠮᠳᠠᠳᠤ ᠶᠢᠨ ᠠᠮᠢᠳᠤ ᠪᠤᠳᠠᠰ ᠤᠨ ᠵᠢᠭᠠᠨ ᠰᠤᠷᠭᠠᠯᠳᠠ ᠳᠤ ᠰᠤᠷᠤᠬᠴᠢᠳ ᠤᠨ

ᠨᠡᠶᠢᠬᠡᠮ ᠤᠨ ᠬᠠᠷᠢᠭᠤᠴᠠᠯᠭᠠᠳᠤ ᠰᠡᠳᠬᠢᠯ ᠢ ᠬᠦᠮᠦᠵᠢᠬᠦᠯᠬᠦ ᠠᠷᠭ᠎ᠠ ᠪᠤᠳᠤᠯᠭ᠎ᠠ

      ︵ᠨᠢᠬᠡ︶ ᠰᠤᠷᠤᠬᠴᠢᠳ ᠤᠨ ᠬᠢᠴᠢᠶᠡᠯ ᠤᠨ ᠲᠠᠩᠬᠢᠮ ᠤᠨ ᠭᠤᠤᠯ ᠴᠤᠬᠴᠠ ᠶᠢᠨ ᠪᠠᠶᠢᠷᠢ ᠰᠠᠭᠤᠷᠢ ᠶᠢ

ᠬᠦᠨᠳᠦᠳᠬᠡᠬᠦ

      ᠲᠠᠭᠡᠷ᠎ᠠ ᠶᠠᠷᠢᠭᠰᠠᠨ ᠮᠠᠳᠤ ᠪᠠᠷ ︽ᠨᠡᠶᠢᠬᠡᠮ ᠤᠨ ᠬᠠᠷᠢᠭᠤᠴᠠᠯᠭ᠎ᠠ︾ ᠬᠡᠳᠡᠭ ᠨᠢ ᠠᠮᠢᠳᠤ ᠪᠤᠳᠠᠰ ᠤᠨ

ᠰᠤᠳᠤᠯᠤᠯ ᠤᠨ ᠲᠠᠨᠢᠯᠳᠠ ᠳᠤ ᠰᠠᠭᠤᠷᠢᠯᠠᠨ᠂ ᠬᠤᠪᠢ ᠬᠦᠮᠦᠨ ᠪᠠ ᠨᠡᠶᠢᠬᠡᠮ ᠤᠨ ᠬᠡᠷᠡᠭ ᠶᠠᠪᠤᠳᠠᠯ ᠤᠨ

ᠶᠠᠷᠢᠯᠴᠠᠭᠠᠨ ᠳᠤ ᠤᠷᠤᠯᠴᠠᠵᠤ᠂ ᠤᠶᠤᠨᠴᠢ ᠲᠠᠶᠢᠯᠪᠦᠷᠢᠯᠠᠯᠳᠠ ᠪᠠ ᠮᠠᠭᠠᠳᠯᠠᠯᠳᠠ ᠬᠢᠵᠤ᠂ ᠦᠢᠯᠡᠳᠪᠦᠷᠢᠯᠠᠯ᠂

ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠡᠬᠦᠷᠬᠡᠯᠡᠯ ᠪᠠ ᠴᠢᠳᠠᠪᠦᠷᠢ ᠶᠢ ᠵᠢᠭᠠᠵᠤ ᠪᠠᠶᠢᠨ᠎ᠠ᠃ ᠬᠢᠴᠢᠶᠠᠯ ᠤᠨ

ᠪᠠᠷᠢᠮᠵᠢᠶ᠎ᠠ ᠳᠠᠬᠢ ᠨᠡᠶᠢᠬᠡᠮ ᠤᠨ ᠬᠠᠷᠢᠭᠤᠴᠠᠯᠭ᠎ᠠ ᠶᠢᠨ ᠲᠤᠬᠠᠢ ᠲᠤᠮᠢᠶᠠᠯᠠᠯ ᠨᠢ ︽ᠡᠭᠦᠷᠭᠡᠯᠡᠯ ᠪᠠ ᠴᠢᠳᠠᠪᠤᠷᠢ︾ ᠶᠢ

ᠵᠢᠭᠠᠳᠠᠭ᠃ ︽ᠬᠠᠷᠢᠭᠤᠴᠠᠯᠭ᠎ᠠ ᠡᠭᠦᠷᠭᠡᠯᠡᠬᠦ︾ ᠬᠡᠳᠡᠭ ᠨᠢ ︽ᠬᠠᠷᠢᠭᠤᠴᠠᠯᠭ᠎ᠠ ᠡᠭᠦᠷᠭᠡᠯᠡᠬᠦ︾ ᠤᠪᠤᠷ ᠪᠠ

ᠴᠢᠳᠠᠪᠤᠷᠢ ᠶᠢ ᠴᠢᠬᠤᠯᠠᠴᠢᠯᠠᠬᠤ ᠭᠡᠰᠠᠨ ᠤᠳᠬ᠎ᠠ ᠲᠠᠢ ᠶᠤᠮ᠃ ᠠᠮᠢᠳᠤ ᠪᠤᠳᠠᠰ ᠤᠨ ᠰᠤᠳᠤᠯᠤᠯ ᠤᠨ ᠬᠢᠴᠢᠶᠡᠯ ᠢ

