2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠵᠢᠴᠢ ᠤᠷ᠎ᠠ ᠴᠢᠳᠠᠪᠤᠷᠢ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠡᠬᠢᠨᠯᠭᠦᠯᠪᠡ
ᠨᠡᠶᠢᠲᠡᠯᠡᠭᠰᠡᠨ ᠴᠠᠭ᠄
2024/9/25
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠵᠦ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠦᠷ᠎ᠡ ᠪᠦᠲᠦᠭᠡᠯ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠴᠤᠭ ᠵᠢᠪᠬᠤᠭ᠎ᠠ ᠶᠢ ᠭᠦᠢᠴᠡᠳ ᠳᠡᠯᠭᠡᠨ ᠦᠵᠡᠭᠦᠯᠬᠦ ᠶᠢᠨ ᠲᠥᠯᠥᠭᠡ᠂ 9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ 2024 ᠣᠨ ᠤ ᠪᠦᠬᠦ ᠣᠷᠣᠨ  ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠵᠢᠴᠢ ᠤᠷ᠎ᠠ ᠴᠢᠳᠠᠪᠤᠷᠢ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠣᠷᠳᠣᠰ ᠬᠤᠲᠠ ᠳᠤ ᠡᠬᠢᠯᠡᠭᠦᠯᠪᠡ᠃

1.webp.png

     2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠵᠢᠴᠢ ᠤᠷ᠎ᠠ ᠴᠢᠳᠠᠪᠤᠷᠢ ᠶᠢᠨ ᠦᠷ᠎ᠡ ᠪᠦᠲᠦᠭᠡᠯ ᠤᠨ

ᠦᠵᠡᠭᠦᠯᠭᠡ ᠶᠢᠨ ᠡᠬᠢᠯᠡᠯᠲᠡ ᠶᠢᠨ ᠶᠣᠰᠣᠯᠠᠯ

2.png

      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ

ᠠᠬᠤᠢ ᠲᠠᠯᠠᠪᠠᠢ

    

      ᠪᠦᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷ᠎ᠠ ᠴᠢᠳᠠᠪᠤᠷᠢ ᠶᠢᠨ

ᠤᠷᠤᠯᠳᠤᠭᠠᠨ ᠢ ᠤᠷᠢᠳ ᠢᠶᠠᠷ ᠡᠬᠢᠯᠡᠭᠦᠯᠵᠦ᠂ ᠰᠢᠷᠣᠢ ᠮᠣᠳᠣᠨ ᠤ ᠪᠠᠷᠢᠯᠭ᠎ᠠ᠂ ᠡᠬᠢ ᠪᠠᠶᠠᠯᠢᠭ ᠣᠷᠴᠢᠨ ᠲᠣᠭᠤᠷᠢᠨ

ᠪᠣᠯᠤᠨ ᠠᠮᠤᠷ ᠲᠦᠪᠰᠢᠨ᠂ ᠤᠰᠤᠨ ᠠᠰᠢᠭᠯᠠᠯᠲᠠ᠂ ᠲᠣᠨᠤᠭᠯᠠᠯ ᠦᠢᠯᠡᠳᠬᠦ ᠵᠡᠷᠭᠡ 17 ᠲᠤᠰᠬᠠᠢ ᠮᠡᠷᠭᠡᠵᠢᠯ ᠤᠨ

ᠶᠡᠭᠡ ᠲᠥᠷᠥᠯ ᠤᠨ 56 ᠤᠷᠤᠯᠳᠤᠭᠠᠨ ᠤ ᠵᠦᠢᠯ ᠢ ᠲᠣᠬᠢᠷᠠᠭᠤᠯᠵᠤ᠂ ᠪᠦᠬᠦ ᠣᠷᠣᠨ ᠤ 12 ᠲᠥᠯᠥᠭᠡᠯᠡᠭᠴᠢᠳ ᠤᠨ

ᠠᠩᠭᠢ ᠪᠠ 1012 ᠤᠷᠤᠯᠳᠤᠭᠠᠨ ᠳᠤ ᠣᠷᠣᠯᠴᠠᠬᠤ ᠠᠩᠭᠢ ᠶᠢᠨ 2000 ᠭᠠᠷᠤᠢ ᠰᠤᠷᠤᠭᠴᠢ ᠨᠡᠷ᠎ᠡ          

ᠮᠡᠳᠡᠭᠦᠯᠵᠡᠢ᠃ ᠤᠷᠤᠯᠳᠤᠭᠠᠨ ᠨᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ

ᠪᠦᠲᠦᠭᠡᠯ ᠤᠨ ᠦᠵᠡᠭᠦᠯᠭᠡ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠳᠠᠰ ᠤᠨ ᠪᠤᠰᠤ

