ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/9/2
      8 ᠳ᠋ᠤᠭᠠᠷ ᠰᠠᠷ᠎ᠠ ᠶᠢᠨ 29 - 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠥᠨᠳᠥᠷᠯᠡᠪᠡ᠃

1.webp.png

      ᠡᠨᠡ ᠤᠳᠠᠭᠠᠨ ᠤ ᠠᠵᠢᠯᠯᠠᠭ᠎ᠠ ᠳᠤ ᠵᠢᠩᠬᠢᠨᠢ ᠠᠩᠭᠢ ᠶᠢᠨ ᠵᠠᠯᠠᠭᠤᠴᠤᠳ ᠤᠨ ᠳᠤᠭᠤᠶᠢᠯᠠᠩ᠂ ᠵᠢᠩᠬᠢᠨᠢ

ᠠᠩᠭᠢ ᠶᠢᠨ ᠢᠳᠡᠷᠴᠤᠳ ᠤᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ

ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠠᠯᠠᠭᠤᠴᠤᠳ ᠤᠨ ᠳᠤᠭᠤᠶᠢᠯᠠᠩ᠂ ᠳᠡᠭᠡᠳᠦ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ ᠶᠢᠨ

ᠢᠳᠡᠷᠴᠤᠳ ᠤᠨ ᠳᠤᠭᠤᠶᠢᠯᠠᠩ ᠵᠡᠷᠭᠡ ᠳᠥᠷᠪᠡᠨ ᠳᠤᠭᠤᠶᠢᠯᠠᠩ ᠬᠤᠪᠢᠶᠠᠵᠤ᠂ ᠰᠠᠭᠰᠤᠨ ᠪᠥᠮᠪᠦᠭᠡ᠂ ᠠᠯᠠᠭᠠᠳᠠᠬᠤ

ᠪᠥᠮᠪᠦᠭᠡ᠂ ᠬᠥᠯ ᠪᠥᠮᠪᠦᠭᠡ᠂ ᠫᠢᠩᠫᠠᠩ ᠪᠥᠮᠪᠦᠭᠡ᠂ ᠥᠳᠥᠨ ᠪᠥᠮᠪᠦᠭᠡ᠂ ᠲᠣᠣᠷ ᠪᠥᠮᠪᠦᠭᠡ᠂ ᠪᠡᠶ᠎ᠡ ᠶᠢᠨ

ᠲᠠᠮᠢᠷ ᠤᠨ ᠲᠥᠷᠥᠯ ︵ᠭᠤᠸᠠᠵᠢᠯ ᠤᠨ ᠲᠠᠮᠢᠷ᠂ ᠬᠥᠭᠵᠢᠶᠡᠨᠲᠦ ᠪᠡᠶ᠎ᠡ ᠶᠢᠨ ᠲᠠᠮᠢᠷ᠂ ᠤᠷᠠᠯᠢᠭ ᠤᠨ ᠪᠡᠶ᠎ᠡ ᠶᠢᠨ          

ᠲᠠᠮᠢᠷ︶᠂ ᠵᠡᠪᠰᠡᠭ ᠤᠨ ᠡᠷᠳᠡᠮ᠂ ᠬᠦᠨᠳᠦ ᠬᠥᠩᠭᠡᠨ ᠪᠡᠶ᠎ᠡ ᠶᠢᠨ ᠲᠠᠮᠢᠷ ᠵᠡᠷᠭᠡ 9 ᠲᠥᠷᠥᠯ ᠵᠦᠢᠯ ᠪᠠᠶᠢᠵᠤ᠂

ᠰᠦᠯᠵᠢᠶᠡᠨ ᠳᠤ ᠬᠢᠨᠠᠨ ᠳᠣᠭᠲᠠᠭᠠᠬᠤ ᠪᠠ ᠠᠬᠤᠢ ᠲᠠᠯᠠᠪᠠᠢ  ᠳᠤ ᠬᠢᠨᠠᠨ ᠳᠣᠭᠲᠠᠭᠠᠬᠤ ᠬᠤᠶᠠᠷ ᠭᠤᠭᠴᠤᠭ᠎ᠠ

ᠬᠤᠪᠢᠶᠠᠵᠤ᠂ ᠡᠭᠦᠨ ᠳᠤ᠂ ᠰᠦᠯᠵᠢᠶᠡᠨ ᠳᠤ ᠬᠢᠨᠠᠨ ᠲᠣᠭᠲᠠᠭᠠᠬᠤ ᠲᠥᠷᠦᠯ ᠵᠦᠢᠯ ᠪᠣᠯ ᠵᠢᠭᠠᠨ ᠰᠤᠷᠭᠠᠯᠲᠠ ᠶᠢᠨ

ᠲᠥᠯᠦᠪᠯᠡᠭᠡ ᠪᠠ ᠵᠢᠭᠠᠨ ᠰᠤᠷᠭᠠᠯᠲᠠ ᠶᠢᠨ ᠦᠢᠯᠡᠳᠦᠯᠭᠡ᠂ ᠠᠬᠤᠢ ᠲᠠᠯᠠᠪᠠᠢ ᠳᠤ ᠬᠢᠨᠠᠨ ᠳᠣᠭᠲᠠᠭᠠᠬᠤ ᠲᠥᠷᠥᠯ

ᠵᠦᠢᠯ ᠪᠣᠯ ᠪᠡᠶ᠎ᠡ ᠶᠢᠨ ᠲᠠᠮᠢᠷ ᠤᠨ ᠦᠨᠳᠦᠰᠦᠨ ᠬᠥᠳᠡᠯᠭᠡᠭᠡᠨ ᠤ ᠴᠢᠳᠠᠪᠤᠷᠢ ᠪᠠ ᠲᠤᠰᠬᠠᠢ ᠮᠡᠷᠭᠡᠵᠢᠯ ᠤᠨ ᠴᠢᠳᠠᠪᠤᠷᠢ

ᠪᠣᠯᠤᠨ᠎ᠠ᠃

      ᠡᠨᠡ ᠤᠳᠠᠭᠠᠨ ᠤ ᠠᠵᠢᠯᠯᠠᠭᠠᠨ ᠤ ᠬᠢᠨᠠᠨ ᠳᠣᠭᠲᠠᠭᠠᠬᠤ ᠠᠵᠢᠯ ᠤᠨ ᠡᠷᠬᠡ ᠲᠡᠭᠰᠢ ᠲᠥᠪ ᠭᠤᠣᠯᠴᠢ᠂ ᠡᠮᠬᠢ

ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠵᠣᠬᠢᠶᠠᠨ ᠪᠠᠶᠢᠭᠤᠯᠬᠤ ᠺᠣᠮᠢᠰ ᠠᠴᠠ ᠣᠷᠣᠨ ᠤ

ᠭᠠᠳᠠᠨᠠᠬᠢ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢ

ᠵᠢᠯᠣᠭᠤᠳᠬᠤ ᠺᠣᠮᠢᠰ ᠤᠨ 16 ᠲᠤᠰᠬᠠᠢ ᠮᠡᠷᠭᠡᠵᠢᠯᠲᠡᠨ ᠢ ᠤᠷᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠤ

ᠲᠤᠰᠢᠶᠠᠯ ᠢ ᠡᠭᠦᠷᠭᠡᠯᠡᠭᠦᠯᠪᠡ᠃ ᠡᠨᠡ ᠬᠤᠭᠤᠴᠠᠭᠠᠨ ᠳᠤ᠂ ᠪᠡᠭᠡᠵᠢᠩ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ

ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ ᠬᠤᠤ ᠭᠤᠸᠠᠩ ᠠᠨ ᠫᠷᠤᠹᠧᠰᠰᠤᠷ ᠢ ᠤᠷᠢᠵᠤ

︽ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ

ᠬᠥᠮᠦᠵᠢᠯ ᠤᠨ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠪᠠ ᠬᠥᠭᠵᠢᠯᠲᠡ ᠶᠢᠨ ᠠᠷᠭ᠎ᠠ ᠵᠠᠮ︾ ᠭᠡᠬᠦ ᠰᠡᠳᠦᠪ ᠢᠶᠠᠷ

ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠡᠯ᠎ᠡ ᠲᠤᠰᠬᠠᠢ  ᠮᠡᠷᠭᠡᠵᠢᠯᠲᠡᠳ ᠮᠠᠨ ᠤ ᠣᠷᠣᠨ ᠤ ᠶᠡᠭᠡ ᠳᠡᠭᠡᠳᠦ

ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠷᠢᠶᠡᠯᠡᠩ ᠰᠠᠯᠪᠤᠷᠢ ︵ᠬᠡᠯᠲᠡᠰ︶ ᠶᠢᠨ ᠬᠠᠷᠢᠭᠤᠴᠠᠯᠭᠠᠲᠠᠨ ᠲᠠᠢ

ᠰᠠᠨᠠᠯ ᠢᠶᠠᠨ ᠭᠦᠨᠵᠡᠭᠡᠢ ᠰᠣᠯᠢᠯᠴᠠᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ

ᠠᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃

       

2.webp.png

      ᠬᠤᠷᠴᠠ ᠰᠢᠷᠦᠭᠦᠨ ᠮᠥᠷᠦᠶᠢᠴᠡᠯᠳᠦᠭᠡᠨ ᠢᠶᠠᠷ ᠳᠠᠮᠵᠢᠨ᠂ ᠵᠢᠩᠬᠢᠨᠢ ᠠᠩᠭᠢ ᠶᠢᠨ ᠳᠤᠭᠤᠶᠢᠯᠠᠩ ᠳᠤ

ᠨᠢᠭᠡᠳᠦᠭᠡᠷ ᠳᠡᠰ ᠤᠨ ᠱᠠᠩᠨᠠᠯ 7᠂ ᠬᠤᠶᠠᠳᠤᠭᠠᠷ ᠳᠡᠰ ᠤᠨ ᠱᠠᠩᠨᠠᠯ 11᠂ ᠭᠤᠷᠪᠠᠳᠤᠭᠠᠷ ᠳᠡᠰ ᠤᠨ ᠱᠠᠩᠨᠠᠯ 17᠂

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ

ᠰᠤᠷᠭᠠᠭᠤᠯᠢ ᠶᠢᠨ ᠳᠤᠭᠤᠶᠢᠯᠠᠩ ᠳᠤ ᠨᠢᠭᠡᠳᠦᠭᠡᠷ ᠳᠡᠰ ᠤᠨ ᠱᠠᠩᠨᠠᠯ 6᠂ ᠬᠤᠶᠠᠳᠤᠭᠠᠷ ᠳᠡᠰ ᠤᠨ ᠱᠠᠩᠨᠠᠯ 9᠂

ᠭᠤᠷᠪᠠᠳᠤᠭᠠᠷ ᠳᠡᠰ ᠤᠨ ᠱᠠᠩᠨᠠᠯ 14 ᠲᠣᠳᠤᠷᠠᠪᠠ᠃ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠪᠦᠬᠦ ᠤᠯᠤᠰ ᠤᠨ

ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ

ᠭᠡᠰᠢᠭᠦᠨ ᠯᠢᠨ ᠺᠧ ᠮᠢᠩ ᠫᠷᠤᠹᠧᠰᠰᠤᠷ ᠬᠢᠨᠠᠨ ᠲᠣᠭᠲᠠᠭᠠᠬᠤ ᠳᠤᠭᠤᠶᠢᠯᠠᠩ ᠢ ᠲᠥᠯᠥᠭᠡᠯᠡᠨ ᠠᠬᠤᠢ ᠲᠠᠯᠠᠪᠠᠢ ᠳᠤ

ᠬᠢᠨᠠᠨ ᠲᠣᠭᠲᠠᠭᠠᠬᠤ  ᠭᠤᠭᠴᠤᠭ᠎ᠠ ᠪᠠ ᠰᠦᠯᠵᠢᠶᠡᠨ ᠳᠤ ᠬᠢᠨᠠᠨ ᠲᠣᠭᠲᠠᠭᠠᠬᠤ ᠭᠤᠭᠴᠤᠭ᠎ᠠ ᠶᠢ ᠭᠦᠨᠵᠡᠭᠡᠢ ᠪᠥᠭᠡᠳ

