ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠵᠢᠯᠲᠠᠨ ᠠᠵᠢᠯᠴᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠠᠵᠢᠯᠴᠢᠨ ᠤ ᠤᠮᠪᠠᠯᠲᠠ ᠶᠢᠨ ᠤᠷᠤᠯᠳᠤᠭᠠᠨ ᠳᠤ ᠰᠢᠯᠢᠳᠡᠭ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/6
      ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 2 - 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯ ᠤᠨ ᠬᠤᠷᠢᠶ᠎ᠠ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠠᠵᠢᠯᠴᠢᠨ ᠤ ᠤᠮᠪᠠᠯᠲᠠ ᠶᠢᠨ ᠤᠷᠤᠯᠳᠤᠭᠠᠨ ᠢ ᠡᠷᠬᠢᠯᠡᠪᠡ᠃ ᠡᠨᠡ ᠤᠳᠠᠭᠠᠨ ᠤ ᠤᠷᠤᠯᠳᠤᠭᠠᠨ ᠳᠤ 50 ᠮᠧᠲᠷ᠂ 100 ᠮᠧᠲᠷ ᠤᠨ ᠴᠢᠯᠥᠭᠡᠲᠦ ᠤᠮᠪᠠᠯᠲᠠ᠂ 50 ᠮᠧᠲᠷ᠂ 100 ᠮᠧᠲᠷ ᠤᠨ ᠮᠡᠯᠡᠬᠡᠢ ᠤᠮᠪᠠᠯᠲᠠ ᠵᠢᠴᠢ ᠤᠷᠤᠯᠳᠤᠭᠠᠨ ᠤ ᠲᠣᠭᠯᠠᠭᠠᠮ ᠵᠡᠷᠭᠡ ᠣᠯᠠᠨ ᠲᠥᠷᠥᠯ ᠵᠦᠢᠯ ᠢ ᠲᠣᠬᠢᠷᠠᠭᠤᠯᠵᠤ᠂ ᠤᠷᠤᠯᠳᠤᠭᠠᠨ ᠤ ᠴᠢᠨᠠᠷ ᠪᠠ ᠰᠣᠨᠢᠷᠬᠠᠯᠲᠤ ᠴᠢᠨᠠᠷ ᠢ ᠪᠦᠷᠢᠳᠦᠭᠦᠯᠪᠡ᠃ ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ ᠨᠢᠭᠡᠳᠦᠭᠡᠷ ᠠᠵᠢᠯ ᠤᠨ ᠭᠠᠵᠠᠷ ᠤᠨ ᠯᠢ ᠰᠢᠶᠣᠤ ᠫᠧᠢ ᠡᠮᠡᠭᠲᠡᠢ ᠶᠢᠨ 50 ᠮᠧᠲᠷ ᠤᠨ ᠴᠢᠯᠥᠭᠡᠲᠦ ᠤᠮᠪᠠᠯᠲᠠ ︵40 ᠨᠠᠰᠤᠨ ᠠᠴᠠ ᠳᠣᠷᠣᠭᠰᠢ︶᠎ ᠳᠤ ᠮᠠᠩᠯᠠᠶᠢᠯᠠᠵᠤ᠂ ᠡᠮᠡᠭᠲᠡᠢ ᠶᠢᠨ 50 ᠮᠧᠲᠷ ᠤᠨ ᠮᠡᠯᠡᠬᠡᠢ ᠤᠮᠪᠠᠯᠲᠠ ︵40 ᠨᠠᠰᠤᠨ ᠠᠴᠠ ᠳᠣᠷᠣᠭᠰᠢ︶᠎ ᠳᠤ ᠭᠤᠲᠠᠭᠠᠷ ᠲᠤ ᠣᠷᠣᠨ᠂ ᠪᠤᠰᠤᠳ 3 ᠣᠷᠣᠯᠴᠠᠭᠴᠢ ᠴᠤ ᠭᠤᠶᠢᠳᠠ ᠰᠠᠶᠢᠬᠠᠨ ᠮᠥᠷᠦᠶᠢᠴᠡᠵᠦ᠂ ᠮᠠᠨ ᠤ ᠲᠢᠩᠬᠢᠮ ᠤᠨ ᠺᠠᠳ᠋ᠷ ᠠᠵᠢᠯᠲᠠᠨ ᠤ ᠡᠷᠡᠮᠡᠬᠡᠶᠢᠯᠡᠨ ᠤᠷᠤᠭᠰᠢᠯᠠᠬᠤ ᠡᠷᠴᠢ ᠵᠣᠷᠢᠭ᠂ ᠰᠢᠷᠭᠠᠭᠤ ᠬᠠᠲᠠᠭᠤᠵᠢᠯᠲᠠᠢ ᠲᠡᠮᠡᠴᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠎ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃

1.jpg

 

2.jpg

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号