ᠥᠪᠥᠷ ᠮᠣᠩᠭᠤᠯ᠄ ︽ᠰᠤᠷᠭᠠᠭᠤᠯᠢ ᠳᠤ ᠣᠷᠣᠬᠤ ᠳᠤ ᠬᠦᠴᠢᠷ︾᠎ ᠠᠴᠠ ︽ᠰᠠᠶᠢᠨ ᠰᠤᠷᠭᠠᠭᠤᠯᠢ ᠳᠤ        ᠣᠷᠣᠬᠤ︾ ᠳᠠᠪᠰᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2024/9/24
            ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ   

T-1.png

T-2.png

T-3.png

T-4.png

T-5.png

      ᠡᠯᠪᠡᠭ ᠬᠤᠷᠢᠶᠠᠯᠲᠠ ᠶᠢᠨ 9 ᠰᠠᠷ᠎ᠠ᠂ ᠴᠣ ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠤᠷᠭᠠᠭᠤᠯᠢ ᠶᠢᠨ

ᠬᠦᠷᠢᠶᠡᠨ ᠳᠤ ᠬᠥᠷ ᠬᠥᠭᠵᠢᠶᠡᠨ ᠢᠶᠠᠷ ᠪᠢᠯᠬᠠᠵᠤ᠂ ᠭᠠᠵᠠᠷ ᠪᠣᠯᠭᠠᠨ ᠳᠤ ᠠᠮᠢᠵᠢᠷᠠᠯ ᠎ ᠤᠨ ᠬᠦᠴᠦᠨ ᠢᠶᠠᠷ ᠪᠢᠯᠬᠠᠷᠠᠪᠠ᠃

      ᠬᠥᠯᠦᠨ ᠪᠤᠶᠢᠷ ᠬᠤᠲᠠ ᠶᠢᠨ ᠡᠷᠭᠦᠨ᠎ᠡ ᠬᠤᠲᠠ ᠶᠢᠨ ᠰᠠᠨ ᠾᠧ ᠪᠠᠭ᠎ᠠ ᠰᠤᠷᠭᠠᠭᠤᠯᠢ ᠳᠤ᠂ ᠤᠷᠠᠨ ᠰᠠᠶᠢᠬᠠᠨ

ᠣᠩᠰᠢᠯᠭ᠎ᠠ ᠶᠢᠨ ᠳᠠᠭᠤᠨ ᠰᠤᠷᠭᠠᠭᠤᠯᠢ ᠶᠢᠨ ᠬᠦᠷᠢᠶᠡᠨ ᠳᠤ ᠴᠤᠤᠷᠢᠶᠠᠳᠤᠨ᠎ᠠ︔ ᠾᠧ ᠯᠠᠨ ᠱᠠᠨ ᠠᠭᠤᠯᠠᠨ ᠤ

ᠬᠤᠷᠮᠣᠢ ᠳᠠᠬᠢ ᠠᠯᠠᠱᠠ ᠵᠡᠭᠦᠨ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ᠂ ᠬᠦᠯ ᠪᠥᠮᠪᠥᠭᠡᠨ ᠳᠤ

ᠪᠠᠭ᠋ᠠᠲᠠᠢ ᠪᠠᠭᠠᠴᠤᠳ ᠲᠠᠮᠢᠷ ᠤᠨ ᠲᠠᠯᠠᠪᠠᠢ ᠳᠤ ᠬᠠᠲᠠᠭᠤᠵᠢᠯᠲᠠᠢ ᠪᠣᠯᠪᠠᠰᠤᠷᠠᠨ᠎ᠠ︔ ︽ᠬᠤᠣᠰ ᠲᠡᠷᠢᠭᠦᠨ︾᠎ ᠤ ᠶᠡᠭᠡ

ᠳᠡᠭᠡᠳᠦ ᠰᠤᠷᠭᠠᠭᠤᠯᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ

ᠰᠤᠷᠭᠠᠭᠤᠯᠢ ᠶᠢᠨ ᠫᠷᠤᠹᠧᠰᠰᠤᠷ ᠴᠧᠨ ᠱᠦ ᠹᠧᠩ ᠰᠤᠷᠤᠭᠴᠢᠳ ᠢ ᠳᠠᠭᠠᠭᠤᠯᠤᠨ ᠲᠤᠷᠰᠢᠯᠲᠠ ᠶᠢᠨ ᠲᠠᠰᠤᠭ ᠲᠤ

ᠰᠢᠷᠭᠠᠭᠤ  ᠠᠵᠢᠯᠯᠠᠨ᠎ᠠ ᠁ ᠁

      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠤᠨ ᠲᠥᠷᠥ ᠶᠢᠨ ᠪᠣᠳᠣᠯᠭ᠎ᠠ ᠶᠢᠨ ᠭᠡᠷᠡᠯ