ᠨᠠᠷᠢᠯᠢᠭ ᠣᠨᠣᠴᠠᠲᠠᠢ ᠦᠨᠡᠯᠡᠵᠦ ᠨᠠᠷᠢᠨ ᠲᠣᠳᠣᠷᠬᠠᠢ ᠵᠢᠯᠣᠭᠤᠳᠤᠭᠰᠠᠨ ᠪᠥᠭᠡᠳ ᠰᠢᠨ᠎ᠡ ᠴᠠᠭ ᠦᠶ᠎ᠡ ᠶᠢᠨ ᠠᠬᠤᠢ

ᠪᠠᠶᠢᠳᠠᠯ ᠳᠠᠬᠢ ᠮᠠᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠴᠢᠨᠠᠷᠯᠢᠭ ᠬᠥᠭᠵᠢᠯᠲᠡ

 ᠶᠢᠨ ᠴᠢᠬᠤᠯᠠ ᠠᠴᠢ ᠬᠤᠯᠪᠣᠭᠳᠠᠯ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡᠨ ᠤ

ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ  ᠪᠣᠯᠤᠨ ᠬᠥᠭᠵᠢᠯᠲᠡ ᠶᠢᠨ ᠠᠷᠭ᠎ᠠ ᠵᠠᠮ ᠤᠨ ᠲᠤᠬᠠᠢ ᠡᠯᠪᠡᠭ

ᠪᠠᠶᠠᠯᠢᠭ᠂ ᠪᠦᠬᠦ ᠲᠠᠯ᠎ᠠ ᠶᠢᠨ ᠵᠠᠳᠠᠯᠤᠯᠲᠠ ᠬᠢᠵᠡᠢ᠃

   

3.webp.png

4.webp.png

      ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ

ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠪᠣᠯ ᠮᠠᠨ ᠤ ᠣᠷᠣᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ

ᠠᠵᠢᠯ ᠤᠨ ᠨᠢᠭᠡᠨ ᠨᠡᠷᠡᠲᠦ ᠲᠡᠮᠳᠡᠭᠲᠦ ᠶᠢᠨ ᠠᠵᠢᠯᠯᠠᠭ᠎ᠠ ᠮᠥᠨ᠂ ᠡᠨᠡ ᠨᠢ ᠶᠡᠭᠡ ᠳᠡᠭᠡᠳᠦ ᠰᠤᠷᠭᠠᠭᠤᠯᠢ ᠶᠢᠨ

ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂

ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠰᠣᠯᠢᠯᠴᠠᠭ᠎ᠠ ᠶᠢ ᠴᠢᠩᠭᠠᠳᠬᠠᠨ᠂ ᠥᠨᠳᠥᠷ ᠬᠡᠪ

ᠪᠣᠯᠪᠠᠰᠤᠷᠠᠯ ᠲᠠᠢ᠂ ᠲᠤᠰᠬᠠᠶᠢᠵᠢᠭᠰᠠᠨ᠂ ᠰᠢᠨ᠎ᠡ ᠶᠢ ᠡᠭᠦᠳᠬᠦ ᠬᠡᠯᠪᠡᠷᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢ ᠰᠢᠯᠢᠳᠡᠭᠵᠢᠭᠦᠯᠵᠦ᠂ ᠣᠯᠠᠨ ᠶᠠᠩᠵᠤᠴᠢᠯᠠᠭᠰᠠᠨ᠂ ᠣᠳᠣᠬᠢᠴᠢᠯᠠᠭᠰᠠᠨ᠂ ᠴᠢᠨᠠᠷᠯᠢᠭ

ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠣᠭᠲᠠᠯᠴᠠᠭ᠎ᠠ ᠶᠢ ᠪᠦᠷᠢᠯᠳᠦᠭᠦᠯᠵᠦ᠂ ᠨᠡᠩ ᠣᠯᠠᠨ ᠴᠠᠭ ᠦᠶ᠎ᠡ ᠶᠢᠨ