ᠰᠤᠷᠤᠯᠴᠠᠬᠤ ᠶᠠᠪᠤᠴᠠ ᠳᠤ᠂ ᠰᠤᠷᠤᠭᠴᠢᠳ ᠲᠤ ᠪᠤᠢ ᠪᠤᠯᠭᠠᠭᠰᠠᠨ ᠠᠮᠢ ᠶᠢᠨ ᠥᠵᠡᠯᠳᠡ᠂ ᠰᠢᠠᠵᠢᠯᠡᠬᠦ ᠤᠬᠠᠭᠠᠠᠴᠢ

ᠰᠡᠳᠭᠢᠭᠦᠢ ᠶᠢᠨ ᠲᠠᠳᠬᠠᠯ ᠪᠠ ᠴᠢᠳᠠᠪᠤᠷᠢ᠂ ᠡᠬᠦᠷᠬᠡᠯᠡᠯ ᠬᠦᠢᠴᠡᠳᠬᠡᠯ᠂ ᠲᠡᠭᠡᠭᠰᠢᠯᠡᠭᠦᠯᠥᠭᠰᠡᠨ ᠰᠢᠡᠵᠢᠯᠡᠬᠦ ᠤᠬᠠᠭᠠᠨᠴᠢ

ᠬᠠᠶᠢᠨ ᠰᠥᠪᠡᠭᠴᠢᠯᠡᠬᠦ ᠴᠢᠳᠡᠪᠤᠷᠢ ᠪᠠ ᠵᠠᠩ ᠴᠢᠨᠡᠷ ᠨᠢ ᠴᠥᠮ ︽ᠨᠡᠶᠢᠬᠡᠮ ᠤᠨ ᠬᠠᠷᠢᠭᠤᠴᠠᠯᠭ᠎ᠠ︾ ᠶᠢ ᠭᠥᠢᠴᠡᠳᠭᠡᠬᠦ

ᠡᠭᠦᠷᠭᠡᠯᠡᠯ ᠤᠨ ᠲᠤᠮᠳᠠ ᠤᠶᠢᠯᠠᠳᠤᠯ ᠢᠶᠠᠨ ᠪᠠᠳᠠᠷᠠᠭᠤᠯᠬᠤ ᠪᠤᠯᠤᠨ᠎ᠠ᠃ ᠵᠢᠭᠠᠬᠤ ᠮᠠᠲ᠋ᠧᠷᠢᠶᠠᠯ ᠨᠢ ᠰᠤᠷᠤᠭᠴᠢᠳ ᠢ

ᠬᠥᠳᠥᠯᠥᠨ ᠵᠢᠯᠤᠭᠤᠳᠴᠤ ᠪᠠᠶᠢᠭᠠᠳ ᠰᠤᠷᠤᠭᠰᠠᠨ ᠮᠠᠳᠠᠯᠭᠡ ᠪᠠᠨ ︽ᠨᠡᠶᠢᠬᠡᠮ ᠤᠨ ᠬᠠᠷᠢᠭᠤᠴᠠᠯᠭ᠎ᠠ︾ ᠪᠠᠷ ᠲᠠᠮᠵᠢᠨ

ᠪᠠᠶᠠᠯᠠᠭᠦᠯᠭᠦ ᠳᠤ ᠲᠤᠰᠠᠯᠠᠨ᠎ᠠ᠃

      ︵ᠬᠤᠶᠡᠷ︶ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠬᠤ

      ᠰᠤᠷᠤᠭᠴᠢᠳ ᠤᠨ ᠨᠠᠶᠢᠭᠡᠮ ᠤᠨ ᠬᠠᠷᠢᠭᠤᠴᠠᠯᠭᠠᠳᠤ ᠰᠡᠳᠭᠢᠯ ᠢ ᠬᠥᠮᠥᠵᠢᠭᠦᠯᠬᠦ ᠳᠤ ᠬᠢᠴᠢᠶᠡᠯ ᠤᠨ

ᠲᠠᠩᠭᠢᠮ ᠤᠨ ᠵᠢᠭᠠᠨ ᠰᠤᠷᠭᠠᠯᠳᠠ ᠪᠠ ᠰᠤᠷᠭᠠᠭᠤᠯᠢ ᠶᠢᠨ ᠬᠥᠷᠢᠶᠡᠨ ᠤ ᠰᠤᠶᠤᠯ ᠤᠨ ᠨᠥᠯᠤᠭᠡᠯᠡᠯ ᠠᠴᠠ ᠰᠠᠯᠵᠤ

ᠴᠢᠳᠠᠬᠤ ᠥᠭᠡᠢ ᠶᠤᠮ᠃ ᠰᠤᠷᠭᠠᠭᠤᠯᠢ ᠨᠤᠭᠤᠳ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠳᠠ ᠶᠢᠨ ᠰᠤᠷᠭᠠᠨ

