ᠪᠠᠶᠠᠷ ᠤᠨ ᠮᠡᠳᠡᠭᠡ︕ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ 4 ᠪᠠᠭᠰᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠳᠤ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2024/9/27
      ᠣᠶᠢᠷ᠎ᠠ ᠳᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠶᠢ ᠳ᠋ᠠᠯᠢᠶᠠᠨ ᠦᠨᠳᠦᠰᠦᠲᠡᠨ ᠤ ᠶᠡᠭᠡ ᠰᠤᠷᠭᠠᠭᠤᠯᠢ ᠳᠤ  ᠶᠠᠪᠤᠭᠳᠠᠭᠤᠯᠪᠠ᠃ ᠮᠠᠨ ᠤ ᠣᠷᠣᠨ ᠠᠴᠠ ᠰᠣᠩᠭᠤᠨ ᠲᠣᠮᠢᠯᠠᠭᠰᠠᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠴᠧᠨ ᠯᠧᠢ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠵᠠᠩ ᠸᠧᠨ ᠰᠢᠦᠢ ᠲᠤᠰ ᠲᠤᠰ ᠵᠢᠩᠬᠢᠨᠢ ᠠᠩᠭᠢ ᠶᠢᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠤᠨ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠬᠦᠷᠲᠡᠪᠡ︔ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ  ᠤᠨ ᠳᠡᠭᠡᠳᠦ ᠰᠤᠷᠭᠠᠭᠤᠯᠢ ᠶᠢᠨ ᠭᠦᠸᠧ ᠵᠢᠶᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠯᠢᠳᠡᠭ ᠱᠠᠩᠨᠠᠯ ᠢ ᠬᠦᠷᠲᠡᠵᠦ᠂ ᠯᠠᠪᠳᠠᠭᠤᠨ ᠪᠠᠲᠤᠲᠠᠢ ᠣᠨᠣᠯ ᠤᠨ ᠰᠠᠭᠤᠷᠢ᠂ ᠰᠢᠨ᠎ᠡ ᠰᠣᠷᠭᠤᠭ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ᠂ ᠰᠢᠨ᠎ᠡ ᠰᠣᠷᠭᠤᠭ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ᠂ ᠨᠥᠯᠥᠭᠡᠯᠡᠬᠦ ᠬᠦᠴᠦᠨ ᠪᠦᠬᠦᠢ ᠬᠢᠴᠢᠶᠡᠯ ᠤᠨ ᠲᠠᠩᠬᠢᠮ  ᠤᠨ ᠦᠭᠡ ᠬᠡᠯᠡᠯᠭᠡ ᠪᠠᠷ ᠤᠷᠤᠯᠳᠤᠭᠠᠨ ᠳᠤ ᠥᠪᠥᠷ ᠮᠣᠩᠭᠤᠯ ᠤᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠰᠢᠯᠭᠠᠷᠠᠭᠰᠠᠨ ᠢᠯᠡᠷᠡᠯ ᠢᠶᠠᠷ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ᠂ ᠰᠢᠯᠭᠠᠷᠠᠭᠤᠯᠬᠤ ᠺᠣᠮᠢᠰ ᠤᠨ ᠭᠡᠰᠢᠭᠦᠨ᠂ ᠪᠠᠭᠰᠢ ᠰᠤᠷᠤᠭᠴᠢᠳ ᠤᠨ ᠰᠠᠶᠢᠨ ᠦᠨᠡᠯᠡᠯᠲᠡ ᠶᠢ ᠣᠯᠪᠠ᠃

1.png

     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠬᠢᠴᠢᠶᠡᠯ ᠤᠨ ᠳᠣᠭᠲᠠᠯᠴᠠᠭᠠᠨ ᠤ

ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠵᠢᠯ ᠤᠨ ᠬᠠᠪᠤᠷ ᠤᠨ ᠤᠯᠠᠷᠢᠯ ᠤᠨ

ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠲᠣᠶᠢᠮᠤᠯᠠᠯ︾ ᠤᠨ ᠵᠢᠭᠠᠬᠤ ᠮᠠᠲ᠋ᠧᠷᠢᠶᠠᠯ ᠢ ᠪᠦᠬᠦᠨ ᠢ ᠬᠠᠮᠤᠷᠤᠭᠤᠯᠤᠨ ᠬᠡᠷᠡᠭᠯᠡᠭᠰᠡᠨ ᠪᠥᠭᠡᠳ ︽ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾ ᠤᠨ ᠦᠵᠡᠯ ᠰᠠᠨᠠᠭ᠎ᠠ ᠤᠯᠤᠰ ᠲᠥᠷᠥ ᠶᠢᠨ ᠵᠠᠪᠠᠯ

ᠰᠤᠷᠬᠤ ᠬᠢᠴᠢᠶᠡᠯ ᠢ ᠨᠡᠭᠡᠭᠡᠪᠡ᠃ ᠤᠷᠢᠳ ᠬᠤᠵᠢᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠲᠣᠶᠢᠮᠤᠯᠠᠯ︾ ᠤᠨ ᠬᠠᠮᠲᠤ ᠳᠤ ᠪᠠᠨ ᠬᠢᠴᠢᠶᠡᠯ ᠪᠡᠯᠡᠳᠬᠡᠬᠦ᠂ ᠬᠢᠴᠢᠶᠡᠯ ᠢ ᠰᠤᠳᠤᠯᠤᠨ ᠶᠠᠷᠢᠯᠴᠠᠬᠤ

ᠬᠤᠷᠠᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ᠂ ᠵᠢᠱᠢᠶ᠎ᠡ ᠦᠵᠡᠭᠦᠯᠬᠦ ᠵᠢᠭᠠᠨ

ᠰᠤᠷᠭᠠᠯᠲᠠ ᠶᠢᠨ ᠦᠵᠡᠭᠦᠯᠭᠡ ᠵᠡᠷᠭᠡ ᠠᠵᠢᠯᠯᠠᠭ᠎ᠠ ᠶᠢ ᠡᠷᠬᠢᠯᠡᠵᠦ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢ

ᠵᠢᠯᠣᠭᠤᠳᠤᠨ ᠵᠢᠭᠠᠬᠤ ᠮᠠᠲ᠋ᠧᠷᠢᠶᠠᠯ  ᠤᠨ ᠮᠡᠳᠡᠯᠭᠡ ᠶᠢᠨ ᠰᠤᠳᠠᠰᠤ ᠶᠢ ᠣᠨᠣᠪᠴᠢᠲᠠᠢ ᠡᠵᠡᠮᠰᠢᠭᠦᠯᠪᠡ᠃ ᠵᠢᠭᠠᠨ

ᠰᠤᠷᠭᠠᠯᠲᠠ ᠶᠢ ᠵᠢᠯᠣᠭᠤᠳᠬᠤ ᠵᠥᠪᠯᠡᠯ ᠤᠨ ᠲᠤᠰᠬᠠᠢ ᠮᠡᠷᠭᠡᠵᠢᠯᠲᠡᠨ ᠪᠣᠯᠤᠨ ᠵᠢᠱᠢᠶ᠎ᠡ ᠦᠵᠡᠭᠦᠯᠬᠦ ᠴᠢᠨᠠᠷᠲᠠᠢ

ᠰᠢᠯᠭᠠᠷᠠᠭᠰᠠᠨ ᠪᠠᠭᠰᠢ ᠳᠤ ᠲᠦᠰᠢᠭᠯᠡᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ

ᠲᠣᠶᠢᠮᠤᠯᠠᠯ︾ ᠤᠨ ᠵᠢᠭᠠᠬᠤ ᠮᠠᠲ᠋ᠧᠷᠢᠶᠠᠯ ᠲᠠᠢ ᠪᠠᠷᠢᠮᠵᠢᠶᠠᠯᠠᠨ ᠬᠠᠷᠢᠴᠠᠭᠤᠯᠵᠤ᠂ ᠪᠦᠷᠢᠨ ᠪᠦᠲᠦᠨ ᠢᠵᠢ

ᠪᠦᠷᠢᠳᠦᠭᠰᠡᠨ ᠵᠢᠱᠢᠶ᠎ᠡ ᠦᠵᠡᠭᠦᠯᠬᠦ ᠪᠢᠴᠢᠯ ᠬᠢᠴᠢᠶᠡᠯ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ

ᠪᠣᠯᠤᠨ ᠰᠢᠯᠭᠠᠨ ᠦᠨᠡᠯᠡᠬᠦ ᠰᠡᠳᠦᠪ ᠢ ᠦᠢᠯᠡᠳᠴᠦ᠂ ᠬᠢᠴᠢᠶᠡᠯ ᠢ ᠰᠠᠶᠢᠲᠤᠷ ᠲᠠᠶᠢᠯᠪᠤᠷᠢᠯᠠᠬᠤ ᠳᠤ ᠪᠠᠲᠤ ᠪᠠᠬᠢ