ᠰᠠᠴᠤᠷᠠᠩᠭᠤᠢ ᠲᠤᠶᠠᠭᠠᠯᠠᠯ ᠳᠣᠣᠷ᠎ᠠ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠦᠢᠯᠡᠰ ᠥᠰᠦᠨ ᠪᠣᠶᠢᠵᠢᠵᠤ

ᠲᠣᠮᠤᠷᠠᠨ᠂ ᠲᠤᠮᠤᠷᠠᠭᠰᠠᠨ ᠠᠴᠠ ᠰᠢᠯᠢᠳᠡᠭᠵᠢᠭᠰᠡᠨ ᠲᠡᠦᠬᠡᠲᠦ ᠴᠢᠨᠠᠷᠲᠠᠢ᠂ ᠪᠠᠶᠢᠷᠢᠰᠢᠯᠠᠭᠤᠯᠤᠯᠲᠠ ᠶᠢᠨ ᠴᠢᠨᠠᠷᠲᠠᠢ

ᠬᠤᠪᠢᠷᠠᠯᠲᠠ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠨ᠂

ᠰᠤᠷᠭᠠᠨ ᠬᠥᠮᠦᠵᠢᠯ ᠎ ᠤᠨ ᠬᠡᠪᠴᠢᠶ᠎ᠡ ᠠᠯᠬᠤᠮ ᠠᠯᠬᠤᠮ ᠢᠶᠠᠷ ᠥᠷᠭᠡᠳᠴᠦ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ  ᠴᠣᠭᠴᠠᠯᠠᠵᠤ᠂ ᠴᠢᠨᠠᠷᠯᠢᠭ  ᠱᠠᠲᠤᠨ ᠳᠤ ᠠᠯᠬᠤᠨ

ᠣᠷᠣᠪᠠ᠃

      ᠰᠢᠨ᠎ᠡ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠥᠪᠥᠷ ᠮᠣᠩᠭᠤᠯ ᠤᠨ ᠪᠢᠴᠢᠭ ᠤᠨ

ᠪᠠᠯᠠᠢ᠂ ᠬᠠᠭᠠᠰ ᠪᠢᠴᠢᠭ ᠤᠨ ᠪᠠᠯᠠᠢ ᠶᠢᠨ ᠨᠤᠷᠮ᠎ᠠ 90%᠎ ᠠᠴᠠ ᠳᠡᠭᠡᠭᠰᠢ ᠪᠠᠶᠢᠪᠠ᠃ ᠲᠤᠬᠠᠢ ᠶᠢᠨ ᠦᠶ᠎ᠡ ᠳᠤ ᠪᠦᠬᠦ

ᠣᠷᠣᠨ ᠤ ᠠᠵᠤ ᠠᠬᠤᠢ᠂ ᠰᠣᠶᠣᠯ ᠬᠤᠴᠣᠷᠤᠩᠭᠤᠢ᠂ ᠰᠤᠷᠭᠠᠨ ᠬᠥᠮᠦᠵᠢᠯ ᠬᠦᠷᠲᠡᠭᠰᠡᠨ ᠬᠥᠮᠦᠨ ᠠᠮᠠ ᠲᠣᠩ

ᠴᠥᠭᠡᠨ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠡᠯ᠎ᠡ ᠱᠠᠲᠤᠨ ᠤ ᠡᠯ᠎ᠡ

ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ 22 ᠲᠦᠮᠡ ᠭᠠᠷᠤᠢ ᠪᠠᠶᠢᠵᠤ᠂ ᠡᠭᠦᠨ ᠳᠤ

97%᠎ ᠨᠢ ᠪᠠᠭ᠎ᠠ ᠰᠤᠷᠭᠠᠭᠤᠯᠢ ᠶᠢᠨ ᠰᠤᠷᠤᠭᠴᠢ ᠪᠠᠶᠢᠯ᠎ᠠ᠂ ᠪᠦᠬᠦ ᠣᠷᠣᠨ ᠳᠤ  ᠶᠡᠭᠡ ᠳᠡᠭᠡᠳᠦ ᠰᠤᠷᠭᠠᠭᠤᠯᠢ ᠭᠡᠵᠦ