ᠬᠥᠮᠤᠵᠢᠯ ᠤᠨ ᠢᠯᠡ ᠴᠢᠳᠠᠮᠵᠢ ᠪᠠ ᠰᠤᠷᠭᠠᠭᠤᠯᠢ ᠶᠢᠨ ᠬᠥᠷᠢᠶᠡᠨ ᠤ ᠰᠤᠶᠤᠯ ᠵᠡᠷᠭᠡ ᠰᠤᠷᠭᠠᠨ ᠬᠥᠮᠤᠵᠢᠯ ᠤᠨ

ᠲᠠᠯᠳᠠ ᠴᠢᠳᠠᠮᠵᠢ ᠶᠢ ᠭᠥᠢᠴᠡᠳ ᠪᠠᠳᠠᠷᠠᠭᠤᠯᠵᠤ᠂ ᠰᠤᠷᠤᠭᠴᠢᠳ ᠤᠨ ᠨᠠᠶᠢᠭᠡᠮ ᠤᠨ ᠬᠠᠷᠢᠭᠤᠴᠠᠯᠭᠠᠳᠤ ᠰᠡᠳᠭᠢᠯ ᠢ

ᠬᠥᠮᠤᠵᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠳᠡᠢ ᠪᠠᠷ ᠪᠤᠢ ᠪᠤᠯᠭᠠᠬᠤ ᠬᠡᠷᠡᠭᠳᠡᠢ᠃ ᠵᠢᠭᠠᠬᠤ

ᠮᠠᠲ᠋ᠧᠷᠢᠶᠠᠯ ᠤᠨ ᠭᠤᠤᠯ ᠠᠭᠤᠯᠭ᠎ᠠ᠂ ᠪᠤᠯᠤᠩ᠂ ᠬᠥᠳᠡᠯᠪᠤᠷᠢ᠂ ᠬᠢᠴᠢᠶᠡᠯ ᠤᠨ ᠲᠠᠷᠠᠭᠠᠬᠢ ᠪᠤᠯᠪᠠᠰᠤᠷᠠᠯ ᠵᠡᠷᠭᠡ ᠨᠢ

ᠪᠥᠷ ᠰᠤᠷᠤᠭᠴᠢᠳ ᠢ ᠬᠥᠳᠥᠯᠥᠨ ᠵᠢᠯᠤᠭᠤᠳᠴᠤ ᠨᠠᠶᠢᠭᠡᠮ ᠲᠡᠭᠡᠷᠡᠬᠢ ᠠᠮᠢᠳᠤ ᠪᠤᠳᠠᠰ ᠤᠨ ᠰᠤᠳᠤᠯᠤᠯ ᠤᠨ ᠬᠠᠮᠢᠶ᠎ᠠ

ᠪᠥᠬᠦᠢ ᠵᠥᠪᠯᠡᠬᠦ ᠰᠡᠳᠤᠪ ᠢ ᠠᠩᠬᠠᠷᠤᠭᠤᠯᠵᠤ᠂ ᠥᠢᠯᠡᠳᠪᠥᠷᠢᠯᠡᠯ ᠠᠮᠢᠳᠤᠷᠠᠯ ᠳᠠᠬᠢ ᠠᠮᠢᠳᠤ ᠪᠤᠳᠠᠰ ᠤᠨ ᠰᠢᠠᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠯᠳᠡ ᠶᠢ ᠠᠩᠬᠠᠷᠤᠭᠤᠯᠬᠤ ᠪᠠᠷ ᠴᠢᠷᠮᠠᠶᠢᠬᠤ ᠬᠡᠷᠡᠭᠳᠡᠢ᠃ ᠵᠢᠭᠠᠬᠤ

ᠮᠠᠲ᠋ᠧᠷᠢᠶᠠᠯ ᠤᠨ ᠬᠡᠰᠡᠭ ᠪᠥᠷᠢ ᠳᠤ ᠰᠤᠷᠤᠯᠴᠠᠯᠭ᠎ᠠ ᠶᠢᠨ ᠤᠷᠴᠢᠨ ᠪᠠᠶᠢᠳᠡᠯ ᠢ ᠪᠤᠢ ᠪᠤᠯᠭᠠᠭᠰᠠᠨ ︽ᠠᠰᠠᠭᠤᠳᠠᠯ ᠢ

