ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠶ᠎ᠠ︾ ᠭᠡᠬᠦ ᠪᠦᠬᠦ ᠣᠷᠣᠨ ᠤ ᠤᠶᠤᠲᠠᠳ ᠤᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2024/9/29
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠠᠴᠠ ᠬᠠᠮᠵᠢᠨ ᠡᠷᠭᠢᠯᠡᠭᠰᠡᠨ ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠶ᠎ᠠ︾ ᠭᠡᠬᠦ ᠪᠦᠬᠦ ᠣᠷᠣᠨ ᠤ ᠤᠶᠤᠲᠠᠳ ᠤᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠥᠨᠳᠦᠷᠯᠡᠪᠡ᠃   

1.webp.png

      ᠪᠦᠬᠦ ᠣᠷᠣᠨ ᠤ ᠤᠶᠤᠲᠠᠳ ᠤᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ

ᠡᠬᠢᠯᠡᠭᠰᠡᠨ ᠠᠴᠠ ᠨᠠᠭᠠᠰᠢ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠣᠯᠠᠨ ᠲᠠᠯᠠᠪᠤᠷ

ᠠᠩᠬᠠᠨ ᠤ ᠤᠷᠤᠯᠳᠤᠭᠠᠨ ᠢ ᠵᠣᠬᠢᠶᠠᠨ ᠪᠠᠶᠢᠭᠤᠯᠵᠤ᠂ ᠵᠠᠭᠤ ᠰᠢᠬᠠᠮ ᠣᠷᠣᠯᠴᠠᠭᠴᠢ ᠶᠢ ᠰᠢᠯᠭᠠᠷᠠᠭᠤᠯᠵᠤ ᠬᠤᠶᠠᠳᠠᠬᠢ

ᠤᠷᠤᠯᠳᠤᠭᠠᠨ ᠳᠤ ᠣᠷᠣᠯᠴᠠᠭᠤᠯᠤᠨ᠂ ᠡᠴᠦᠰ ᠲᠤ ᠪᠠᠨ 12 ᠣᠷᠣᠯᠴᠠᠭᠴᠢ ᠶᠢ ᠰᠢᠯᠭᠠᠷᠠᠭᠤᠯᠵᠤ ᠰᠢᠢᠳᠪᠦᠷᠢᠲᠦ

ᠤᠷᠤᠯᠳᠤᠭᠠᠨ ᠳᠤ ᠣᠷᠣᠪᠠ᠃

      ᠰᠢᠢᠳᠪᠦᠷᠢᠲᠦ ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠰᠢ ᠶᠢᠨ

ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠡᠬᠡ ᠤᠯᠤᠰ ᠤᠨ

ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠠ ᠵᠢᠱᠢᠶᠡᠴᠢ ᠥᠪᠡᠷᠲᠡᠭᠡᠨ

ᠵᠠᠰᠠᠬᠤ ᠣᠷᠣᠨ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠤᠶᠤᠲᠠᠳ ᠤᠨ

ᠴᠡᠷᠢᠭ ᠲᠤ ᠣᠷᠣᠬᠤ᠂ ᠴᠡᠷᠢᠭ ᠤᠨ ᠪᠣᠯᠪᠠᠰᠤᠷᠠᠯ ᠬᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ

ᠰᠤᠷᠤᠯᠴᠠᠬᠤ ᠵᠡᠷᠭᠡ ︽ᠪᠠᠭ᠎ᠠ ᠤᠴᠢᠷ︾ ᠢᠶᠠᠷ ︽ᠶᠡᠭᠡ ᠶᠣᠰᠣ︾ ᠶᠢ ᠲᠠᠶᠢᠯᠪᠤᠷᠢᠯᠠᠵᠤ᠂ ᠤᠯᠤᠰ ᠢᠶᠠᠨ ᠬᠠᠶᠢᠷᠠᠯᠠᠬᠤ

ᠴᠢᠩ ᠦᠨᠡᠨᠴᠢ ᠭᠦᠨ ᠵᠤᠵᠠᠭᠠᠨ ᠬᠠᠶᠢᠷ᠎ᠠ ᠰᠡᠳᠬᠢᠯᠭᠡ ᠵᠢᠴᠢ ᠰᠢᠨ᠎ᠡ ᠴᠠᠭ ᠦᠶ᠎ᠡ ᠶᠢᠨ ᠳᠤᠮᠳᠠᠳᠤ ᠶᠢᠨ ᠬᠦᠰᠡᠯ᠂

ᠴᠡᠷᠢᠭ ᠢ ᠬᠦᠴᠦᠷᠬᠡᠭᠵᠢᠭᠦᠯᠬᠦ ᠬᠦᠰᠡᠯ ᠢ ᠲᠡᠷᠭᠡᠯᠰᠢᠭᠦᠯᠬᠦ ᠲᠤᠬᠠᠢ ᠣᠶᠢᠯᠠᠭᠠᠯᠲᠠ ᠪᠠᠨ ᠲᠣᠭᠠᠴᠢᠵᠤ᠂ ᠡᠩᠬᠡ

ᠲᠠᠶᠢᠪᠤᠩ ᠣᠷᠴᠢᠨ ᠲᠣᠭᠤᠷᠢᠨ ᠢ ᠨᠠᠨᠳᠢᠩᠨᠠᠵᠤ᠂ ᠡᠷᠳᠡᠮ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠨᠡᠶᠢᠭᠡᠮ

ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ

ᠲᠡᠮᠡᠴᠡᠬᠦ ᠡᠷᠡᠰ ᠵᠣᠷᠢᠭ ᠪᠠ ᠢᠲᠡᠭᠡᠯ ᠵᠣᠷᠢᠭ ᠢᠶᠠᠨ ᠪᠠᠲᠤᠳᠬᠠᠪᠠ᠃

      ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠶ᠎ᠠ︾ ᠭᠡᠬᠦ ᠪᠦᠬᠦ ᠣᠷᠣᠨ ᠤ ᠤᠶᠤᠲᠠᠳ ᠤᠨ ᠶᠠᠷᠢᠶ᠎ᠠ

ᠢᠯᠡᠳᠬᠡᠯ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ 10 ᠳ᠋ᠤᠭᠠᠷ ᠰᠠᠷ᠎ᠠ ᠶᠢᠨ 2 ᠤᠨ ᠡᠳᠦᠷ ᠤᠨ          

19᠄ 30᠂ 10 ᠳ᠋ᠤᠭᠠᠷ ᠰᠠᠷ᠎ᠠ ᠶᠢᠨ 3 ᠤ ᠡᠳᠦᠷ ᠤᠨ 19᠄ 30 ᠪᠠ 10 ᠳ᠋ᠤᠭᠠᠷ ᠰᠠᠷ᠎ᠠ ᠶᠢᠨ 5 ᠤ ᠡᠳᠦᠷ ᠤᠨ

11᠄ 00 ᠴᠠᠭ ᠲᠤ NMTV ᠪᠠᠭᠠᠴᠤᠳ ᠤᠨ ᠰᠤᠪᠠᠭ ︵28 ᠳ᠋ᠤᠭᠠᠷ ᠰᠤᠪᠠᠭ︶ ᠪᠣᠯᠤᠨ ᠪᠧᠨ ᠲᠧᠩ ᠬᠠᠮ

ᠵᠠᠭᠤᠴᠢᠯᠠᠭᠤᠷ ᠢᠶᠠᠷ ᠵᠡᠷᠭᠡ ᠳᠤ ᠨᠢ ᠨᠡᠪᠲᠡᠷᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号