ᠪᠠᠶᠢᠬᠤ ᠦᠭᠡᠢ᠂ ᠪᠠᠭᠰᠢ ᠠᠵᠢᠯᠲᠠᠨ ᠠᠵᠢᠯᠴᠢᠨ ᠵᠥᠪᠬᠡᠨ 7300 ᠭᠠᠷᠤᠢ ᠬᠥᠮᠦᠨ ᠪᠠᠶᠢᠭᠰᠠᠨ᠃ ᠰᠢᠨ᠎ᠡ

ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ

ᠬᠤᠷᠠᠯ ᠠᠴᠠ ᠨᠠᠭᠠᠰᠢ᠂ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠨᠢᠰᠬᠦ ᠮᠡᠲᠦ ᠲᠦᠷᠭᠡᠨ ᠬᠥᠭᠵᠢᠵᠦ᠂

ᠠᠷᠠᠳ ᠣᠯᠠᠨ ᠤ ᠰᠣᠶᠣᠯ ᠤᠨ ᠬᠡᠮᠵᠢᠶ᠎ᠡ ᠢᠯᠡᠳᠲᠡ ᠳᠡᠭᠡᠭᠰᠢᠯᠡᠪᠡ᠃ 2023 ᠣᠨ ᠤ ᠡᠴᠦᠰ ᠪᠣᠯᠲᠠᠯ᠎ᠠ᠂ ᠪᠦᠬᠦ

ᠣᠷᠣᠨ ᠳᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ 6905᠂ ᠰᠤᠷᠭᠠᠭᠤᠯᠢ ᠳᠤ ᠪᠠᠶᠢᠭ᠎ᠠ ᠰᠤᠷᠤᠭᠴᠢ

385.27 ᠲᠦᠮᠡ᠂ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠠᠵᠢᠯᠲᠠᠨ 41.02 ᠲᠦᠮᠡ ᠪᠣᠯᠪᠠ᠃

      ᠮᠣᠷᠢ ᠤᠷᠤᠯᠳᠤᠬᠤ᠂ ᠦᠬᠡᠷ ᠲᠡᠷᠭᠡ ᠬᠥᠲᠦᠯᠬᠦ᠂ ᠡᠯᠡᠰᠦᠨ ᠳᠡᠭᠡᠷ᠎ᠡ ᠭᠤᠯᠭᠤᠬᠤ ᠡᠪᠡᠰᠦᠨ ᠳᠡᠭᠡᠷ᠎ᠡ

ᠭᠤᠯᠭᠤᠬᠤ ᠁ ᠣᠷᠣᠨ ᠨᠤᠲᠤᠭᠴᠢᠯᠠᠭᠰᠠᠨ ︽ᠠᠵᠢᠨᠠᠢ ᠬᠦᠯᠦᠭ︾ ᠠᠯᠢ ᠣᠯᠠᠨ ᠲᠣᠭᠯᠠᠭᠠᠮ ᠬᠡᠦᠬᠡᠳ ᠲᠤ

ᠲᠠᠭᠠᠰᠢᠶᠠᠭᠳᠠᠭᠰᠠᠨ ᠨᠢ ᠳᠠᠮᠵᠢᠭ ᠦᠭᠡᠢ᠃ ᠠᠳᠡ ᠬᠡᠦᠬᠡᠳ ᠤᠳ ᠡᠷᠬᠡ ᠳᠤᠷ᠎ᠠ ᠪᠠᠷ ᠢᠶᠠᠨ ᠪᠡᠶ᠎ᠡ ᠪᠠᠨ ᠳᠠᠭᠠᠭᠠᠵᠤ

ᠬᠠᠶᠢᠨ ᠰᠢᠨᠵᠢᠯᠡᠬᠦ ᠪᠠ ᠰᠠᠨᠠᠭ᠎ᠠ ᠪᠠᠨ ᠢᠯᠡᠳᠭᠡᠵᠦ ᠴᠢᠳᠠᠳᠠᠭ - ᠡᠨᠡ ᠪᠣᠯ ᠣᠷᠳᠣᠰ ᠬᠤᠲᠠ ᠶᠢᠨ ᠬᠢᠶ᠎ᠠ ᠪᠠᠭᠰᠢ

ᠲᠣᠭᠤᠷᠢᠭ ᠤᠨ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠠᠨ ᠵᠢᠢ ᠲᠣᠭᠯᠠᠭᠠᠮ ᠤᠨ ᠣᠷᠣᠨ

ᠨᠤᠲᠤᠭᠴᠢᠯᠠᠬᠤ ᠶᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠤᠨ᠎ᠠ᠂ ᠬᠡᠦᠬᠡᠳ ᠤᠳ ᠲᠣᠭᠯᠠᠬᠤ ᠶᠠᠪᠤᠴᠠ ᠳᠤ

ᠥᠪᠡᠷᠮᠢᠴᠡ ᠬᠥᠭᠵᠢᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠂ ᠬᠠᠮᠵᠢᠯᠴᠠᠬᠤ

ᠤᠷ᠎ᠠ ᠴᠢᠳᠠᠪᠤᠷᠢ ᠶᠢ ᠬᠥᠮᠥᠵᠢᠭᠦᠯᠪᠡ᠃

     ᠨᠢᠯᠬ᠎ᠠ ᠬᠡᠦᠬᠡᠳ ᠢ ᠪᠣᠶᠢᠵᠢᠭᠤᠯᠬᠤ ᠠᠴᠠ ᠨᠢᠯᠬ᠎ᠠ ᠬᠡᠦᠬᠡᠳ ᠢ ᠰᠢᠯᠢᠳᠡᠭ ᠪᠤᠶᠢᠵᠢᠭᠤᠯᠬᠤ ᠬᠦᠷᠲᠡᠯ᠎ᠡ᠂ ᠥᠪᠥᠷ

ᠮᠣᠩᠭᠤᠯ ᠨᠢᠭᠡ ᠬᠤᠪᠢ ᠰᠢᠯᠢᠳᠡᠭ ᠬᠢᠷᠢ ᠪᠦᠲᠦᠮᠵᠢ ᠶᠢᠨ ᠬᠠᠭᠤᠳᠠᠰᠤ ᠳᠤᠰᠢᠶᠠᠪᠠ᠄ ᠰᠢᠨ᠎ᠡ ᠳᠤᠮᠳᠠᠳᠤ ᠤᠯᠤᠰ

ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠪᠦᠬᠦ ᠣᠷᠣᠨ ᠤ ᠬᠡᠦᠬᠡᠳ ᠤᠨ ᠴᠡᠴᠡᠷᠯᠢᠭ ᠵᠥᠪᠬᠡᠨ 10 ᠪᠠᠶᠢᠪᠠ᠃ 75

ᠵᠢᠯ ᠳᠤ᠂ ᠥᠪᠥᠷ ᠮᠣᠩᠭᠤᠯ ᠰᠤᠷᠡᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ

ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠣᠳᠣ ᠪᠦᠬᠦ ᠣᠷᠣᠨ ᠤ ᠬᠡᠦᠬᠡᠳ ᠤᠨ ᠴᠡᠴᠡᠷᠯᠢᠭ 3958᠂

ᠴᠡᠴᠡᠷᠯᠢᠭ ᠲᠤ ᠪᠠᠶᠢᠭ᠎ᠠ ᠬᠡᠦᠬᠡᠳ 55.4 ᠲᠦᠮᠡ ᠬᠦᠷᠴᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠤᠨ ᠴᠡᠴᠡᠷᠯᠢᠭ ᠲᠤ ᠣᠷᠣᠬᠤ ᠪᠦᠬᠦ ᠨᠣᠷᠮ᠎ᠠ 95.25% ᠬᠦᠷᠴᠦ᠂ ᠲᠦᠭᠡᠮᠡᠯ ᠬᠠᠷᠠᠭᠠᠯᠵᠠᠯᠲᠤ

ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 90.3% ᠬᠦᠷᠪᠡ᠃ ᠬᠡᠦᠬᠡᠳ ᠤᠨ ᠴᠡᠴᠡᠷᠯᠢᠭ ᠲᠤ

ᠣᠷᠣᠬᠤ ᠳᠤ ᠪᠡᠷᠬᠡ᠂ ᠬᠡᠦᠬᠡᠳ ᠤᠨ ᠴᠡᠴᠡᠷᠯᠢᠭ ᠲᠤ ᠣᠷᠣᠬᠤ ᠳᠤ ᠬᠤᠯᠠ ᠵᠦᠷᠢᠴᠡᠯ ᠢ ᠦᠨᠳᠦᠰᠦᠨ ᠳᠤ ᠪᠠᠨ

ᠨᠠᠮᠬᠠᠳᠬᠠᠪᠠ᠃

1.webp.png

   

     ᠬᠥᠬᠡᠬᠤᠲᠠ ᠶᠢᠨ ᠢᠦ᠋ᠢᠴᠢᠤᠸᠠᠨ ᠲᠣᠭᠤᠷᠢᠭ ᠤᠨ ᠨᠠᠨ ᠴᠠᠢ ᠾᠥᠸᠧ ᠱᠢ ᠵᠡᠭᠡᠯᠢ ᠶᠢᠨ

     ᠪᠠᠭ᠎ᠠ ᠰᠤᠷᠭᠠᠭᠤᠯᠢ ᠶᠢᠨ ᠰᠤᠷᠤᠭᠴᠢ ᠨᠠᠭᠠᠳᠴᠤ ᠪᠠᠶᠢᠭ᠎ᠠ ᠨᠢ᠃ ᠳ᠋ᠢᠩ ᠭᠧᠨ ᠾᠧᠦ ᠰᠡᠭᠦᠳᠡᠷᠯᠡᠪᠡ

   