ᠶᠠᠷᠢᠯᠴᠠᠬᠤ︾ ᠲᠤᠬᠢᠷᠠᠭᠤᠯᠭ᠎ᠠ ᠲᠠᠢ ᠪᠠᠶᠢᠳᠠᠬ᠃ ᠲᠠᠭᠦᠨ ᠤ ᠲᠤᠳᠤᠷᠠᠬᠢ ᠨᠡᠯᠢᠶᠡᠳ ᠨᠢᠭᠡ ᠬᠡᠰᠡᠭ ᠨᠢ ᠪᠤᠳᠠᠳᠤ

ᠠᠮᠢᠳᠤᠷᠠᠯ ᠤᠨ ᠲᠤᠮᠳᠡᠬᠢ ᠠᠰᠠᠭᠤᠳᠠᠯ ᠪᠤᠯᠤᠨ᠎ᠠ᠃ ᠵᠢᠱᠢᠶᠠᠯᠠᠪᠡᠯ᠂ ᠠᠩᠬ᠎ᠠ ᠲᠤᠮᠳᠠᠳᠤ ᠶᠢᠨ ᠬᠢᠴᠢᠶᠡᠯ ᠤᠨ

ᠪᠢᠴᠢᠭ ᠤᠨ ᠵᠠᠪᠡᠯ ᠰᠤᠷᠬᠤ 1 ᠶᠢᠨ 19 ᠳ᠋ᠤᠭᠡᠷ ᠨᠢᠭᠤᠷ ᠨᠢ ᠨᠠᠶᠢᠭᠡᠮ ᠯᠦᠭᠡ ᠴᠢᠬᠤᠯᠠ ᠬᠤᠯᠪᠤᠭ᠎ᠠ ᠲᠠᠢ          

ᠪᠠᠶᠢᠳᠠᠬ᠃ ᠲᠤᠬᠠᠢᠢᠯᠠᠪᠠᠯ᠂ ᠦᠰᠦᠨᠴᠢᠷ ᠵᠠᠮᠠᠭ ᠪᠠᠰᠠ ᠬᠦᠬᠡ ᠵᠠᠮᠠᠭ ᠲᠤ ᠬᠠᠷᠢᠶᠠᠯᠠᠭᠳᠠᠨ᠎ᠠ᠂ ᠡᠰ ᠤᠨ

ᠰᠦᠷᠦᠭᠵᠢᠯ ᠨᠢ ᠬᠠᠷ᠎ᠠ ᠬᠦᠬᠡ ᠦᠩᠬᠡ ᠲᠠᠢ᠂ ᠬᠡᠵᠢᠬᠡᠨ ᠰᠢᠷᠬᠡᠭ ᠮᠡᠳᠤ ᠬᠡᠯᠪᠡᠷᠢ ᠲᠠᠢ᠂ ᠮᠠᠨ ᠤᠯᠤᠰ ᠤᠨ ᠪᠠᠷᠠᠭᠤᠨ

ᠬᠤᠶᠢᠳᠤ ᠤᠷᠤᠨ ᠤ ᠡᠪᠡᠰᠤᠳᠤ ᠲᠠᠯ᠎ᠠ ᠪᠤᠯᠤᠨ ᠡᠯᠡᠰᠤᠨ ᠴᠦᠯ ᠢᠶᠠᠷ ᠡᠯᠪᠡᠭ ᠭᠠᠷᠳᠠᠭ᠂ ᠦᠰᠦᠨᠴᠢᠷ ᠵᠠᠮᠠᠭ ᠤᠨ

ᠬᠢᠳᠡᠳ ᠨᠡᠷ᠎ᠡ ᠨᠢ ︽发菜︾ ᠪᠦᠭᠡᠳ ᠬᠢᠳᠠᠳ ᠦᠭᠡ ︽发财︾ ᠬᠡᠬᠦ ᠦᠬᠡ ᠲᠠᠢ ᠢᠵᠢᠯ

ᠲᠠᠭᠤᠳᠠᠯᠭ᠎ᠠ ᠲᠠᠢ ᠪᠤᠯᠬᠤᠷ ᠬᠦᠮᠦᠰ ᠦᠰᠦᠨᠴᠢᠷ ᠵᠠᠮᠠᠭ ᠢ ᠪᠤᠯᠢᠶᠠᠯᠳᠤᠨ ᠢᠳᠡᠵᠤ᠂ ᠦᠰᠦᠨᠴᠢᠷ ᠵᠠᠮᠠᠭ ᠢ

ᠬᠡᠳᠤᠷᠠᠳᠠᠯ᠎ᠠ ᠮᠠᠯᠳᠠᠭᠰᠠᠨ ᠠᠴᠠ ᠠᠮᠢ ᠠᠬᠤᠢ ᠡᠪᠳᠡᠭᠳᠡᠵᠠᠢ᠃ ᠮᠠᠨ ᠤ ᠤᠯᠤᠰ ᠦᠨᠦ ᠦᠰᠦᠨᠴᠢᠷ ᠵᠠᠮᠠᠭ ᠢ ᠨᠢᠬᠡᠨᠳᠡ

