ᠢᠷᠠᠭᠤ | | | | ᠨᠢᠭᠡ᠂ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠤᠬᠠᠢ ᠳᠠᠨᠢᠯᠳᠠ ᠶᠢᠨ | ᠪᠠᠶᠢᠳᠠᠯ | ᠤᠯᠤᠰ ᠤᠨ ᠨᠢᠭᠡᠳᠤᠯᠳᠡᠢ ᠨᠡᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠡᠬᠢᠯᠡᠨ | ᠭᠡᠷᠡᠭᠵᠢᠬᠦᠯᠦᠭᠰᠡᠨ ᠠᠴᠠ ᠨᠠᠭᠠᠰᠢ᠂ ᠳᠤᠮᠳᠠᠳᠤ ᠪᠠᠭ᠎ᠠ ᠰᠤᠷᠭᠠᠭᠤᠯᠢ ᠨᠢ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢ ᠶᠠᠪᠤᠭᠳᠠᠭᠤᠯᠤᠭᠰᠠᠨ ᠮᠦᠷᠳᠡᠭᠡᠨ ᠡᠨᠡᠬᠦ ᠶᠠᠪᠤᠴᠠ ᠳᠤᠮᠳᠠ ᠪᠠᠭᠰᠢ | ᠨᠠᠷ ᠤᠨ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠤᠬᠠᠢ ᠳᠠᠨᠢᠯᠲᠠ ᠨᠢ ᠨᠡᠯᠢᠶᠡᠳ | ᠦᠨᠳᠤᠷᠵᠢᠭ᠍ᠰᠡᠨ ᠪᠠᠶᠢᠨ᠎ᠠ᠃ ᠭᠡᠪᠠᠴᠤ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠤᠨᠴᠠᠯᠢᠭ ᠤᠨ ᠳᠤᠬᠠᠢ | ᠡᠵᠡᠮᠰᠢᠭᠰᠡᠨ ᠨᠢ ᠮᠦᠴᠢᠳ ᠳᠤᠲᠠᠭᠤ ᠪᠠᠶᠢᠵᠤ᠂ ᠨᠠᠷᠢᠯᠢᠬ ᠵᠦᠢᠯ ᠤᠨ ᠲᠠᠯ᠎ᠠ ᠪᠠᠷ ᠡᠵᠡᠮᠰᠢᠵᠤ ᠦᠢᠯᠠᠭᠠᠳᠤᠢ ᠵᠦᠢᠯ | ᠪᠠᠰᠠ ᠤᠯᠠᠨ ᠪᠠᠶᠢᠵᠤ᠂ ᠵᠢᠭᠠᠨ ᠰᠤᠷᠭᠠᠯᠳᠠ ᠶᠢᠨ ᠴᠢᠭᠯᠡᠯ ᠴᠢᠭᠯᠡᠯᠳᠡ ᠪᠠᠨ ᠶᠡᠭᠡ ᠳᠦᠯᠦᠪ ᠡᠵᠡᠮᠰᠢᠭᠰᠡᠨ ᠪᠤᠯᠪᠠᠴᠤ | ᠬᠢᠴᠢᠶᠡᠯ ᠤᠨ ᠳᠠᠩᠬᠢᠮ ᠤᠨ ᠵᠢᠭᠠᠨ ᠰᠤᠷᠭᠠᠯᠳᠠ ᠳᠤᠮᠳᠠ ᠪᠠᠨ ᠵᠠᠷᠢᠮ ᠠᠭᠤᠯᠭ᠎ᠠ ᠶᠢ ᠭᠡᠷᠬᠢᠨ ᠳᠤᠬᠢᠷᠠᠭᠤᠯᠬᠤ | ᠲᠠᠯ᠎ᠠ ᠪᠠᠷ ᠠᠷᠭ᠎ᠠ ᠳᠡᠮ ᠢᠶᠠᠨ ᠤᠯᠵᠤ ᠶᠠᠳᠠᠬᠤ᠂ ᠠᠯᠢ ᠠᠭᠤᠯᠭ᠎ᠠ ᠶᠢ ᠨᠢ ᠬᠢᠷᠢ ᠵᠡᠷᠬᠡ ᠶᠢᠨ ᠬᠢᠷᠢ ᠭᠡᠮᠵᠢᠶᠠᠨ ᠳᠤ | ᠬᠦᠷᠳᠡᠯ᠎ᠡ ᠵᠢᠭᠠᠨ ᠰᠤᠷᠭᠠᠬᠤ᠂ ᠴᠢᠨᠠᠭᠰᠢᠯᠠᠨ ᠳᠤᠰ ᠠᠭᠤᠯᠭ᠎ᠠ ᠶᠢ ᠵᠢᠭᠠᠬᠤ ᠪᠠᠷ ᠳᠠᠮᠵᠢᠨ ᠶᠠᠮᠠᠷ ᠵᠢᠭᠠᠨ ᠰᠤᠷᠭᠠᠬᠤ | ᠬᠠᠷᠠᠯᠲᠠ ᠳᠤ ᠬᠦᠷᠬᠦ ᠨᠢ ᠳᠤᠳᠤᠷᠬᠠᠢ ᠦᠬᠡᠢ ᠪᠠᠶᠢᠬᠤ᠂ ᠬᠢᠴᠢᠶᠡᠯ ᠤᠨ ᠠᠭᠤᠯᠭ᠎ᠠ ᠶᠢ ᠪᠤᠳᠠᠳᠠᠶᠢᠵᠢᠭᠤᠯᠵᠤ | ᠶᠠᠷᠢᠬᠤ ᠦᠶᠡᠰ ᠵᠢᠱᠢᠶ᠎ᠠ ᠮᠠᠲ᠋ᠧᠷᠢᠶᠠᠯ ᠨᠢ ᠭᠤᠤᠯ ᠠᠭᠤᠯᠭ᠎ᠠ ᠠᠴᠠ ᠪᠠᠨ ᠰᠠᠯᠬᠤ ᠵᠡᠷᠭᠡ ᠠᠰᠠᠭᠤᠳᠠᠯ ᠤᠷᠤᠰᠢᠵᠤ | ᠪᠤᠢ᠃ ᠡᠶᠢᠮᠤ ᠠᠴᠠ ᠬᠢᠴᠢᠶᠡᠯᠯᠡᠭᠴᠢ ᠪᠠᠭᠰᠢᠨᠠᠷ ᠤᠯᠤᠰ ᠤᠨ ᠨᠢᠭᠡᠳᠤᠯᠳᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ | ᠵᠢᠭᠠᠬᠤ ᠮᠠᠲ᠋ᠧᠷᠢᠶᠠᠯ ᠤᠨ ᠳᠤᠬᠠᠢ ᠳᠠᠨᠢᠯᠳᠠ ᠪᠠᠨ ᠤᠯᠠᠮ ᠨᠠᠷᠢᠯᠢᠬᠵᠢᠭᠤᠯᠤᠨ ᠭᠦᠨᠵᠡᠬᠡᠶᠢᠷᠡᠬᠦᠯᠵᠦ᠂ ᠤᠯᠤᠰ ᠤᠨ | ᠨᠢᠭᠡᠳᠤᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠠᠷᠢᠯᠢᠬ ᠵᠠᠳᠠᠯᠤᠨ ᠰᠤᠳᠤᠯᠬᠤ ᠴᠢᠬᠤᠯᠠᠲᠠᠢ᠃ | ᠬᠤᠶᠠᠷ᠂ ᠪᠠᠭᠰᠢ ᠠᠴᠠ ᠤᠯᠤᠰ ᠤᠨ ᠨᠢᠭᠡᠳᠤᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠵᠦ | ᠪᠠᠶᠢᠭ᠎ᠠ ᠪᠠᠶᠢᠳᠠᠯ | ᠤᠯᠤᠰ ᠤᠨ ᠨᠢᠭᠡᠳᠤᠯᠳᠡᠢ ᠨᠡᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯᠯᠡᠭᠴᠢ ᠪᠠᠭᠰᠢ ᠶᠢᠨ ᠳᠤᠰ | ᠵᠢᠭᠠᠬᠤ ᠮᠠᠲ᠋ᠧᠷᠢᠶᠠᠯ ᠤᠨ ᠬᠢᠴᠢᠶᠡᠯ ᠠᠴᠠ ᠡᠮᠤᠨᠡᠬᠢ᠂ ᠬᠢᠴᠢᠶᠠᠯ ᠤᠨ ᠳᠠᠩᠬᠢᠮ ᠤᠨ ᠵᠢᠭᠠᠨ ᠰᠤᠷᠭᠠᠯᠳᠠ ᠵᠢᠴᠢ | ᠬᠢᠴᠢᠶᠠᠯ ᠤᠨ ᠳᠠᠷᠠᠭᠠᠬᠢ ᠵᠡᠷᠬᠡ ᠪᠦᠬᠦ᠋ᠢᠯᠡ ᠵᠢᠭᠠᠨ ᠰᠤᠷᠭᠠᠯᠳᠠ ᠶᠢᠨ ᠶᠠᠪᠤᠴᠠ ᠳᠠᠬᠢ ᠭᠡᠷᠡᠭᠯᠡᠭᠡᠨ ᠤ ᠬᠢᠷᠢ | ᠳᠦᠪᠰᠢᠨ ᠨᠢ ᠬᠢᠴᠢᠶᠡᠯᠯᠡᠭᠴᠢ ᠪᠠᠭᠰᠢ ᠶᠢᠨ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠬᠢᠷᠢ ᠭᠡᠮᠵᠢᠶ᠎ᠠ ᠲᠠᠢ | ᠨᠢᠭᠲᠠ ᠬᠤᠯᠪᠤᠭᠳᠠᠯ ᠲᠠᠢ ᠪᠠᠶᠢᠨ᠎ᠠ᠂ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠬᠢᠷᠢ ᠬᠡᠮᠵᠢᠶ᠎ᠠ ᠨᠢ ᠦᠨᠳᠤᠷ | ᠬᠢᠴᠢᠶᠡᠯᠯᠡᠭᠴᠢ ᠪᠠᠭᠰᠢ ᠨᠠᠷ ᠤᠯᠤᠰ ᠤᠨ ᠨᠢᠭᠡᠳᠤᠯᠳᠡᠢ ᠨᠡᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ | ᠮᠠᠲ᠋ᠧᠷᠢᠶᠠᠯ ᠢ ᠭᠡᠷᠡᠭᠯᠡᠨ ᠬᠢᠴᠢᠶᠡᠯ ᠪᠡᠯᠡᠳᠭᠡᠬᠦ ᠪᠠ ᠬᠢᠴᠢᠶᠡᠯ ᠤᠨ ᠳᠠᠩᠬᠢᠮ ᠤᠨ ᠵᠢᠭᠠᠨ ᠰᠤᠷᠭᠠᠯᠳᠠ ᠵᠢᠴᠢ | ᠬᠢᠴᠢᠶᠠᠯ ᠤᠨ ᠳᠠᠷᠠᠭᠠᠬᠢ ᠡᠷᠬᠢᠴᠡᠬᠦᠯᠦᠯ ᠳᠤᠩᠭᠠᠯᠳᠠ᠂ ᠰᠤᠷᠤᠭᠴᠢᠳ ᠤᠨ ᠳᠠᠰᠬᠠᠯ ᠢ ᠬᠢᠨᠠᠨ ᠵᠠᠰᠠᠬᠤ ᠵᠡᠷᠭᠡ ᠳᠤ | ᠨᠡᠯᠢᠶᠡᠳ ᠬᠤᠷᠳᠤᠨ ᠳᠠᠳᠮᠠᠭᠠᠢ ᠪᠠᠶᠢᠵᠤ᠂ ᠵᠢᠭᠠᠬᠤ ᠮᠠᠲ᠋ᠧᠷᠢᠶᠠᠯ ᠤᠨ ᠭᠡᠷᠡᠭᠯᠡᠯᠳᠡ ᠨᠢ ᠨᠡᠯᠢᠶᠡᠳ ᠰᠠᠶᠢᠨ | ᠪᠤᠢ᠃ ᠬᠠᠷᠢᠨ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠬᠢᠷᠢ ᠭᠡᠮᠵᠢᠶ᠎ᠠ ᠨᠢ ᠳᠤᠤᠷ᠎ᠠ ᠪᠠᠭᠰᠢ ᠨᠢ ᠵᠢᠭᠠᠬᠤ | ᠮᠠᠲ᠋ᠧᠷᠢᠶᠠᠯ ᠤᠨ ᠭᠡᠷᠡᠭᠯᠡᠯᠳᠡ ᠳᠤ ᠪᠠᠨ ᠭᠦᠴᠢᠷᠳᠡᠬᠦ ᠪᠠᠶᠢᠳᠠᠯ ᠲᠠᠢ ᠪᠠᠶᠢᠵᠤ᠂ ᠵᠢᠭᠠᠨ ᠰᠤᠷᠭᠠᠯᠳᠠ ᠳᠤ ᠪᠠᠨ ᠳᠠᠳᠮᠠᠭᠠᠢ | ᠪᠤᠯᠵᠤ ᠢᠷᠡᠬᠦ ᠳᠤ ᠪᠠᠨ ᠨᠡᠯᠢᠶᠡᠳ ᠤᠷᠳᠤ ᠬᠤᠭᠤᠴᠠᠭᠠᠨ ᠤ ᠴᠠᠭ ᠭᠡᠷᠡᠭᠰᠡᠵᠦ ᠪᠠᠶᠢᠨ᠎ᠠ᠃ ᠤᠯᠤᠰ ᠤᠨ ᠨᠢᠭᠡᠳᠤᠯᠳᠡᠢ | ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠡ ᠶᠢᠨ ᠪᠠᠶᠢᠳᠠᠯ ᠢ ᠪᠦᠬᠦᠯᠢ | ᠴᠤᠭᠴᠠ ᠠᠴᠠ ᠨᠢ ᠠᠪᠴᠤ ᠦᠬᠦᠯᠡᠪᠡᠯ᠂ ᠭᠡᠷᠡᠭᠯᠡᠯᠲᠡ ᠶᠢᠨ ᠪᠠᠶᠢᠳᠠᠯ ᠨᠢ ᠨᠡᠯᠢᠶᠡᠳ ᠰᠠᠶᠢᠨ᠂ ᠤᠯᠡᠩᠬᠢ ᠪᠠᠭᠰᠢ ᠨᠢ | ᠬᠢᠴᠢᠶᠡᠯ ᠤᠨ ᠭᠤᠤᠯ ᠠᠭᠤᠯᠭ᠎ᠠ ᠶᠢᠨ ᠳᠤᠭᠤᠷᠢᠨ ᠳᠤ ᠵᠢᠭᠠᠨ ᠰᠤᠷᠭᠠᠯᠳᠠ ᠶᠢᠨ ᠠᠵᠢᠯᠯᠠᠭ᠎ᠠ ᠪᠠᠨ ᠦᠷᠨᠢᠬᠦᠯᠵᠤ | ᠴᠢᠳᠠᠵᠤ ᠪᠤᠢ᠃ ᠤᠷᠤᠰᠢᠵᠤ ᠪᠠᠶᠢᠭ᠎ᠠ ᠭᠦᠴᠢᠷᠳᠡᠯ ᠨᠢ ᠤᠤᠯ ᠤᠨ ᠬᠢᠴᠢᠶᠡᠯᠯᠡᠭᠴᠢ ᠪᠠᠭᠰᠢ ᠳᠤ ᠠᠪᠴᠤ ᠭᠡᠯᠡᠪᠡᠯ | ᠦᠭᠡ ᠭᠡᠯᠡᠨ ᠤ ᠵᠦᠷᠢᠶ᠎ᠡ ᠤᠷᠤᠰᠢᠬᠤ ᠤᠴᠢᠷ ᠠᠴᠠ ᠵᠢᠭᠠᠬᠤ ᠮᠠᠲ᠋ᠧᠷᠢᠶᠠᠯ ᠤᠨ ᠠᠭᠤᠯᠭ᠎ᠠ ᠶᠢᠨ ᠭᠤᠤᠯ ᠵᠦᠢᠯ ᠢ | ᠡᠵᠡᠮᠰᠢᠬᠦ ᠳᠤ ᠨᠡᠯᠢᠶᠡᠳ ᠭᠦᠴᠢᠷᠳᠡᠯ ᠤᠷᠤᠰᠢᠵᠤ ᠪᠠᠶᠢᠬᠤ ᠪᠦᠬᠡᠳ ᠨᠢᠭᠡ ᠪᠦᠷᠢᠨ ᠪᠦᠲᠤᠨ ᠬᠢᠴᠢᠶᠡᠯ ᠢ | ᠪᠡᠯᠡᠳᠬᠡᠬᠦ ᠳᠤ ᠭᠡᠷᠡᠭᠰᠡᠬᠦ ᠴᠠᠭ ᠨᠢ ᠤᠷᠳᠤ ᠪᠤᠯᠤᠭᠰᠠᠨ ᠪᠠᠶᠢᠨ᠎ᠠ᠃ ᠭᠡᠪᠡᠴᠤ ᠪᠠᠶᠢᠴᠠᠭᠠᠯᠲᠠ ᠶᠢᠨ ᠳᠤᠮᠳᠠ | ᠦᠢᠯᠠᠭᠠᠭᠰᠠᠨ ᠢᠶᠠᠷ ᠤᠯᠠᠩᠬᠢ ᠬᠢᠴᠢᠶᠡᠯᠯᠡᠭᠴᠢ ᠪᠠᠭᠰᠢ ᠪᠠᠷᠤᠭ ᠬᠤᠶᠠᠷ ᠠᠴᠠ ᠭᠤᠷᠪᠠᠨ ᠰᠠᠷ᠎ᠠ ᠶᠢᠨ | ᠬᠢᠴᠢᠶᠡᠯᠯᠡᠭᠡ ᠶᠢᠨ ᠴᠠᠭ ᠤᠨ ᠪᠤᠯᠪᠠᠰᠤᠷᠠᠯ ᠢᠶᠠᠷ ᠳᠠᠮᠵᠢᠪᠠᠯ ᠤᠯᠤᠰ ᠤᠨ ᠨᠠᠶᠢᠳᠡᠮ ᠭᠡᠷᠡᠭᠯᠡᠬᠦ ᠦᠭᠡ ᠬᠡᠯᠡ ᠪᠠᠷ | ᠬᠢᠴᠢᠶᠡᠯᠯᠡᠬᠦ ᠳᠤ ᠪᠠᠨ ᠨᠡᠯᠢᠶᠠᠳ ᠳᠠᠳᠮᠠᠭᠠᠢ ᠪᠤᠯᠵᠤ ᠪᠤᠢ᠃ ᠳᠡᠩᠬᠢᠮ ᠤᠨ ᠬᠢᠴᠢᠶᠡᠯᠯᠡᠭᠡ ᠳᠤᠮᠳᠠ᠂ ᠤᠯᠤᠰ ᠤᠨ | ᠨᠢᠭᠡᠳᠤᠯᠳᠡᠢ ᠨᠠᠶᠢᠷᠠᠭᠤᠯᠤᠭᠰᠠᠨ ᠭᠤᠷᠪᠠᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠡ ᠨᠢ ᠨᠡᠯᠢᠶᠡᠳ ᠰᠠᠶᠢᠨ ᠪᠠᠶᠢᠵᠤ᠂ | ᠪᠠᠭᠰᠢ ᠠᠴᠠ ᠰᠤᠷᠤᠭᠴᠢᠳ ᠢ ᠵᠢᠯᠤᠭᠤᠳᠤᠨ ᠵᠢᠭᠠᠬᠤ ᠮᠠᠲ᠋ᠧᠷᠢᠶᠠᠯ ᠢ ᠨᠡᠯᠢᠶᠡᠳ ᠦᠷ᠎ᠡ ᠪᠦᠳᠦᠮᠵᠢ ᠲᠠᠢ ᠪᠠᠷ | ᠠᠰᠢᠭᠯᠠᠨ ᠭᠡᠷᠡᠭᠯᠡᠵᠦ ᠪᠤᠢ᠃ ᠪᠠᠭᠰᠢ ᠶᠢᠨ ᠬᠢᠴᠢᠶᠡᠯ ᠤᠨ ᠳᠠᠷᠠᠭ᠎ᠠ ᠵᠢᠭᠠᠬᠤ ᠮᠠᠲ᠋ᠧᠷᠢᠶᠠᠯ ᠳᠠᠬᠢ ᠭᠡᠷᠡᠭᠯᠡᠯᠳᠡ ᠨᠢ | ᠭᠤᠤᠯᠳᠠᠭᠤ ᠨᠢᠭᠡ ᠨᠢ ᠪᠠᠭᠰᠢ ᠶᠢᠨ ᠰᠤᠷᠤᠭᠴᠢᠳ ᠲᠤ ᠳᠠᠰᠬᠠᠯ ᠦᠯᠡᠳᠡᠭᠡᠬᠦ ᠪᠠ ᠪᠠᠭᠰᠢ ᠶᠢᠨ ᠬᠢᠴᠢᠶᠡᠯ ᠤᠨ | ᠳᠠᠷᠠᠭᠠᠬᠢ ᠵᠢᠭᠠᠨ ᠰᠤᠷᠭᠠᠯᠳᠠ ᠶᠢᠨ ᠡᠷᠬᠢᠴᠡᠬᠦᠯᠦᠯ ᠵᠡᠷᠭᠡ ᠳᠠᠬᠢ ᠭᠡᠷᠡᠭᠯᠡᠯᠳᠡ ᠪᠤᠯᠤᠨ᠎ᠠ᠃ ᠭᠡᠷᠡᠭᠯᠡᠯᠳᠡ ᠶᠢᠨ | ᠪᠠᠶᠢᠳᠠᠯ ᠢ ᠦᠵᠡᠪᠡᠯ᠂ ᠬᠢᠴᠢᠶᠡᠯ ᠤᠨ ᠳᠠᠷᠠᠭᠠᠬᠢ ᠭᠡᠷᠡᠭᠯᠡᠯᠳᠡ ᠶᠢᠨ ᠶᠠᠪᠤᠴᠠ ᠳᠤ ᠰᠤᠷᠤᠭᠴᠢᠳ ᠲᠤ ᠳᠠᠰᠬᠠᠯ | ᠦᠯᠡᠳᠡᠭᠡᠬᠦ ᠳᠤ ᠭᠡᠷᠡᠭᠯᠡᠵᠦ ᠪᠠᠶᠢᠬᠤ ᠨᠢ ᠨᠡᠯᠢᠶᠡᠳ ᠵᠦᠭᠡᠷ᠂ ᠬᠠᠷᠢᠨ ᠪᠠᠭᠰᠢ ᠶᠢᠨ ᠬᠢᠴᠢᠶᠡᠯ ᠤᠨ ᠳᠠᠷᠠᠭᠠᠬᠢ ᠵᠢᠭᠠᠨ | ᠰᠤᠷᠭᠠᠯᠳᠠ ᠶᠢᠨ ᠡᠷᠬᠢᠴᠡᠬᠦᠯᠦᠯ ᠤᠨ ᠲᠠᠯ᠎ᠠ ᠳᠠᠬᠢ ᠭᠡᠷᠡᠭᠯᠡᠯᠳᠡ ᠨᠢ ᠳᠤᠳᠠᠮᠠᠭ ᠪᠠᠶᠢᠨ᠎ᠠ᠃ | ᠭᠤᠷᠪᠠ᠂ ᠰᠤᠷᠤᠭᠴᠢ ᠶᠢᠨ ᠤᠯᠤᠰ ᠤᠨ ᠨᠢᠭᠡᠳᠤᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠦᠯᠢᠶᠡᠨ | ᠠᠪᠴᠤ ᠰᠤᠷᠤᠯᠴᠠᠵᠤ ᠪᠠᠶᠢᠭ᠎ᠠ ᠪᠠᠶᠢᠳᠠᠯ | ᠰᠤᠷᠤᠭᠴᠢᠳ ᠤᠨ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ | ᠮᠠᠲ᠋ᠧᠷᠢᠶᠠᠯ ᠢ ᠭᠡᠷᠡᠭᠯᠡᠵᠦ ᠪᠠᠶᠢᠭ᠎ᠠ ᠪᠠᠶᠢᠳᠠᠯ ᠤᠨ ᠬᠢᠴᠢᠶᠠᠯ ᠤᠨ ᠡᠮᠤᠨᠡᠬᠢ᠂ ᠬᠢᠴᠢᠶᠡᠯ ᠳᠡᠭᠡᠷ᠎ᠡ ᠪᠠ ᠬᠢᠴᠢᠶᠠᠯ ᠤᠨ | ᠳᠠᠷᠠᠭ᠎ᠠ ᠭᠡᠬᠦ ᠭᠤᠷᠪᠠᠨ ᠱᠠᠳᠤ ᠦᠶ᠎ᠡ ᠶᠢᠨ ᠪᠠᠶᠢᠳᠠᠯ ᠢ ᠦᠵᠡᠪᠡᠯ᠂ ᠰᠤᠷᠤᠭᠴᠢᠳ ᠤᠨ ᠬᠢᠴᠢᠶᠡᠯ ᠤᠨ ᠡᠮᠤᠨᠡᠬᠢ | ᠤᠷᠢᠳᠴᠢᠯᠡᠨ ᠰᠤᠷᠤᠯᠴᠠᠬᠤ ᠳᠤᠮᠳᠠ ᠤᠯᠠᠨ ᠮᠡᠳᠡᠯᠬᠡ ᠶᠢᠨ ᠴᠡᠭ ᠤᠨ ᠳᠤᠬᠠᠢ ᠪᠦᠷᠢᠨ ᠦᠢᠯᠠᠭᠠᠵᠤ ᠳᠡᠶᠢᠯᠬᠦ ᠦᠬᠡᠢ | ᠪᠠᠶᠢᠳᠠᠯ ᠤᠷᠤᠰᠢᠵᠤ ᠪᠠᠶᠢᠨ᠎ᠠ᠃ ᠡᠨᠡ ᠨᠢ ᠭᠤᠤᠯᠳᠠᠭᠤ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡᠨ ᠤ ᠬᠢᠷᠢ | ᠭᠡᠮᠵᠢᠶ᠎ᠡ ᠲᠠᠢ ᠨᠢ ᠬᠤᠯᠪᠤᠭᠳᠠᠵᠤ ᠪᠤᠢ᠃ ᠵᠠᠷᠢᠮ ᠰᠤᠷᠤᠭᠴᠢᠳ ᠤᠨ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ | ᠬᠢᠷᠢ ᠬᠡᠮᠵᠢᠶ᠎ᠡ ᠨᠢ ᠳᠤᠤᠷ᠎ᠠ ᠤᠩᠰᠢᠵᠦ ᠦᠢᠯᠠᠭᠠᠬᠤ ᠴᠢᠳᠠᠪᠦᠷᠢ ᠨᠢ ᠠᠨᠠᠢ ᠪᠤᠯᠬᠤᠷ ᠬᠢᠴᠢᠶᠡᠯ ᠤᠨ ᠡᠮᠦᠨᠡᠬᠢ | ᠤᠷᠢᠳᠴᠢᠯᠡᠨ ᠰᠤᠷᠤᠯᠴᠠᠬᠤ ᠪᠠᠨ ᠪᠡᠶᠡᠯᠡᠬᠦᠯᠵᠤ ᠴᠢᠳᠠᠬᠤ ᠦᠬᠡᠢ ᠪᠤᠶᠤ ᠤᠷᠢᠳᠴᠢᠯᠡᠨ ᠰᠤᠷᠤᠯᠴᠠᠬᠤ ᠳᠤᠷ᠎ᠠ ᠦᠬᠡᠢ | ᠪᠠᠶᠢᠳᠠᠯ ᠤᠷᠤᠰᠢᠵᠤ ᠪᠠᠶᠢᠨ᠎ᠠ᠃ ᠳᠡᠩᠬᠢᠮ ᠤᠨ ᠬᠢᠴᠢᠶᠡᠯᠯᠡᠭᠡ ᠳᠤᠮᠳᠠ᠂ ᠤᠯᠤᠰ ᠤᠨ ᠨᠡᠶᠢᠳᠡᠮ ᠭᠡᠷᠡᠭᠯᠡᠬᠦ ᠦᠭᠡ | ᠬᠡᠯᠡ ᠪᠤᠯᠤᠨ ᠮᠤᠩᠭᠤᠯ ᠬᠡᠯᠡ ᠨᠢ ᠠᠳᠠᠯᠢ ᠪᠤᠰᠤ ᠭᠡᠯᠡᠨ ᠤ ᠰᠢᠰᠲ᠋ᠧᠮ ᠲᠤ ᠬᠠᠷᠢᠶᠠᠯᠠᠭᠳᠠᠬᠤ ᠪᠤᠯᠬᠤᠷ ᠬᠡᠯᠡᠨ ᠵᠦᠢ | ᠪᠤᠯᠤᠨ ᠭᠡᠷᠡᠭᠯᠡᠬᠦ ᠦᠭᠡ ᠦᠭᠦᠯᠡᠪᠦᠷᠢ ᠨᠢ ᠢᠯᠡᠷᠭᠡᠢ ᠵᠦᠷᠢᠶ᠎ᠡ ᠤᠷᠤᠰᠢᠬᠤ ᠤᠴᠢᠷ ᠠᠴᠠ ᠬᠡᠯᠡ ᠶᠠᠷᠢᠶ᠎ᠠ ᠪᠤᠯᠤᠨ | ᠪᠢᠴᠢᠭ ᠤᠨ ᠬᠡᠯᠡᠨ ᠳᠡᠭᠡᠷ᠎ᠡ ᠢᠯᠡᠳᠭᠡᠬᠦ ᠳᠤ ᠦᠭᠡᠨ ᠤ ᠳᠠᠷᠠᠭᠠᠯᠠᠯ ᠪᠤᠷᠤᠭᠤᠳᠠᠬᠤ᠂ ᠦᠭᠡᠨ ᠤ ᠠᠶᠠᠯᠭᠤ | ᠪᠤᠷᠤᠭᠤᠳᠠᠬᠤ᠂ ᠭᠡᠯᠡᠨ ᠵᠦᠢ ᠪᠤᠷᠤᠭᠤᠳᠠᠬᠤ ᠵᠡᠷᠭᠡ ᠠᠯᠳᠠᠭ᠎ᠠ ᠠᠷᠪᠢᠨ ᠤᠷᠤᠰᠢᠵᠤ ᠪᠠᠶᠢᠬᠤ ᠮᠦᠷᠳᠡᠭᠡᠨ | ᠰᠤᠷᠤᠭᠴᠢᠳ ᠬᠢᠴᠢᠶᠡᠯᠯᠡᠭᠡ ᠶᠢᠨ ᠳᠤᠮᠳᠠ ᠶᠠᠷᠢᠵᠤ ᠢᠯᠡᠳᠭᠡᠬᠦ ᠠᠴᠠ ᠪᠠᠨ ᠢᠴᠢᠵᠤ ᠡᠮᠢᠶᠡᠨ ᠬᠢᠴᠢᠶᠡᠯ ᠤᠨ ᠠᠭᠤᠷ | ᠠᠮᠢᠰᠬᠤᠯ ᠦᠭᠡᠢ᠂ ᠬᠢᠴᠢᠶᠡᠯ ᠤᠨ ᠶᠠᠪᠤᠴᠠ ᠠᠭᠠᠵᠢᠮ ᠪᠤᠯᠬᠤ ᠪᠠᠶᠢᠳᠠᠯ ᠤᠷᠤᠰᠢᠵᠤ ᠪᠠᠶᠢᠨ᠎ᠠ᠃ ᠬᠢᠴᠢᠶᠡᠯ ᠤᠨ | ᠳᠠᠷᠠᠭᠠᠬᠢ ᠵᠢᠭᠠᠬᠤ ᠮᠠᠲ᠋ᠧᠷᠢᠶᠠᠯ ᠤᠨ ᠭᠡᠷᠡᠭᠯᠡᠯᠲᠡ ᠶᠢᠨ ᠪᠠᠶᠢᠳᠠᠯ ᠨᠢ ᠳᠠᠰᠬᠠᠯ ᠬᠢᠬᠦ ᠦᠶᠡᠰ ᠵᠢᠭᠠᠬᠤ ᠮᠠᠲ᠋ᠧᠷᠢᠶᠠᠯ ᠢ | ᠠᠰᠢᠭᠯᠠᠬᠤ ᠨᠢ ᠨᠡᠯᠢᠶᠡᠳ ᠵᠦᠭᠡᠷ ᠪᠤᠯᠪᠠᠴᠣ ᠪᠢᠴᠢᠵᠤ ᠢᠯᠡᠳᠭᠡᠬᠦ ᠳᠤ ᠪᠠᠨ ᠪᠤᠷᠤᠭᠤ ᠢᠯᠡᠳᠭᠡᠵᠤ ᠪᠠᠶᠢᠬᠤ ᠪᠠ | ᠰᠢᠯᠭᠠᠯᠳᠠ ᠬᠢᠬᠦ ᠳᠤ ᠪᠠᠨ ᠪᠤᠷᠤᠭᠤ ᠪᠢᠴᠢᠵᠤ ᠢᠯᠡᠳᠭᠡᠨ ᠬᠢᠷᠢ ᠪᠦᠳᠦᠮᠵᠢ ᠳᠤᠤᠷ᠎ᠠ ᠪᠠᠶᠢᠭ᠎ᠠ ᠪᠠᠶᠢᠳᠠᠯ | ᠲᠠᠢ᠃ ᠡᠶᠢᠮᠤ ᠠᠴᠠ ᠭᠡᠯᠡᠨ ᠤ ᠲᠠᠯ᠎ᠠ ᠶᠢᠨ ᠢᠯᠡᠳᠭᠡᠬᠦ ᠴᠢᠳᠠᠪᠤᠷᠢ ᠶᠢᠨ ᠠᠳᠠᠯᠢ ᠪᠤᠰᠤ ᠠᠴᠠ ᠪᠤᠯᠵᠤ᠂ ᠤᠯᠤᠰ ᠤᠨ | ᠨᠡᠶᠢᠳᠠᠮ ᠭᠡᠷᠡᠭᠯᠡᠬᠦ ᠦᠭᠡ ᠭᠡᠯᠡᠨ ᠤ ᠬᠢᠷᠢ ᠳᠦᠪᠰᠢᠨ ᠨᠢ ᠦᠨᠳᠤᠷ ᠰᠤᠷᠤᠭᠴᠢᠳ ᠨᠢ ᠤᠯᠤᠰ ᠤᠨ ᠨᠢᠭᠡᠳᠤᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠤᠷᠤᠯᠴᠠᠬᠤ ᠳᠤ ᠤᠷᠮ᠎ᠠ ᠵᠤᠷᠢᠭ ᠲᠠᠢ ᠴᠢᠷᠮᠠᠶᠢᠨ ᠰᠤᠷᠤᠯᠴᠠᠵᠤ ᠪᠤᠢ᠂ | ᠬᠠᠷᠢᠨ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠬᠢᠷᠢ ᠳᠦᠪᠰᠢᠨ ᠨᠢ ᠳᠤᠤᠷ᠎ᠠ ᠰᠤᠷᠤᠭᠴᠢᠳ ᠤᠨ | ᠤᠯᠤᠰ ᠤᠨ ᠨᠢᠭᠡᠳᠤᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠰᠤᠷᠤᠯᠴᠠᠬᠤ ᠤᠷᠮ᠎ᠡ ᠵᠤᠷᠢᠭ ᠮᠠᠭᠤᠳᠠᠬᠤ᠂ | ᠰᠤᠷᠤᠯᠴᠠᠬᠤ ᠳᠤᠷ᠎ᠠ ᠦᠬᠡᠢ ᠪᠤᠯᠬᠤ ᠵᠡᠷᠬᠡ ᠪᠠᠶᠢᠳᠠᠯ ᠲᠠᠢ ᠪᠠᠶᠢᠨ᠎ᠠ᠃ ᠡᠬᠦᠨ ᠠᠴᠠ ᠦᠵᠡᠵᠤ ᠭᠠᠷᠬᠤ ᠨᠢ᠂ | ᠰᠤᠷᠤᠭᠴᠢᠳ ᠤᠨ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠭᠦᠯᠢᠶᠡᠨ ᠠᠪᠴᠤ | ᠰᠤᠷᠤᠯᠴᠠᠬᠤ ᠬᠢᠷᠢ ᠳᠦᠪᠰᠢᠨ ᠨᠢ ᠳᠡᠬᠦᠨ ᠤ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠬᠢᠷᠢ | ᠬᠡᠮᠵᠢᠶ᠎ᠡ ᠲᠠᠢ ᠨᠢ ᠰᠢᠭᠤᠳ ᠬᠤᠯᠪᠤᠭᠳᠠᠵᠤ ᠪᠠᠶᠢᠨ᠎ᠠ᠃ | ᠤᠯᠤᠰ ᠤᠨ ᠨᠢᠭᠡᠳᠤᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ ᠳᠤᠮᠳᠠ | ᠤᠷᠤᠰᠢᠵᠤ ᠪᠠᠶᠢᠭ᠎ᠠ ᠠᠰᠠᠭᠤᠳᠠᠯ | ︵ᠨᠢᠭᠡ︶ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠤᠬᠠᠢ ᠦᠢᠯᠠᠭᠠᠯᠳᠠ | ᠡᠵᠡᠮᠰᠢᠯᠳᠠ ᠨᠢ ᠭᠦᠨᠵᠡᠬᠡᠢ ᠪᠤᠰᠤ᠃ ᠡ᠊ᠨᠳᠠ ᠶᠠᠷᠢᠵᠤ ᠪᠠᠶᠢᠭ᠎ᠠ ᠤᠯᠤᠰ ᠤᠨ ᠨᠢᠭᠡᠳᠤᠯᠲᠡᠢ ᠨᠡᠶᠢᠷᠠᠭᠤᠯᠤᠭᠰᠠᠨ | ᠭᠤᠷᠪᠡᠨ ᠳᠦᠷᠦᠯ ᠤᠨ ᠵᠢᠭᠠᠬᠤ ᠮᠠᠲ᠋ᠧᠷᠢᠶᠠᠯ ᠤᠨ ᠳᠤᠬᠠᠢ ᠦᠢᠯᠠᠭᠠᠯᠳᠠ ᠳᠡᠨᠢᠯᠳᠠ ᠨᠢ ᠭᠤᠤᠯ ᠨᠢ ᠬᠢᠴᠢᠶᠡᠯᠯᠡᠭᠴᠢ | ᠪᠠᠭᠰᠢ ᠶᠢᠨ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ ᠮᠠᠲ᠋ᠧᠷᠢᠶᠠᠯ ᠤᠨ ᠳᠤᠬᠠᠢ | ᠦᠢᠯᠠᠭᠠᠯᠳᠠ ᠳᠠᠨᠢᠯᠲᠡ ᠶᠢ ᠬᠡᠯᠡᠵᠤ ᠪᠤᠢ᠃ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠡᠨ ᠳᠦᠷᠦᠯ ᠤᠨ | ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢ ᠢᠯᠭᠤᠮ ᠤᠷᠤᠭᠰᠢᠲᠠᠢ ᠶᠠᠪᠤᠭᠳᠠᠭᠤᠯᠬᠤ ᠶᠢᠨ ᠬᠠᠮᠤᠭ ᠤᠨ | ᠴᠢᠬᠤᠯᠠ ᠲᠠᠯ᠎ᠠ ᠨᠢ ᠬᠢᠴᠢᠶᠡᠯᠯᠡᠭᠴᠢ ᠪᠠᠭᠰᠢᠨᠠᠷ ᠤᠨ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠳᠤᠬᠠᠢ ᠬᠢᠷᠢ ᠵᠡᠷᠭᠡ ᠡᠵᠡᠮᠰᠢᠭᠰᠡᠨ ᠳᠤ ᠪᠤᠢ᠃ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠡᠬᠢᠯᠡᠨ ᠭᠡᠷᠡᠭᠵᠢᠬᠦᠯᠦᠭᠰᠡᠨ ᠠᠴᠠ ᠤᠳᠤ ᠪᠤᠯᠳᠠᠯ᠎ᠠ ᠵᠢᠭᠠᠬᠤ ᠮᠠᠲ᠋ᠧᠷᠢᠶᠠᠯ ᠤᠨ ᠳᠤᠬᠠᠢ ᠡᠯ᠎ᠡ | ᠵᠦᠢᠯ ᠤᠨ ᠪᠤᠯᠪᠠᠰᠤᠷᠠᠯ ᠪᠠ ᠪᠤᠳᠠᠳᠠᠢ ᠬᠢᠴᠢᠶᠡᠯᠯᠡᠭᠡ ᠪᠠᠷ ᠳᠠᠮᠵᠢᠨ᠂ ᠪᠠᠭᠰᠢᠨᠠᠷ ᠨᠢ ᠤᠯᠤᠰ ᠤᠨ ᠨᠢᠭᠡᠳᠤᠯᠳᠡᠢ | ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ ᠮᠠᠲ᠋ᠧᠷᠢᠶᠠᠯ ᠤᠨ ᠠᠭᠤᠯᠭ᠎ᠠ ᠶᠢᠨ ᠲᠠᠯ᠎ᠠ ᠳᠤ ᠵᠤᠬᠢᠬᠤ | ᠦᠢᠯᠠᠭᠠᠯᠲᠠ ᠲᠠᠢ ᠪᠤᠯᠵᠤ ᠵᠢᠭᠠᠬᠤ ᠮᠠᠲ᠋ᠧᠷᠢᠶᠠᠯ ᠤᠨ ᠠᠭᠤᠯᠭ᠎ᠠ ᠶᠢᠨ ᠳᠤᠭᠤᠷᠢᠨ ᠳᠤ ᠵᠢᠭᠠᠨ ᠰᠤᠷᠭᠠᠯᠳᠠ ᠪᠠᠨ | ᠦᠷᠨᠢᠬᠦᠯᠵᠤ ᠪᠠᠶᠢᠭ᠎ᠠ ᠪᠤᠯᠪᠠᠴᠤ ᠪᠠᠭᠰᠢᠨᠠᠷ ᠤᠨ ᠤᠯᠤᠰ ᠤᠨ ᠨᠢᠭᠡᠳᠤᠯᠳᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ | ᠵᠢᠭᠠᠬᠤ ᠮᠠᠲ᠋ᠧᠷᠢᠶᠠᠯ ᠤᠨ ᠨᠠᠷᠢᠯᠢᠬ ᠵᠦᠢᠯ ᠤᠨ ᠳᠤᠬᠠᠢ ᠳᠠᠨᠢᠯᠳᠠ ᠨᠢ ᠭᠦᠨᠵᠡᠬᠡᠢ ᠪᠤᠰᠤ᠂ ᠵᠢᠭᠠᠨ ᠰᠤᠷᠭᠠᠯᠳᠠ ᠶᠢᠨ | ᠬᠠᠷᠠᠯᠲᠠ ᠵᠤᠷᠢᠯᠲᠠ ᠳᠤᠳᠤᠷᠬᠠᠢ ᠪᠤᠰᠤ ᠵᠡᠷᠭᠡ ᠠᠴᠠ ᠪᠤᠯᠵᠤ ᠪᠤᠳᠠᠳᠠᠢ ᠵᠢᠭᠠᠨ ᠰᠤᠷᠭᠠᠯᠳᠠ ᠶᠢᠨ ᠳᠤᠮᠳᠠ ᠵᠢᠭᠠᠨ | ᠰᠤᠷᠭᠠᠬᠤ ᠦᠢᠯᠠᠭᠠᠭᠳᠠᠬᠤᠨ ᠢ ᠪᠤᠳᠠᠳᠠᠶᠢᠵᠢᠭᠤᠯᠤᠨ ᠲᠤᠭᠤᠰᠢᠯᠠᠭᠤᠯᠬᠤ ᠳᠡᠭᠡᠷ᠎ᠡ ᠳᠤᠳᠠᠮᠠᠭ ᠲᠠᠯ᠎ᠠ ᠠᠷᠪᠢᠨ | ᠤᠷᠤᠰᠢᠵᠤ ᠪᠠᠶᠢᠨ᠎ᠠ᠃ ᠡᠬᠦᠨ ᠤ ᠰᠢᠯᠳᠠᠭᠠᠨ ᠨᠢ ᠨᠢᠭᠡ ᠨᠢ ᠦᠭᠡ ᠭᠡᠯᠡᠨ ᠤ ᠠᠰᠠᠭᠤᠳᠠᠯ᠂ ᠮᠤᠩᠭᠤᠯ ᠳᠤᠮᠳᠠᠳᠤ ᠪᠠᠭ᠎ᠠ | ᠰᠤᠷᠭᠠᠭᠤᠯᠢ ᠶᠢᠨ ᠤᠯᠤᠰ ᠤᠨ ᠨᠢᠭᠡᠳᠤᠯᠲᠠᠢ ᠨᠠᠶᠢᠷᠠᠭᠤᠯᠤᠭᠰᠠᠨ ᠭᠤᠷᠪᠡᠨ ᠳᠦᠷᠦᠯ ᠤᠨ ᠵᠢᠭᠠᠬᠤ ᠮᠠᠲ᠋ᠧᠷᠢᠶᠠᠯ ᠤᠨ | ᠬᠢᠴᠢᠶᠡᠯᠯᠡᠭᠴᠢ ᠪᠠᠭᠰᠢ ᠨᠠᠷ ᠤᠨ ᠤᠯᠠᠩᠬᠢ ᠨᠢ ᠳᠤᠰ ᠭᠠᠵᠠᠷ ᠤᠨ ᠪᠠᠭᠰᠢᠨᠠᠷ ᠤᠴᠢᠷ ᠠᠴᠠ ᠤᠯᠤᠰ ᠤᠨ ᠨᠠᠶᠢᠲᠡᠮ | ᠭᠡᠷᠡᠭᠯᠡᠬᠦ ᠦᠭᠡ ᠬᠡᠯᠡ ᠪᠠᠷ ᠭᠦᠨᠵᠡᠬᠡᠢ ᠰᠤᠯᠢᠯᠴᠠᠬᠤ ᠪᠠᠷ ᠳᠤᠳᠠᠮᠠᠭ ᠪᠠᠶᠢᠵᠤ᠂ ᠬᠢᠴᠢᠶᠡᠯ ᠤᠨ ᠠᠭᠤᠯᠭ᠎ᠠ ᠶᠢ | ᠬᠦᠨᠵᠡᠭᠡᠶᠢᠷᠡᠬᠦᠯᠦᠨ ᠵᠠᠳᠠᠯᠤᠨ ᠶᠠᠷᠢᠬᠤ ᠳᠡᠭᠡᠷ᠎ᠡ ᠭᠦᠴᠢᠷᠳᠠᠵᠤ ᠪᠤᠢ᠂ ᠨᠦᠬᠦᠭᠡ ᠨᠢ ᠤᠯᠤᠰ ᠤᠨ ᠨᠢᠭᠡᠳᠤᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠤᠤᠯ ᠤᠨ ᠭᠡᠷᠡᠭᠯᠡᠵᠦ ᠪᠠᠶᠢᠭᠰᠠᠨ ᠵᠢᠭᠠᠬᠤ ᠮᠠᠲ᠋ᠧᠷᠢᠶᠠᠯ ᠲᠠᠢ | ᠬᠠᠷᠢᠴᠠᠭᠤᠯᠪᠠᠯ᠂ ᠠᠭᠤᠯᠭ᠎ᠠ ᠶᠢᠨ ᠲᠠᠯ᠎ᠠ ᠪᠠᠷ ᠦᠷᠭᠡᠨ ᠳᠡᠯᠭᠡᠷ ᠪᠦᠭᠡᠳ ᠬᠦᠨ ᠭᠦᠨᠵᠡᠬᠡᠢ ᠪᠤᠯᠤᠭᠰᠠᠨ ᠤᠴᠢᠷ | ᠠᠴᠠ ᠪᠠᠭᠰᠢ ᠶᠢᠨ ᠦᠪᠡᠷᠳᠡᠭᠡᠨ ᠨᠢᠭᠳᠠᠯᠠᠨ ᠰᠤᠷᠤᠯᠴᠠᠨ ᠦᠢᠯᠠᠭᠠᠨ ᠨᠡᠪᠳᠠᠷᠡᠬᠦ ᠵᠦᠢᠯ ᠤᠯᠠᠨ ᠪᠤᠯᠤᠭᠰᠠᠨ | ᠪᠠᠶᠢᠨ᠎ᠠ᠃ ᠡᠶᠢᠮᠤ ᠠᠴᠠ ᠤᠳᠤᠬᠠᠨ ᠳᠤ ᠤᠯᠤᠰ ᠤᠨ ᠨᠢᠭᠡᠳᠤᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ | ᠪᠤᠳᠠᠲᠡᠢ ᠵᠢᠭᠠᠨ ᠰᠤᠷᠭᠠᠯᠳᠠ ᠶᠢᠨ ᠳᠤᠮᠳᠠ ᠪᠠᠭᠰᠢᠨᠠᠷ ᠨᠢ ᠤᠯᠤᠰ ᠤᠨ ᠨᠢᠭᠡᠳᠤᠯᠲᠡᠢ ᠨᠡᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠠᠭᠤᠯᠭ᠎ᠠ ᠪᠠᠨ ᠭᠡᠷᠬᠢᠨ ᠪᠤᠳᠠᠳᠠᠢ ᠪᠠᠶᠢᠳᠠᠯ ᠲᠠᠢ ᠬᠤᠯᠪᠤᠭᠳᠠᠭᠤᠯᠤᠨ᠂ ᠰᠤᠷᠤᠭᠴᠢᠳ ᠤᠨ ᠠᠮᠠᠷᠬᠠᠨ | ᠦᠢᠯᠠᠭᠠᠵᠤ ᠳᠡᠶᠢᠯᠬᠦ ᠬᠡᠯᠪᠡᠷᠢ ᠪᠠᠷ ᠪᠤᠳᠠᠲᠡᠶᠢᠵᠢᠭᠤᠯᠤᠨ ᠠᠮᠢᠳᠤᠷᠠᠯ ᠳᠤ ᠦᠢᠷᠡᠳᠤᠭᠤᠯᠬᠤ ᠪᠠᠷ ᠳᠠᠮᠵᠢᠨ ᠵᠢᠭᠠᠨ | ᠰᠤᠷᠭᠠᠯᠳᠠ ᠶᠢᠨ ᠦᠢᠯᠠᠭᠠᠭᠳᠠᠬᠤᠨ ᠢ ᠪᠠᠨ ᠨᠡᠩ ᠰᠠᠶᠢᠨ ᠢᠶᠠᠷ ᠳᠤᠭᠤᠰᠢᠯᠠᠭᠤᠯᠤᠨ ᠭᠡᠷᠡᠭᠵᠢᠬᠦᠯᠬᠦ ᠲᠠᠯ᠎ᠠ ᠳᠤ | ᠭᠦᠴᠢᠷᠳᠠᠯ ᠳᠤᠯᠭᠠᠷᠠᠵᠤ ᠪᠤᠢ᠃ ᠡᠨᠡ ᠨᠢ ᠮᠦᠨ ᠴᠤ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠭᠤᠷᠪᠠᠨ | ᠳᠦᠷᠦᠯ ᠤᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠲᠠᠢ ᠬᠤᠯᠪᠤᠭᠳᠠᠬᠤ ᠴᠢᠬᠤᠯᠠ | ᠲᠠᠯ᠎ᠠ ᠪᠤᠯᠤᠨ᠎ᠠ᠃ ᠡᠶᠢᠮᠤ ᠠᠴᠠ ᠬᠢᠴᠢᠶᠡᠯᠯᠡᠭᠴᠢ ᠪᠠᠭᠰᠢ ᠨᠢ ᠵᠢᠭᠠᠬᠤ ᠮᠠᠲ᠋ᠧᠷᠢᠶᠠᠯ ᠤᠨ ᠳᠤᠬᠠᠢ ᠦᠢᠯᠠᠭᠠᠯᠳᠠ | ᠳᠠᠨᠢᠯᠲᠠ ᠪᠠᠨ ᠤᠯᠠᠮ ᠴᠢᠨᠠᠭᠰᠢᠲᠠ ᠭᠦᠨᠵᠡᠬᠡᠶᠢᠷᠡᠬᠦᠯᠬᠦ ᠴᠢᠬᠤᠯᠠᠲᠡᠢ᠃ | ︵ᠬᠤᠶᠡᠷ︶ ᠤᠯᠤᠰ ᠤᠨ ᠨᠢᠭᠡᠳᠤᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠢᠴᠢᠶᠡᠯ ᠤᠨ | ᠪᠠᠷᠢᠮᠵᠢᠶ᠎ᠠ︾ ᠶᠢᠨ ᠰᠤᠳᠤᠯᠤᠨ ᠰᠤᠷᠤᠯᠴᠠᠯᠭ᠎ᠠ ᠭᠦᠷᠦᠯᠴᠡᠬᠦ ᠦᠬᠡᠢ ᠪᠠᠶᠢᠨ᠎ᠠ᠃ ︽ᠬᠢᠴᠢᠶᠡᠯ ᠤᠨ ᠪᠠᠷᠢᠮᠵᠢᠶ᠎ᠠ︾ ᠪᠤᠯ | ᠵᠢᠭᠠᠨ ᠰᠤᠷᠭᠠᠯᠳᠠ ᠶᠢᠨ ᠰᠢᠰᠲ᠋ᠧᠮ ᠤᠨ ᠳᠤᠳᠤᠷᠡᠬᠢ ᠴᠢᠬᠤᠯᠠ ᠭᠡᠰᠡᠭ ᠪᠠᠶᠢᠵᠤ᠂ ᠰᠤᠷᠤᠭᠴᠢᠳ ᠤᠨ ᠡᠵᠡᠮᠰᠢᠬᠦ | ᠴᠢᠬᠤᠯᠠᠲᠠᠢ ᠮᠡᠳᠡᠯᠭᠡ᠂ ᠮᠡᠷᠭᠡᠵᠢᠯ ᠵᠢᠴᠢ ᠬᠦᠷᠬᠦ ᠶᠤᠰᠤᠲᠡᠢ ᠵᠢᠭᠠᠨ ᠰᠤᠷᠭᠠᠯᠳᠠ ᠶᠢᠨ ᠬᠠᠷᠠᠯᠲᠡ ᠶᠢ ᠳᠤᠳᠤᠷᠬᠠᠢ | ᠳᠤᠭᠳᠠᠭᠠᠨ᠂ ᠪᠠᠭᠰᠢ ᠳᠤ ᠵᠢᠭᠠᠨ ᠰᠤᠷᠭᠠᠬᠤ ᠵᠦᠭᠯᠡᠬᠦᠷ ᠬᠠᠩᠭᠠᠨ᠂ ᠪᠠᠭᠰᠢ ᠶᠢᠨ ᠵᠢᠭᠠᠨ ᠰᠤᠷᠭᠠᠯᠳᠠ ᠶᠢᠨ | ᠠᠭᠤᠯᠭ᠎ᠠ ᠶᠢ ᠨᠡᠩ ᠰᠠᠶᠢᠨ ᠢᠶᠠᠷ ᠵᠤᠬᠢᠶᠠᠨ ᠪᠠᠶᠢᠭᠤᠯᠬᠤ ᠳᠤ ᠳᠤᠰᠠᠯᠠᠬᠤ ᠶᠢᠨ ᠬᠠᠮᠳᠤ᠂ ᠰᠤᠷᠤᠭᠴᠢᠳ ᠤᠨ | ᠵᠠᠪᠠᠯ ᠰᠤᠷᠬᠤ ᠴᠢᠬᠤᠯᠠᠲᠠᠢ ᠮᠡᠳᠡᠯᠭᠡ ᠮᠡᠷᠭᠡᠵᠢᠯ ᠢ ᠰᠤᠷᠤᠯᠴᠠᠬᠤ ᠶᠢ ᠪᠠᠳᠤᠯᠠᠬᠤ ᠴᠢᠬᠤᠯᠠ ᠪᠠᠷᠢᠮᠵᠢᠶ᠎ᠠ | ᠪᠤᠯᠤᠨ᠎ᠠ᠃ ᠡᠶᠢᠮᠤ ᠠᠴᠠ ᠬᠢᠴᠢᠶᠡᠯᠯᠡᠭᠴᠢ ᠪᠠᠭᠰᠢ ᠶᠢᠨ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ | ᠳᠦᠷᠦᠯ ᠤᠨ ᠵᠢᠭᠠᠬᠤ ᠮᠠᠲ᠋ᠧᠷᠢᠶᠠᠯ ᠤᠨ ︽ᠬᠢᠴᠢᠶᠡᠯ ᠤᠨ ᠪᠠᠷᠢᠮᠵᠢᠶ᠎ᠠ︾ ᠶᠢ ᠦᠢᠯᠠᠭᠠᠨ ᠡᠵᠡᠮᠰᠢᠬᠦ ᠨᠢ ᠤᠯᠤᠰ ᠤᠨ | ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠨ ᠰᠤᠷᠭᠠᠯᠳᠠ ᠶᠢᠨ ᠢᠯᠭᠤᠮ ᠤᠷᠤᠭᠰᠢᠲᠠᠢ | ᠶᠠᠪᠤᠭᠳᠠᠨ ᠵᠢᠭᠠᠨ ᠰᠤᠷᠭᠠᠬᠤ ᠬᠠᠷᠠᠯᠲᠠ ᠳᠤ ᠪᠠᠨ ᠬᠦᠷᠬᠦ ᠳᠤ ᠴᠢᠬᠤᠯᠠ ᠦᠨᠳᠤᠰᠤᠯᠡᠯ ᠪᠠᠷᠢᠮᠵᠢᠶ᠎ᠠ ᠬᠠᠩᠭᠠᠬᠤ | ᠪᠤᠯᠤᠨ᠎ᠠ᠃ ᠡᠬᠦᠨ ᠳᠤ ᠪᠠᠶᠢᠴᠠᠭᠠᠯᠳᠠ ᠶᠢᠨ ᠳᠤᠮᠳᠠ ᠦᠢᠯᠠᠭᠠᠭᠰᠠᠨ ᠢᠶᠠᠷ᠂ ᠬᠢᠴᠢᠶᠡᠯᠯᠡᠭᠴᠢ ᠪᠠᠭᠰᠢ ᠨᠢ ᠪᠤᠳᠠᠲᠡᠢ | ᠵᠢᠭᠠᠨ ᠰᠤᠷᠭᠠᠯᠳᠠ ᠶᠢᠨ ᠳᠤᠮᠳᠠ ᠬᠢᠴᠢᠶᠡᠯ ᠳᠦᠷᠦᠯ ᠤᠨ ᠬᠢᠨ ᠢᠶᠠᠨ ︽ᠬᠢᠴᠢᠶᠡᠯ ᠤᠨ ᠪᠠᠷᠢᠮᠵᠢᠶ᠎ᠠ︾ ᠶᠢᠨ ᠳᠤᠬᠠᠢ | ᠰᠤᠷᠤᠯᠴᠠᠨ ᠦᠢᠯᠠᠭᠠᠵᠤ ᠠᠰᠢᠭᠯᠠᠬᠤ ᠪᠠᠷ ᠳᠤᠳᠠᠮᠠᠭ ᠪᠠᠶᠢᠵᠤ᠂ ᠵᠦᠪᠬᠡᠨ ᠵᠢᠭᠠᠬᠤ ᠮᠠᠲ᠋ᠧᠷᠢᠶᠠᠯ ᠳᠤ ᠪᠠᠨ | ᠳᠦᠰᠢᠭᠯᠡᠬᠦ ᠳᠤ ᠭᠤᠤᠯᠯᠠᠵᠤ ᠪᠤᠢ᠃ ᠡᠨᠡ ᠨᠢ ᠭᠤᠤᠯᠳᠠᠭᠤ ᠪᠠᠭᠰᠢᠨᠠᠷ ᠤᠨ ᠬᠢᠴᠢᠶᠡᠯ ᠳᠦᠷᠦᠯ ᠤᠨ ︽ᠬᠢᠴᠢᠶᠡᠯ ᠤᠨ | ᠪᠠᠷᠢᠮᠵᠢᠶ᠎ᠠ︾ ᠶᠢᠨ ᠳᠤᠬᠠᠢ ᠦᠢᠯᠠᠭᠠᠯᠳᠠ ᠳᠤᠲᠠᠮᠠᠭ᠂ ︽ᠬᠢᠴᠢᠶᠡᠯ ᠤᠨ ᠪᠠᠷᠢᠮᠵᠢᠶ᠎ᠠ︾ ᠶᠢᠨ ᠴᠢᠬᠤᠯᠠ ᠴᠢᠨᠠᠷ ᠤᠨ ᠳᠤᠬᠠᠢ | ᠦᠢᠯᠠᠭᠠᠬᠤ ᠪᠤᠯᠪᠠᠴᠤ ︽ᠬᠢᠴᠢᠶᠡᠯ ᠤᠨ ᠪᠠᠷᠢᠮᠵᠢᠶ᠎ᠠ︾ ᠶᠢ ᠬᠡᠷᠬᠢᠨ ᠠᠰᠢᠭᠯᠠᠵᠤ ᠨᠠᠶᠢᠳᠠᠪᠦᠷᠢᠵᠢᠭᠤᠯᠵᠤ ᠭᠡᠷᠡᠭᠵᠢᠬᠦᠯᠬᠦ | ᠲᠠᠯ᠎ᠠ ᠪᠠᠷ ᠳᠤᠳᠠᠮᠠᠭ ᠪᠠᠶᠢᠨ᠎ᠠ᠃ ᠶᠠᠷᠤ ᠶᠢᠨ ᠴᠠᠭ ᠲᠤ ᠡᠯ᠎ᠡ ᠵᠦᠢᠯ ᠤᠨ ᠪᠤᠯᠪᠠᠰᠤᠷᠠᠯ ᠳᠤᠮᠳᠠ ︽ᠬᠢᠴᠢᠶᠡᠯ ᠤᠨ | ᠪᠠᠷᠢᠮᠵᠢᠶ᠎ᠠ︾ ᠶᠢ ᠴᠢᠬᠤᠯᠠᠴᠢᠯᠠᠨ ᠶᠠᠷᠢᠳᠠᠭ ᠪᠤᠯᠪᠠᠴᠤ ᠪᠤᠳᠠᠲᠡᠢ ᠬᠡᠷᠬᠢᠨ ᠠᠰᠢᠭᠯᠠᠵᠤ ᠭᠡᠷᠡᠭᠯᠡᠬᠦ ᠲᠠᠯ᠎ᠡ ᠪᠠᠷ ᠶᠠᠷᠢᠬᠤ ᠨᠢ | ᠴᠦᠭᠡᠨ ᠪᠠᠶᠢᠳᠠᠭ ᠪᠠ ᠶᠡᠷᠤ ᠶᠢᠨ ᠴᠠᠭ ᠲᠤ ᠪᠠᠭᠰᠢᠨᠠᠷ ᠤᠨ ︽ᠬᠢᠴᠢᠶᠡᠯ ᠤᠨ ᠪᠠᠷᠢᠮᠵᠢᠶ᠎ᠠ︾ ᠶᠢᠨ ᠳᠤᠬᠠᠢ | ᠰᠤᠷᠤᠯᠴᠠᠯᠭ᠎ᠠ ᠳᠤᠳᠠᠮᠠᠭ ᠠᠴᠠ ᠪᠤᠯᠵᠤ ᠪᠠᠭᠰᠢᠨᠠᠷ ᠤᠨ ︽ᠬᠢᠴᠢᠶᠡᠯ ᠤᠨ ᠪᠠᠷᠢᠮᠵᠢᠶ᠎ᠠ︾ ᠶᠢᠨ ᠠᠰᠢᠭᠯᠠᠮᠵᠢ ᠨᠢ ᠶᠡᠭᠡ | ᠳᠤᠤᠷ᠎ᠠ᠂ ᠵᠢᠭᠠᠨ ᠰᠤᠷᠭᠠᠯᠳᠠ ᠶᠢᠨ ᠬᠠᠷᠠᠯᠲᠠ ᠵᠤᠷᠢᠯᠲᠠ ᠳᠤᠳᠤᠷᠬᠠᠢ ᠪᠤᠰᠤ ᠵᠡᠷᠭᠡ ᠠᠴᠠ ᠪᠤᠯᠵᠤ᠂ ᠪᠤᠳᠠᠲᠠᠢ ᠵᠢᠭᠠᠨ | ᠰᠤᠷᠭᠠᠯᠲᠠ ᠶᠢᠨ ᠶᠠᠪᠤᠴᠠ ᠳᠤᠮᠲᠠ ᠰᠤᠷᠤᠭᠴᠢᠳ ᠤᠨ ᠪᠦᠷᠢᠯᠳᠤᠬᠦᠯᠬᠦ ᠵᠤᠬᠢᠰᠲᠡᠢ ᠮᠡᠷᠭᠡᠵᠢᠯ ᠴᠢᠳᠠᠪᠤᠷᠢ ᠶᠢᠨ ᠬᠢᠷᠢ | ᠬᠡᠮᠵᠢᠶ᠎ᠡ ᠨᠢ ᠵᠢᠭᠠᠨ ᠰᠤᠷᠭᠠᠬᠤ ᠬᠠᠷᠠᠯᠲᠠ ᠳᠤ ᠪᠠᠨ ᠬᠦᠷᠴᠤ ᠳᠡᠶᠢᠯᠬᠦ ᠦᠬᠡᠢ ᠪᠠᠶᠢᠬᠤ ᠪᠠᠶᠢᠳᠠᠯ ᠤᠷᠤᠰᠢᠵᠤ | ᠪᠠᠶᠢᠨ᠎ᠠ᠃ | ︵ᠭᠤᠷᠪᠠ︶ ᠰᠤᠷᠤᠭᠴᠢ ᠶᠢᠨ ᠬᠦᠯᠢᠶᠡᠨ ᠠᠪᠴᠤ ᠰᠤᠷᠤᠯᠴᠠᠬᠤ ᠴᠢᠳᠠᠪᠤᠷᠢ ᠦᠨᠳᠤᠷ ᠪᠢᠰᠢ᠃ ᠵᠢᠭᠠᠨ | ᠰᠤᠷᠭᠠᠯᠳᠠ ᠶᠢᠨ ᠳᠤᠮᠳᠠ ᠰᠤᠷᠤᠭᠴᠢ ᠨᠢ ᠵᠢᠭᠠᠨ ᠰᠤᠷᠭᠠᠯᠳᠠ ᠶᠢᠨ ᠪᠠᠶᠡᠴᠢ ᠴᠤᠭᠴᠠ ᠪᠤᠯᠤᠭᠰᠠᠨ ᠤ ᠬᠤᠪᠢ ᠳᠤ᠂ | ᠰᠤᠷᠤᠭᠴᠢ ᠶᠢᠨ ᠬᠦᠯᠢᠶᠡᠨ ᠠᠪᠴᠤ ᠰᠤᠷᠤᠯᠴᠠᠬᠤ ᠴᠢᠳᠠᠪᠦᠷᠢ ᠨᠢ ᠵᠢᠭᠠᠨ ᠰᠤᠷᠭᠠᠯᠳᠠ ᠶᠢᠨ ᠤᠷᠤᠭᠰᠢᠲᠠᠢ | ᠶᠠᠪᠤᠭᠳᠠᠬᠤ ᠲᠠᠢ ᠨᠢᠭᠲᠠ ᠬᠤᠯᠪᠤᠭᠳᠠᠬᠤ ᠵᠦᠢᠯ ᠪᠤᠯᠤᠨ᠎ᠠ᠃ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ | ᠳᠦᠷᠦᠯ ᠤᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ ᠳᠤᠮᠳᠠ ᠰᠤᠷᠤᠭᠴᠢ ᠶᠢᠨ ᠬᠦᠯᠢᠶᠡᠨ ᠠᠪᠴᠤ | ᠰᠤᠷᠤᠯᠴᠠᠬᠤ ᠴᠢᠳᠠᠪᠦᠷᠢ ᠨᠢ ᠳᠡᠬᠦᠨ ᠤ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠬᠢᠷᠢ ᠭᠡᠮᠵᠢᠶ᠎ᠠ ᠲᠠᠢ | ᠰᠢᠭᠤᠳ ᠬᠤᠯᠪᠤᠭᠳᠠᠵᠤ ᠪᠤᠢ᠃ ᠤᠳᠤ ᠶᠢᠨ ᠮᠤᠩᠭᠤᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠤᠯᠤᠰ ᠤᠨ ᠨᠠᠶᠢᠳᠡᠮ ᠭᠡᠷᠡᠭᠯᠡᠬᠦ ᠦᠭᠡ ᠭᠡᠯᠡᠨ ᠤ ᠬᠢᠷᠢ ᠭᠡᠮᠵᠢᠶ᠎ᠡ ᠨᠢ ᠳᠡᠶᠢᠮᠤ ᠦᠨᠳᠤᠷ ᠪᠢᠰᠢ᠂ ᠤᠴᠢᠷ ᠨᠢ ᠤᠳᠤ | ᠶᠠᠭ ᠳᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠰᠤᠷᠬᠤ ᠨᠠᠰᠤᠨ ᠠᠴᠠ ᠡᠮᠤᠨᠡᠬᠢ | ᠱᠠᠳᠤ ᠦᠶ᠎ᠡ ᠶᠢᠨ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠰᠠᠭᠤᠷᠢ ᠳᠤᠳᠠᠮᠠᠭ ᠪᠠ ᠤᠤᠯ ᠤᠨ ᠰᠤᠷᠴᠤ | ᠪᠠᠶᠢᠭᠰᠠᠨ ᠬᠡᠯᠡ ᠪᠢᠴᠢᠭ ᠨᠢ ᠬᠠᠷᠢᠴᠠᠩᠭᠤᠢ ᠳᠦᠬᠦᠮ ᠬᠢᠯᠪᠠᠷ ᠪᠠᠶᠢᠳᠠᠭ ᠵᠢᠴᠢ ᠤᠯᠤᠰ ᠤᠨ ᠨᠠᠶᠢᠳᠠᠮ ᠭᠡᠷᠡᠭᠯᠡᠬᠦ | ᠦᠭᠡ ᠭᠡᠯᠡᠨ ᠤ ᠭᠡᠷ ᠪᠦᠯᠢ ᠶᠢᠨ ᠭᠡᠯᠡᠨ ᠤ ᠤᠷᠴᠢᠨ ᠦᠬᠡᠢ ᠤᠴᠢᠷ ᠠᠴᠠ ᠤᠯᠤᠰ ᠤᠨ ᠨᠢᠭᠡᠳᠤᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠭᠡᠷᠡᠭᠯᠡᠯᠲᠡ ᠶᠢᠨ ᠳᠤᠮᠳᠠ ᠦᠢᠯᠠᠭᠠᠵᠤ ᠢᠯᠡᠳᠬᠡᠬᠦ ᠲᠠᠯ᠎ᠠ ᠳᠤ ᠵᠠᠷᠢᠮ | ᠰᠤᠷᠤᠭᠴᠢᠳ ᠨᠢ ᠨᠡᠯᠢᠶᠡᠳ ᠭᠡᠮᠵᠢᠶᠠᠨ ᠤ ᠬᠦᠴᠢᠷᠳᠡᠯ ᠳᠤ ᠳᠤᠯᠭᠠᠷᠠᠵᠤ ᠪᠠᠶᠢᠨ᠎ᠠ᠃ ᠳᠦᠬᠦᠮ ᠵᠠᠳᠠᠯᠵᠤ ᠶᠠᠷᠢᠪᠠᠯ᠂ | ᠤᠯᠡᠩᠬᠢ ᠰᠤᠷᠤᠭᠴᠢᠳ ᠤᠨ ᠰᠤᠨᠤᠰᠴᠤ ᠦᠢᠯᠠᠭᠠᠬᠤ ᠴᠢᠳᠠᠪᠦᠷᠢ ᠨᠢ ᠨᠡᠯᠢᠶᠠᠳ ᠵᠦᠭᠡᠷ᠂ ᠭᠡᠪᠡᠴᠤ ᠰᠤᠷᠤᠭᠴᠢᠳ ᠨᠢ | ᠦᠪᠡᠷᠳᠡᠭᠡᠨ ᠤᠩᠰᠢᠨ ᠦᠢᠯᠠᠭᠠᠬᠤ ᠳᠤ ᠪᠠᠨ ᠭᠦᠴᠢᠷᠳᠡᠵᠤ ᠪᠠᠶᠢᠳᠠᠭ᠂ ᠵᠠᠷᠢᠮ ᠦᠭᠡ ᠦᠭᠡᠰ ᠢ ᠤᠩᠰᠢᠵᠤ | ᠦᠢᠯᠠᠭᠠᠬᠤ ᠦᠬᠡᠢ ᠪᠤᠶᠤ ᠦᠪᠡᠷ ᠤᠨ ᠦᠢᠯᠠᠭᠠᠵᠤ ᠪᠠᠶᠢᠭ᠎ᠠ ᠵᠦᠢᠯ ᠢᠶᠠᠨ ᠶᠠᠷᠢᠵᠤ ᠢᠯᠡᠳᠬᠡᠬᠦ ᠪᠠ ᠪᠢᠴᠢᠵᠤ | ᠢᠯᠡᠳᠬᠡᠬᠦ ᠳᠤ ᠪᠠᠨ ᠬᠦᠴᠢᠷᠳᠠᠵᠤ ᠪᠤᠢ᠃ ᠡᠬᠦᠨ ᠳᠤ ᠤᠨᠴᠠᠭᠠᠶᠢᠯᠠᠨ ᠪᠢᠴᠢᠵᠤ ᠢᠯᠡᠳᠭᠡᠬᠦ ᠳᠡᠭᠡᠷ᠎ᠡ ᠵᠠᠷᠢᠮ ᠦᠭᠡ | ᠦᠭᠡᠰ ᠢ ᠭᠡᠷᠬᠢᠨ ᠪᠢᠴᠢᠬᠦ ᠪᠠᠨ ᠪᠤᠳᠤᠵᠤ ᠤᠯᠬᠤ ᠦᠬᠡᠢ ᠪᠠ ᠪᠤᠷᠤᠭᠤ ᠦᠰᠦᠭ ᠪᠢᠴᠢᠬᠦ᠂ ᠦᠭᠡ | ᠦᠬᠦᠯᠡᠪᠦᠷᠢ ᠶᠢ ᠨᠠᠶᠢᠷᠠᠭᠤᠯᠤᠨ ᠪᠢᠴᠢᠬᠦ ᠳᠤ ᠪᠠᠨ ᠭᠡᠯᠡᠨ ᠵᠦᠢ ᠶᠢᠨ ᠠᠯᠳᠠᠭ᠎ᠠ ᠭᠠᠷᠭᠠᠬᠤ ᠵᠡᠷᠬᠡ ᠪᠠᠶᠢᠳᠠᠯ ᠤᠷᠤᠰᠢᠵᠤ | ᠪᠠᠶᠢᠨ᠎ᠠ᠃ ᠡᠨᠡ ᠨᠢ ᠮᠦᠨᠴᠤ ᠰᠤᠷᠤᠭᠴᠢᠳ ᠤᠨ ᠬᠢᠴᠢᠶᠡᠯ ᠳᠦᠷᠦᠯ ᠤᠨ ᠪᠠᠶᠢᠴᠠᠭᠠᠯᠲᠠ ᠰᠢᠯᠭᠠᠯᠳᠠ ᠶᠢᠨ ᠬᠢᠷᠢ | ᠪᠦᠳᠤᠮᠵᠢ ᠶᠢ ᠨᠦᠯᠦᠭᠡᠯᠡᠵᠤ ᠪᠠᠶᠢᠭ᠎ᠠ ᠭᠤᠤᠯ ᠬᠦᠴᠤᠨ ᠵᠦᠢᠯ ᠪᠤᠯᠵᠦ ᠪᠠᠶᠢᠨ᠎ᠠ᠃ ᠡᠶᠢᠮᠤ ᠠᠴᠠ ᠰᠤᠷᠤᠭᠴᠢᠳ ᠤᠨ | ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ ᠬᠢᠷᠢ ᠳᠦᠪᠰᠢᠨ ᠢ ᠳᠡᠭᠡᠭᠰᠢᠯᠡᠬᠦᠯᠬᠦ ᠨᠢ ᠤᠯᠤᠰ ᠤᠨ ᠨᠢᠭᠡᠳᠤᠯᠲᠡᠢ | ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠢᠶᠠᠨ ᠤᠷᠤᠭᠰᠢᠲᠠᠢ | ᠶᠠᠪᠤᠭᠳᠠᠭᠤᠯᠬᠤ ᠶᠢᠨ ᠴᠢᠬᠤᠯᠠ ᠱᠠᠭᠠᠷᠳᠠᠯᠭ᠎ᠠ ᠪᠤᠯᠵᠤ ᠪᠤᠢ᠃ | ︵ᠳᠦᠷᠪᠡ︶ ᠰᠤᠷᠤᠭᠴᠢᠳ ᠤᠨ ᠮᠡᠳᠡᠯᠭᠡ ᠶᠢᠨ ᠰᠠᠭᠤᠷᠢ ᠪᠠ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠤᠨ ᠰᠤᠷᠤᠯᠴᠠᠯᠭ᠎ᠠ ᠶᠢᠨ ᠤᠶᠠᠯᠳᠤᠯ ᠳᠤ ᠰᠠᠯᠦᠩᠬᠢᠷᠠᠯ ᠤᠨ ᠠᠰᠠᠭᠤᠳᠠᠯ ᠤᠷᠤᠰᠢᠵᠤ | ᠪᠤᠢ᠃ ᠤᠯᠤᠰ ᠤᠨ ᠨᠢᠭᠡᠳᠤᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠮᠡᠳᠡᠯᠭᠡ ᠶᠢᠨ ᠭᠦᠨᠴᠡ᠂ | ᠠᠭᠤᠯᠭ᠎ᠠ ᠶᠢᠨ ᠭᠦᠷᠢᠶ᠎ᠡ ᠬᠡᠪᠴᠢᠶ᠎ᠡ ᠨᠢ ᠤᠤᠯ ᠤᠨ ᠭᠡᠷᠡᠭᠯᠡᠵᠦ ᠪᠠᠶᠢᠭᠰᠠᠨ ᠵᠢᠭᠠᠬᠤ ᠮᠠᠲ᠋ᠧᠷᠢᠶᠠᠯ ᠲᠠᠢ ᠨᠡᠯᠢᠶᠠᠳ | ᠵᠦᠷᠢᠶ᠎ᠡ ᠤᠷᠤᠰᠢᠵᠤ ᠪᠠᠶᠢᠨ᠎ᠠ᠂ ᠤᠨᠴᠠᠭᠠᠶᠢᠯᠠᠨ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ | ᠬᠢᠴᠢᠶᠡᠯ ᠳᠦᠷᠦᠯ ᠨᠢ ᠤᠤᠯ ᠤᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠪᠤᠳᠤᠪᠠᠯ᠂ ᠠᠭᠤᠯᠭ᠎ᠠ ᠭᠡᠪᠴᠢᠶ᠎ᠡ ᠪᠠ | ᠭᠦᠴᠢᠷᠴᠠ ᠨᠢ ᠶᠡᠭᠡᠪᠡᠷ ᠨᠡᠮᠡᠭᠳᠡᠭᠰᠡᠨ ᠮᠦᠷᠳᠡᠭᠡᠨ ᠰᠤᠷᠤᠭᠴᠢᠳ ᠤᠨ ᠰᠤᠷᠤᠯᠴᠠᠬᠤ ᠬᠦᠨᠳᠤᠴᠡ ᠭᠦᠴᠢᠷᠳᠡᠯ ᠨᠢ | ᠨᠠᠮᠡᠭᠳᠡᠭᠰᠡᠨ ᠠᠴᠠ ᠬᠡᠯᠡ ᠪᠢᠴᠢᠭ ᠤᠨ ᠬᠢᠴᠢᠶᠠᠯ ᠤᠨ ᠡᠷᠲᠡᠨ ᠤ ᠬᠡᠯᠡ ᠬᠡᠯᠡᠯᠬᠡ ᠵᠡᠷᠬᠡ ᠳᠤ ᠬᠦᠴᠢᠷᠳᠡᠵᠤ ᠪᠠᠶᠢᠬᠤ | ᠮᠦᠷᠳᠡᠭᠡᠨ ᠤᠯᠤᠰ ᠤᠨ ᠨᠢᠭᠡᠳᠤᠯᠲᠠᠢ ᠨᠠᠶᠢᠷᠠᠭᠤᠯᠤᠭᠰᠠᠨ ᠭᠤᠷᠪᠠᠨ ᠳᠦᠷᠤᠯ ᠤᠨ ᠵᠢᠭᠠᠬᠤ ᠮᠠᠲ᠋ᠧᠷᠢᠶᠠᠯ ᠨᠢ ᠯᠤᠬᠢᠭ | ᠴᠢᠨᠠᠷ ᠢᠶᠠᠷ ᠴᠢᠩᠭ᠎ᠠ ᠰᠢᠰᠲ᠋ᠧᠮᠵᠢᠭᠰᠡᠨ ᠵᠢᠭᠠᠬᠤ ᠮᠠᠲ᠋ᠧᠷᠢᠶᠠᠯ ᠤᠴᠢᠷ ᠠᠴᠠ ᠰᠢᠨ᠎ᠡ ᠬᠠᠭᠤᠴᠢᠨ ᠮᠡᠳᠡᠯᠭᠡ ᠶᠢᠨ | ᠵᠠᠯᠭᠠᠯᠳᠤᠯ ᠰᠠᠯᠦᠩᠬᠢᠷᠠᠵᠤ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ ᠳᠦᠷᠤᠯ ᠤᠨ ᠵᠢᠭᠠᠬᠤ | ᠮᠠᠲ᠋ᠧᠷᠢᠶᠠᠯ ᠢ ᠰᠤᠷᠤᠯᠴᠠᠬᠤ ᠳᠤ ᠱᠠᠭᠠᠷᠳᠠᠭᠳᠠᠬᠤ ᠮᠡᠳᠡᠯᠬᠡ ᠶᠢᠨ ᠰᠠᠭᠤᠷᠢ ᠪᠠᠭᠤᠷᠠᠢ ᠪᠠ ᠤᠯᠤᠰ ᠤᠨ ᠨᠡᠶᠢᠳᠡᠮ | ᠭᠡᠷᠡᠭᠯᠡᠬᠦ ᠦᠭᠡ ᠬᠡᠯᠡᠨ ᠤ ᠬᠢᠷᠢ ᠳᠦᠪᠰᠢᠨ ᠳᠤᠤᠷ᠎ᠠ ᠪᠠᠶᠢᠬᠤ ᠨᠢ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠤᠨ ᠰᠤᠷᠤᠯᠴᠠᠯᠭ᠎ᠠ ᠶᠢᠨ ᠬᠢᠷᠢ ᠳᠦᠪᠰᠢᠨ ᠢ ᠨᠦᠯᠦᠭᠡᠯᠡᠵᠤ ᠪᠠᠶᠢᠨ᠎ᠠ᠃ ᠡᠶᠢᠮᠤᠷᠬᠦᠤ | ᠮᠡᠳᠡᠯᠭᠡ ᠶᠢᠨ ᠪᠦᠳᠤᠴᠡ ᠶᠢᠨ ᠰᠠᠯᠤᠩᠬᠢᠷᠠᠯ ᠨᠢ ᠰᠤᠷᠤᠭᠴᠢᠳ ᠤᠨ ᠰᠤᠷᠤᠯᠴᠠᠬᠤ ᠤᠷᠮ᠎ᠠ ᠵᠤᠷᠢᠭ ᠢ ᠨᠦᠯᠦᠭᠡᠯᠡᠬᠦ | ᠪᠠᠶᠢᠳᠠᠯ ᠢᠯᠡᠷᠡᠵᠤ ᠪᠠᠶᠢᠭ᠎ᠠ ᠤᠴᠢᠷ ᠠᠴᠠ ᠪᠤᠳᠠᠳᠠᠢ ᠵᠢᠭᠠᠨ ᠰᠤᠷᠭᠠᠯᠳᠠ ᠶᠢᠨ ᠳᠤᠮᠳᠠ ᠪᠠᠨ ᠰᠤᠷᠤᠭᠴᠢ ᠶᠢᠨ | ᠰᠤᠷᠤᠯᠴᠠᠯᠭ᠎ᠠ ᠶᠢᠨ ᠪᠠᠶᠢᠳᠠᠯ ᠳᠤ ᠨᠢ ᠵᠤᠬᠢᠴᠠᠭᠤᠯᠤᠨ ᠵᠢᠭᠠᠨ ᠰᠤᠷᠭᠠᠯᠳᠠ ᠶᠢᠨ ᠠᠵᠢᠯᠯᠠᠭ᠎ᠠ ᠪᠠᠨ ᠶᠠᠪᠤᠭᠳᠠᠭᠤᠯᠬᠤ ᠶᠢ | ᠱᠠᠭᠠᠷᠳᠠᠵᠤ ᠪᠤᠢ᠃ | ᠭᠤᠷᠪᠠ᠂ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠡ ᠶᠢ ᠤᠯᠠᠮ | ᠨᠢᠭᠡ ᠠᠯᠬᠤᠮ ᠰᠠᠶᠢᠵᠢᠷᠠᠭᠤᠯᠬᠤ ᠳᠤᠬᠠᠢ ᠰᠠᠨᠠᠭᠤᠯᠤᠮᠵᠢ | ︵ᠨᠢᠭᠡ︶ ᠪᠠᠭᠰᠢ ᠶᠢᠨ ᠭᠦᠮᠦᠵᠢᠯ ᠪᠤᠯᠪᠠᠰᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ | ᠭᠡᠷᠡᠭᠳᠡᠢ᠃ ᠪᠠᠭᠰᠢ ᠶᠢᠨ ᠡᠩᠨᠡᠭᠡ ᠶᠢᠨ ᠬᠢᠷᠢ ᠳᠦᠪᠰᠢᠨ ᠪᠤᠯ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠨᠦᠯᠦᠭᠡᠯᠡᠬᠦ ᠵᠠᠩᠬᠢᠯᠠᠭ᠎ᠠ ᠶᠢᠨ ᠭᠦᠴᠤᠨ ᠵᠦᠢᠯ ᠤᠨ | ᠨᠢᠭᠡ ᠨᠢ ᠪᠤᠯᠤᠨ᠎ᠠ᠃ ᠡᠬᠦᠨ ᠳᠤ ᠨᠢᠭᠡ ᠲᠠᠯ᠎ᠡ ᠪᠠᠷ᠂ ᠤᠯᠤᠰ ᠤᠨ ᠨᠢᠭᠡᠳᠤᠯᠲᠠᠢ ᠨᠠᠶᠢᠷᠠᠭᠤᠯᠤᠭᠰᠠᠨ ᠭᠤᠷᠪᠠᠨ | ᠳᠦᠷᠦᠯ ᠤᠨ ᠪᠠᠭᠰᠢ ᠶᠢᠨ ᠪᠤᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠬᠤ ᠭᠡᠷᠡᠭᠳᠡᠢ᠃ ᠤᠯᠤᠰ ᠤᠨ | ᠨᠢᠭᠡᠳᠤᠯᠲᠠᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ ᠮᠠᠲ᠋ᠧᠷᠢᠶᠠᠯ ᠤᠨ ᠬᠠᠮᠢᠶ᠎ᠠ ᠪᠦᠬᠦᠢ ᠪᠤᠯᠪᠠᠰᠤᠷᠠᠯ ᠢ | ᠨᠡᠯᠢᠶᠡᠳ ᠦᠷᠨᠢᠬᠦᠯᠦᠭᠰᠡᠨ ᠪᠤᠯᠪᠠᠴᠤ ᠬᠢᠵᠢᠭ ᠤᠨ ᠨᠦᠯᠦᠭᠡ ᠠᠴᠠ ᠪᠤᠯᠵᠦ ᠰᠦᠯᠵᠢᠶᠡᠨ ᠳᠡᠭᠡᠷᠡᠬᠢ ᠪᠤᠯᠪᠠᠰᠤᠷᠠᠯ ᠢᠶᠠᠷ | ᠭᠤᠤᠯᠳᠠᠵᠤ ᠪᠠᠶᠢᠭᠰᠠᠨ ᠤᠴᠢᠷ ᠠᠴᠠ ᠪᠤᠯᠪᠠᠰᠤᠷᠠᠯ ᠤᠨ ᠬᠢᠷᠢ ᠳᠦᠪᠰᠢᠨ ᠪᠠ ᠦᠢᠯᠡᠳᠤᠯ ᠪᠠᠳᠠᠷᠠᠭᠤᠯᠤᠭᠰᠠᠨ ᠨᠢ | ᠭᠦᠢᠴᠡᠳ ᠪᠤᠰᠤ᠃ ᠡᠶᠢᠮᠤ ᠠᠴᠠ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ | ᠮᠠᠲ᠋ᠧᠷᠢᠶᠠᠯ ᠤᠨ ᠬᠠᠮᠢᠶ᠎ᠠ ᠪᠦᠬᠦᠢ ᠪᠤᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠨ᠂ ᠪᠤᠯᠪᠠᠰᠤᠷᠠᠯ ᠤᠨ ᠴᠢᠨᠠᠷ | ᠴᠢᠨᠰᠠᠭ᠎ᠠ ᠵᠢᠴᠢ ᠪᠤᠳᠠᠳᠠᠢ ᠳᠡᠭᠡᠷ᠎ᠡ ᠭᠡᠷᠡᠭᠵᠢᠬᠦᠯᠦᠭᠳᠡᠵᠦ ᠳᠡᠶᠢᠯᠬᠦ ᠦᠢᠯᠡᠳᠤᠯᠭᠡᠳᠤ ᠴᠢᠨᠠᠷ ᠢ ᠠᠩᠬᠠᠷᠤᠨ | ᠴᠢᠬᠤᠯᠠᠴᠢᠯᠠᠵᠤ᠂ ᠪᠠᠭᠰᠢ ᠶᠢᠨ ᠳᠤᠰᠬᠠᠢ ᠮᠡᠷᠭᠡᠵᠢᠯ ᠤᠨ ᠬᠢᠷᠢ ᠳᠦᠪᠰᠢᠨ ᠪᠠ ᠤᠯᠤᠰ ᠤᠨ ᠨᠡᠶᠢᠳᠡᠮ ᠭᠡᠷᠡᠭᠯᠡᠬᠦ | ᠦᠭᠡ ᠬᠡᠯᠡᠨ ᠤ ᠬᠢᠷᠢ ᠳᠦᠪᠰᠢᠨ ᠢ ᠳᠡᠭᠡᠭᠰᠢᠯᠡᠬᠦᠯᠬᠦ ᠳᠤ ᠦᠢᠯᠡᠴᠢᠯᠡᠬᠦ ᠭᠡᠷᠡᠭᠳᠡᠢ᠃ ᠨᠦᠬᠦᠭᠡ ᠲᠠᠯ᠎ᠠ ᠪᠠᠷ᠂ | ᠪᠠᠭᠰᠢ ᠶᠢᠨ ᠳᠤᠰᠬᠠᠢ ᠮᠡᠷᠭᠡᠵᠢᠯ ᠤᠨ ᠤᠶᠤᠳᠠᠨ ᠤ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ | ᠳᠦᠷᠦᠯ ᠤᠨ ᠵᠢᠭᠠᠬᠤ ᠮᠠᠲ᠋ᠧᠷᠢᠶᠠᠯ ᠳᠠᠬᠢ ᠦᠢᠯᠠᠭᠠᠯᠲᠠ ᠪᠠ ᠡᠵᠡᠮᠰᠢᠯᠲᠡ ᠶᠢ ᠴᠢᠩᠭᠠᠳᠬᠠᠨ᠂ ᠤᠯᠤᠰ ᠤᠨ | ᠨᠢᠭᠡᠳᠤᠯᠳᠠᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠨ ᠰᠤᠷᠭᠠᠯᠲᠠ ᠳᠤ ᠬᠢᠷᠢ ᠳᠡᠩᠴᠡᠭᠰᠡᠨ ᠳᠤᠰᠬᠠᠢ | ᠮᠡᠷᠭᠡᠵᠢᠯ ᠤᠨ ᠪᠠᠭᠰᠢ ᠶᠢ ᠭᠦᠮᠦᠵᠢᠬᠦᠯᠬᠦ ᠶᠢ ᠠᠩᠬᠠᠷᠴᠤ᠂ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠵᠢᠭᠠᠨ ᠰᠤᠷᠭᠠᠯᠳᠠ ᠳᠤ ᠦᠢᠯᠡᠴᠢᠯᠡᠬᠦ ᠴᠢᠳᠠᠪᠦᠷᠢᠳᠡᠨ ᠢ ᠬᠦᠮᠦᠵᠢᠬᠦᠯᠦᠨ᠂ ᠪᠠᠭᠰᠢ ᠶᠢᠨ ᠬᠢᠷᠢ | ᠳᠦᠪᠰᠢᠨ ᠢ ᠳᠡᠭᠡᠭᠰᠢᠯᠡᠬᠦᠯᠦᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠬᠦᠯᠬᠦ ᠭᠡᠷᠡᠭᠲᠡᠢ᠃ | ︵ᠬᠤᠶᠡᠷ︶ ᠪᠠᠭᠰᠢᠨᠠᠷ ᠤᠨ ︽ᠬᠢᠴᠢᠶᠡᠯ ᠤᠨ ᠪᠠᠷᠢᠮᠵᠢᠶ᠎ᠠ︾ ᠶᠢᠨ ᠳᠤᠬᠠᠢ ᠰᠤᠷᠤᠯᠴᠠᠯᠭ᠎ᠠ ᠰᠤᠳᠤᠯᠭ᠎ᠠ ᠶᠢ | ᠴᠢᠩᠭᠠᠳᠬᠠᠬᠤ ᠭᠡᠷᠡᠭᠲᠡᠢ᠃ ︽ᠬᠢᠴᠢᠶᠡᠯ ᠤᠨ ᠪᠠᠷᠢᠮᠵᠢᠶ᠎ᠠ︾ ᠪᠤᠯ ᠵᠢᠭᠠᠨ ᠰᠤᠷᠭᠠᠯᠳᠠ ᠶᠢᠨ ᠴᠢᠬᠤᠯᠠ | ᠤᠳᠤᠷᠢᠳᠤᠮᠵᠢ ᠶᠢᠨ ᠴᠢᠨᠠᠷᠳᠠᠢ ᠪᠢᠴᠢᠭ ᠮᠠᠲ᠋ᠧᠷᠢᠶᠠᠯ ᠪᠠᠶᠢᠵᠤ᠂ ᠵᠢᠭᠠᠨ ᠰᠤᠷᠭᠠᠯᠳᠠ ᠶᠢᠨ ᠬᠠᠷᠠᠯᠲᠠ᠂ ᠠᠭᠤᠯᠭ᠎ᠠ᠂ | ᠠᠷᠭ᠎ᠠ ᠠᠪᠴᠠᠯ᠂ ᠦᠨᠡᠯᠡᠯᠳᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠳᠤᠭᠳᠠᠭᠠᠨ᠂ ᠵᠢᠭᠠᠨ ᠰᠤᠷᠭᠠᠯᠳᠠ ᠶᠢᠨ | ᠦᠭᠡᠷᠡᠴᠢᠯᠡᠯᠳᠡ ᠪᠠ ᠬᠦᠭᠵᠢᠯᠲᠡ ᠶᠢᠨ ᠴᠢᠬᠤᠯᠠ ᠰᠠᠭᠤᠷᠢ ᠪᠠ ᠴᠢᠬᠤᠯᠠ ᠪᠠᠳᠤᠯᠠᠭ᠎ᠠ ᠮᠦᠨ ᠪᠦᠭᠡᠳ ᠬᠢᠴᠢᠶᠡᠯ | ᠳᠦᠷᠦᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠪᠠᠳᠤᠯᠠᠨ ᠤᠷᠤᠭᠰᠢᠲᠠᠢ ᠶᠠᠪᠤᠭᠳᠠᠭᠤᠯᠬᠤ ᠶᠢᠨ ᠴᠢᠬᠤᠯᠠ | ᠪᠠᠳᠤᠯᠠᠭ᠎ᠠ ᠮᠦᠨ᠃ ᠬᠢᠴᠢᠶᠡᠯᠯᠡᠭᠴᠢ ᠪᠠᠭᠰᠢ ᠶᠢᠨ ᠬᠢᠴᠢᠶᠡᠯ ᠳᠦᠷᠦᠯ ᠤᠨ ᠢᠶᠠᠨ ︽ᠬᠢᠴᠢᠶᠡᠯ ᠤᠨ ᠪᠠᠷᠢᠮᠵᠢᠶ᠎ᠠ︾ ᠶᠢ | ᠦᠢᠯᠠᠭᠠᠨ ᠡᠵᠡᠮᠰᠢᠬᠦ ᠪᠠ ᠰᠤᠳᠤᠯᠤᠨ ᠰᠤᠷᠤᠯᠴᠠᠬᠤ ᠨᠢ ᠳᠤᠰ ᠬᠢᠴᠢᠶᠡᠯ ᠳᠦᠷᠦᠯ ᠤᠨ ᠬᠢᠴᠢᠶᠡᠯ ᠤᠨ ᠴᠢᠨᠠᠷ | ᠴᠢᠨᠰᠠᠭ᠎ᠠ ᠲᠠᠢ ᠰᠢᠭᠤᠳ ᠬᠤᠯᠪᠤᠭᠳᠠᠬᠤ ᠴᠢᠬᠤᠯᠠ ᠵᠦᠢᠯ ᠪᠤᠯᠤᠨ᠎ᠠ᠃ ᠬᠢᠴᠢᠶᠡᠯᠯᠡᠭᠴᠢ ᠪᠠᠭᠰᠢᠨᠠᠷ ᠨᠢ | ︽ᠬᠢᠴᠢᠶᠡᠯ ᠤᠨ ᠪᠠᠷᠢᠮᠵᠢᠶ᠎ᠠ︾ ᠪᠠᠷ ᠵᠢᠭᠠᠨ ᠰᠤᠷᠭᠠᠯᠳᠠ ᠶᠢᠨ ᠦᠨᠳᠤᠰᠤᠯᠡᠯ ᠪᠤᠯᠭᠠᠪᠠᠯ ᠰᠠᠶ᠋ᠢ ᠳᠤᠰ ᠬᠢᠴᠢᠶᠡᠯ | ᠳᠦᠷᠦᠯ ᠤᠨ ᠵᠢᠭᠠᠨ ᠰᠤᠷᠭᠠᠯᠳᠠ ᠶᠢᠨ ᠵᠦᠪ ᠴᠢᠭᠯᠡᠯ ᠢ ᠤᠯᠤᠨ᠂ ᠬᠢᠴᠢᠶᠡᠯ ᠳᠦᠷᠦᠯ ᠤᠨ ᠵᠢᠭᠠᠨ ᠰᠤᠷᠭᠠᠯᠳᠠ ᠶᠢᠨ | ᠦᠨᠳᠤᠰᠤᠨ ᠱᠠᠭᠠᠷᠳᠠᠯᠭ᠎ᠠ᠂ ᠵᠢᠭᠠᠨ ᠰᠤᠷᠭᠠᠯᠳᠠ ᠶᠢᠨ ᠠᠭᠤᠯᠭ᠎ᠠ᠂ ᠵᠢᠭᠠᠨ ᠰᠤᠷᠭᠠᠯᠳᠠ ᠶᠢᠨ ᠠᠷᠭ᠎ᠠ ᠠᠪᠴᠠᠯ ᠪᠠ | ᠵᠢᠭᠠᠨ ᠰᠤᠷᠭᠠᠯᠳᠠ ᠶᠢᠨ ᠦᠨᠡᠯᠡᠯᠳᠠ ᠵᠡᠷᠭᠡ ᠲᠠᠯ᠎ᠠ ᠪᠠᠷ ᠳᠤᠳᠤᠷᠬᠠᠢ ᠦᠢᠯᠠᠭᠠᠯᠳᠠ ᠲᠠᠢ ᠪᠤᠯᠬᠤ ᠶᠢ ᠠᠬᠢᠭᠤᠯᠬᠤ ᠶᠢᠨ | ᠬᠠᠮᠳᠤ᠂ ᠪᠦᠬᠦ᠋ᠢᠯᠡ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠢᠵᠢᠯ ᠴᠢᠨᠠᠷ ᠢ ᠪᠠᠳᠤᠯᠠᠨ᠂ ᠰᠤᠷᠭᠠᠨ ᠬᠦᠮᠦᠵᠢᠯ | ᠵᠢᠭᠠᠨ ᠰᠤᠷᠭᠠᠯᠳᠠ ᠶᠢᠨ ᠭᠦᠳᠡᠯᠭᠡᠭᠡᠨ ᠢ ᠳᠦᠷᠢᠮᠵᠢᠬᠦᠯᠬᠦ ᠶᠢ ᠠᠬᠢᠭᠤᠯᠤᠨ᠂ ᠪᠠᠭᠰᠢ ᠶᠢᠨ ᠵᠢᠭᠠᠨ ᠰᠤᠷᠭᠠᠯᠳᠠ ᠶᠢᠨ | ᠠᠵᠢᠯᠯᠠᠭ᠎ᠠ ᠶᠢ ᠵᠢᠯᠤᠭᠤᠳᠤᠨ᠂ ᠪᠠᠭᠰᠢ ᠶᠢᠨ ᠵᠢᠭᠠᠨ ᠰᠤᠷᠭᠠᠯᠳᠠ ᠶᠢᠨ ᠡᠬᠦᠷᠭᠡ ᠪᠠᠨ ᠪᠠᠶᠡᠯᠡᠬᠦᠯᠬᠦ ᠳᠤ ᠬᠠᠪᠰᠤᠷᠤᠮᠵᠢ | ᠪᠤᠯᠬᠤ ᠶᠢᠨ ᠬᠠᠮᠳᠤ᠂ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ᠎ᠡ᠃ ᠡᠶᠢᠮᠤ ᠠᠴᠠ | ᠬᠢᠴᠢᠶᠡᠯᠯᠡᠭᠴᠢ ᠪᠠᠭᠰᠢ ᠨᠢ ︽ᠬᠢᠴᠢᠶᠡᠯ ᠤᠨ ᠪᠠᠷᠢᠮᠵᠢᠶ᠎ᠠ︾ ᠶᠢᠨ ᠳᠤᠬᠠᠢ ᠳᠠᠨᠢᠯᠳᠠ ᠪᠠᠨ ᠳᠡᠭᠡᠭᠰᠢᠯᠡᠬᠦᠯᠦᠨ᠂ | ︽ᠬᠢᠴᠢᠶᠡᠯ ᠤᠨ ᠪᠠᠷᠢᠮᠵᠢᠶ᠎ᠠ︾ ᠶᠢ ᠭᠦᠨᠳᠤᠳᠭᠡᠨ ᠰᠤᠷᠤᠯᠴᠠᠵᠤ᠂ ︽ᠬᠢᠴᠢᠶᠡᠯ ᠤᠨ ᠪᠠᠷᠢᠮᠵᠢᠶ᠎ᠠ︾ ᠶᠢᠨ | ᠤᠳᠤᠷᠢᠳᠤᠮᠵᠢ ᠶᠢᠨ ᠦᠢᠯᠡᠳᠤᠯ ᠢ ᠪᠠᠳᠠᠷᠠᠭᠤᠯᠤᠨ᠂ ᠭᠡᠷᠡᠭᠵᠢᠬᠦᠯᠤᠯᠳᠡ ᠶᠢ ᠠᠬᠢᠭᠤᠯᠤᠨ᠂ ᠵᠢᠭᠠᠨ ᠰᠤᠷᠭᠠᠯᠳᠠ ᠶᠢᠨ | ᠶᠠᠰᠤ ᠴᠢᠨᠠᠷ ᠢ ᠳᠡᠭᠡᠭᠰᠢᠯᠡᠬᠦᠯᠦᠨ᠎ᠡ᠃ ᠡᠶᠢᠮᠤ ᠠᠴᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠨᠢ ᠡᠯ᠎ᠡ ᠵᠦᠢᠯ ᠤᠨ | ᠪᠤᠯᠪᠠᠰᠤᠷᠠᠯ ᠳᠤᠮᠳᠠ ︽ᠬᠢᠴᠢᠶᠡᠯ ᠤᠨ ᠪᠠᠷᠢᠮᠵᠢᠶ᠎ᠠ︾ ᠶᠢ ᠬᠡᠷᠬᠢᠨ ᠦᠢᠯᠡᠳᠤᠯᠬᠡᠵᠢᠬᠦᠯᠵᠤ ᠭᠡᠷᠡᠭᠯᠡᠬᠦ ᠲᠠᠯ᠎ᠠ ᠪᠠᠷ | ᠭᠤᠤᠯᠴᠢᠯᠠᠨ ᠶᠠᠷᠢᠵᠤ᠂ ᠪᠠᠭᠰᠢᠨᠠᠷ ᠤᠨ ︽ᠬᠢᠴᠢᠶᠡᠯ ᠤᠨ ᠪᠠᠷᠢᠮᠵᠢᠶ᠎ᠠ︾ ᠶᠢᠨ ᠴᠢᠬᠤᠯᠠ ᠴᠢᠨᠠᠷ ᠢ ᠦᠢᠯᠠᠭᠠᠨ | ᠮᠠᠳᠡᠭᠡᠳ ᠬᠡᠷᠬᠢᠨ ᠠᠰᠢᠭᠯᠠᠵᠤ ᠠᠭᠤᠰᠬᠠᠨ ᠭᠡᠷᠡᠭᠯᠡᠬᠦ ᠳᠤ ᠭᠦᠴᠢᠷᠳᠡᠵᠤ ᠪᠠᠶᠢᠭ᠎ᠠ ᠠᠰᠠᠭᠤᠳᠠᠯ ᠳᠤ ᠠᠷᠭ᠎ᠠ | ᠠᠪᠴᠠᠯ ᠤᠨ ᠵᠢᠯᠤᠭᠤᠳᠤᠯᠭ᠎ᠠ ᠬᠠᠩᠭᠠᠨ᠂ ︽ᠬᠢᠴᠢᠶᠡᠯ ᠤᠨ ᠪᠠᠷᠢᠮᠵᠢᠶ᠎ᠠ︾ ᠶᠢᠨ ᠪᠤᠳᠠᠳᠠᠢ ᠠᠰᠢᠭᠯᠠᠮᠵᠢ ᠶᠢ | ᠳᠡᠭᠡᠭᠰᠢᠯᠡᠬᠦᠯᠦᠨ᠂ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ | ᠶᠠᠰᠤ ᠴᠢᠨᠠᠷ ᠢ ᠳᠡᠭᠡᠭᠰᠢᠯᠡᠬᠦᠯᠬᠦ ᠳᠤ ᠦᠢᠯᠡᠴᠢᠯᠡᠬᠦ ᠭᠡᠷᠡᠭᠲᠡᠢ᠃ | ︵ᠭᠤᠷᠪᠠ︶ ᠰᠤᠷᠤᠭᠴᠢᠳ ᠤᠨ ᠶᠠᠷᠢᠬᠤ ᠪᠠ ᠪᠢᠴᠢᠵᠤ ᠢᠯᠡᠳᠭᠡᠬᠦ ᠴᠢᠳᠠᠪᠤᠷᠢ ᠶᠢ ᠴᠢᠬᠤᠯᠠᠴᠢᠯᠠᠵᠤ | ᠳᠡᠭᠡᠭᠰᠢᠯᠡᠬᠦᠯᠬᠦ ᠭᠡᠷᠡᠭᠳᠡᠢ᠃ ᠤᠯᠤᠰ ᠤᠨ ᠨᠢᠭᠡᠳᠤᠯᠲᠠᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ | ᠮᠠᠲ᠋ᠧᠷᠢᠶᠠᠯ ᠤᠨ ᠵᠢᠭᠠᠨ ᠰᠤᠷᠭᠠᠯᠳᠠ ᠳᠤᠮᠳᠠ᠂ ᠰᠤᠷᠤᠭᠴᠢᠳ ᠤᠨ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡᠨ ᠤ | ᠶᠠᠷᠢᠵᠤ ᠢᠯᠡᠳᠭᠡᠬᠦ ᠪᠠ ᠪᠢᠴᠢᠵᠤ ᠢᠯᠡᠳᠭᠡᠬᠦ ᠴᠢᠳᠠᠪᠤᠷᠢ ᠨᠢ ᠰᠤᠷᠤᠭᠴᠢ ᠶᠢᠨ ᠬᠦᠯᠢᠶᠡᠨ ᠠᠪᠴᠤ ᠰᠤᠷᠤᠯᠴᠠᠬᠤ ᠬᠢᠷᠢ | ᠳᠦᠪᠰᠢᠨ᠂ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠲᠠᠢ ᠬᠤᠯᠪᠤᠭᠳᠠᠬᠤ ᠬᠠᠮᠤᠭ ᠤᠨ ᠴᠢᠬᠤᠯᠠ ᠲᠠᠯ᠎ᠠ | ᠪᠤᠯᠤᠨ᠎ᠠ᠃ ᠡᠶᠢᠮᠤ ᠠᠴᠠ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠵᠢᠭᠠᠬᠤ | ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ ᠶᠠᠪᠤᠴᠠ ᠳᠤᠮᠳᠠ᠂ ᠰᠤᠷᠤᠭᠴᠢᠳ ᠤᠨ ᠶᠠᠷᠢᠵᠤ ᠢᠯᠡᠳᠭᠡᠬᠦ ᠪᠠ | ᠪᠢᠴᠢᠵᠤ ᠢᠯᠡᠳᠭᠡᠬᠦ ᠲᠠᠯ᠎ᠠ ᠪᠠᠷ ᠬᠦᠴᠢᠷᠳᠡᠯ ᠳᠤᠯᠭᠠᠷᠠᠵᠤ ᠪᠠᠶᠢᠭ᠎ᠠ ᠪᠤᠳᠠᠳᠤ ᠪᠠᠶᠢᠳᠠᠯ ᠳᠤ ᠬᠠᠨᠳᠤᠭᠤᠯᠤᠨ᠂ | ᠬᠢᠴᠢᠶᠡᠯ ᠤᠨ ᠴᠠᠭ ᠲᠤ ᠰᠤᠷᠤᠭᠴᠢᠳ ᠢᠶᠠᠷ ᠢᠯᠡᠬᠦᠤ ᠶᠠᠷᠢᠵᠤ ᠢᠯᠠᠳᠭᠡᠯᠭᠡᠨ᠂ ᠪᠢᠴᠢᠵᠤ ᠪᠤᠯᠪᠠᠰᠤᠷᠠᠭᠤᠯᠬᠤ | ᠭᠡᠷᠡᠭᠳᠡᠢ᠃ ᠬᠢᠴᠢᠶᠡᠯ ᠤᠨ ᠭᠠᠳᠠᠨᠠᠬᠢ ᠴᠠᠭ ᠲᠤ᠂ ᠰᠤᠷᠤᠭᠴᠢᠳ ᠢ ᠢᠯᠡᠬᠦᠤ ᠱᠠᠭᠠᠷᠳᠠᠨ᠂ ᠤᠯᠤᠰ ᠤᠨ ᠨᠡᠶᠢᠳᠡᠮ | ᠭᠡᠷᠡᠭᠯᠡᠬᠦ ᠦᠭᠡ ᠭᠡᠯᠡᠨ ᠤ ᠨᠤᠮ ᠵᠤᠬᠢᠶᠡᠯ ᠢ ᠢᠯᠡᠬᠦᠤ ᠤᠩᠰᠢᠭᠤᠯᠤᠨ᠂ ᠤᠩᠰᠢᠯᠭ᠎ᠠ ᠶᠢᠨ ᠳᠠᠰᠬᠠᠯ᠂ ᠪᠢᠴᠢᠯᠭᠡ ᠶᠢᠨ | ᠳᠠᠰᠬᠠᠯ ᠵᠤᠬᠢᠰᠲᠡᠢ ᠦᠯᠡᠳᠡᠭᠡᠬᠦ ᠵᠡᠷᠭᠡ ᠠᠷᠭ᠎ᠠ ᠠᠪᠴᠠᠯ ᠢᠶᠠᠷ ᠰᠤᠷᠤᠭᠴᠢᠳ ᠤᠨ ᠤᠯᠤᠰ ᠤᠨ ᠨᠡᠶᠢᠳᠡᠮ ᠭᠡᠷᠡᠭᠯᠡᠬᠦ | ᠦᠭᠡ ᠭᠡᠯᠡᠨ ᠤ ᠬᠢᠷᠢ ᠳᠦᠪᠰᠢᠨ ᠢ ᠳᠡᠭᠡᠭᠰᠢᠯᠡᠬᠦᠯᠬᠦ ᠪᠠᠷ ᠴᠢᠷᠮᠠᠶᠢᠬᠤ ᠭᠡᠷᠡᠭᠲᠡᠢ᠃ | ︵ᠳᠦᠷᠪᠡ︶ ᠰᠤᠷᠤᠭᠴᠢ ᠶᠢᠨ ᠰᠤᠷᠤᠯᠴᠠᠯᠭ᠎ᠠ ᠶᠢᠨ ᠪᠠᠶᠢᠳᠠᠯ ᠪᠠ ᠰᠤᠷᠤᠯᠭ᠎ᠠ ᠶᠢᠨ ᠬᠢᠷᠢ ᠳᠦᠪᠰᠢᠨ ᠳᠤ ᠨᠢ | ᠳᠤᠬᠢᠷᠠᠭᠤᠯᠤᠨ ᠵᠢᠭᠠᠨ ᠰᠤᠷᠭᠠᠯᠳᠠ ᠶᠢᠨ ᠠᠵᠢᠯᠯᠠᠭ᠎ᠠ ᠪᠠᠨ ᠶᠠᠪᠤᠭᠳᠠᠭᠤᠯᠬᠤ ᠭᠡᠷᠡᠭᠳᠡᠢ᠃ ᠵᠢᠭᠠᠬᠤ ᠮᠠᠲ᠋ᠧᠷᠢᠶᠠᠯ ᠤᠨ | ᠰᠤᠯᠢᠭᠳᠠᠯ ᠪᠠ ᠬᠢᠴᠢᠶᠡᠯᠯᠡᠬᠦ ᠬᠡᠯᠡᠨ ᠤ ᠬᠤᠪᠢᠷᠠᠯᠳᠠ ᠠᠴᠠ ᠪᠤᠯᠵᠦ᠂ ᠵᠡᠷᠢᠮ ᠰᠤᠷᠤᠭᠴᠢ ᠨᠢ ᠬᠢᠴᠢᠶᠠᠯ ᠳᠤ ᠪᠠᠨ | ᠬᠦᠴᠢᠷᠳᠡᠨ᠂ ᠰᠤᠷᠤᠯᠴᠠᠬᠤ ᠤᠷᠮ᠎ᠡ ᠵᠤᠷᠢᠭ ᠮᠠᠭᠤᠳᠠᠬᠤ ᠪᠠᠶᠢᠳᠠᠯ ᠢᠯᠡᠷᠡᠵᠤ ᠪᠠᠶᠢᠭ᠎ᠠ ᠪᠠᠶᠢᠳᠠᠯ ᠳᠤ ᠴᠢᠭᠯᠡᠬᠦᠯᠦᠨ᠂ | ᠪᠤᠳᠠᠳᠠᠢ ᠵᠢᠭᠠᠨ ᠰᠤᠷᠭᠠᠯᠳᠠ ᠶᠢᠨ ᠶᠠᠪᠤᠴᠠ ᠳᠤᠮᠳᠠ ᠰᠤᠷᠤᠭᠴᠢᠳ ᠤᠨ ᠰᠤᠷᠤᠯᠭ᠎ᠠ ᠶᠢᠨ ᠪᠤᠳᠠᠳᠠᠢ ᠪᠠᠶᠢᠳᠠᠯ ᠬᠢᠷᠢ | ᠳᠦᠪᠰᠢᠨ ᠳᠤ ᠨᠢ ᠳᠤᠬᠢᠷᠠᠭᠤᠯᠤᠨ᠂ ᠬᠢᠴᠢᠶᠡᠯ ᠢ ᠨᠡᠩ ᠨᠠᠷᠢᠯᠢᠬ ᠪᠠᠯᠡᠳᠭᠡᠵᠤ᠂ ᠠᠳᠠᠯᠢ ᠪᠤᠰᠤ ᠳᠡᠰ | ᠳᠠᠪᠬᠤᠷᠭ᠎ᠠ ᠶᠢᠨ ᠰᠤᠷᠤᠭᠴᠢ ᠶᠢ ᠵᠤᠬᠢᠰᠳᠡᠢ ᠬᠠᠷᠠᠭᠠᠯᠵᠠᠨ ᠰᠠᠭᠤᠷᠢ ᠮᠡᠳᠡᠯᠭᠡ ᠶᠢ ᠨᠦᠬᠦᠨ ᠪᠠᠳᠤᠳᠬᠠᠵᠤ᠂ | ᠰᠤᠷᠤᠭᠴᠢᠳ ᠤᠨ ᠮᠡᠳᠡᠯᠭᠡ ᠶᠢᠨ ᠰᠠᠭᠤᠷᠢ ᠪᠠ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ | ᠵᠢᠭᠠᠬᠤ ᠮᠠᠲ᠋ᠧᠷᠢᠶᠠᠯ ᠤᠨ ᠰᠤᠷᠤᠯᠴᠠᠯᠭ᠎ᠠ ᠶᠢᠨ ᠤᠶᠠᠯᠳᠤᠯ ᠳᠤ ᠰᠠᠯᠦᠩᠬᠢᠷᠠᠯ ᠤᠨ ᠪᠠᠶᠢᠳᠠᠯ ᠤᠷᠤᠰᠢᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠨ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠳᠡᠭᠡᠭᠰᠢᠯᠡᠬᠦᠯᠬᠦ ᠭᠡᠷᠡᠭᠳᠡᠢ᠃ ᠡᠬᠦᠨ ᠤ | ᠬᠠᠮᠳᠤ᠂ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠨᠢ ᠦᠨᠳᠤᠰᠤᠯᠡᠨ ᠬᠢᠴᠢᠶᠡᠯ ᠨᠤᠮ ᠢᠶᠠᠨ ᠳᠡᠪᠳᠠᠬᠤ ᠶᠢ | ᠤᠳᠤᠷᠢᠳᠤᠨ᠂ ᠰᠤᠷᠤᠭᠴᠢ ᠶᠢᠨ ᠰᠤᠷᠤᠯᠴᠠᠬᠤ ᠤᠷᠮ᠎ᠠ ᠵᠤᠷᠢᠭ ᠢ ᠭᠦᠭᠵᠢᠭᠡᠨ᠂ ᠰᠠᠶᠢᠨ ᠰᠠᠶᠢᠬᠠᠨ ᠰᠤᠷᠤᠯᠴᠠᠬᠤ | ᠤᠷᠴᠢᠨ ᠨᠦᠬᠦᠴᠡᠯ ᠪᠠ ᠰᠤᠷᠤᠯᠴᠠᠬᠤ ᠡᠬᠢ ᠪᠠᠶᠠᠯᠢᠭ ᠢ ᠬᠠᠩᠭᠠᠨ᠂ ᠮᠡᠳᠡᠯᠭᠡ ᠶᠢ ᠨᠡᠩ ᠳᠦᠬᠦᠮ ᠨᠡᠩ ᠤᠷᠮ᠎ᠡ | ᠪᠠᠬ᠎ᠠ ᠲᠠᠢ ᠪᠠᠷ ᠬᠦᠯᠢᠶᠡᠨ ᠠᠪᠴᠤ ᠰᠤᠷᠤᠯᠴᠠᠬᠤ ᠶᠢ ᠠᠬᠢᠭᠤᠯᠤᠨ᠂ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠳᠠᠬᠢ ᠮᠡᠳᠡᠯᠭᠡ ᠶᠢᠨ ᠦᠢᠯᠡᠳᠤᠯᠭᠡᠳᠤ ᠴᠢᠨᠠᠷ ᠢ ᠳᠡᠭᠡᠭᠰᠢᠯᠡᠬᠦᠯᠬᠦ ᠭᠡᠷᠡᠭᠲᠡᠢ᠃ | ︵ᠲᠠᠪᠤ︶ ᠪᠠᠭᠰᠢ ᠰᠤᠷᠤᠭᠴᠢᠳ ᠲᠤ ᠪᠡᠶ᠎ᠡ ᠰᠡᠳᠬᠢᠴᠡ ᠶᠢᠨ ᠵᠢᠯᠤᠭᠤᠳᠤᠯᠭ᠎ᠠ ᠶᠢ ᠬᠠᠨᠳᠤᠯᠭ᠎ᠠ ᠲᠠᠢ | ᠦᠷᠨᠢᠬᠦᠯᠬᠦ ᠭᠡᠷᠡᠭᠳᠡᠢ᠃ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ | ᠰᠤᠷᠭᠠᠯᠳᠠ ᠶᠢᠨ ᠶᠠᠪᠤᠴᠠ ᠳᠤ᠂ ᠵᠢᠭᠠᠬᠤ ᠮᠠᠲ᠋ᠧᠷᠢᠶᠠᠯ ᠤᠨ ᠦᠭᠡᠷᠡᠴᠢᠯᠡᠯᠲᠡ ᠰᠢᠨᠡᠴᠢᠯᠡᠯᠲᠡ ᠪᠠ ᠬᠢᠴᠢᠶᠡᠯᠯᠡᠬᠦ ᠦᠭᠡ | ᠭᠡᠯᠡᠨ ᠤ ᠰᠤᠯᠢᠭᠳᠠᠯ ᠵᠡᠷᠭᠡ ᠠᠴᠠ ᠪᠤᠯᠵᠤ ᠪᠠᠭᠰᠢ ᠰᠤᠷᠤᠭᠴᠢᠳ ᠲᠤ ᠠᠪᠴᠢᠷᠠᠭᠰᠠᠨ ᠪᠠᠶ᠎ᠡ ᠰᠡᠳᠬᠢᠴᠡ ᠶᠢᠨ | ᠳᠠᠷᠤᠭᠠᠰᠤ ᠳᠤ ᠬᠠᠨᠳᠤᠭᠤᠯᠵᠤ᠂ ᠪᠠᠭᠰᠢ ᠰᠤᠷᠤᠭᠴᠢ ᠳᠤ ᠪᠠᠶ᠎ᠡ ᠰᠡᠳᠬᠢᠴᠡ ᠶᠢᠨ ᠵᠢᠯᠤᠭᠤᠳᠤᠯᠭ᠎ᠠ ᠬᠢᠪᠡᠯ | ᠵᠤᠬᠢᠨ᠎ᠠ᠃ ᠡᠬᠦᠨ ᠳᠤ ᠡᠯ᠎ᠡ ᠰᠤᠷᠭᠠᠭᠤᠯᠢ ᠨᠢ ᠪᠤᠳᠠᠳᠠᠢ ᠪᠠᠶᠢᠳᠠᠯ ᠢᠶᠠᠨ ᠦᠨᠳᠤᠰᠤᠯᠡᠵᠤ᠂ ᠳᠤᠭᠳᠠᠮᠠᠯ | ᠬᠤᠭᠤᠴᠠᠭ᠎ᠠ ᠲᠠᠢ ᠪᠠᠷ ᠪᠠᠭᠰᠢ ᠰᠤᠷᠤᠭᠴᠢᠳ ᠲᠤ ᠰᠡᠳᠬᠢᠴᠠ ᠶᠢᠨ ᠬᠢᠴᠢᠶᠡᠯ ᠳᠤᠬᠢᠷᠠᠭᠤᠯᠵᠤ ᠰᠡᠳᠬᠢᠴᠡ ᠶᠢᠨ | ᠵᠢᠯᠤᠭᠤᠳᠤᠯᠭ᠎ᠠ ᠬᠢᠵᠤ ᠪᠡᠶ᠎ᠡ ᠰᠡᠳᠬᠢᠴᠡ ᠶᠢᠨ ᠳᠠᠷᠤᠯᠲᠠ ᠶᠢ ᠬᠦᠩᠭᠡᠷᠡᠬᠦᠯᠬᠦ ᠭᠡᠷᠡᠭᠲᠡᠢ᠃ ᠡᠬᠦᠨ ᠠᠴᠠ ᠭᠠᠲᠠᠨ᠎ᠠ᠂ | ᠰᠡᠳᠬᠢᠴᠡ ᠶᠢᠨ ᠵᠢᠯᠤᠭᠤᠳᠤᠯᠭ᠎ᠠ ᠶᠢᠨ ᠳᠤᠰᠬᠠᠢ ᠮᠡᠷᠭᠡᠵᠢᠯᠲᠡᠨ ᠢ ᠵᠠᠯᠠᠵᠤ᠂ ᠪᠠᠭᠰᠢ ᠰᠤᠷᠤᠭᠴᠢ ᠶᠢᠨ ᠪᠡᠶ᠎ᠡ ᠳᠤ | ᠳᠤᠯᠭᠠᠷᠠᠵᠤ ᠪᠠᠶᠢᠭ᠎ᠠ ᠳᠠᠷᠤᠯᠲᠠ ᠳᠤ ᠬᠠᠨᠳᠤᠭᠤᠯᠤᠨ ᠭᠡᠷᠬᠢᠨ ᠪᠡᠶ᠎ᠡ ᠰᠡᠳᠬᠢᠴᠡ ᠶᠢᠨ ᠳᠠᠷᠤᠯᠲᠠ ᠶᠢ ᠬᠦᠩᠭᠡᠷᠡᠬᠦᠯᠬᠦ | ᠲᠠᠯ᠎ᠠ ᠠᠴᠠ ᠵᠢᠯᠤᠭᠤᠳᠤᠯᠭ᠎ᠠ ᠬᠢᠵᠤ᠂ ᠪᠠᠭᠰᠢ ᠰᠤᠷᠤᠭᠴᠢᠳ ᠢ ᠪᠠᠶ᠎ᠡ ᠰᠡᠳᠬᠢᠴᠡ ᠶᠢᠨ ᠳᠠᠷᠤᠯᠲᠠ ᠳᠤ ᠪᠠᠨ ᠵᠦᠪ | ᠦᠵᠡᠯᠲᠡ ᠲᠠᠢ ᠪᠤᠯᠭᠠᠨ᠂ ᠳᠠᠷᠤᠯᠲᠠ ᠳᠤ ᠵᠤᠷᠢᠭᠲᠠᠢ ᠬᠠᠨᠳᠤᠭᠤᠯᠤᠨ᠂ ᠳᠠᠷᠤᠯᠲᠠ ᠶᠢ ᠳᠦᠯᠬᠢᠭᠴᠢ ᠭᠦᠴᠤᠨ ᠪᠤᠯᠭᠠᠨ | ᠬᠤᠪᠢᠷᠠᠭᠤᠯᠵᠤ᠂ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ | ᠳᠠᠪᠠᠭᠤᠯᠢᠭ ᠲᠠᠯ᠎ᠠ ᠳᠤ ᠵᠦᠪ ᠦᠢᠯᠠᠭᠠᠯᠳᠠ ᠲᠠᠢ᠂ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠭᠡᠷᠡᠭᠯᠡᠯᠲᠡ ᠳᠤ ᠵᠦᠪ ᠳᠠᠨᠢᠯᠲᠠ ᠲᠠᠢ ᠪᠤᠯᠭᠠᠨ᠂ ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠬᠦᠯᠦᠯᠲᠡ ᠳᠤ ᠦᠢᠯᠡᠴᠢᠯᠡᠬᠦᠯᠦᠨ᠎ᠡ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠭᠡᠰᠢᠭᠳᠡᠨ ᠬᠤᠰᠢᠭᠤᠨ ᠤ ᠪᠢᠷᠠᠭᠤ ᠮᠤᠩᠭᠤᠯ | ᠦᠨᠳᠤᠰᠤᠳᠠᠨ ᠤ ᠳᠤᠮᠳᠠᠳᠤ ᠰᠤᠷᠭᠠᠭᠤᠯᠢ | ︵ᠮᠦᠡᠭᠭᠦᠨᠴᠢᠮᠡᠭ ᠨᠠᠶᠢᠷᠠᠭᠤᠯᠪᠠ︶ | | | |