ᠰᠠᠭᠤᠷᠢ ᠲᠠᠯᠪᠢᠭᠰᠠᠨ ᠪᠠᠶᠢᠨ᠎ᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠡᠨᠡ ᠤᠳᠠᠭᠠᠨ ᠤ ᠬᠢᠴᠢᠶᠡᠯ ᠤᠨ ᠵᠢᠭᠠᠨ ᠰᠤᠷᠭᠠᠯᠲᠠ ᠶᠢ ᠳᠡᠯᠭᠡᠨ ᠦᠵᠡᠭᠦᠯᠬᠦ ᠠᠵᠢᠯᠯᠠᠭ᠎ᠠ ᠪᠠᠷ ᠠᠵᠠ

ᠲᠣᠬᠢᠶᠠᠯ ᠪᠣᠯᠭᠠᠵᠤ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂

ᠬᠠᠮᠲᠤ ᠳᠤ ᠪᠠᠨ ᠬᠢᠴᠢᠶᠡᠯ ᠪᠡᠯᠡᠳᠬᠡᠬᠦ᠂ ᠲᠤᠰᠬᠠᠢ ᠮᠡᠷᠭᠡᠵᠢᠯᠲᠡᠨ ᠤ ᠵᠢᠭᠠᠨ ᠰᠤᠷᠭᠠᠯᠲᠠ᠂ ᠰᠣᠯᠢᠯᠴᠠᠵᠤ ᠰᠤᠳᠤᠯᠤᠨ

ᠶᠠᠷᠢᠯᠴᠠᠬᠤ᠂ ᠵᠢᠭᠠᠨ ᠰᠤᠷᠭᠠᠯᠲᠠ ᠶᠢᠨ ᠦᠵᠡᠭᠦᠯᠭᠡ᠂ ᠦᠢᠯᠡᠳᠦᠯᠭᠡ ᠶᠢᠨ ᠰᠤᠳᠤᠯᠤᠨ ᠰᠤᠷᠤᠯᠴᠠᠬᠤ ᠶᠢ ᠥᠷᠨᠢᠭᠦᠯᠵᠦ᠂

ᠬᠡᠰᠡᠭ ᠪᠦᠯᠦᠭ ᠵᠢᠭᠠᠨ ᠰᠤᠷᠭᠠᠯᠲᠠ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃ ᠡᠭᠦᠨ ᠤ ᠬᠠᠮᠲᠤ᠂ ᠥᠪᠥᠷ

ᠮᠣᠩᠭᠤᠯ ᠤᠨ ᠲᠡᠦᠬᠡ ᠰᠣᠶᠣᠯ ᠤᠨ ᠡᠬᠢ ᠪᠠᠶᠠᠯᠢᠭ ᠪᠠ ᠬᠤᠪᠢᠰᠬᠠᠯ ᠤᠨ ᠦᠯᠢᠭᠡᠷ ᠢ ᠲᠠᠰᠤᠷᠠᠯᠲᠠ ᠥᠬᠡᠶ

ᠢᠯᠡᠷᠡᠭᠦᠯᠵᠦ᠂ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠦᠢᠯᠡᠳᠦᠯᠭᠡ ᠶᠢᠨ ᠰᠠᠭᠤᠷᠢᠨ

ᠭᠠᠵᠠᠷ ᠤᠨ ᠬᠥᠮᠦᠨ ᠬᠥᠮᠦᠵᠢᠭᠦᠯᠬᠦ ᠦᠢᠯᠡᠳᠦᠯ ᠢ ᠪᠠᠳᠠᠷᠠᠭᠤᠯᠤᠨ᠂ ᠦᠵᠡᠭᠳᠡᠯᠲᠦ ᠮᠠᠶ᠋ᠢᠭ ᠤᠨ᠂ ᠠᠬᠤᠢ ᠪᠠᠶᠢᠳᠠᠯ ᠳᠤ

ᠰᠣᠭᠲᠤᠭᠤᠷᠠᠮ᠎ᠠ ᠮᠠᠶ᠋ᠢᠭ ᠤᠨ᠂ ᠦᠢᠯᠡᠳᠦᠯᠴᠡᠬᠦ ᠮᠠᠶ᠋ᠢᠭ ᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠶᠢ ᠬᠠᠩᠭᠠᠵᠤ᠂

ᠮᠡᠳᠡᠭᠦᠰᠢᠲᠡᠢ ᠲᠥᠷᠦᠭᠳᠡᠭᠦᠰᠢᠲᠡᠢ ᠦᠯᠢᠭᠡᠷ ᠢᠶᠠᠷ ᠨᠡᠩ ᠣᠯᠠᠨ ︽ᠠᠯᠲᠠᠨ ᠬᠢᠴᠢᠶᠡᠯ︾ ᠢ ᠴᠣᠭᠴᠠᠯᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号