ᠤᠯᠤᠰ ᠤᠨ ᠨᠢᠬᠡᠳᠤᠬᠡᠷ ᠲᠡᠰ ᠤᠨ ᠭᠤᠤᠯᠳᠠᠯᠭ᠎ᠠ ᠲᠠᠢ ᠬᠠᠮᠠᠭᠠᠯᠠᠯᠳᠠ ᠶᠢᠨ ᠠᠮᠢᠳᠤ ᠪᠤᠳᠠᠰ ᠲᠤ ᠵᠢᠬᠰᠠᠭᠠᠨ

ᠬᠠᠮᠠᠭᠠᠯᠠᠵᠤ ᠪᠤᠢ᠃ ᠡᠶᠢᠮᠤ ᠠᠴᠠ ᠪᠠᠭᠰᠢ ᠨᠠᠷ ᠲᠡᠬᠡᠳᠤ ᠬᠡᠮᠵᠢᠶᠡᠨ ᠤ ᠬᠠᠷᠢᠭᠤᠴᠠᠯᠭᠠᠳᠤ ᠤᠪᠤᠷ ᠢᠶᠠᠷ

ᠰᠤᠷᠤᠬᠴᠢᠳ ᠤᠨ ᠨᠡᠶᠢᠬᠡᠮ ᠤᠨ ᠬᠠᠷᠢᠭᠤᠴᠠᠯᠭᠠᠳᠤ ᠤᠬᠠᠮᠰᠠᠷ ᠢ ᠭᠦᠮᠦᠵᠢᠭᠦᠯᠵᠤ᠂ ᠨᠡᠶᠢᠬᠡᠮ ᠤᠨ ᠬᠠᠷᠢᠭᠤᠴᠠᠯᠭᠠᠳᠤ

ᠰᠡᠳᠬᠢᠯ ᠤᠨ ᠬᠦᠮᠦᠵᠢᠯ ᠢ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠪᠠᠶᠢᠭᠤᠯᠤᠯᠳᠠ ᠶᠢᠨ ᠦᠨᠴᠦᠭ ᠪᠤᠯᠦᠩ

ᠪᠦᠷᠢ ᠳᠤ ᠨᠡᠪᠴᠢᠬᠦᠯᠬᠦ ᠶᠢᠨ ᠬᠠᠮᠳᠤ ᠡᠶᠢᠮᠦᠷᠬᠦᠤ ᠨᠡᠶᠢᠬᠡᠮ ᠤᠨ ᠬᠠᠷᠢᠭᠤᠴᠠᠯᠭᠠᠳᠤ ᠰᠡᠳᠬᠢᠯ ᠢ ᠬᠦᠮᠦᠵᠢᠭᠦᠯᠭᠦ