ᠬᠦᠨᠳᠦ ᠡᠭᠦᠷᠭᠡ ᠶᠢ ᠡᠭᠦᠷᠭᠡᠯᠡᠬᠦ ᠰᠢᠯᠭᠠᠷᠠᠭᠰᠠᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢ ᠪᠣᠶᠢᠵᠢᠭᠤᠯᠵᠤ᠂

ᠦᠵᠡᠭᠦᠯᠭᠡ ᠪᠠᠷ ᠰᠤᠷᠤᠯᠭ᠎ᠠ ᠶᠢ ᠠᠬᠢᠭᠤᠯᠬᠤ᠂ ᠦᠵᠡᠭᠦᠯᠭᠡ ᠪᠠᠷ ᠵᠢᠭᠠᠨ ᠰᠤᠷᠭᠠᠯᠲᠠ ᠶᠢ ᠠᠬᠢᠭᠤᠯᠬᠤ᠂ ᠦᠵᠡᠭᠦᠯᠭᠡ

 ᠪᠠᠷ ᠰᠣᠳᠤᠯᠭᠠᠨ ᠢ ᠠᠬᠢᠭᠤᠯᠬᠤ᠂ ᠦᠵᠡᠭᠦᠯᠭᠡ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠣᠷᠢᠯᠭ᠎ᠠ ᠳᠤ

ᠦᠨᠡᠨ ᠬᠦ ᠬᠦᠷᠴᠦ᠂ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠰᠢᠨ᠎ᠡ ᠰᠡᠳᠬᠢᠮᠵᠢ ᠲᠠᠰᠤᠷᠠᠯᠲᠠ ᠥᠬᠡᠶ ᠴᠣᠯᠭᠤᠷᠠᠨ ᠭᠠᠷᠬᠤ ᠶᠢ ᠠᠬᠢᠭᠤᠯᠤᠨ᠂ ᠲᠤᠰᠬᠠᠢ

ᠮᠡᠷᠭᠡᠵᠢᠯ ᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠶᠣᠰᠣ

ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠪᠠ ᠡᠷᠡᠭᠦᠯ ᠮᠡᠨᠳᠦ ᠶᠢ ᠲᠡᠷᠢᠭᠦᠨ ᠳᠤ

ᠲᠠᠯᠪᠢᠬᠤ ᠰᠤᠷᠭᠠᠨ ᠬᠥᠮᠦᠵᠢᠯ ᠤᠨ ᠣᠨᠣᠯᠵᠢᠬᠤᠨ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂

ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠴᠢᠨᠠᠷ ᠢ

ᠳᠡᠭᠡᠭᠰᠢᠯᠡᠭᠦᠯᠬᠦ ᠶᠠᠪᠤᠴᠠ ᠳᠤ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠴᠢᠬᠤᠯᠠ ᠦᠢᠯᠡᠳᠦᠯ ᠢ ᠭᠦᠢᠴᠡᠳ

ᠪᠠᠳᠠᠷᠠᠭᠤᠯᠵᠤ᠂ ᠮᠠᠨ ᠤ ᠣᠷᠣᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠴᠢᠨᠠᠷᠯᠢᠭ ᠬᠥᠭᠵᠢᠯᠲᠡ

ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠬᠤ ᠶᠢ ᠥᠳᠲᠡᠷ ᠲᠦᠷᠭᠡᠨ ᠠᠬᠢᠭᠤᠯᠤᠨ᠂ ᠰᠤᠷᠭᠠᠨ

ᠬᠥᠮᠦᠵᠢᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠳᠤ ᠥᠪᠥᠷ ᠮᠣᠩᠭᠤᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠨ᠎ᠡ ᠬᠤᠪᠢ ᠨᠡᠮᠡᠷᠢ ᠶᠢ

ᠦᠵᠡᠭᠦᠯᠪᠡ᠃

      ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠠ

ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠪᠦᠬᠦ ᠣᠷᠣᠨ ᠤ 46

ᠶᠡᠭᠡ ᠳᠡᠭᠡᠳᠦ ᠰᠤᠷᠭᠠᠭᠤᠯᠢ ᠶᠢᠨ ᠪᠠᠭᠰᠢ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号