9 ᠳ᠋ᠦ᠋ᠭᠡᠷ ᠰᠠᠷ᠎ᠠ ᠶᠢᠨ 22 ᠤᠨ ᠡᠳᠦᠷ᠂ 9 ᠳᠠᠬᠢ ᠪᠦᠬᠦ ᠤᠯᠤᠰ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠡᠦᠬᠡᠳ | ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠭᠤᠷᠪᠠᠳᠤᠭᠠᠷ ᠤᠳᠠᠭᠠᠨ ᠤ ᠬᠢᠴᠢᠶᠡᠯ ᠪᠡᠯᠡᠳᠬᠡᠬᠦ ᠬᠤᠷᠠᠯ ᠢ ᠬᠥᠬᠡᠬᠤᠲᠠ ᠳᠤ | ᠶᠠᠪᠤᠭᠳᠠᠭᠤᠯᠪᠠ᠃ ᠤᠯᠤᠰ ᠤᠨ ᠨᠢᠳᠦᠨ ᠬᠠᠷᠠᠭᠠᠨ ᠤ ᠭᠡᠷᠡᠯ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ | ᠲᠥᠪ ᠤᠨ ᠡᠷᠬᠢᠯᠡᠭᠴᠢ᠂ ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠬᠡᠦᠬᠡᠳ ᠵᠠᠯᠠᠭᠤᠴᠤᠳ | ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠳᠠᠷᠤᠭ᠎ᠠ ᠴᠢᠦᠢ ᠵᠢᠶᠠ ᠫᠷᠤᠹᠧᠰᠰᠤᠷ ᠵᠡᠷᠭᠡ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠲᠤᠰᠬᠠᠢ ᠮᠡᠷᠭᠡᠵᠢᠯᠲᠡᠨ ᠨᠠᠷ ᠢ ᠤᠷᠢᠨ ᠬᠢᠴᠢᠶᠡᠯ ᠣᠷᠣᠭᠤᠯᠵᠤ᠂ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ᠂ ᠡᠮᠴᠢᠯᠡᠭᠡ ᠰᠤᠷᠭᠠᠨ ᠬᠥᠮᠦᠵᠢᠯ ᠢ ᠠᠭᠤᠰᠬᠠᠬᠤ ᠵᠡᠷᠭᠡ ᠲᠠᠯ᠎ᠠ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠲᠡᠷᠢᠭᠦᠨ ᠤ ᠲᠤᠷᠰᠢᠯᠭ᠎ᠠ ᠪᠠᠨ ᠬᠤᠪᠢᠶᠠᠯᠴᠠᠪᠠ᠃ | | | | | | | | ᠬᠤᠷᠠᠯ ᠳᠡᠭᠡᠷ᠎ᠡ᠂ ᠣᠶᠢᠷ᠎ᠠ ᠶᠢᠨ ᠵᠢᠯ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ | ᠱᠠᠲᠤᠴᠢ ᠴᠢᠨᠠᠷᠲᠠᠢ ᠦᠷ᠎ᠡ ᠪᠦᠲᠦᠭᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠦ᠂ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ 2024 ᠣᠨ ᠤ ᠤᠬᠠᠭᠤᠯᠤᠨ ᠲᠠᠶᠢᠯᠪᠤᠷᠢᠯᠠᠬᠤ ᠠᠵᠢᠯ ᠳᠤ ᠱᠠᠭᠠᠷᠳᠠᠯᠭ᠎ᠠ | ᠳᠤᠷᠠᠳᠤᠨ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠢ ᠬᠡᠦᠬᠡᠳ ᠵᠠᠯᠠᠭᠤᠴᠤᠳ ᠪᠠᠭᠠᠴᠤᠳ ᠤᠨ | ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠤᠬᠠᠭᠤᠯᠤᠨ ᠲᠠᠶᠢᠯᠪᠤᠷᠢᠯᠠᠬᠤ ᠪᠣᠷᠣ ᠮᠠᠲ᠋ᠧᠷᠢᠶᠠᠯ ᠢ ᠨᠠᠷᠢᠨ ᠨᠢᠮᠪᠠᠢ ᠪᠣᠯᠪᠠᠰᠤᠷᠠᠭᠤᠯᠵᠤ᠂ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠲᠤᠰᠬᠠᠢ ᠮᠡᠷᠭᠡᠵᠢᠯ ᠤᠨ ᠬᠥᠲᠥᠯᠥᠨ ᠳᠠᠭᠠᠭᠤᠯᠬᠤ᠂ ᠲᠥᠷᠥ ᠶᠢᠨ ᠪᠣᠳᠣᠯᠭ᠎ᠠ ᠶᠢ | ᠳᠡᠯᠭᠡᠷᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠦᠢᠯᠡᠳᠦᠯ ᠢ ᠦᠨᠡᠨ ᠬᠦ | ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ | ᠰᠤᠷᠭᠠᠨ ᠬᠥᠮᠦᠵᠢᠯ᠂ ᠡᠮ ᠡᠮᠨᠡᠯᠭᠡ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠠᠳᠠᠯᠢ ᠪᠤᠰᠤ | ᠬᠠᠷᠠᠭᠠᠰᠤ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠲᠤᠷᠰᠢᠯᠭ᠎ᠠ ᠪᠠᠨ ᠰᠣᠯᠢᠯᠴᠠᠨ | ᠬᠤᠪᠢᠶᠠᠯᠴᠠᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠤᠨ ᠲᠠᠶᠢᠯᠪᠤᠷᠢᠯᠠᠬᠤ ᠰᠢᠨ᠎ᠡ | ᠰᠡᠳᠬᠢᠮᠵᠢ ᠪᠠᠨ ᠠᠭᠤᠵᠢᠷᠠᠲᠠᠯ᠎ᠠ ᠶᠠᠷᠢᠯᠴᠠᠪᠠ᠃ | | | | | | ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠡᠦᠬᠡᠳ | ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ ᠰᠤᠷᠤᠭᠴᠢᠳ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠨ ᠠᠳᠬᠤᠵᠤ᠂ ᠰᠤᠷᠭᠠᠨ ᠬᠥᠮᠦᠵᠢᠯ ᠤᠨ | ᠶᠠᠮᠤᠨ ᠵᠡᠷᠭᠡ ᠨᠠᠢᠮᠠᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠬᠡᠦᠬᠡᠳ ᠵᠠᠯᠠᠭᠤᠴᠤᠳ ᠪᠠᠭᠠᠴᠤᠳ ᠤᠨ | ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠬᠡᠷᠡᠭᠵᠢᠭᠦᠯᠬᠦ ᠲᠥᠰᠦᠯ ᠤᠨ ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠠᠨᠳᠤᠯᠭᠠᠲᠤ ᠴᠢᠨᠠᠷᠲᠠᠢ ᠦᠷ᠎ᠡ | ᠪᠦᠲᠦᠮᠵᠢ ᠣᠯᠪᠠ᠃ 2023 ᠣᠨ ᠳᠤ ᠪᠦᠬᠦ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠶᠡᠷᠦᠩᠬᠡᠢ | ᠣᠶᠢᠷ᠎ᠠ ᠬᠠᠷᠠᠭ᠎ᠠ ᠶᠢᠨ ᠨᠣᠷᠮ᠎ᠠ 53.99% ᠬᠦᠷᠴᠦ᠂ 2022 ᠣᠨ ᠤ ᠬᠢ ᠠᠴᠠ ᠵᠠᠭᠤᠨ ᠤ 0.71 ᠪᠠᠷ | ᠪᠠᠭᠤᠷᠠᠪᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠲᠤᠰᠬᠠᠢ | ᠮᠡᠷᠭᠡᠵᠢᠯᠲᠡᠨ ᠬᠥᠲᠥᠯᠥᠨ ᠳᠠᠭᠠᠭᠤᠯᠬᠤ᠂ ᠰᠤᠷᠭᠠᠭᠤᠯᠢ ᠰᠤᠷᠭᠠᠨ ᠬᠥᠮᠥᠵᠢᠭᠦᠯᠬᠦ᠂ ᠭᠡᠷ ᠪᠦᠯᠢ ᠠᠩᠬᠠᠷᠤᠯ | ᠬᠠᠨᠳᠤᠭᠤᠯᠬᠤ︾ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠳᠣᠭᠲᠠᠯᠴᠠᠭ᠎ᠠ ᠶᠢ ᠦᠷᠭᠦᠯᠵᠢᠯᠡᠨ ᠠᠬᠢᠭᠤᠯᠵᠤ᠂ | ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠥᠷᠥ ᠶᠢᠨ ᠪᠣᠳᠣᠯᠭ᠎ᠠ ᠶᠢ ᠳᠡᠯᠭᠡᠷᠡᠭᠦᠯᠬᠦ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠬᠡᠦᠬᠡᠳ | ᠵᠠᠯᠠᠭᠤᠴᠤᠳ ᠪᠠᠭᠠᠴᠤᠳ ᠤᠨ ᠬᠠᠷᠠᠭᠠᠨ ᠤ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃ | | | | | | | | ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠬᠦᠨ ᠵᠢᠴᠢ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠤ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠠᠨ ᠠᠬᠤᠢ ᠲᠠᠯᠠᠪᠠᠢ ᠳᠤ ᠬᠤᠷᠠᠯ ᠳᠤ ᠣᠷᠣᠯᠴᠠᠪᠠ᠃ | | | |