ᠠᠵᠢᠯᠯᠠᠭ᠎ᠠ ᠶᠢ ︽ᠪᠠᠶᠢᠩᠭᠤᠵᠢᠭᠤᠯᠵᠤ︾᠂ ᠰᠤᠷᠤᠬᠴᠢᠳ ᠲᠤ ᠰᠠᠨᠠᠮᠰᠠᠷ ᠦᠬᠡᠢ ᠪᠠᠷ ᠨᠡᠶᠢᠬᠡᠮ ᠤᠨ

ᠬᠠᠷᠢᠭᠤᠴᠠᠯᠭᠠᠳᠤ ᠰᠡᠳᠬᠢᠯ ᠤᠨ ᠨᠦᠯᠦᠬᠡᠯᠡᠯ ᠤᠨ ᠬᠦᠮᠦᠵᠢᠯ ᠬᠦᠷᠳᠡᠬᠡᠨ᠎ᠡ᠃

      ︵ᠭᠤᠷᠪᠠ︶ ᠰᠤᠷᠤᠬᠴᠢᠳ ᠤᠨ ᠨᠡᠶᠢᠬᠡᠮ ᠤᠨ ᠬᠠᠷᠢᠭᠤᠴᠠᠯᠭᠠᠳᠤ ᠰᠡᠳᠬᠢᠯ ᠤᠨ ᠠᠶᠠᠨᠳᠠᠭᠠᠨ ᠪᠦᠷᠢᠯᠳᠦᠬᠦ ᠶᠢ

ᠠᠬᠢᠭᠤᠯᠬᠤ

      ᠠᠯᠳᠠᠷᠳᠤ ᠰᠤᠷᠭᠠᠨ ᠬᠦᠮᠦᠵᠢᠯ ᠤᠨ ᠡᠷᠳᠡᠮᠳᠡᠨ ᠲᠤᠤ ᠰᠢᠩ ᡁᠢ ᠠᠪᠤᠭᠠᠢ ︽ᠨᠡᠶᠢᠬᠡᠮ ᠪᠤᠯ          

ᠰᠤᠷᠭᠠᠭᠤᠯᠢ︾ ᠪᠤᠯᠤᠨ᠎ᠠ ᠭᠡᠵᠡᠢ᠃ ᠲᠡᠷᠡ ᠨᠢ ᠨᠡᠶᠢᠬᠡᠮ ᠳᠤ ᠰᠤᠷᠭᠠᠭᠤᠯᠢ ᠶᠢᠨ ᠤᠳᠬ᠎ᠠ ᠠᠭᠤᠯᠭ᠎ᠠ ᠠᠭᠤᠯᠤᠬᠳᠠᠵᠤ

ᠪᠠᠶᠢᠬᠤ ᠶᠢ ᠴᠢᠬᠤᠯᠠᠴᠢᠯᠠᠳᠠᠭ᠃ ᠶᠡᠷᠦᠩᠬᠡᠢ ᠱᠦᠵᠢ ᠱᠢ ᠶᠢᠨ ᠫᠢᠩ᠄ ︽ᠰᠤᠷᠭᠠᠨ ᠬᠦᠮᠦᠵᠢᠯ ᠤᠨ ᠦᠢᠯᠡᠰ ᠢ

ᠰᠠᠶᠢᠳᠤᠷ ᠡᠷᠬᠢᠯᠡᠬᠦ ᠳᠤ ᠬᠡᠷ ᠪᠦᠯᠢ᠂ ᠰᠤᠷᠭᠠᠭᠤᠯᠢ᠂ ᠵᠠᠰᠠᠭ ᠤᠨ ᠤᠷᠳᠤᠨ᠂ ᠨᠡᠶᠢᠬᠡᠮ ᠴᠦᠮ ᠬᠠᠷᠢᠭᠤᠴᠠᠯᠭ᠎ᠠ          

 ᠲᠠᠢ︾ ᠬᠡᠵᠤ ᠵᠢᠭᠠᠵᠤ ᠭᠠᠷᠭᠠᠪᠠ᠃ ᠰᠤᠷᠤᠬᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ  ᠳᠤ ᠪᠠᠨ

ᠰᠤᠷᠭᠠᠭᠤᠯᠢ ᠶᠢᠨ ᠬᠦᠷᠢᠶᠠᠨ ᠤ ᠡᠪᠡᠰᠤ ᠮᠤᠳᠤ᠂ ᠸᠠᠭᠠᠷ ᠲᠤᠭᠤᠰᠬ᠎ᠠ ᠴᠦ ᠴᠦᠮ ᠰᠤᠷᠤᠬᠴᠢᠳ ᠤᠨ ᠰᠤᠷᠤᠯᠭ᠎ᠠ ᠪᠠ

ᠠᠮᠢᠳᠤᠷᠠᠯ ᠢ ᠲᠠᠭᠠᠵᠤ᠂ ︽ᠬᠦᠮᠦᠨ  ᠢ ᠬᠦᠮᠦᠵᠢᠬᠦᠯᠬᠦ ᠡᠯᠧᠮᠧᠨ᠋ᠲ︾ ᠪᠤᠯᠵᠤ ᠪᠤᠯᠤᠨ᠎ᠠ᠂ ᠪᠢᠳᠠ ᠰᠤᠷᠤᠬᠴᠢᠳ ᠢ

ᠵᠤᠬᠢᠶᠠᠨ ᠪᠠᠶᠢᠭᠤᠯᠤᠨ ︽ᠰᠤᠷᠭᠠᠭᠤᠯᠢ ᠶᠢᠨ ᠬᠦᠷᠢᠶᠠᠨ ᠠᠴᠠ ᠭᠠᠷᠴᠤ᠂ ᠨᠡᠶᠢᠬᠡᠮ ᠳᠤ ᠬᠦᠷᠴᠤ︾᠂ ᠠᠮᠢᠳᠤ ᠪᠤᠳᠠᠰ 

 ᠤᠨ ᠰᠤᠳᠤᠯᠤᠯ ᠲᠠᠢ ᠬᠠᠮᠢᠶ᠎ᠠ ᠪᠦᠬᠦᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢ ᠦᠷᠨᠢᠬᠦᠯᠵᠤ᠂