X-1.png

X-2.png

X-3.png

X-4.png

      ᠡᠨᠡ ᠵᠢᠯ ᠤᠨ 9 ᠰᠠᠷ᠎ᠠ ᠳᠤ᠂ ᠬᠥᠬᠡᠬᠤᠲᠠ ︽ᠰᠢᠨ᠎ᠡ ᠶᠢ ᠡᠭᠦᠳᠬᠦ︾ ᠬᠡᠰᠡᠭ ᠪᠦᠯᠦᠭ ᠴᠢᠨᠠᠷᠯᠢᠭ

ᠰᠤᠷᠭᠠᠭᠤᠯᠢ ᠶᠢ ᠲᠥᠪᠯᠡᠷᠡᠭᠦᠯᠪᠡ᠄ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠬᠥᠬᠡᠬᠤᠲᠠ ᠶᠢᠨ ᠰᠠᠶᠢᠬᠠᠨ

ᠲᠣᠭᠤᠷᠢᠭ ᠤᠨ ᠲᠤᠷᠰᠢᠯᠲᠠ ᠶᠢᠨ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ

︵ᠵᠢᠨᠴᠤᠸᠠᠨ ᠰᠤᠷᠭᠠᠭᠤᠯᠢ ᠶᠢᠨ ᠲᠣᠭᠤᠷᠢᠭ︶᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ

ᠰᠤᠷᠭᠠᠭᠤᠯᠢ ᠶᠢᠨ ᠬᠠᠷᠢᠶᠠᠲᠤ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ

ᠬᠠᠷᠢᠶᠠᠲᠤ ᠶᠦᠨ ᠭᠦ᠋ ᠰᠤᠷᠭᠠᠭᠤᠯᠢ ᠁ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠡᠬᠢ

ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠳᠤ ᠥᠩᠭᠡ ᠪᠤᠳᠤᠭ ᠨᠡᠮᠡᠷᠢᠯᠡᠪᠡ᠃

      ᠲᠤᠭ᠎ᠠ ᠬᠡᠮᠵᠢᠶᠡᠨ ᠤ ᠳᠡᠭᠡᠭᠰᠢᠯᠡᠯᠲᠡ ᠪᠠ ᠴᠢᠨᠠᠷᠯᠢᠭ ᠦᠰᠦᠷᠦᠯᠲᠡ ᠪᠣᠯ ᠥᠪᠥᠷ ᠮᠣᠩᠭᠤᠯ ᠤᠨ ᠰᠠᠭᠤᠷᠢ

ᠰᠤᠷᠭᠠᠨ ᠬᠥᠮᠦᠵᠢᠯ ᠤᠨ ᠥᠰᠦᠨ ᠪᠣᠶᠢᠵᠢᠯᠲᠠ ᠶᠢᠨ ᠠᠷᠭ᠎ᠠ ᠵᠠᠮ ᠮᠥᠨ᠃ 75 ᠵᠢᠯ ᠰᠠᠯᠬᠢ ᠪᠣᠷᠣᠭᠠᠨ ᠢ ᠰᠥᠷᠥᠨ᠂

ᠥᠪᠥᠷ ᠮᠣᠩᠭᠤᠯ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ ᠪᠣᠯᠭᠠᠨ ᠰᠠᠭᠤᠷᠢ ᠰᠤᠷᠭᠠᠨ

ᠬᠥᠮᠦᠵᠢᠯ ᠤᠨ ᠦᠢᠯᠡᠰ ᠢ ᠶᠡᠭᠡ ᠪᠠᠷ ᠬᠥᠭᠵᠢᠭᠦᠯᠵᠦ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠢ

ᠲᠦᠭᠡᠮᠡᠯᠵᠢᠭᠦᠯᠬᠦ ᠠᠴᠠ ᠶᠢᠰᠦᠨ ᠵᠢᠯ ᠎ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠦᠷᠲᠡᠯ᠎ᠡ᠂

ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠢ ᠠᠴᠠ ᠴᠢᠨᠠᠷᠯᠢᠭ ᠲᠡᠩᠴᠡᠭᠦᠷᠢᠲᠡᠢ