ᠰᠣᠶᠣᠯ ᠤᠨ ᠥᠪ ᠢ ᠤᠯᠠᠮᠵᠢᠯᠠᠬᠤ ᠦᠵᠡᠭᠦᠯᠭᠡ᠂ ᠵᠢᠭᠠᠨ ᠰᠤᠷᠭᠠᠯᠲᠠ ᠶᠢᠨ ᠲᠣᠨᠤᠭᠯᠠᠯ ᠤᠨ ᠦᠵᠡᠭᠦᠯᠭᠡ ᠪᠠ

︽ᠤᠯᠤᠰ ᠤᠨ ᠪᠠᠶᠠᠷ ᠲᠤ ᠪᠡᠯᠡᠭ ᠬᠦᠷᠭᠡᠬᠦ ᠤᠷ᠎ᠠ ᠮᠡᠷᠭᠡᠵᠢᠯ ᠤᠮᠠᠷᠠᠲᠤ ᠬᠢᠯᠢ ᠶᠢ ᠭᠡᠶᠢᠭᠦᠯᠬᠦ︾ ᠤᠷ᠎ᠠ ᠴᠢᠳᠠᠪᠤᠷᠢ ᠶᠢᠨ

ᠦᠵᠡᠭᠦᠯᠭᠡ ᠶᠢᠨ ᠦᠳᠡᠰᠢᠯᠡᠭᠡ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ ᠥᠩᠭᠡᠷᠡᠭᠰᠡᠨ ᠤ ᠳᠠᠩ ᠭᠠᠭᠴᠠ

ᠤᠷᠤᠯᠳᠤᠭᠠᠨ ᠤ ᠵᠠᠭᠪᠤᠷ ᠲᠠᠢ ᠠᠳᠠᠯᠢ ᠦᠭᠡᠢ ᠪᠠᠶᠢᠵᠤ᠂ ᠡᠨᠡ ᠤᠳᠠᠭᠠᠨ ᠤ ᠤᠷᠤᠯᠳᠤᠭᠠᠨ ᠨᠢ ᠤᠷ᠎ᠠ

ᠴᠢᠳᠠᠪᠤᠷᠢ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠢ

ᠤᠯᠠᠮᠵᠢᠯᠠᠬᠤ ᠦᠵᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠮᠠᠨ ᠤ ᠣᠷᠣᠨ ᠤ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠪᠠ ᠥᠪᠡᠷᠮᠢᠴᠡ ᠣᠨᠴᠠᠯᠢᠭᠲᠤ

ᠭᠢᠯᠠᠰ ᠴᠡᠭ ᠢ ᠶᠡᠷᠦᠩᠬᠡᠶᠢᠯᠡᠨ ᠳᠡᠯᠭᠡᠨ ᠦᠵᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠲᠠᠬᠤ

ᠬᠦᠴᠦᠨ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃

3.png

      ᠠᠶᠢᠮᠠᠭ ᠬᠤᠲᠠ ᠶᠢᠨ ᠤᠷ᠎ᠠ ᠴᠢᠳᠠᠪᠤᠷᠢ ᠶᠢᠨ ᠦᠷ᠎ᠡ ᠪᠦᠲᠦᠭᠡᠯ ᠤᠨ ᠦᠵᠡᠭᠦᠯᠭᠡ ᠪᠠ ᠦᠳᠡᠰᠢᠯᠡᠭᠡ ᠶᠢᠨ

ᠠᠬᠤᠢ ᠲᠠᠯᠠᠪᠠᠢ

4.png

      ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ

ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ ᠪᠠ ᠵᠢᠭᠠᠨ ᠰᠤᠷᠭᠠᠯᠲᠠ ᠶᠢᠨ ᠲᠣᠨᠣᠭᠯᠠᠯ ᠤᠨ ᠦᠵᠡᠭᠦᠯᠭᠡ ᠶᠢᠨ

ᠲᠣᠭᠤᠷᠢᠭ ᠤᠨ ᠠᠬᠤᠢ ᠲᠠᠯᠠᠪᠠᠢ

    

      ᠣᠶᠢᠷ᠎ᠠ ᠶᠢᠨ ᠵᠢᠯ᠂ ᠮᠠᠨ ᠤ ᠣᠷᠣᠨ ︽ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂

ᠤᠷᠤᠯᠳᠤᠭᠠᠨ ᠢᠶᠠᠷ ᠰᠤᠷᠤᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠠᠶᠢᠭᠤᠯᠤᠯᠲᠠ ᠶᠢ ᠠᠬᠢᠭᠤᠯᠬᠤ︾ ᠶᠢ

ᠪᠠᠷᠢᠮᠲᠠᠯᠠᠵᠤ᠂ ᠰᠤᠷᠭᠠᠭᠤᠯᠢ᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ

ᠤᠷᠤᠯᠳᠤᠭᠠᠨ ᠤ ᠳᠣᠭᠲᠠᠯᠴᠠᠭ᠎ᠠ ᠶᠢ ᠢᠳᠡᠪᠬᠢᠲᠡᠢ ᠪᠠᠶᠢᠭᠤᠯᠵᠤ᠂ ᠤᠷᠤᠯᠳᠤᠭᠠᠨ ᠤ ᠬᠡᠪᠴᠢᠶ᠎ᠡ ᠲᠠᠰᠤᠷᠠᠯᠲᠠ ᠦᠭᠡᠢ