︽ᠪᠦᠬᠦ ᠨᠡᠶᠢᠬᠡᠮ︾ ᠢᠶᠠᠷ ᠢᠶᠠᠨ ᠬᠦᠮᠦᠨ ᠢ ᠬᠦᠮᠦᠵᠢᠬᠦᠯᠬᠦ ᠶᠢ ᠪᠠᠷᠢᠮᠳᠠᠯᠠᠨ᠂ ᠨᠡᠶᠢᠬᠡᠮ ᠤᠨ ᠬᠠᠷᠢᠭᠤᠴᠠᠯᠭᠠᠳᠤ

ᠰᠡᠳᠬᠢᠯ ᠢ ᠬᠦᠮᠦᠵᠢᠬᠦᠯᠬᠦ ᠳᠤ ᠬᠦᠴᠦᠨ ᠨᠡᠮᠡᠷᠢᠯᠡᠵᠤ ᠪᠤᠯᠤᠨ᠎ᠠ᠃ ᠡᠨᠡ ᠵᠢᠯ ᠤᠨ ᠵᠢᠷᠭᠤᠳᠤᠭᠠᠷ ᠰᠠᠷ᠎ᠠ ᠳᠤ ᠶᠡᠷᠦᠩᠬᠡᠢ

ᠱᠦᠵᠢ ᠱᠢ ᠶᠢᠨ ᠫᠢᠩ ᠤᠯᠠᠭᠠᠨᠰᠤᠬᠠᠢ ᠳᠤ ᠠᠵᠢᠯ ᠪᠠᠶᠢᠴᠠᠭᠠᠬᠤ ᠳᠤ ᠪᠠᠨ᠂ ︽ᠤᠯᠠᠭᠠᠨᠰᠤᠬᠠᠢ ᠶᠢ ᠵᠠᠰᠠᠵᠤ

ᠬᠠᠮᠠᠭᠠᠯᠠᠬᠤ ᠴᠢᠭᠯᠡᠯ ᠪᠤᠯ ᠲᠤᠳᠤᠷᠬᠠᠢ ᠶᠤᠮ᠂ ᠡᠷᠬᠡᠪᠰᠢ ᠰᠡᠳᠬᠢᠯ ᠲᠠᠯᠪᠢᠨ ᠵᠠᠰᠠᠵᠤ᠂ ᠨᠢᠮᠪᠠᠢ ᠬᠠᠮᠠᠭᠠᠯᠠᠨ᠂

ᠢᠮᠠᠭᠳᠠᠨ ᠪᠠᠷᠢᠮᠳᠠᠯᠠᠨ᠂ ᠦᠨᠢ ᠤᠳᠠᠭᠠᠨ ᠭᠠᠪᠢᠶ᠎ᠠ ᠪᠠᠶᠢᠭᠤᠯᠵᠤ᠂ ᠡᠨᠡ ᠬᠦ ︿ᠪᠤᠭᠤᠮᠳᠠ ᠶᠢᠨ ᠭᠠᠳᠠᠨᠠᠬᠢ ᠬᠡᠷᠡᠯᠳᠤ

ᠰᠤᠪᠤᠳ﹀ ᠢ ᠰᠠᠶᠢᠳᠤᠷ ᠰᠠᠬᠢᠨ ᠬᠠᠮᠠᠭᠠᠯᠠᠵᠤ᠂ ᠦᠷ᠎ᠡ ᠬᠤᠶᠢᠴᠢᠰ ᠲᠤ ᠪᠠᠨ ᠠᠭᠤᠯᠠ ᠨᠢ ᠬᠦᠬᠡᠮᠳᠦᠭ᠂ ᠤᠰᠤ ᠨᠢ

ᠲᠤᠩᠭᠠᠯᠠᠭ᠂ ᠠᠭᠠᠷ ᠨᠢ ᠰᠢᠨ᠎ᠡ ᠦᠵᠡᠰᠬᠦᠯᠡᠩᠳᠤ ᠰᠠᠶᠢᠬᠠᠨ ᠬᠡᠷ ᠤᠷᠤᠨ ᠢ ᠦᠯᠡᠳᠡᠭᠡᠵᠤ ᠦᠭᠬᠦ ᠭᠡᠷᠡᠭᠳᠠᠢ︾ ᠬᠡᠵᠤ

ᠴᠢᠬᠤᠯᠠᠴᠢᠯᠠᠵᠠᠢ᠃ ᠰᠤᠷᠤᠬᠴᠢᠳ ᠢ ᠵᠤᠬᠢᠶᠠᠨ ᠪᠠᠶᠢᠭᠤᠯᠵᠤ ᠶᠡᠷᠦᠩᠬᠡᠢ ᠱᠦᠵᠢ ᠶᠢᠨ ᠤᠯᠠ ᠮᠦᠷ ᠢᠶᠠᠷ ᠰᠤᠳᠤᠯᠤᠨ

ᠰᠤᠷᠤᠯᠴᠠᠭᠤᠯᠵᠤ᠂ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠥᠨ︾ ᠬᠡᠬᠦ

ᠤᠶᠢᠯᠠᠭᠠᠬᠳᠠᠬᠤᠨ ᠢ ᠪᠤᠢ ᠪᠤᠯᠭᠠᠨ ᠦᠢᠯᠡᠳᠦᠯᠬᠡᠵᠢᠬᠦᠯᠵᠤ᠂ ᠠᠮᠢ ᠠᠬᠤᠢ ᠶᠢᠨ ᠤᠬᠠᠮᠰᠠᠷ ᠢ ᠪᠦᠷᠢᠯᠳᠦᠬᠦᠯᠵᠤ

ᠨᠡᠶᠢᠬᠡᠮ ᠤᠨ ᠬᠠᠷᠢᠭᠤᠴᠠᠯᠭ᠎ᠠ ᠶᠢᠨ ᠬᠦᠮᠦᠵᠢᠯ ᠢ ᠨᠡᠪᠴᠢᠬᠦᠯᠦᠨ᠎ᠡ᠃

      ᠲᠡᠬᠡᠳᠤ ᠲᠤᠮᠳᠠᠳᠤ ᠶᠢᠨ ᠠᠮᠢᠳᠤ ᠪᠤᠳᠠᠰ ᠤᠨ ᠬᠢᠴᠢᠶᠡᠯ ᠤᠨ ᠵᠢᠭᠠᠨ ᠰᠤᠷᠭᠠᠯᠳᠠ ᠲᠤᠮᠳᠠ ᠰᠤᠷᠤᠬᠴᠢᠳ ᠤᠨ

ᠨᠡᠶᠢᠬᠡᠮ ᠤᠨ ᠬᠠᠷᠢᠭᠤᠴᠠᠯᠭ᠎ᠠ ᠶᠢᠨ ᠴᠢᠳᠠᠪᠦᠷᠢ᠂ ᠰᠤᠷᠤᠬᠴᠢᠳ ᠤᠨ ᠬᠢᠴᠢᠶᠡᠯ ᠤᠨ ᠭᠤᠤᠯ ᠴᠤᠬᠴᠠ ᠶᠢᠨ ᠪᠠᠶᠢᠷᠢ

ᠰᠠᠭᠤᠷᠢ ᠶᠢ ᠴᠢᠬᠤᠯᠠᠴᠢᠯᠠᠵᠤ᠂ ᠰᠤᠷᠤᠬᠴᠢᠳ ᠲᠤ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ

ᠪᠤᠯᠭᠠᠨ ᠦᠭᠴᠤ᠂ ᠰᠤᠷᠤᠬᠴᠢᠳ ᠤᠨ ᠡᠯ᠎ᠡ ᠵᠦᠢᠯ ᠤᠨ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ

ᠲᠠᠶᠢᠴᠢᠯᠠᠬᠤ ᠶᠢᠨ ᠬᠠᠮᠳᠤ ᠰᠤᠷᠤᠬᠴᠢᠳ ᠤᠨ ᠪᠡᠶ᠎ᠡ ᠪᠠᠨ ᠲᠠᠭᠠᠭᠠᠵᠤ ᠰᠤᠷᠤᠯᠴᠠᠬᠤ ᠰᠠᠶᠢᠨ ᠰᠠᠶᠢᠬᠠᠨ ᠨᠡᠶᠢᠬᠡᠮ ᠤᠨ

ᠬᠠᠷᠢᠭᠤᠴᠠᠯᠭᠠᠳᠤ ᠤᠬᠠᠮᠰᠠᠷ ᠢ ᠪᠤᠢ ᠪᠤᠯᠭᠠᠵᠤ᠂ ᠬᠢᠴᠢᠶᠡᠯ ᠲᠠᠭᠡᠷ᠎ᠠ ᠰᠤᠷᠤᠭᠰᠠᠨ ᠮᠡᠳᠡᠯᠬᠡ ᠪᠠᠨ ᠦᠢᠯᠡᠳᠪᠦᠷᠢᠯᠡᠯ

ᠠᠮᠢᠳᠤᠷᠠᠯ ᠤᠨ ᠲᠤᠮᠳᠠ ᠪᠤᠳᠠᠳᠠᠶᠢᠵᠢᠭᠤᠯᠬᠤ ᠶᠢ ᠠᠩᠬᠠᠷᠪᠠᠯ ᠵᠤᠬᠢᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠶᠠᠨᠨᠠᠭᠤᠷ ᠬᠤᠳᠠ ᠶᠢᠨ ᠭᠤᠷᠪᠠᠳᠤᠭᠠᠷ 

                                ᠲᠤᠮᠳᠠᠳᠤ ᠰᠤᠷᠭᠠᠭᠤᠯᠢ

                                ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号