ᠬᠥᠭᠵᠢᠭᠦᠯᠬᠦ ᠬᠦᠷᠲᠡᠯ᠎ᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ᠂

ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠰᠤᠷᠭᠠᠭᠤᠯᠢ ᠳᠤ

ᠣᠷᠣᠬᠤ ᠳᠤ ᠬᠦᠴᠢᠷ︾᠎ ᠢ ︽ᠣᠷᠣᠬᠤ ᠰᠤᠷᠭᠠᠭᠤᠯᠢ ᠲᠠᠢ︾ ᠪᠣᠯᠭᠠᠭᠰᠠᠨ ᠲᠡᠦᠬᠡᠲᠦ ᠴᠢᠨᠠᠷᠲᠠᠢ ᠳᠠᠪᠠᠯᠲᠠ ᠶᠢ

ᠪᠡᠶᠡᠯᠡᠭᠦᠯᠪᠡ᠃ 2021 ᠣᠨ ᠳᠤ᠂ ᠪᠦᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤᠯᠤᠰ ᠤᠨ

ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠤ ᠪᠠᠨ ᠲᠡᠩᠴᠡᠭᠦᠷᠢᠲᠡᠢ ᠬᠤᠰᠢᠭᠤ

ᠰᠢᠶᠠᠨ ᠢᠶᠠᠷ ᠦᠨᠡᠯᠡᠨ ᠵᠢᠱᠢᠬᠦ ᠳᠤ ᠬᠢᠷᠢ ᠲᠡᠩᠴᠡᠪᠡ᠃ ᠣᠳᠣ᠂ ᠥᠪᠡᠷᠲᠡᠭᠡᠨ ᠵᠠᠰᠠᠬᠤ ᠣᠷᠣᠨ ᠤ ᠶᠢᠰᠦᠨ ᠵᠢᠯ ᠤᠨ

ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 98.76% ᠬᠦᠷᠴᠦ᠂ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠨᠣᠷᠮ᠎ᠠ 93.52% ᠬᠦᠷᠴᠦ᠂ ᠡᠯ᠎ᠡ

ᠱᠠᠲᠤ ᠡᠯ᠎ᠡ ᠭᠠᠵᠠᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠪᠠ ᠬᠤᠲᠠ

ᠬᠥᠳᠡᠭᠡ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠭᠤᠣᠯᠳᠠᠯᠭ᠎ᠠ ᠲᠠᠢ ᠠᠬᠢᠭᠤᠯᠵᠤ

ᠪᠣᠢ᠃

      ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠵᠦ᠂ ᠰᠤᠷᠤᠭᠴᠢᠳ ᠤᠨ ᠦᠰᠦᠨ ᠪᠤᠶᠢᠵᠢᠵᠤ

ᠴᠢᠳᠠᠪᠤᠷᠢᠲᠠᠨ ᠪᠣᠯᠬᠤ ᠵᠠᠮ ᠢ ᠨᠡᠩ ᠥᠷᠭᠡᠨ ᠳᠠᠷᠳᠠᠩ  ᠪᠣᠯᠭᠠᠪᠠ᠃ ᠥᠪᠡᠷᠲᠡᠭᠡᠨ ᠵᠠᠰᠠᠬᠤ ᠣᠷᠣᠨ ᠣᠳᠣ

ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠶᠡᠭᠡ ᠪᠠᠷ

ᠠᠬᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ᠂ ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ᠂ ᠲᠤᠰᠬᠠᠢ ᠮᠡᠷᠭᠡᠵᠢᠯ ᠤᠨ ᠴᠣᠯᠠ ᠬᠠᠮᠠᠭᠠᠯᠠᠬᠤ

ᠰᠣᠳᠤᠯᠬᠤ ᠰᠤᠷᠤᠭᠴᠢ ᠶᠢ ᠬᠠᠷᠢᠯᠴᠠᠨ ᠵᠣᠯᠭᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠴᠢᠳᠠᠪᠤᠷᠢᠲᠠᠨ ᠤ ᠥᠰᠦᠨ ᠪᠣᠶᠢᠵᠢᠯᠲᠠ ᠶᠢ ᠠᠬᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ

ᠰᠤᠷᠤᠭᠴᠢᠳ ᠤᠨ ᠰᠤᠷᠭᠠᠭᠤᠯᠢ ᠳᠠᠪᠰᠢᠨ ᠴᠢᠳᠠᠪᠤᠷᠢᠲᠠᠨ ᠪᠣᠯᠬᠤ ︽ᠳᠡᠭᠡᠪᠦᠷ︾᠎ ᠢ ᠨᠡᠪᠲᠡᠷᠡᠭᠦᠯᠪᠡ᠃ ᠡᠭᠦᠨ ᠤ

ᠬᠠᠮᠲᠤ᠂ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠢᠳᠡᠪᠬᠢᠲᠡᠢ ᠰᠢᠯᠢᠳᠡᠭᠵᠢᠭᠦᠯᠵᠦ᠂  ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠳᠤ

ᠦᠢᠯᠡᠴᠢᠯᠡᠬᠦ ᠲᠤᠰᠬᠠᠢ ᠮᠡᠷᠭᠡᠵᠢᠯ ᠤᠨ ᠡᠵᠡᠯᠡᠬᠦ ᠬᠠᠷᠢᠴᠠᠯ ᠢ 77.6% ᠬᠦᠷᠭᠡᠵᠦ᠂ ᠴᠢᠳᠠᠪᠤᠷᠢᠲᠠᠨ ᠢ ᠬᠥᠮᠦᠵᠢᠭᠦᠯᠬᠦ

ᠪᠠ ᠠᠵᠤ ᠦᠢᠯᠡᠰ ᠤᠨ ᠬᠥᠭᠵᠢᠯᠲᠡ ᠶᠢᠨ ᠵᠣᠬᠢᠴᠠᠯᠳᠤᠬᠤ ᠬᠡᠮᠵᠢᠶ᠎ᠡ ᠢᠯᠡᠳᠲᠡ ᠳᠡᠭᠡᠭᠰᠢᠯᠡᠭᠦᠯᠪᠡ᠃

      ᠠᠯᠠᠰᠢᠨ ᠦᠬᠡᠷ ᠲᠡᠵᠢᠭᠡᠨ ᠦᠷᠡᠵᠢᠭᠦᠯᠬᠦ ︽ᠪᠣᠭᠤᠮᠢ︾᠎ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂

ᠳᠤᠮᠳᠠᠳᠤ ᠤᠯᠤᠰ ᠤᠨ ᠰᠦᠨ ᠤ ᠠᠵᠤ ᠠᠬᠤᠶᠢᠯᠠᠯ ᠳᠤᠮᠳᠠᠳᠤ ᠤᠯᠤᠰ ᠤᠨ ᠪᠠᠺᠲ᠋ᠧᠷᠢ ᠶᠢᠨ ᠦᠷ᠎ᠡ ᠶᠢ ᠬᠡᠷᠡᠭᠯᠡᠬᠦ᠂

ᠠᠮᠢ ᠠᠬᠤᠢ ᠶᠢᠨ ᠣᠷᠴᠢᠨ ᠲᠣᠭᠤᠷᠢᠨ ᠤ ᠪᠣᠬᠢᠷᠲᠤᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠨ

ᠨᠡᠮᠡᠷᠢᠯᠡᠪᠡ ᠁ ᠵᠦᠢᠯ ᠵᠦᠢᠯ ᠤᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠭᠰᠡᠨ ᠨᠢ ᠴᠥᠮ ᠶᠡᠭᠡ ᠳᠡᠭᠡᠳᠦ

ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠲᠠᠢ ᠨᠢᠭᠲᠠ ᠬᠤᠯᠪᠣᠭ᠎ᠠ ᠲᠠᠢ ᠶᠤᠮ᠃

           

2.webp.png

      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ

ᠰᠤᠷᠭᠠᠭᠤᠯᠢ ᠶᠢᠨ ᠫᠷᠤᠹᠧᠰᠰᠤᠷ ᠴᠧᠨ ᠱᠦ ᠹᠧᠩ ︵ᠪᠠᠷᠠᠭᠤᠨ ᠠᠴᠠ ᠨᠢᠭᠡᠳᠦᠭᠡᠷ︶ ᠰᠤᠷᠤᠭᠴᠢᠳ ᠢ ᠳᠠᠭᠠᠭᠤᠯᠤᠨ

ᠲᠤᠷᠰᠢᠯᠲᠠ ᠬᠢᠵᠦ ᠪᠠᠶᠢᠭ᠎ᠠ ᠨᠢ

3.webp.png

      ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠠᠩ ᠾᠧ ᠫᠢᠩ

︵ᠵᠡᠭᠦᠨ ᠠᠴᠠ ᠨᠢᠭᠡᠳᠦᠭᠡᠷ︶ ᠰᠤᠷᠤᠭᠴᠢᠳ ᠢ ᠵᠢᠯᠣᠭᠤᠳᠤᠨ ᠲᠤᠷᠰᠢᠯᠲᠠ ᠬᠢᠵᠦ ᠪᠠᠶᠢᠭ᠎ᠠ ᠨᠢ

      75 ᠵᠢᠯ ᠤᠨ ᠲᠤᠷᠰᠢ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠡᠷᠡᠭᠴᠡᠭᠡ ᠶᠢ ᠣᠨᠣᠪᠴᠢᠲᠠᠢ ᠲᠣᠭᠲᠠᠭᠠᠵᠤ᠂ ᠥᠪᠥᠷ ᠮᠣᠩᠭᠤᠯ ᠎ ᠤᠨ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠬᠡᠪᠴᠢᠶ᠎ᠡ ᠪᠠᠨ ᠥᠷᠭᠡᠳᠭᠡᠭᠰᠡᠨ ᠤ ᠬᠠᠮᠲᠤ᠂ ᠠᠭᠤᠯᠤᠭᠳᠠᠬᠤᠨ ᠤ ᠪᠠᠶᠢᠭᠤᠯᠤᠯᠲᠠ ᠪᠠᠨ ᠲᠠᠰᠤᠷᠠᠯᠲᠠ