ᠥᠷᠭᠡᠳᠦᠨ᠂ ᠤᠷᠤᠯᠳᠤᠭᠠᠨ  ᠳᠤ ᠣᠷᠣᠯᠴᠠᠭᠰᠠᠨ ᠬᠥᠮᠦᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠰᠤᠷᠤᠭᠴᠢᠳ ᠤᠨ

ᠤᠷ᠎ᠠ ᠴᠢᠳᠠᠪᠤᠷᠢ  ᠶᠢᠨ ᠤᠷᠤᠯᠳᠤᠭᠠᠨ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ᠂

ᠠᠩᠭᠢ ᠶᠢᠨ ᠡᠷᠬᠢᠯᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠤᠷᠤᠯᠳᠤᠭᠠᠨ᠂ ᠬᠢᠴᠢᠶᠡᠯ ᠤᠨ ᠦᠵᠡᠯ

ᠰᠠᠨᠠᠭ᠎ᠠ ᠤᠯᠤᠰ ᠲᠥᠷᠥ ᠶᠢᠨ ᠤᠷᠤᠯᠳᠤᠭᠠᠨ ᠵᠡᠷᠭᠡ ᠣᠯᠠᠨ ᠡᠰᠢᠵᠢᠭᠦᠯᠦᠭᠰᠡᠨ ᠤᠷᠤᠯᠳᠤᠭᠠᠨ ᠤ

ᠪᠠᠶᠢᠷᠢᠰᠢᠯᠠᠭᠤᠯᠤᠯᠲᠠ ᠶᠢ ᠪᠦᠷᠢᠯᠳᠦᠭᠦᠯᠦᠭᠰᠡᠨ ᠤ ᠬᠠᠮᠲᠤ ᠪᠦᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠪᠠ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭ᠎ᠠ ᠶᠢ

ᠭᠦᠢᠴᠡᠳ ᠢᠯᠡᠷᠡᠭᠦᠯᠵᠦ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠶᠢ ᠬᠦᠴᠦᠲᠡᠢ ᠠᠬᠢᠭᠤᠯᠪᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠲᠥᠷᠥᠯ ᠤᠨ ᠤᠷᠤᠯᠳᠤᠭᠠᠨ ᠤ

ᠳᠦᠷᠢᠮᠵᠢᠯ ᠪᠠ ᠪᠠᠷᠢᠮᠵᠢᠶ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠡᠯᠡᠬᠦ ᠰᠢᠰᠲ᠋ᠧᠮ ᠢ ᠰᠢᠨᠵᠢᠯᠡᠬᠦ

ᠤᠬᠠᠭᠠᠨᠴᠢ ᠪᠠᠷ ᠲᠣᠭᠲᠠᠭᠠᠨ᠂ ᠤᠷᠤᠯᠳᠤᠭᠠᠨ ᠤ ᠶᠠᠪᠤᠴᠠ ᠳᠠᠬᠢ ᠲᠡᠷᠢᠭᠦᠨ  ᠤ ᠲᠤᠷᠰᠢᠯᠭ᠎ᠠ ᠪᠠ ᠠᠷᠭ᠎ᠠ ᠪᠠᠷᠢᠯ ᠢ

ᠳ᠋ᠦᠩᠨᠡᠨ ᠳᠡᠯᠭᠡᠷᠡᠭᠦᠯᠵᠦ᠂ ᠤᠷᠤᠯᠳᠤᠭᠠᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠡᠯ᠎ᠡ

ᠭᠠᠵᠠᠷ ᠤᠨ ᠬᠢᠨ ᠤᠷᠤᠯᠳᠤᠭᠠᠨ ᠪᠠ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠬᠠᠮᠲᠤᠷᠠᠨ ᠡᠷᠬᠢᠯᠡᠬᠦ ᠪᠠᠷ

ᠳᠠᠮᠵᠢᠭᠤᠯᠤᠨ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ

ᠨᠥᠬᠦᠪᠥᠷᠢᠯᠡᠬᠦ ᠶᠢ ᠪᠡᠶᠡᠯᠡᠭᠦᠯᠵᠦ᠂ ᠤᠷᠤᠯᠳᠤᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ ᠬᠡᠷᠡᠭᠯᠡᠬᠦ ᠶᠢ

ᠢᠳᠡᠪᠬᠢᠲᠡᠢ ᠠᠬᠢᠭᠤᠯᠤᠨ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠩ ᠣᠯᠠᠨ

ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠳᠤ ᠬᠦᠴᠦᠨ ᠴᠢᠳᠠᠯ ᠢᠶᠠᠨ

ᠡᠷᠭᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号