ᠦᠭᠡᠢ ᠴᠢᠩᠭᠠᠳᠬᠠᠵᠤ᠂ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ᠂ ᠨᠡᠶᠢᠭᠡᠮ ᠎ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ ᠥᠪᠡᠷᠲᠡᠭᠡᠨ

ᠵᠠᠰᠠᠬᠤ ᠣᠷᠣᠨ ᠠᠴᠠ ᠡᠯ᠎ᠡ ᠶᠡᠭᠡ ᠳᠡᠭᠡᠳᠦ ᠰᠤᠷᠭᠠᠭᠤᠯᠢ ᠶᠢ ᠣᠷᠣᠨ ᠪᠠᠶᠢᠷᠢ ᠳᠡᠪᠰᠢᠭᠦᠯᠦᠨ ᠳᠡᠰ ᠳᠡᠪᠰᠢᠭᠦᠯᠬᠦ ᠶᠢ

ᠢᠳᠡᠪᠬᠢᠲᠡᠢ ᠠᠬᠢᠭᠤᠯᠵᠤ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠦᠲᠦᠴᠡ ᠶᠢᠨ ᠪᠠᠶᠢᠷᠢᠰᠢᠭᠤᠯᠤᠯᠲᠠ

᠎ ᠶᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠳᠤ ᠪᠣᠳᠠᠰ᠂ ᠡᠪᠡᠰᠦᠨ ᠤ ᠦᠢᠯᠡᠰ᠂ ᠰᠦᠨ ᠤ ᠦᠢᠯᠡᠰ᠂ ᠲᠡᠮᠦᠷᠯᠢᠭ᠂

ᠰᠢᠨ᠎ᠡ ᠡᠨᠧᠷᠭᠢ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠢ

ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦᠨ ᠤ ᠦᠢᠯᠡᠰ᠂ ᠬᠤᠪᠣᠷ ᠰᠢᠷᠣᠢ᠂ ᠡᠨᠧᠷᠭᠢ᠂ ᠲᠡᠷᠢᠭᠦᠨ ᠤ ᠬᠢ

ᠦᠢᠯᠡᠳᠬᠦ ᠵᠡᠷᠭᠡ ᠬᠦᠷᠢᠶᠡᠨ ᠳᠤ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ

ᠪᠡᠯᠡᠳᠬᠡᠨ ᠪᠠᠶᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠵᠠᠭᠪᠤᠷ ‍ᠤᠨ‌‍ᠲ᠋ᠠᠰᠤᠷᠠᠯᠲᠠ ᠥᠬᠡᠶ ᠰᠢᠨ᠎ᠡ ᠶᠢ ᠡᠭᠦᠳᠴᠦ᠂

ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠲᠥᠴᠢ ᠦᠢᠯᠡᠳᠦᠯ ᠡᠳᠦᠷ ᠢᠷᠡᠬᠦᠶ᠎ᠡ ᠲᠣᠪᠤᠶᠢᠪᠠ᠃

      ᠨᠠᠮ ᠤᠨ ᠲᠥᠯᠥᠭᠡ ᠬᠥᠮᠦᠨ ᠬᠥᠮᠦᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠦᠨ᠎ᠡ᠃

ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠶᠢ

ᠡᠭᠦᠷᠭᠡᠯᠡᠵᠦ᠂ ᠥᠪᠥᠷ ᠮᠣᠩᠭᠤᠯ ᠰᠤᠷᠭᠠᠨ ᠬᠥᠮᠦᠵᠢᠯ ᠎ ᠤᠨ ᠬᠦᠴᠦᠷᠬᠡᠭ ᠤᠯᠤᠰ᠂ ᠰᠤᠷᠭᠠᠨ ᠬᠥᠮᠦᠵᠢᠯ ᠤᠨ

ᠬᠦᠴᠦᠷᠬᠡᠭ ᠣᠷᠣᠨ ᠤ ᠳᠠᠷᠳᠠᠩ ᠵᠠᠮ ᠎ ᠢᠶᠠᠷ ᠢᠳᠡᠷᠡᠭᠦᠨ ᠤᠷᠤᠭᠰᠢᠯᠠᠨᠠᠮ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号